ᠬᠥᠬᠡᠬᠤᠲᠠ ᠶᠢᠨ ᠪᠡᠭᠡᠵᠢᠩ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭᠠᠨ ᠤ ᠤᠨᠤᠯ ᠲᠦᠷᠦ ᠶᠢᠨ ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/8/12
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠺᠠᠳ᠋ᠷ ᠤᠨ ᠤᠨᠤᠯ ᠲᠦᠷᠦ ᠶᠢᠨ ᠪᠣᠳᠣᠯᠭ᠎ᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 4  ᠤ ᠡᠳᠦᠷ᠂ ᠬᠥᠬᠡᠬᠤᠲᠠ ᠶᠢᠨ ᠪᠡᠭᠡᠵᠢᠩ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠨᠤᠯ ᠲᠦᠷᠦ ᠶᠢᠨ ᠪᠣᠳᠣᠯᠭ᠎ᠠ ᠶᠢᠨ ᠬᠠᠮᠵᠢᠯᠴᠠᠭᠠᠨ ᠤ ᠪᠣᠯᠪᠠᠰᠤᠷᠠᠯ ᠤᠨ ᠠᠩᠬᠢ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠰᠢᠨᠬᠤᠸᠠ ᠳᠠᠭᠠᠳᠬᠠᠯ ᠤᠨ ᠪᠣᠯᠪᠠᠰᠤᠷᠠᠯ ᠤᠨ ᠲᠥᠪ ᠲᠤ ᠰᠤᠷᠤᠯᠭ᠎ᠠ ᠡᠬᠢᠯᠡᠪᠡ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ 10 ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ ᠂ ᠰᠤᠷᠤᠯᠴᠠᠵᠤ ᠪᠣᠯᠪᠠᠰᠤᠷᠠᠭᠤᠯᠬᠤ ᠪᠠ ᠠᠵᠢᠯ ᠢ ᠠᠬᠢᠭᠤᠯᠬᠤ ᠶᠢ ᠤᠶᠠᠯᠳᠤᠭᠤᠯᠬᠤ ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠂ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠰᠤᠷᠤᠯᠴᠠᠨ ᠰᠤᠳᠤᠯᠵᠤ ᠪᠠᠬᠢᠵᠢᠭᠦᠯᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠣᠨᠣᠯ ᠲᠥᠷᠥ ᠶᠢᠨ ᠪᠣᠳᠣᠯᠭ᠎ᠠ ᠪᠠ ᠪᠣᠯᠪᠠᠰᠤᠷᠠᠩᠭᠤᠢ ᠲᠤᠷᠰᠢᠯᠭ᠎ᠠ ᠠᠷᠭ᠎ᠠ ᠬᠢᠳᠡᠯ ᠢ ᠵᠣᠯᠭᠠᠭᠤᠯᠬᠤ ᠵᠡᠷᠭᠡ ᠠᠷᠭ᠎ᠠ ᠬᠡᠮᠵᠢᠶ᠎ᠡ ᠶᠢ ᠰᠤᠷᠤᠯᠴᠠᠵᠤ ᠰᠤᠳᠤᠯᠤᠨ ᠶᠠᠷᠢᠯᠴᠠᠨ᠎ᠠ ᠃ ᠲᠤᠰ ᠤᠳᠠᠭᠠᠨ ᠤ ᠪᠣᠯᠪᠠᠰᠤᠷᠠᠯ ᠨᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ ᠲᠠᠪᠴᠠᠩ ᠳᠤ ᠲᠦᠰᠢᠭᠯᠡᠵᠦ ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠂ ᠪᠡᠭᠡᠵᠢᠩ ᠤᠨ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠪᠡᠭᠡᠵᠢᠩ ᠬᠤᠲᠠ ᠶᠢᠨ ᠲᠤᠰᠠᠯᠠᠬᠤ ᠬᠠᠮᠲᠤᠷᠠᠯᠴᠠᠭᠠᠨ ᠤ ᠠᠯᠪᠠᠨ ᠭᠡᠷ ᠂ ᠪᠡᠭᠡᠵᠢᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠂ ᠪᠡᠭᠡᠵᠢᠩ ᠬᠤᠲᠠ ᠶᠢᠨ ᠠᠷᠠᠳ ᠤᠨ ᠶᠠᠪᠤᠳᠠᠯ ᠤᠨ ᠦᠨᠳᠦᠰᠦᠨ ᠱᠠᠲᠤᠨ ᠤ ᠵᠠᠰᠠᠭ ᠤᠨ ᠡᠷᠬᠡ ᠪᠠ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯᠳᠠᠯᠭ᠎ᠠ  ᠲᠠᠢ ᠲᠤᠬᠠᠶᠢᠯᠠᠭᠰᠠᠨ ᠠᠵᠢᠯ ᠤᠨ ᠬᠦᠷᠢᠶᠡᠨ ᠤ ᠬᠠᠷᠢᠭᠤᠴᠠᠯᠭᠠᠲᠠᠨ ᠨᠥᠬᠦᠳ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ ᠃ ᠡᠭᠦᠨ ᠤ ᠬᠠᠮᠲᠤ ᠱᠦᠨ ᠢ ᠲᠣᠭᠤᠷᠢᠭ ᠪᠣᠯᠣᠨ ᠪᠡᠭᠡᠵᠢᠩ ᠤᠨ ᠶᠢᠨ ᠯᠢᠦ ᠬᠤᠸᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠶᠠᠨᠴᠢᠩ ᠤᠨ ᠬᠤᠶᠢᠲᠤ ᠬᠡᠰᠡᠭ ᠤᠨ ᠢᠳᠡᠰᠢᠨ ᠨᠣᠭᠤᠭ᠎ᠠ ᠶᠢᠨ ᠬᠦᠷᠢᠶᠡᠯᠡᠩ᠂ ᠪᠡᠭᠡᠵᠢᠩ ᠤᠨ ᠳ᠋ᠡ ᠳ᠋ᠢ ᠵᠢᠦᠢ ᠯᠦᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ᠂ ᠰᠢᠰᠲ᠋ᠧᠮ ᠤᠨ ᠺᠠᠳ᠋ᠷ ᠤᠨ ᠠᠵᠢᠯ ᠤᠨ ᠬᠠᠷᠠᠭ᠎ᠠ ᠶᠢ ᠴᠢᠨᠠᠭᠰᠢᠳᠠ ᠥᠷᠭᠡᠳᠬᠡᠵᠦ᠂ ᠠᠵᠢᠯ ᠤᠨ ᠰᠡᠳᠬᠢᠴᠡ ᠪᠠᠨ ᠥᠷᠭᠡᠳᠬᠡᠵᠡᠢ᠃      ᠪᠣᠯᠪᠠᠰᠤᠷᠠᠯ ᠤᠨ ᠠᠩᠭᠢ ᠱᠠᠭᠠᠷᠳᠠᠭᠰᠠᠨ ᠨᠢ ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠣᠨ᠎ᠠ᠃ ᠦᠨᠳᠦᠰᠦᠨ ᠱᠠᠲᠤᠨ ᠤ ᠤᠳᠤᠷᠢᠳᠤᠮᠵᠢ ᠶᠢ ᠴᠢᠩᠭᠠᠳᠬᠠᠵᠤ ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠳᠦ ᠬᠡᠮᠵᠢᠶᠡᠨ ᠠᠴᠠ ᠰᠤᠷᠤᠯᠴᠠᠬᠤ ᠲᠠᠪᠴᠠᠩ ᠪᠠ ᠪᠣᠯᠪᠠᠰᠤᠷᠠᠭᠤᠯᠤᠯ ᠤᠨ ᠠᠵᠠ ᠲᠣᠬᠢᠶᠠᠯ ᠢ ᠨᠠᠨᠳᠢᠩᠨᠠᠨ ᠂ ᠲᠤᠰᠬᠠᠢ ᠮᠡᠷᠭᠡᠵᠢᠯᠲᠡᠨ ᠡᠷᠳᠡᠮᠲᠡᠨ ᠪᠠ ᠲᠡᠷᠢᠭᠦᠨ ᠤ ᠭᠠᠵᠠᠷ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠬᠢᠨᠠᠮᠠᠭᠠᠢ ᠰᠤᠷᠤᠯᠴᠠᠨ ᠣᠶᠢᠯᠠᠭᠠᠵᠤ ᠂ ᠰᠤᠷᠤᠯᠴᠠᠬᠤ ᠳᠠᠭᠠᠨ ᠰᠡᠳᠬᠢᠬᠦ ᠂ ᠰᠡᠳᠬᠢᠬᠦ ᠳᠡᠭᠡᠨ ᠣᠯᠬᠤ ᠂ ᠣᠯᠬᠤ ᠳᠠᠭᠠᠨ ᠣᠯᠬᠤ ᠶᠠᠪᠤᠳᠠᠯ ᠢ ᠦᠨᠡᠨ ᠬᠦ ᠪᠡᠶᠡᠯᠡᠭᠦᠯᠬᠦ ᠬᠡᠷᠡᠭᠲᠡᠢ ᠃ ᠰᠤᠷᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠴᠢᠬᠤᠯᠠᠴᠢᠯᠠᠬᠤ ᠬᠡᠷᠡᠭᠲᠡᠢ᠃ ᠪᠣᠳᠠᠲᠠᠢ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠥᠪᠡᠷ ᠤᠨ ᠠᠵᠢᠯ ᠤᠨ ᠢᠶᠠᠨ ᠪᠠᠭᠤᠷᠠᠢ ᠲᠠᠯ᠎ᠠ ᠵᠢᠴᠢ ᠬᠤᠶᠢᠰᠢᠳᠠ ᠶᠢᠨ ᠠᠵᠢᠯ ᠤᠨ ᠬᠦᠴᠦᠯᠡᠬᠦ ᠴᠡᠭ ᠪᠠ ᠰᠢᠨ᠎ᠡ ᠶᠢ ᠡᠭᠦᠳᠬᠦ ᠴᠡᠭ ᠢ ᠪᠣᠳᠣᠯᠬᠢᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠤᠨᠤᠯ ᠤᠨ ᠰᠤᠷᠤᠯᠴᠠᠯᠭ᠎ᠠ ᠶᠢ ᠴᠢᠬᠤᠯᠠᠴᠢᠯᠠᠵᠤ᠂ ᠲᠥᠪ ᠠᠴᠠ ᠬᠡᠷᠬᠢᠨ ᠱᠠᠭᠠᠷᠳᠠᠵᠤ ᠪᠠᠶᠢᠬᠤ᠂ ᠲᠦᠷᠦ ᠶᠢᠨ ᠪᠣᠳᠣᠯᠭ᠎ᠠ ᠶᠢ ᠬᠡᠷᠬᠢᠨ ᠲᠣᠭᠲᠠᠭᠠᠵᠤ ᠪᠠᠶᠢᠬᠤ᠂ ᠪᠤᠰᠤᠳ ᠭᠠᠵᠠᠷ ᠣᠷᠣᠨ ᠤ ᠠᠵᠢᠯ ᠢ ᠬᠡᠷᠬᠢᠨ ᠥᠷᠨᠢᠭᠦᠯᠵᠦ ᠪᠠᠶᠢᠬᠤ᠂ ᠠᠵᠢᠯ ᠢᠶᠠᠨ ᠥᠷᠨᠢᠭᠦᠯᠬᠦ ᠳᠤ ᠬᠠᠮᠢᠭ᠎ᠠ ᠠᠴᠠ ᠭᠠᠷᠳᠠᠬᠤ᠂ ᠶᠠᠭᠤ ᠶᠢ ᠠᠳᠬᠤᠬᠤ᠂ ᠶᠠᠭᠠᠬᠢᠵᠤ ᠠᠳᠬᠤᠬᠤ᠂ ᠶᠠᠮᠠᠷ ᠬᠡᠮᠵᠢᠶᠡᠨ ᠳᠤ ᠬᠦᠷᠲᠡᠯ᠎ᠡ ᠠᠳᠬᠤᠬᠤ ᠶᠢ ᠲᠣᠳᠣᠷᠬᠠᠶᠢᠯᠠᠵᠤ᠂ ᠬᠠᠷᠠᠯᠲᠠ ᠲᠠᠢ ᠪᠠᠷ ᠰᠤᠮᠤ ᠬᠠᠷᠪᠤᠵᠤ ᠠᠵᠢᠯ ᠢᠶᠠᠨ ᠥᠷᠨᠢᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠦᠵᠡᠯ ᠤᠬᠠᠮᠰᠠᠷ ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠬᠤ ᠳᠡᠭᠡᠳᠦ ᠬᠡᠮᠵᠢᠶᠡᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤ᠋
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号