1—7 ᠰᠠᠷ᠎ᠠ ᠳᠤ ᠮᠠᠨ ᠤ ᠣᠷᠣᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ 84 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2022/8/12
       1—7 ᠳ᠋ᠤᠭᠠᠷ ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ 2022 ᠣᠨ ᠤ ᠡᠩ ᠤᠨ ᠣᠯᠠᠨ ᠨᠡᠶᠢᠲᠡ ᠶᠢᠨ ᠲᠥᠰᠥᠪ ᠠᠴᠠ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠦ ᠶᠢ 84.19 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠬᠦ ᠶᠢ ᠪᠡᠶᠡᠯᠡᠭᠦᠯᠪᠡ ᠂ ᠡᠭᠦᠨ ᠳᠤ ᠂ ᠲᠥᠪ ᠤᠨ ᠪᠡᠯᠡ ᠮᠥᠩᠭᠦ 52.32 ᠳ᠋ᠦᠩᠰᠢᠭᠤᠷ ᠲᠥᠭᠦᠷᠢᠭ ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 31.87 ᠳ᠋ᠦᠩᠰᠢᠭᠤᠷ ᠲᠥᠭᠦᠷᠢᠭ ᠪᠠᠶᠢᠨ᠎ᠠ ᠃ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ 304 ᠲᠦᠮᠡᠨ ᠬᠥᠮᠥᠨ ︵  ᠤᠳᠠᠭ᠎ᠠ ︶ ᠢ ᠳᠠᠪᠠᠪᠠ ᠃      ︽  ᠨᠡᠮᠡᠭᠳᠡᠯ ᠢ ᠪᠠᠲᠤᠯᠠᠬᠤ ᠂ ᠠᠷᠠᠳ ᠤᠨ ᠠᠮᠢᠳᠤᠷᠠᠯ ᠢ ᠪᠠᠲᠤᠯᠠᠬᠤ ᠂ ᠲᠣᠭᠲᠠᠭᠤᠨ ᠢ ᠪᠠᠲᠤᠯᠠᠬᠤ ︾  ᠭᠤᠣᠯ ᠰᠢᠵᠢᠮ ᠤᠨ ᠲᠣᠭᠤᠷᠢᠨ ᠳᠤ ᠂ ᠲᠥᠰᠥᠪ ᠤᠨ ᠬᠠᠤᠯᠢ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢ ᠳᠣᠷᠣᠭᠰᠢ ᠪᠠᠭᠤᠯᠭᠠᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠠᠷᠠᠳ ᠤᠨ ᠠᠮᠢᠳᠤᠷᠠᠯ ᠢ ᠪᠠᠲᠤᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠎ᠠ ᠃      ᠳᠣᠷᠣᠭᠰᠢ ᠪᠠᠭᠤᠯᠭᠠᠭᠰᠠᠨ ᠪᠡᠯᠡ ᠮᠥᠩᠭᠦ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ 7 ᠬᠦᠷᠢᠶ᠎ᠡ ᠴᠠᠷᠠᠭ᠎ᠠ ᠵᠢᠴᠢ ᠴᠢᠭᠯᠡᠯ ᠳᠤ ᠬᠤᠯᠪᠣᠭᠳᠠᠵᠤ ᠂ ᠡᠭᠦᠨ ᠳᠤ ᠂ ᠨᠡᠶᠢᠭᠡᠮ ᠤᠨ ᠠᠪᠤᠷᠠᠨ ᠲᠤᠰᠠᠯᠠᠬᠤ ᠲᠥᠷᠥᠯ ᠤᠨ ᠪᠡᠯᠡ ᠮᠥᠩᠭᠦ 71.19 ᠳ᠋ᠦᠩᠰᠢᠭᠤᠷ ᠲᠥᠭᠦᠷᠢᠭ ᠂ ᠨᠠᠰᠤᠵᠢᠯ ᠤᠨ ᠲᠥᠷᠥᠯ ᠤᠨ ᠪᠡᠯᠡ ᠮᠥᠩᠭᠦ 6.67 ᠳ᠋ᠦᠩᠰᠢᠭᠤᠷ ᠲᠥᠭᠦᠷᠢᠭ ᠂ ᠨᠡᠶᠢᠭᠡᠮ ᠤᠨ ᠬᠡᠷᠡᠭ ᠶᠠᠪᠤᠳᠠᠯ ᠤᠨ ᠲᠥᠷᠥᠯ ᠤᠨ ᠪᠡᠯᠡ ᠮᠥᠩᠭᠦ 5.62 ᠳ᠋ᠦᠩᠰᠢᠭᠤᠷ ᠲᠥᠭᠦᠷᠢᠭ ᠂ ᠨᠢᠭᠦᠯᠡᠰᠦᠩᠭᠦᠢ ᠶᠢᠨ ᠨᠡᠶᠢᠭᠡᠮ ᠤᠨ ᠲᠥᠷᠥᠯ ᠤᠨ ᠪᠡᠯᠡ ᠮᠥᠩᠭᠦ 0.43 ᠳ᠋ᠦᠩᠰᠢᠭᠤᠷ ᠲᠥᠭᠦᠷᠢᠭ ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 0.15 ᠳ᠋ᠦᠩᠰᠢᠭᠤᠷ ᠲᠥᠭᠦᠷᠢᠭ ᠂ ᠬᠡᠤᠬᠡᠳ ᠤᠨ ᠠᠰᠠᠷᠠᠮᠵᠢ ᠶᠢᠨ ᠲᠥᠷᠥᠯ ᠤᠨ ᠪᠡᠯᠡ ᠮᠥᠩᠭᠦ 0.12 ᠳ᠋ᠦᠩᠰᠢᠭᠤᠷ ᠲᠥᠭᠦᠷᠢᠭ ᠂ ᠠᠷᠠᠳ ᠤᠨ ᠶᠠᠪᠤᠳᠠᠯ ᠤᠨ ᠦᠢᠯᠡᠰ ᠤᠨ ᠵᠠᠷᠤᠳᠠᠯ 0.01 ᠳ᠋ᠦᠩᠰᠢᠭᠤᠷ ᠲᠥᠭᠦᠷᠢᠭ ᠪᠠᠶᠢᠨ᠎ᠠ ᠃      ᠡᠯ᠎ᠡ ᠵᠦᠢᠯ ᠤᠨ ᠠᠷᠠᠳ ᠤᠨ ᠶᠠᠪᠤᠳᠠᠯ ᠤᠨ ᠪᠡᠯᠡ ᠮᠥᠩᠭᠦ ᠶᠢ ᠳᠣᠷᠣᠭᠰᠢ ᠪᠠᠭᠤᠯᠭᠠᠭᠰᠠᠨ ᠨᠢ ᠬᠦᠴᠢᠷᠳᠡᠯᠲᠡᠢ ᠣᠯᠠᠨ ᠲᠦᠮᠡᠨ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠲᠡᠭᠡᠳ ᠤᠨ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠵᠤ ᠂ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠬᠦᠴᠦᠨ ᠨᠡᠮᠡᠷᠢᠯᠡᠵᠦ ᠂ ᠠᠷᠠᠳ ᠤᠨ ᠶᠠᠪᠤᠳᠠᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠪᠠᠳᠠᠷᠠᠭᠤᠯᠪᠠ ᠃      ᠣᠲᠣ ᠪᠣᠯᠲᠠᠯ᠎ᠠ ᠂ ᠡᠯ᠎ᠡ ᠵᠦᠢᠯ ᠤᠨ ᠠᠷᠠᠳ ᠤᠨ ᠶᠠᠪᠤᠳᠠᠯ ᠤᠨ ᠪᠡᠯᠡ ᠮᠥᠩᠭᠦ ᠶᠢᠨ ᠪᠠᠲᠤᠯᠠᠭ᠎ᠠ ᠵᠢᠴᠢ ᠬᠦᠴᠢᠷᠳᠡᠯᠲᠡᠢ ᠣᠯᠠᠨ ᠲᠦᠮᠡᠨ ᠂ ᠬᠦᠴᠢᠷᠳᠡᠯᠲᠡᠢ ᠵᠡᠮᠳᠡᠭᠴᠦᠳ ᠪᠠ ᠬᠦᠨᠳᠦ ᠵᠡᠮᠳᠡᠭᠴᠦᠳ ᠢ ᠠᠪᠤᠷᠠᠨ ᠲᠤᠰᠠᠯᠠᠬᠤ  ᠂ ᠥᠨᠥᠴᠢᠨ ᠬᠡᠤᠬᠡᠳ ᠂ ᠥᠨᠳᠥᠷ ᠨᠠᠰᠤᠲᠠᠢ ᠨᠠᠰᠤᠲᠠᠨ ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠵᠡᠷᠭᠡ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ 304 ᠲᠦᠮᠡᠨ ᠬᠥᠮᠥᠨ ︵  ᠤᠳᠠᠭ᠎ᠠ ︶ ᠢ ᠳᠠᠪᠠᠵᠠᠢ    
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号