2022 ᠣᠨ ᠤ ᠭᠤᠴᠢᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ​ ᠡᠬᠢᠯᠡᠨ᠎ᠡ
ᠨᠡᠶᠢᠲᠡᠯᠡᠭᠰᠡᠨ ᠴᠠᠭ᠄
2022/8/16
      2022 ᠣᠨ ᠤ ᠭᠤᠴᠢᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ 8 ᠰᠠᠷ᠎ᠠ ᠶᠢᠨ 13 ᠤ ᠡᠳᠦᠷ ᠠᠴᠠ 15 ᠤ ᠡᠳᠦᠷ ᠪᠣᠯᠲᠠᠯ᠎ᠠ ᠲᠥᠪ ᠬᠤᠲᠠ ᠶᠢᠨ ᠥᠪᠥᠷ ᠮᠣᠩᠭᠤᠯ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠨ᠎ᠠ ᠃      ᠲᠤᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠨᠢ 《 ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ 》 ᠭᠡᠬᠦ ᠭᠤᠣᠯ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠵᠦ ᠂ ᠰᠣᠳᠣᠨ ᠪᠦᠲᠦᠭᠡᠯ ᠢ ᠳᠡᠯᠭᠡᠨ ᠦᠵᠡᠭᠦᠯᠵᠦ ᠂ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠠᠬᠢᠭᠤᠯᠬᠤ 》 ᠦᠵᠡᠭᠦᠯᠦᠯᠭᠡ ᠶᠢᠨ ᠵᠣᠷᠢᠯᠲᠠ ᠪᠠ 《 ᠰᠢᠨᠵᠢᠯᠡᠬᠦ ᠤᠬᠠᠭᠠᠨᠴᠢ ᠪᠠᠷ ᠣᠷᠣᠨ ᠬᠤᠪᠢᠶᠠᠵᠤ ᠂ ᠠᠵᠤ ᠠᠬᠤᠶᠢᠯᠠᠯ ᠤᠨ ᠣᠨᠴᠠᠯᠢᠭ ᠢ ᠳᠣᠪᠤᠶᠢᠯᠭᠠᠬᠤ 》 ᠦᠵᠡᠭᠦᠯᠦᠯᠭᠡ ᠶᠢᠨ ᠵᠠᠷᠴᠢᠮ ᠢ ᠪᠠᠷᠢᠮᠲᠠᠯᠠᠵᠤ ᠂ ︽  ᠲᠡᠷᠢᠭᠦᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠭᠠᠷᠤᠯᠲᠠ ᠶᠢ ᠳᠡᠯᠭᠡᠷᠡᠭᠦᠯᠵᠦ ᠂ ᠲᠠᠷᠢᠶᠠᠯᠠᠩ ᠮᠠᠯ ᠠᠵᠤ ᠠᠬᠤᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ︾ ᠪᠠᠷ ᠬᠠᠷᠠᠯᠲᠠ ᠪᠣᠯᠭᠠᠨ ᠂ ᠠᠯᠢ ᠣᠯᠠᠨ ᠤᠬᠠᠭᠤᠯᠬᠤ ᠪᠠ ᠳᠡᠯᠭᠡᠷᠡᠭᠦᠯᠬᠦ ᠠᠵᠢᠯ ᠢ ᠥᠷᠨᠢᠭᠦᠯᠵᠦ ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ ᠃      ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠤ ᠲᠤᠤᠷ᠎ᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠂ ᠤᠰᠤ ᠠᠷᠪᠢᠯᠠᠬᠤ ᠤᠰᠤᠯᠠᠯᠲᠠ ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠂ ᠮᠠᠯ ᠤᠨ ᠡᠮ ᠤᠨ ᠲᠡᠵᠢᠭᠡᠯ ᠪᠣᠷᠳᠤᠭ᠎ᠠ ᠂ ᠲᠠᠷᠢᠶᠠᠯᠠᠩ ᠣᠶ ᠰᠢᠭᠤᠢ ᠶᠢᠨ ᠪᠦᠲᠦᠭᠡᠭᠳᠡᠬᠦᠨ ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠤᠯᠤᠭᠠᠨ ᠲᠣᠮᠣ ᠦᠵᠡᠭᠦᠯᠦᠯᠭᠡ ᠶᠢᠨ ᠲᠣᠭᠤᠷᠢᠭ ᠭᠠᠷᠭᠠᠵᠤ ᠂ ᠦᠵᠡᠭᠦᠯᠦᠯᠭᠡ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ ᠂ ᠨᠡᠶᠢᠲᠡ 500 ᠭᠠᠷᠤᠢ ᠲᠠᠷᠢᠶᠠᠯᠠᠩ ᠂ ᠣᠶ ᠰᠢᠭᠤᠢ ᠂ ᠮᠠᠯ ᠠᠵᠤ ᠠᠬᠤᠢ ᠂ ᠤᠰᠤᠨ ᠤ ᠠᠵᠤ ᠠᠬᠤᠶᠢᠯᠠᠯ ᠨᠡᠷ᠎ᠡ ᠮᠡᠳᠡᠭᠦᠯᠦᠨ ᠦᠵᠡᠭᠦᠯᠦᠯᠭᠡ ᠳᠤ ᠣᠷᠣᠯᠴᠠᠵᠤ ᠂ 700 ᠭᠠᠷᠤᠢ ᠦᠵᠡᠭᠦᠯᠦᠯᠭᠡ ᠶᠢᠨ ᠪᠠᠶᠢᠷᠢ ᠭᠠᠷᠭᠠᠵᠠᠢ ᠃ ᠡᠨᠡ ᠬᠤᠭᠤᠴᠠᠭᠠᠨ ᠳᠤ᠂ ᠪᠠᠰᠠ 2022 ᠣᠨ ᠤ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠡᠷᠬᠢᠯᠡᠬᠦ ᠪᠣᠯᠣᠨ᠎ᠠ᠃  
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号