ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠷᠠᠰᠢᠶᠠᠨ ᠬᠤᠳᠠ ᠳᠤ ᠡᠬᠢᠯᠡᠪᠡ    ᠴᠢ᠊ ᠪᠠᠲᠤ᠂ ᠴᠧᠨ ᠳ᠋ᠦᠩ ᠱᠧᠩ᠂ ᠬᠠᠨ ᠶᠢᠨ ᠪᠠᠶᠠᠷ ᠤᠨ ᠦᠭᠡ ᠬᠡᠯᠡᠵᠡᠢ  ᠬᠤᠸᠠᠩ ᠯᠢ ᠣᠷᠣᠯᠴᠠᠵᠠᠢ
ᠨᠡᠶᠢᠲᠡᠯᠡᠭᠰᠡᠨ ᠴᠠᠭ᠄
2022/8/16
      8 ᠰᠠᠷ᠎ᠠ ᠶᠢᠨ 13 ᠤ ᠡᠳᠦᠷ ᠂ ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠷᠠᠰᠢᠶᠠᠨ ᠬᠤᠲᠠ ᠳᠤ ᠡᠬᠢᠯᠡᠪᠡ ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢᠪᠠᠲᠤ᠂ ᠦᠬᠠᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠨᠠᠶᠢᠵᠢ ᠠᠵᠤ ᠠᠬᠤᠶᠢᠯᠠᠯᠲᠠᠨ ᠤ ᠨᠥᠬᠦᠷᠯᠡᠯ ᠤᠨ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠴᠧᠨ ᠳ᠋ᠦᠩ ᠱᠧᠩ᠂ ᠦᠬᠠᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠶᠢᠨ ᠪᠠᠶᠠᠷ ᠤᠨ ᠦᠭᠡ ᠬᠡᠯᠡᠵᠦ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠬᠤᠸᠠᠩ ᠯᠢ ᠣᠷᠣᠯᠴᠠᠵᠠᠢ᠃      ᠲᠣᠰ ᠬᠤᠭᠤᠴᠠᠭᠠᠨ ᠤ ᠰᠤᠷᠭᠠᠭᠤᠯᠢ ᠶᠢᠨ ᠨᠠᠶᠢᠵᠠ ᠶᠢᠨ ᠶᠠᠷᠢᠶᠠᠨ ᠤ ᠲᠠᠪᠴᠠᠩ ᠨᠢ ︽  ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠄ ᠬᠥᠳᠡᠭᠡ ᠲᠣᠰᠬᠤᠨ ᠬᠢᠭᠡᠳ ᠬᠥᠭᠵᠢᠯᠲᠡ ᠶᠢᠨ ᠶᠠᠷᠢᠯᠴᠠᠭ᠎ᠠ ︾ ᠪᠠᠷ ᠭᠤᠣᠯ ᠰᠡᠳᠦᠪ ᠪᠣᠯᠭᠠᠵᠤ ᠂ ᠲᠤᠶᠢᠯ ᠤᠨ ᠶᠡᠭᠡ ᠨᠥᠯᠥᠭᠡᠯᠡᠬᠦ ᠬᠦᠴᠦᠨ ᠲᠠᠢ ᠰᠤᠷᠭᠠᠭᠤᠯᠢ ᠶᠢᠨ ᠨᠠᠶᠢᠵᠠ ᠶᠢᠨ 300 ᠭᠠᠷᠤᠢ ᠠᠵᠤ ᠠᠬᠤᠶᠢᠯᠠᠯᠲᠠᠨ ᠵᠢᠴᠢ ᠴᠦ᠋ ᠤᠯᠤᠰ ᠤᠨ ᠬᠤᠳᠠᠯᠳᠤᠭᠠᠴᠢᠳ ᠤᠨ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ ᠂ ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠪᠡ ᠃      ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠂ ᠬᠢᠩᠭᠠᠨ ᠠᠶᠢᠮᠠᠭ ᠤᠨ ᠬᠢᠨ 7 ᠨᠡᠷ᠎ᠡ ᠠᠯᠳᠠᠷᠰᠢᠭᠰᠠᠨ ᠰᠤᠷᠭᠠᠭᠤᠯᠢ ᠶᠢᠨ ᠨᠠᠶᠢᠵᠠ ᠶᠢᠨ ᠲᠥᠯᠥᠭᠡᠯᠡᠭᠴᠢ ᠳᠤ ︽  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠥᠪᠯᠡᠭᠴᠢ ᠶᠢᠨ ᠦᠨᠡᠮᠯᠡᠯ ︾ ᠣᠯᠭᠤᠭᠰᠠᠨ ᠪᠥᠭᠡᠳ ᠬᠤᠯᠪᠣᠭᠳᠠᠯ ᠪᠦᠬᠦᠢ ᠰᠤᠷᠭᠠᠭᠤᠯᠢ ᠶᠢᠨ ᠨᠠᠶᠢᠵᠠ ᠶᠢᠨ ᠠᠵᠤ ᠠᠬᠤᠶᠢᠯᠠᠯ ᠲᠠᠢ ᠵᠢᠭᠤᠯᠴᠢᠯᠠᠯ ᠂ ᠵᠠᠮ ᠬᠠᠷᠢᠯᠴᠠᠭ᠎ᠠ ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠢᠴᠢ ᠰᠢᠨ᠎ᠡ ᠵᠠᠭᠤᠴᠢᠯᠠᠭᠤᠷ ᠵᠡᠷᠭᠡ ᠬᠦᠷᠢᠶᠡᠨ ᠤ ᠲᠣᠭᠤᠷᠢᠨ ᠳᠤ 21 ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠥᠰᠥᠭ ᠵᠢᠷᠤᠵᠤ ᠂ 92 ᠳ᠋ᠦᠩᠰᠢᠭᠤᠷ ᠲᠥᠭᠦᠷᠢᠭ ᠤᠨ ᠬᠡᠯᠡᠯᠴᠡᠭᠡᠷ ᠲᠣᠭᠲᠠᠵᠤ ᠂ ᠰᠤᠷᠭᠠᠭᠤᠯᠢ ᠶᠢᠨ ᠨᠠᠶᠢᠵᠠ ᠶᠢᠨ ᠠᠵᠤ ᠠᠬᠤᠶᠢᠯᠠᠯ ᠠᠴᠠ ᠬᠢᠩᠭᠠᠨ ᠠᠶᠢᠮᠠᠭ ᠲᠤ ᠮᠢᠩᠭ᠎ᠠ ᠭᠠᠷᠤᠢ ᠲᠦᠮᠡᠨ ᠲᠥᠭᠦᠷᠢᠭ ᠤᠨ ᠡᠮᠴᠢᠯᠡᠭᠡᠨ ᠤ ᠪᠠᠭᠠᠵᠢ ᠬᠡᠷᠡᠭᠰᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠬᠡᠷᠡᠭᠰᠡᠯ ᠬᠠᠨᠳᠢᠪᠯᠡᠪᠠ ᠃      ᠶᠠᠷᠢᠶᠠᠨ ᠤ ᠲᠠᠪᠴᠠᠩ ᠤᠨ ᠬᠤᠭᠤᠴᠠᠭᠠᠨ ᠳᠤ ᠂ ᠪᠠᠰᠠ ︽  ᠰᠤᠷᠭᠠᠭᠤᠯᠢ ᠶᠢᠨ ᠵᠠᠬᠢᠷᠤᠯ ᠤᠨ ᠶᠠᠷᠢᠶᠠᠨ ᠤ ᠲᠠᠪᠴᠠᠩ ︾ ︽  ᠰᠤᠷᠭᠠᠭᠤᠯᠢ ᠶᠢᠨ ᠨᠠᠶᠢᠵᠠ ᠨᠠᠷ ᠤᠨ ᠵᠣᠬᠢᠶᠠᠨ ᠪᠠᠶᠢᠭᠤᠯᠤᠯᠲᠠ ᠶᠢᠨ ᠶᠠᠷᠢᠶᠠᠨ ᠤ ᠲᠠᠪᠴᠠᠩ ︾ ᠪᠠ ︽  ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠶᠢᠯᠠᠯᠲᠠᠨ ᠤ ᠶᠠᠷᠢᠶᠠᠨ ᠤ ᠲᠠᠪᠴᠠᠩ ︾ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ ᠂ ᠠᠩᠬᠠᠳᠤᠭᠠᠷ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠨᠠᠶᠢᠵᠠ ᠨᠠᠷ ᠤᠨ ᠵᠢᠭᠤᠯᠴᠢᠯᠠᠯ ᠤᠨ ᠪᠠᠶᠠᠷ ᠢ ᠵᠡᠷᠭᠡᠪᠡᠷ ᠡᠬᠢᠯᠡᠭᠦᠯᠪᠡ᠃      ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠢ ᠶᠢᠨ ᠶᠠᠷᠢᠶᠠᠨ ᠤ ᠲᠠᠪᠴᠠᠩ ᠢ 2019 ᠣᠨ ᠳᠤ ᠷᠠᠰᠢᠶᠠᠨ ᠳᠤ ᠠᠮᠵᠢᠯᠲᠠ ᠲᠠᠢ ᠡᠬᠢᠯᠡᠭᠦᠯᠦᠭᠰᠡᠨ ᠠᠴᠠ ᠨᠠᠰᠢ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠨᠠᠶᠢᠵᠠ ᠨᠠᠷ ᠢᠶᠠᠷ ᠬᠤᠯᠪᠣᠭᠠᠰᠤ ᠪᠣᠯᠭᠠᠵᠤ᠂ ᠰᠤᠷᠭᠠᠭᠤᠯᠢ ᠶᠢᠨ ᠨᠠᠶᠢᠵᠠ ᠨᠠᠷ ᠤᠨ ᠰᠣᠯᠢᠯᠴᠠᠭᠠᠨ ᠤ ᠲᠠᠪᠴᠠᠩ ᠢ ᠦᠷᠭᠦᠯᠵᠢᠯᠡᠨ ᠪᠠᠶᠢᠭᠤᠯᠵᠤ᠂ ᠳᠡᠭᠡᠳᠦ ᠲᠡᠰ ᠤᠨ ᠶᠠᠷᠢᠶᠠᠨ ᠤ ᠲᠠᠪᠴᠠᠩ᠂ ᠳᠡᠭᠡᠳᠦ ᠲᠡᠰ ᠤᠨ ᠵᠤᠭᠠᠴᠠᠯ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠴᠦ᠂ ︽ᠰᠤᠷᠭᠠᠭᠤᠯᠢ ᠶᠢᠨ ᠨᠠᠶᠢᠵᠠ ᠨᠠᠷ ᠤᠨ ᠬᠦᠷᠢᠶ᠎ᠡ︾ ᠪᠠᠷ ᠳᠠᠮᠵᠢᠨ ︽ᠠᠵᠤ ᠦᠢᠯᠡᠰ ᠤᠨ ᠪᠦᠯᠦᠭᠯᠡᠯ︾︾ ᠢ ᠬᠥᠳᠡᠯᠭᠡᠵᠦ᠂ ᠬᠢᠩᠭᠠᠨ ᠠᠶᠢᠮᠠᠭ ᠴᠢᠨᠠᠭᠰᠢᠯᠠᠪᠠᠯ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠯᠢ ᠤᠯᠠᠨ ᠤᠶᠤᠨ ᠤᠬᠠᠭᠠᠨ ᠪᠠ ᠲᠥᠰᠥᠯ ᠨᠡᠮᠡᠷᠢᠯᠡᠵᠡᠢ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号