ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠤᠨ ᠪᠦᠲᠦᠭᠡᠯ ᠤᠨ ᠦᠵᠡᠭᠦᠯᠦᠯᠭᠡ ᠪᠡᠭᠡᠵᠢᠩ ᠳᠤ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄
2022/8/12
      8 ᠳ᠋ᠤᠭᠠᠷ ᠰᠠᠷ᠎ᠠ ᠶᠢᠨ 10 ᠤ ᠡᠳᠦᠷ ᠂ ᠲᠥᠪ ᠤᠨ ᠤᠬᠠᠭᠤᠯᠬᠤ ᠬᠡᠯᠲᠡᠰ ᠤᠨ ᠳᠡᠮᠵᠢᠯᠭᠡ ᠲᠤᠤᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠂ ᠬᠢᠩᠭᠠᠨ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠭᠢᠯᠡᠵᠦ ᠂ ︽  ᠤᠮᠠᠷᠠᠲᠤ ᠶᠢᠨ ᠬᠥᠪᠡᠭᠦᠳ ᠥᠬᠢᠳ ᠰᠡᠳᠬᠢᠯ ᠵᠢᠷᠦᠬᠡ ᠪᠠᠨ ᠨᠠᠮ  ᠲᠠᠢ ᠪᠠᠨ ᠭᠠᠷ ᠬᠤᠯᠪᠣᠨ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠨ᠎ᠠ ︱ ︱ ᠥᠪᠥᠷ ᠮᠣᠩᠭᠤᠯ ᠤᠨ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠤᠨ ᠪᠦᠲᠦᠭᠡᠯ ᠤᠨ ᠦᠵᠡᠰᠬᠦᠯᠡᠩ ︾ ᠭᠡᠬᠦ  ᠭᠤᠣᠯ ᠰᠡᠳᠦᠪ ᠢᠶᠠᠷ ᠪᠡᠭᠡᠵᠢᠩ ᠳᠤ ᠤᠷᠤᠭᠰᠢᠲᠠᠢ ᠶᠠᠪᠤᠭᠳᠠᠪᠠ ᠃      ᠬᠤᠷᠴᠠ ᠰᠣᠷᠭᠤᠭ ᠤᠯᠤᠰ ᠤᠨ ᠲᠤᠭ᠂ ᠳᠦᠭᠦᠷᠡᠩ ᠠᠨᠠᠷ᠂ ᠪᠠᠳᠠᠷᠠᠨ ᠳᠡᠯᠭᠡᠷᠡᠭᠰᠡᠨ ᠨᠠᠮᠤᠷ ᠤᠨ ᠤᠳᠪᠠᠯᠠ ᠁ ᠤᠯᠠᠨ ᠠᠷᠪᠢᠨ ᠠᠮᠢᠳᠤᠯᠢᠭ ᠰᠠᠶᠢᠬᠠᠨ ᠬᠠᠳᠬᠤᠮᠠᠯ ᠬᠥᠮᠥᠰ ᠤᠨ ᠠᠩᠬᠠᠷᠤᠯ ᠢ ᠲᠠᠲᠠᠨ᠎ᠠ᠃ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠪᠣᠯ ᠣᠷᠳᠣ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠪᠣᠶ ᠪᠣᠯᠤᠭᠰᠠᠨ ᠨᠢᠭᠡ ᠵᠦᠢᠯ ᠤᠨ ᠭᠠᠷ ᠤᠷᠠᠯᠠᠯ ᠮᠥᠨ ᠂ ᠲᠡᠷᠡ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠭᠤᠸ᠎ᠠ ᠲᠠᠭᠠᠰᠢᠶᠠᠯ ᠤᠨ ᠠᠭᠤᠯᠬᠤᠨ ᠳᠤ ᠠᠭᠤᠰᠴᠤ ᠂ ᠥᠪᠥᠷ ᠮᠣᠩᠭᠤᠯ ᠤᠨ ᠠᠷᠠᠳ ᠲᠦᠮᠡᠨ ᠤ ᠰᠢᠯᠢᠳᠡᠭ ᠵᠠᠩ ᠴᠢᠨᠠᠷ ᠢ ᠢᠯᠡ ᠲᠣᠳᠣ ᠢᠯᠡᠷᠡᠭᠦᠯᠦᠭᠰᠡᠨ ᠪᠠᠶᠢᠨ᠎ᠠ ᠃ ᠲᠡᠭᠦᠨ ᠤ ᠥᠩᠭᠡ ᠪᠤᠳᠤᠭ ᠨᠢ ᠭᠡᠷᠡᠯ ᠭᠢᠯᠪᠠᠭ᠎ᠠ ᠲᠠᠢ᠂ ᠠᠶᠠᠨᠳᠠᠭᠠᠨ ᠪᠦᠲᠦᠵᠦ᠂ ᠥᠪᠥᠷ ᠮᠣᠩᠭᠤᠯ ᠤᠨ ᠠᠷᠠᠳ ᠲᠦᠮᠡᠨ ᠤ ᠬᠠᠯᠠᠭᠤᠨ ᠰᠡᠳᠬᠢᠯᠭᠡ᠂ ᠠᠰᠪᠤᠷ ᠰᠢᠯᠤᠭᠤᠨ ᠣᠮᠤᠭ ᠪᠠᠭ᠋ᠠᠳᠤᠯᠲᠤ ᠵᠠᠩ ᠠᠭᠠᠯᠢ ᠶᠢ ᠠᠬᠤᠭᠤᠯᠵᠤ ᠪᠤᠢ︔ ᠲᠡᠭᠦᠨ ᠤ ᠬᠡᠪ ᠨᠠᠮᠪᠠ ᠨᠢ ᠠᠶᠠᠨᠳᠠᠭᠠᠨ ᠢᠯᠭᠤᠮ ᠲᠣᠳᠣ᠂ ᠪᠦᠳᠦᠭᠦᠯᠢᠭ ᠤᠨ ᠳᠤᠮᠳᠠ ᠨᠠᠷᠢᠯᠢᠭ ᠪᠠᠶᠢᠵᠤ᠂ ᠥᠪᠥᠷ ᠮᠣᠩᠭᠤᠯ ᠤᠨ ᠠᠷᠠᠳ ᠲᠦᠮᠡᠨ ᠤ ᠪᠤᠰᠢᠭᠤ ᠱᠠᠯᠠᠮᠠᠭᠠᠢ᠂ ᠥᠴᠥᠬᠡᠨ ᠴᠦ ᠣᠰᠣᠯᠳᠠᠬᠤ ᠦᠭᠡᠢ᠂ ᠬᠡᠯᠡᠭᠰᠡᠨ ᠳᠡᠭᠡᠨ ᠰᠠᠭᠤᠳᠠᠭ ᠦᠢᠯᠡ ᠠᠵᠢᠯᠯᠠᠭ᠎ᠠ ᠶᠢᠨ ᠬᠡᠪ ᠨᠠᠮᠪᠠ ᠶᠢ ᠲᠥᠯᠥᠭᠡᠯᠡᠵᠦ ᠪᠠᠶᠢᠳᠠᠭ᠃ ᠲᠡᠭᠦᠨ ᠤ ᠵᠢᠷᠤᠭ ᠳᠦᠷᠰᠦ ᠨᠢ ᠭᠤᠶᠢᠳᠠ ᠰᠠᠶᠢᠬᠠᠨ ᠂ ᠠᠭᠤᠳᠠᠮᠴᠢ ᠪᠠᠭᠲᠠᠭᠠᠮᠵᠢᠲᠠᠢ ᠪᠠᠶᠢᠵᠤ ᠂ ᠥᠪᠥᠷ ᠮᠣᠩᠭᠤᠯ ᠤᠨ ᠠᠷᠠᠳ ᠲᠦᠮᠡᠨ ᠤ ︽  ᠦᠨᠡᠨ ᠂ ᠰᠠᠶᠢᠨ ᠂ ᠭᠤᠸ᠎ᠠ ︾ ᠳᠦᠷᠢ ᠲᠥᠷᠬᠦ  ᠶᠢᠨ ᠣᠨᠴᠠᠯᠢᠭ  ᠢ ᠬᠠᠷᠠᠭᠤᠯᠵᠠᠢ ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠡᠷᠢᠭᠦᠯᠡᠭᠴᠢ ᠭᠦᠸᠧ ᠵᠢᠩ ᠯᠢ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠤᠨ ᠪᠦᠲᠦᠭᠡᠯ ᠤᠨ ᠦᠵᠡᠭᠦᠯᠦᠯᠭᠡ ᠳᠡᠭᠡᠷ᠎ᠡ ᠪᠠᠶᠠᠷ ᠤᠨ ᠦᠭᠡ ᠬᠡᠯᠡᠵᠡᠢ ᠵᠠᠩ ᡁᠢ ᠶᠢᠨ ᠰᠡᠭᠦᠳᠡᠷᠯᠡᠪᠡ      《 ᠣᠶᠢᠷ᠎ᠠ ᠶᠢᠨ ᠵᠢᠯ ᠤᠳ ᠲᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠡᠮᠡᠭᠲᠡᠶᠢᠴᠦᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ ᠂ ᠬᠢᠩᠭᠠᠨ ᠠᠶᠢᠮᠠᠭ ᠤᠨ ︽  ᠤᠮᠠᠷᠠᠲᠤ ᠶᠢᠨ ᠪᠥᠰ ᠲᠣᠷᠭ᠎ᠠ ᠂ ᠦᠢᠯᠡᠰ ᠴᠣᠭᠴᠠᠯᠠᠵᠤ ᠠᠵᠢᠯ ᠣᠯᠭᠤᠬᠤ ᠠᠵᠢᠯᠯᠠᠭ᠎ᠠ ︾ ᠶᠢ ᠭᠦᠨᠵᠡᠭᠡᠢ ᠬᠡᠷᠡᠭᠵᠢᠭᠦᠯᠬᠦ ᠶᠢ ᠵᠢᠯᠤᠭᠤᠳᠴᠤ ᠂ ᠬᠠᠳᠬᠤᠮᠠᠯ ᠤᠨ ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠂ ᠡᠮᠡᠭᠲᠡᠶᠢᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠰᠢᠨ᠎ᠡ ᠠᠮᠢᠵᠢᠷᠠᠯ ᠤᠨ ᠬᠦᠴᠦᠨ ᠲᠠᠢ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠲᠠᠢ ᠪᠣᠯᠭᠠᠨ᠎ᠠ ︾ ᠭᠡᠵᠡᠢ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠡᠷᠢᠭᠦᠯᠡᠭᠴᠢ ᠭᠦᠸᠧ ᠵᠢᠩ ᠯᠢ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠤᠨ ᠪᠦᠲᠦᠭᠡᠯ ᠤᠨ ᠦᠵᠡᠭᠦᠯᠦᠯᠭᠡ ᠳᠡᠭᠡᠷ᠎ᠡ ᠪᠠᠶᠠᠷ ᠤᠨ ᠦᠭᠡ ᠬᠡᠯᠡᠵᠡᠢ ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠷᠢᠳ ᠬᠤᠵᠢᠳ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠣᠯᠣᠨ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ ᠡᠳᠦᠭᠡ᠂ ᠬᠠᠳᠬᠤᠮᠠᠯ ᠤᠨ ᠠᠵᠤ ᠦᠢᠯᠡᠰ ᠤᠨ ᠠᠮᠢᠵᠢᠷᠠᠯ ᠤᠨ ᠬᠦᠴᠦᠨ ᠢᠶᠠᠷ ᠬᠢᠩᠭᠠᠨ ᠠᠶᠢᠮᠠᠭ ᠤᠨ ᠡᠨᠡᠬᠦ ᠤᠮᠠᠷᠠᠲᠤ ᠶᠢᠨ ᠬᠠᠯᠠᠭᠤᠨ ᠬᠥᠷᠥᠰᠥ ᠨᠡᠩ ᠦᠵᠡᠰᠬᠦᠯᠡᠩᠲᠦ ᠰᠠᠶᠢᠬᠠᠨ ᠪᠣᠯᠵᠠᠢ᠃      ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠤᠨ ᠪᠦᠲᠦᠭᠡᠯ ᠤᠨ ᠦᠵᠡᠭᠦᠯᠦᠯᠭᠡ ᠳᠡᠭᠡᠷ᠎ᠡ ᠪᠠᠶᠠᠷ ᠤᠨ ᠦᠭᠡ ᠬᠡᠯᠡᠵᠡᠢ ᠵᠠᠩ ᡁᠢ ᠶᠢᠨ ᠰᠡᠭᠦᠳᠡᠷᠯᠡᠪᠡ      《 ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠶᠠᠪᠤᠴᠠ ᠳᠤ ᠂ ᠲᠥᠪ ᠤᠨ ᠤᠬᠠᠭᠤᠯᠬᠤ ᠬᠡᠯᠲᠡᠰ ᠲᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠯᠴᠢᠨ ᠲᠠᠷᠢᠶᠠᠴᠢᠨ ᠤ ᠭᠠᠷ ᠤᠷᠠᠯᠠᠯ ᠤᠨ ᠬᠠᠳᠬᠤᠮᠠᠯ ᠤᠨ ᠬᠥᠭᠵᠢᠯᠲᠡ ᠶᠢ ᠶᠡᠬᠡᠪᠡᠷ ᠲᠡᠳᠬᠦᠨ ᠬᠥᠲᠥᠯᠥᠨ ᠵᠢᠯᠤᠭᠤᠳᠴᠤ᠂ ᠤᠯᠠᠮᠵᠢᠯᠠᠯᠲᠤ ᠭᠠᠷ ᠤᠷᠠᠯᠠᠯ ᠤᠨ ᠤᠷ᠎ᠠ ᠮᠡᠷᠭᠡᠵᠢᠯ ᠤᠨ ᠬᠡᠪᠴᠢᠶᠡᠵᠢᠯᠲᠡ᠂ ᠠᠵᠤ ᠦᠢᠯᠡᠰᠵᠢᠯᠲᠡ ᠶᠢ ᠬᠦᠴᠦᠯᠡᠨ ᠠᠬᠢᠭᠤᠯᠵᠤ᠂ 51 ᠬᠠᠳᠬᠤᠮᠠᠯ ᠤᠨ ᠠᠵᠤ ᠦᠢᠯᠡᠰ ᠤᠨ ᠲᠣᠰᠬᠤᠨ᠂ 2.1 ᠲᠦᠮᠡᠨ ᠮᠠᠯᠴᠢᠨ ᠲᠠᠷᠢᠶᠠᠴᠢᠨ ᠢ ᠳᠠᠭᠠᠭᠤᠯᠤᠨ ᠬᠠᠳᠬᠤᠮᠠᠯ ᠤᠨ ᠠᠵᠤ ᠦᠢᠯᠡᠰ ᠲᠤ ᠣᠷᠣᠯᠴᠠᠭᠤᠯᠵᠤ᠂ ︿ᠠᠵᠤ ᠠᠬᠤᠶᠢᠯᠠᠯ + ᠨᠡᠶᠢᠭᠡᠮᠯᠢᠭ + ᠰᠠᠭᠤᠷᠢᠨ ᠭᠠᠵᠠᠷ + ᠮᠠᠯᠴᠢᠨ ᠲᠠᠷᠢᠶᠠᠴᠢᠨ ﹀ ᠤ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠵᠤ᠂ ︿ᠬᠤᠷᠤᠭᠤᠨ ᠦᠵᠦᠭᠦᠷ ᠤᠨ ᠤᠷ᠎ᠠ ᠮᠡᠷᠭᠡᠵᠢᠯ﹀ ᠢ ︿ᠬᠤᠷᠤᠭᠤᠨ ᠦᠵᠦᠭᠦᠷ ᠤᠨ ᠠᠵᠤ ᠠᠬᠤᠢ﹀ᠪᠣᠯᠭᠠᠨ ᠬᠤᠪᠢᠷᠠᠭᠤᠯᠪᠠ︔ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠤᠨ ᠪᠦᠲᠦᠭᠡᠯ ᠤᠨ ᠦᠵᠡᠰᠬᠦᠯᠡᠩ ᠳᠡᠭᠡᠷ᠎ᠡ ᠪᠠᠶᠠᠷ ᠤᠨ ᠦᠭᠡ ᠬᠡᠯᠡᠵᠦ᠂ ᠬᠠᠳᠬᠤᠮᠠᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠲᠠᠨᠢᠯᠴᠠᠭᠤᠯᠪᠠ᠃      ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶ᠎ᠡ︾ᠪᠠᠢ ᠵᠢᠩ ᠶᠢᠩ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠳᠬᠤᠮᠠᠯ ᠤᠨ ᠪᠦᠲᠦᠭᠡᠯ ᠤᠨ ᠦᠵᠡᠰᠬᠦᠯᠡᠩ ᠳᠡᠭᠡᠷ᠎ᠡ ᠵᠣᠴᠢᠳ ᠲᠤ ᠬᠠᠳᠬᠤᠮᠠᠯ ᠤᠨ ᠪᠦᠲᠦᠭᠡᠯ ᠢ ᠲᠠᠨᠢᠯᠴᠠᠭᠤᠯᠪᠠ ᠵᠠᠩ ᡁᠢ ᠶᠢᠨ ᠰᠡᠭᠦᠳᠡᠷᠯᠡᠪᠡ᠃      ᠲᠤᠰ ᠤᠳᠠᠭ᠎ᠠ ᠶᠢᠨ ᠪᠦᠲᠦᠭᠡᠯ ᠤᠨ ᠦᠵᠡᠰᠬᠦᠯᠡᠩ ᠨᠢ︽ᠤᠯᠠᠭᠠᠨ ᠰᠡᠳᠬᠢᠯ ᠢᠶᠠᠷ ᠨᠠᠮ ᠢᠶᠠᠨ ᠳᠡᠮᠵᠢᠶ᠎ᠡ · ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ ᠨᠠᠮ ᠤᠨ ᠠᠴᠢ ᠶᠢ ᠮᠠᠭᠲᠠᠨ ᠳᠠᠭᠤᠯᠠᠶ᠎ᠠ︾ ︽ᠪᠣᠬᠢᠷᠳᠤᠯ ᠦᠭᠡᠢ ᠬᠥᠭᠵᠢᠯᠲᠡ · ᠬᠥᠬᠡᠮᠳᠦᠭ ᠨᠣᠭᠤᠭᠠᠨ ᠬᠢᠩᠭᠠᠨ ᠠᠶᠢᠮᠠᠭ︾ ︽ᠦᠨᠳᠦᠰᠦᠲᠡᠨ ᠤ ᠪᠦᠯᠬᠦᠮᠳᠡᠯ · ᠳᠦᠷᠪᠡᠨ ᠵᠦᠭ ᠨᠠᠢᠮᠠᠨ ᠵᠣᠪᠬᠢᠰ ᠤᠨ ᠬᠠᠳᠬᠤᠮᠠᠯ ᠰᠡᠳᠬᠢᠯ ᠢᠶᠠᠨ ᠨᠢᠭᠡᠳᠬᠡᠶ᠎ᠡ︾ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ · ᠤᠷᠠᠨ ᠳᠠᠷᠬᠠᠨ ᠤ ᠬᠤᠪᠢ ᠵᠠᠶᠠᠭ᠎ᠠ ᠪᠠᠷ ᠰᠢᠨ᠎ᠡ ᠵᠠᠮ ᠢ ᠨᠡᠭᠡᠭᠡᠶ᠎ᠡ︾ ︽ᠤᠮᠠᠷᠠᠲᠤ ᠬᠢᠯᠢ ᠶᠢ ᠴᠡᠴᠡᠭᠯᠡᠭᠦᠯᠪᠡ · ᠮᠢᠩᠭᠠᠨ ᠳᠠᠪᠬᠤᠷ ᠬᠡᠮᠡᠷᠯᠢᠭ ᠬᠠᠳᠬᠤᠮᠠᠯ ᠤᠨ ᠰᠢᠨ᠎ᠡ ᠴᠠᠭ ᠦᠶ᠎ᠡ︾ᠭᠡᠬᠦ ᠲᠠᠪᠤᠨ ᠬᠡᠰᠡᠭ ᠢᠶᠠᠷ ᠪᠦᠷᠢᠯᠳᠦᠵᠦ᠂ ᠨᠡᠶᠢᠳᠡ 100 ᠭᠠᠷᠤᠢ ᠬᠠᠳᠬᠤᠮᠠᠯ ᠤᠨ ᠪᠦᠲᠦᠭᠡᠯ ᠢ ᠳᠡᠯᠭᠡᠨ ᠦᠵᠡᠭᠦᠯᠵᠡᠢ︔ ᠡᠭᠦᠨ ᠳᠤ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ · ᠤᠷᠠᠨ ᠳᠠᠷᠬᠠᠨ ᠤ ᠬᠤᠪᠢ ᠵᠠᠶᠠᠭ᠎ᠠ ᠪᠠᠷ ᠰᠢᠨ᠎ᠡ ᠵᠠᠮ ᠢ ᠨᠡᠭᠡᠭᠡᠬᠦ︾ ᠬᠡᠰᠡᠭ ᠨᠢ ᠬᠢᠩᠭᠠᠨ ᠠᠶᠢᠮᠠᠭ ᠤᠨ ᠤᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ ᠢ ᠳᠡᠯᠭᠡᠨ ᠦᠵᠡᠭᠦᠯᠵᠦ᠂ ︽ᠬᠢᠩᠭᠠᠨ ᠠᠶᠢᠮᠠᠭ ᠤᠨ ᠲᠤᠲᠤᠷᠭ᠎ᠠ︾ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ᠵᠡᠷᠭᠡ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠪᠣᠶᠢᠵᠢᠭᠤᠯᠵᠤ᠂ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠳᠣᠲᠣᠭᠠᠳᠤ ᠶᠢᠨ ᠴᠢᠬᠤᠯᠠ ᠵᠤᠭᠠᠴᠠᠯ ᠤᠨ ᠬᠠᠷᠠᠯᠲᠠ ᠶᠢᠨ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠭᠰᠠᠨ ᠪᠠᠶᠢᠨ᠎ᠠ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号