ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠦᠷ᠎ᠡ ᠪᠦᠲᠦᠭᠡᠯ ᠢ ᠨᠡᠩ ᠰᠠᠶᠢᠲᠤᠷ ᠪᠠᠬᠢᠵᠢᠭᠦᠯᠦᠨ | ᠥᠷᠭᠡᠳᠬᠡᠬᠦ ᠶᠢᠨ ᠲᠥᠯᠥᠭᠡ ᠂ ᠬᠥᠬᠡᠬᠤᠲᠠ ᠶᠢᠨ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠠᠪᠴᠠᠩ ᠳᠤ | ᠲᠦᠰᠢᠭᠯᠡᠨ ᠂ 2022 ᠣᠨ ᠳᠤ ᠂ ᠬᠥᠬᠡᠬᠤᠲᠠ ᠶᠢᠨ ᠬᠢᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠂ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠤᠣᠯ ᠪᠣᠯᠭᠠᠭᠰᠠᠨ 202 ᠭᠤᠣᠯᠯᠠᠭᠴᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠵᠢᠯᠲᠠᠨ ᠢ ᠰᠣᠩᠭᠤᠨ ᠲᠣᠮᠢᠯᠠᠵᠤ᠂ 3 ᠬᠤᠭᠤᠴᠠᠭ᠎ᠠ ᠬᠤᠪᠢᠶᠠᠨ ᠪᠡᠭᠡᠵᠢᠩ ᠬᠤᠲᠠ ᠶᠢᠨ ᠨᠠᠷᠠᠲᠤ | ᠭᠤᠷᠪᠠᠳᠤᠭᠠᠷ ᠳᠡᠰ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠬᠦᠷᠴᠦ ᠪᠣᠯᠪᠠᠰᠤᠷᠠᠭᠤᠯᠤᠯ ᠥᠷᠨᠢᠭᠦᠯᠵᠦ ᠂ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠤᠨ᠎ᠠ ᠃ ᠣᠲᠣ ᠪᠣᠯᠲᠠᠯ᠎ᠠ ᠂ ᠨᠢᠭᠡᠳᠦᠭᠡᠷ ᠬᠤᠭᠤᠴᠠᠭᠠᠨ ᠤ ᠪᠣᠯᠪᠠᠰᠤᠷᠠᠭᠤᠯᠤᠯ ᠢ ᠨᠢᠭᠡᠨᠲᠡ ᠪᠡᠶᠡᠯᠡᠭᠦᠯᠵᠦ ᠂ | ᠬᠤᠶᠠᠳᠤᠭᠠᠷ ᠬᠤᠭᠤᠴᠠᠭᠠᠨ ᠤ ᠪᠣᠯᠪᠠᠰᠤᠷᠠᠭᠤᠯᠤᠯ ᠢ ᠶᠠᠭ ᠡᠮᠬᠢ ᠵᠢᠷᠤᠮ ᠲᠠᠢ ᠲᠦᠯᠬᠢᠨ ᠠᠬᠢᠭᠤᠯᠵᠤ ᠂ 136 ᠬᠥᠮᠥᠨ | ᠪᠣᠯᠪᠠᠰᠤᠷᠠᠭᠤᠯᠤᠯ ᠳᠤ ᠣᠷᠣᠯᠴᠠᠵᠠᠢ ᠃ | 6 ᠰᠠᠷ᠎ᠠ ᠶᠢᠨ 27 ᠤ ᠡᠳᠦᠷ ᠠᠴᠠ 7 ᠰᠠᠷ᠎ᠠ ᠶᠢᠨ 16 ᠤ ᠡᠳᠦᠷ ᠪᠣᠯᠲᠠᠯ᠎ᠠ ᠂ ᠨᠢᠭᠡᠳᠦᠭᠡᠷ ᠬᠤᠭᠤᠴᠠᠭᠠᠨ ᠤ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠪᠠᠶᠢᠷᠢ | ᠳᠠᠭᠠᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ ᠂ 68 ᠨᠡᠷᠡᠰ ᠪᠣᠯᠪᠠᠰᠤᠷᠠᠭᠤᠯᠤᠯ ᠳᠤ ᠣᠷᠣᠯᠴᠠᠭᠰᠠᠳ | ᠪᠡᠭᠡᠵᠢᠩ ᠤᠨ ᠬᠤᠸᠠ ᠰᠢᠨ ᠡᠮᠨᠡᠯᠭᠡ ᠶᠢᠨ ᠬᠤᠷᠢᠶ᠎ᠠ ︵ᠴᠢᠩᠬᠤᠸᠠ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ | ᠡᠮᠨᠡᠯᠭᠡ ᠶᠢᠨ ᠬᠤᠷᠢᠶ᠎ᠠ ︶ ᠶᠢᠨ ᠬᠢᠲᠠᠳ ᠡᠸᠦ᠋ᠷᠦᠫᠡ ᠡᠮᠨᠡᠯᠭᠡ ᠶᠢᠨ ᠡᠮᠴᠢᠯᠡᠭᠡ ᠂ ᠡᠷᠡᠭᠦᠯᠵᠢᠯ ᠰᠤᠪᠢᠯᠠᠯᠲᠠ ᠂ ᠠᠨᠠᠭᠠᠬᠤ | ᠤᠬᠠᠭᠠᠨ ᠤ ᠰᠢᠯᠭᠠᠨ ᠪᠠᠶᠢᠴᠠᠭᠠᠯᠲᠠ ᠵᠡᠷᠭᠡ ᠰᠠᠯᠠᠭ᠎ᠠ ᠲᠠᠰᠤᠭ ᠲᠤ ᠬᠦᠷᠴᠦ ᠪᠣᠯᠪᠠᠰᠤᠷᠠᠭᠤᠯᠤᠯ ᠬᠢᠵᠦ ᠂ ᠣᠲᠣ ᠨᠢᠭᠡᠨᠲᠡ | ᠲᠡᠭᠦᠰ ᠠᠮᠵᠢᠯᠲᠠ ᠲᠠᠢ ᠲᠡᠭᠦᠰᠪᠡ ᠃ | ᠬᠤᠶᠠᠳᠤᠭᠠᠷ ᠬᠤᠭᠤᠴᠠᠭᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ 2022 ᠣᠨ ᠤ 8 ᠰᠠᠷ᠎ᠠ ᠶᠢᠨ 1 ᠤ ᠡᠳᠦᠷ ᠠᠴᠠ 8 | ᠰᠠᠷ᠎ᠠ ᠶᠢᠨ 20 ᠤ ᠡᠳᠦᠷ ᠪᠣᠯᠲᠠᠯ᠎ᠠ ᠦᠷᠭᠦᠯᠵᠢᠯᠡᠭᠦᠯᠵᠦ ᠂ ᠲᠦᠷ ᠴᠠᠭ ᠤᠨ ᠨᠠᠮ ᠤᠨ ᠡᠭᠦᠷ ᠪᠠᠶᠢᠭᠤᠯᠬᠤ ᠶᠢᠨ ᠬᠠᠮᠲᠤ | ᠪᠣᠯᠪᠠᠰᠤᠷᠠᠭᠤᠯᠤᠯ ᠤᠨ ᠠᠩᠭᠢ ᠶᠢᠨ ᠭᠡᠰᠢᠭᠦᠨ ᠢ ᠣᠨᠴᠠᠭᠠᠶᠢᠯᠠᠨ ᠰᠣᠩᠭᠤᠨ ᠭᠠᠷᠭᠠᠵᠤ ᠂ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ | ᠪᠠᠳᠠᠷᠠᠭᠤᠯᠤᠨ ᠂ ᠪᠣᠯᠪᠠᠰᠤᠷᠠᠭᠤᠯᠤᠯ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠢᠳᠡᠪᠬᠢᠲᠡᠢ ᠨᠢᠭᠡᠳᠦᠯᠲᠡᠢ | ᠲᠥᠯᠥᠪᠯᠡᠨ ᠵᠣᠬᠢᠴᠠᠭᠤᠯᠵᠤ ᠂ ᠪᠣᠯᠪᠠᠰᠤᠷᠠᠭᠤᠯᠤᠯ ᠤᠨ ᠦᠷ᠎ᠡ ᠳ᠋ᠦᠩ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ ᠃ | ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠂ 8 | ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠩᠬᠠᠳᠤᠭᠠᠷ | ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ | ᠪᠡᠭᠡᠵᠢᠩ ᠳᠤ ᠣᠷᠣᠵᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠤᠯ ᠤᠨ ᠳ᠋ᠦᠩᠨᠡᠯᠲᠡ ᠶᠢᠨ ᠬᠤᠷᠠᠯ ᠵᠢᠴᠢ ᠬᠤᠶᠠᠳᠤᠭᠠᠷ | ᠬᠤᠭᠤᠴᠠᠭᠠᠨ ᠤ ᠠᠩᠭᠢ ᠡᠬᠢᠯᠡᠬᠦ ᠶᠣᠰᠣᠯᠠᠯ ᠶᠠᠪᠤᠭᠤᠯᠵᠤ ᠂ ᠨᠢᠭᠡᠳᠦᠭᠡᠷ ᠬᠤᠭᠤᠴᠠᠭᠠᠨ ᠤ ᠪᠣᠯᠪᠠᠰᠤᠷᠠᠭᠤᠯᠤᠯ ᠳᠤ | ᠣᠷᠣᠯᠴᠠᠭᠰᠠᠨ ᠰᠤᠷᠤᠭᠴᠢᠳ ᠤᠨ ᠲᠥᠯᠥᠭᠡᠯᠡᠭᠴᠢᠳ ᠤᠨ ᠰᠤᠷᠤᠯᠴᠠᠯᠭ᠎ᠠ ᠪᠣᠯᠪᠠᠰᠤᠷᠠᠭᠤᠯᠤᠯ ᠤᠨ ᠣᠯᠣᠯᠲᠠ ᠪᠠᠨ | ᠰᠣᠯᠢᠯᠴᠠᠪᠠ ᠃ | | |