ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠵᠢᠶᠠ ᠶᠤᠸᠠᠢ ᠹᠧᠩ ᠳᠥᠷᠪᠡᠳ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2022/8/16
      8 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶ᠎ᠠ ᠶᠢᠨ ᠳᠠᠷᠤᠭ᠎ᠠ ᠵᠢᠶᠠ ᠶᠤᠸᠠᠢ ᠹᠧᠩ ᠨᠠᠷ ᠳᠥᠷᠪᠡᠳ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ ᠃      ᠵᠢᠶᠠ ᠶᠤᠸᠠᠢ ᠹᠧᠩ ᠨᠠᠷ ᠤᠷᠢᠳ ᠬᠤᠵᠢᠳ ᠳ᠋ᠠ ᠾᠧᠢ ᠾᠧ ᠰᠢᠶᠠᠩ ᠂ ᠵᠢᠢ ᠱᠧᠩ ᠲᠠᠢ ᠪᠠᠯᠭᠠᠰᠤ ᠂ ᠬᠦᠷᠢᠶᠡᠲᠦ ᠪᠠᠯᠭᠠᠰᠤ ᠪᠠᠷ ᠭᠦᠨᠵᠡᠭᠡᠶᠢᠷᠡᠵᠦ ᠠᠶᠢᠯ ᠡᠷᠦᠬᠡ ᠪᠠᠷ ᠣᠷᠣᠵᠤ ᠂ ᠮᠠᠯᠴᠢᠨ ᠲᠠᠷᠢᠶᠠᠴᠢᠨ ᠤ ᠣᠷᠣᠯᠭ᠎ᠠ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠵᠡᠷᠭᠡ ᠠᠵᠢᠯ ᠢ ᠨᠠᠷᠢᠨ ᠣᠶᠢᠯᠠᠭᠠᠵᠤ᠂ ᠰᠠᠶᠢᠨᠤ ᠺᠣᠮᠫᠠᠨᠢ ᠶᠢᠨ ᠠᠯᠠᠰᠢᠨ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠬᠦ ᠂ ᠳ᠋ᠦ᠋ ᠮᠧᠩ ᠤᠨ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠬᠤᠯᠪᠣᠭᠠᠲᠤ ᠴᠣᠭᠴᠠ ᠂ ᠣᠶᠤᠨᠲᠤ ᠲᠠᠷᠢᠶᠠᠯᠠᠩ ᠂ ᠲᠥᠮᠥᠰᠥ ᠶᠢᠨ ᠰᠠᠶᠢᠨ ᠦᠷᠡᠵᠢᠯᠲᠡ ᠶᠢᠨ ᠰᠠᠭᠤᠷᠢᠨ ᠭᠠᠵᠠᠷ ᠂ ᠠᠯᠠᠰᠢᠨ ᠦᠬᠡᠷ ᠠᠯᠠᠰᠢᠨ ᠬᠤᠨᠢ ᠶᠢ ᠨᠢᠲᠤᠯᠬᠤ ᠵᠢᠴᠢ ᠨᠠᠷᠢᠯᠢᠭ ᠡᠳ᠋ᠰᠢᠭᠦᠯᠬᠦ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠨ᠎ᠡ ᠃      ᠵᠢᠶᠠ ᠶᠤᠸᠠᠢ ᠹᠧᠩ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠪᠣᠯᠣᠨ᠎ᠠ᠂ ᠪᠣᠳᠠᠲᠠᠢ ᠳᠤ ᠰᠠᠭᠤᠷᠢᠯᠠᠵᠤ᠂ ᠡᠬᠢ ᠪᠠᠶᠠᠯᠢᠭ ᠲᠤ ᠲᠦᠰᠢᠭᠯᠡᠵᠦ᠂ ᠲᠥᠮᠥᠰᠥ᠂ ᠠᠯᠠᠰᠢᠨ ᠬᠤᠨᠢ᠂ ᠠᠯᠠᠰᠢᠨ ᠦᠬᠡᠷ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ ᠠᠵᠤ ᠠᠬᠤᠢ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠨᠢᠭᠲᠠᠷᠠᠭᠤᠯᠵᠤ᠂ ᠤᠯᠠᠨ ᠲᠦᠮᠡᠨ ᠢ ᠠᠵᠤ ᠦᠢᠯᠡᠰ ᠤᠨ ᠬᠡᠯᠬᠢᠶ᠎ᠡ ᠳᠤ ᠪᠠᠲᠤ ᠰᠢᠩᠭᠡᠭᠡᠵᠦ᠂ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ ᠭᠡᠵᠦ ᠬᠡᠯᠡᠪᠡ᠃ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ ᠂ ᠭᠠᠴᠠᠭ᠎ᠠ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠦᠨ ᠂ ᠬᠠᠮᠲᠤ ᠶᠢᠨ ᠠᠵᠤ ᠠᠬᠤᠢ ᠶᠢᠨ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠃ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ ᠂ ᠪᠣᠳᠠᠲᠠᠢ ᠳᠤ ᠨᠡᠶᠢᠴᠡᠭᠦᠯᠦᠨ ︽  ᠡᠷᠦᠬᠡ ᠶᠢᠨ ᠵᠣᠷᠯᠣᠩ ᠢ ᠥᠭᠡᠷᠡᠴᠢᠯᠡᠬᠦ ︾ ᠲᠥᠷᠥᠯ ᠵᠦᠢᠯ ᠢ ᠬᠡᠷᠡᠭᠵᠢᠭᠦᠯᠵᠦ ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠂ ᠰᠢᠢᠳᠪᠦᠷᠢᠯᠡᠬᠦ ᠵᠡᠷᠭᠡ ᠪᠡᠯᠡᠳᠬᠡᠮᠵᠢ ᠶᠢ ᠢᠵᠢ ᠪᠦᠷᠢᠳᠦᠭᠦᠯᠦᠨ ᠂ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠂ ᠳᠤᠮᠳᠠ ᠂ ᠬᠤᠶᠢᠨᠠᠬᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠂ ᠲᠣᠰᠬᠤᠨ ᠤ ᠰᠤᠷᠲᠠᠯ ᠪᠣᠯᠪᠠᠰᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠢ ᠃      ᠵᠢᠶᠠ ᠶᠤᠸᠠᠢ ᠹᠧᠩ ᠪᠠᠰᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠭᠠᠭᠠᠴᠢᠯᠠᠨ ᠬᠤᠯᠪᠣᠭᠠᠯᠠᠬᠤ ᠴᠡᠭ ᠤᠨ ᠳ᠋ᠡ ᠰᠢᠨ ᠳ᠋ᠢ ᠲᠣᠰᠬᠤᠨ ᠳᠤ ᠲᠤᠰᠬᠠᠶᠢᠯᠠᠨ ᠬᠦᠷᠴᠦ᠂ ᠪᠠᠷᠠᠭᠤᠨ ᠣᠷᠣᠨ ᠤ ᠰᠢᠯ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠵᠢᠯ ᠤᠨ ᠡᠴᠦᠰ ᠠᠴᠠ ᠡᠮᠦᠨ᠎ᠡ ᠠᠵᠢᠯ ᠢᠶᠠᠨ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠳ᠋ᠠ ᠰᠢᠨ ᠳ᠋ᠢ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃      ᠤᠯᠠᠭᠠᠨᠴᠠᠪ ᠬᠤᠲᠠ ᠂ ᠳᠥᠷᠪᠡᠳ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号