ᠥᠪᠥᠷ ᠮᠣᠩᠭᠤᠯ ᠤᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠶᠡᠷᠦᠩᠬᠡᠢ ᠥᠷᠲᠡᠭ ᠤᠨ ᠬᠡᠮᠵᠢᠶ᠎ᠡ 2703.52 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2022/8/16
      ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠬᠠᠮᠤᠭ ᠤᠨ ᠰᠢᠨ᠎ᠡ ᠬᠢᠨᠠᠨ ᠬᠡᠮᠵᠢᠯᠲᠡ ᠶᠢᠨ ᠦᠨᠡᠯᠡᠨ ᠵᠢᠱᠢᠯᠲᠡ ᠠᠴᠠ ᠦᠵᠡᠪᠡᠯ᠂ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠯᠲᠠ ᠬᠠᠮᠠᠭᠠᠯᠠᠯᠲᠠ ᠶᠢ ᠨᠠᠶᠢᠳᠠᠪᠤᠷᠢᠵᠢᠭᠤᠯᠤᠭᠰᠠᠨ 18 ᠵᠢᠯ ᠤᠨ ᠲᠤᠷᠰᠢ ᠂ ᠥᠪᠥᠷ ᠮᠣᠩᠭᠤᠯ ᠤᠨ ᠣᠶ ᠰᠢᠭᠤᠢ ᠶᠢᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ ᠂ ᠣᠶ ᠮᠣᠳᠣᠨ ᠤ ᠬᠡᠰᠡᠭᠯᠡᠯ ᠤᠨ ᠤᠷᠭᠤᠮᠠᠯ ᠤᠨ ᠬᠤᠴᠢᠯᠭ᠎ᠠ ᠶᠢᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠦᠷᠭᠦᠯᠵᠢᠯᠡᠨ ᠴᠢᠩᠭᠠᠷᠠᠵᠤ ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠶᠡᠷᠦᠩᠬᠡᠢ ᠥᠷᠲᠡᠭ ᠤᠨ ᠬᠡᠮᠵᠢᠶ᠎ᠡ ᠨᠢᠭᠡᠨᠲᠡ 2703.52 ᠳ᠋ᠦᠩᠰᠢᠭᠤᠷ ᠲᠥᠭᠦᠷᠢᠭ ᠲᠤ ᠬᠦᠷᠴᠡᠢ ᠃      ᠤᠯᠤᠰ ᠤᠨ ᠲᠡᠰ ᠤᠨ ᠨᠡᠶᠢᠲᠡ ᠶᠢᠨ ᠠᠰᠠᠷᠠᠮᠵᠢ ᠶᠢᠨ ᠤᠢ ᠪᠣᠯ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠭᠰᠠᠨ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠮᠠᠭᠠᠳᠯᠠᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠤᠢ ᠮᠥᠨ᠂ ᠲᠡᠷᠡ ᠪᠤᠶᠤ ᠠᠮᠢ ᠠᠬᠤᠢ ᠶᠢᠨ ᠣᠷᠣᠨ ᠪᠠᠶᠢᠷᠢ ᠨᠢ ᠲᠤᠶᠢᠯ ᠤᠨ ᠴᠢᠬᠤᠯᠠ᠂ ᠡᠰᠡᠬᠦᠯ᠎ᠡ ᠠᠮᠢ ᠠᠬᠤᠢ ᠶᠢᠨ ᠪᠠᠶᠢᠳᠠᠯ ᠨᠢ ᠲᠤᠶᠢᠯ ᠤᠨ ᠬᠡᠪᠡᠷᠡᠭ ᠪᠠᠶᠢᠵᠤ᠂ ᠤᠯᠤᠰ ᠤᠨ ᠨᠤᠲᠤᠭ ᠳᠡᠪᠢᠰᠬᠡᠷ ᠤᠨ ᠠᠮᠢ ᠠᠬᠤᠢ ᠶᠢᠨ ᠠᠮᠤᠷ ᠲᠦᠪᠰᠢᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠴᠢᠬᠤᠯᠠ ᠦᠢᠯᠡᠳᠦᠯ ᠲᠠᠢ ᠪᠠᠶᠢᠳᠠᠭ᠃ 2004 ᠣᠨ ᠠᠴᠠ ᠨᠠᠰᠢ᠂ ᠣᠯᠠᠨ ᠤᠳᠠᠭᠠᠨ ᠤ ᠲᠥᠯᠦᠪᠵᠢᠭᠦᠯᠭᠡ ᠪᠠ ᠰᠢᠨᠡᠴᠢᠯᠡᠯᠲᠡ ᠪᠠᠷ ᠳᠡᠮᠵᠢᠨ ᠂ ᠥᠪᠥᠷ ᠮᠣᠩᠭᠤᠯ ᠤᠨ 15346.76 ᠲᠦᠮᠡᠨ ᠮᠦ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠢᠶᠠᠷᠴᠤ ᠬᠠᠮᠠᠭᠠᠯᠠᠬᠤ ᠬᠡᠪᠴᠢᠶᠡᠨ ᠳᠤ ᠣᠷᠣᠭᠤᠯᠤᠭᠰᠠᠨ ᠪᠠᠶᠢᠨ᠎ᠠ ᠃      ᠡᠳᠡᠭᠡᠷ ᠨᠡᠶᠢᠲᠡ ᠶᠢᠨ ᠠᠰᠠᠷᠠᠮᠵᠢ ᠶᠢᠨ ᠣᠶ ᠶᠢ ᠨᠡᠩ ᠰᠠᠶᠢᠲᠤᠷ ᠬᠠᠮᠢᠶᠠᠷᠤᠨ ᠬᠠᠮᠠᠭᠠᠯᠠᠬᠤ ᠶᠢᠨ ᠲᠥᠯᠥᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠥᠬᠦ ᠣᠷᠣᠨ ᠳᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠲᠣᠭᠤᠷᠢᠭ ᠢ 4 ᠲᠦᠮᠡ ᠭᠠᠷᠤᠢ ᠪᠠᠶᠢᠭᠤᠯᠵᠤ ᠂ 9.5 ᠲᠦᠮᠡᠨ ᠬᠥᠮᠥᠨ ︵  ᠬᠠᠪᠰᠤᠷᠭᠠᠭᠰᠠᠨ ᠠᠵᠢᠯ ᠪᠠᠭᠲᠠᠨ᠎ᠠ ︶ ᠢ ᠤᠷᠢᠨ ᠬᠡᠷᠡᠭᠯᠡᠵᠦ ᠂ 1700 ᠭᠠᠷᠤᠢ ᠲᠣᠭᠲᠠᠮᠠᠯ ᠬᠠᠮᠢᠶᠠᠷᠴᠤ ᠬᠠᠮᠠᠭᠠᠯᠠᠬᠤ ᠥᠷᠲᠡᠭᠡ ᠴᠢᠭ᠋ ᠢ ᠪᠠᠶᠢᠭᠤᠯᠵᠤ ᠂ ᠠᠶᠢᠮᠠᠭ ᠬᠤᠲᠠ ᠂ ᠬᠤᠰᠢᠭᠤ ᠰᠢᠶᠠᠨ ᠱᠠᠲᠤ ᠱᠠᠲᠤ ᠪᠠᠷ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ ᠂ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠂ ᠬᠠᠮᠢᠶᠠᠷᠴᠤ ᠬᠠᠮᠠᠭᠠᠯᠠᠬᠤ ᠡᠭᠦᠷᠭᠡ ᠶᠢ ᠠᠭᠤᠯᠠᠨ ᠣᠷᠣᠢ ᠂ ᠬᠡᠰᠡᠭ ᠭᠠᠵᠠᠷ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠨᠢᠭᠡᠨᠲᠡ ᠨᠡᠯᠢᠶᠡᠳ ᠪᠦᠷᠢᠨ ᠲᠡᠭᠦᠯᠳᠡᠷ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠰᠢᠰᠲ᠋ᠧᠮᠵᠢ ᠶᠢ ᠪᠣᠶ ᠪᠣᠯᠭᠠᠪᠠ ᠃      ᠲᠠᠨᠢᠯᠴᠠᠭᠤᠯᠤᠭᠰᠠᠨ ᠢᠶᠠᠷ ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠶᠡᠷᠦᠩᠬᠡᠢ ᠥᠷᠲᠡᠭ ᠤᠨ ᠬᠡᠮᠵᠢᠶ᠎ᠡ ᠳᠤ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠂ ᠠᠭᠠᠷ ᠮᠠᠨᠳᠠᠯ ᠤᠨ ᠣᠷᠴᠢᠨ ᠠᠬᠤᠢ ᠶᠢ ᠴᠡᠪᠡᠷᠰᠢᠭᠦᠯᠬᠦ ᠂ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠤᠨ ᠬᠦᠴᠢᠯᠲᠥ᠋ᠷᠥᠭᠴᠢ ᠶᠢ ᠢᠯᠭᠠᠷᠠᠭᠤᠯᠬᠤ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠂ ᠬᠥᠷᠥᠰᠥ ᠰᠢᠷᠣᠢ ᠶᠢ ᠬᠠᠮᠠᠭᠠᠯᠠᠬᠤ ᠵᠡᠷᠭᠡ ᠣᠯᠠᠨ ᠵᠦᠢᠯ ᠤᠨ ᠠᠮᠢ ᠠᠬᠤᠢ ᠶᠢᠨ ᠴᠢᠳᠠᠮᠵᠢ ᠶᠢᠨ ᠥᠷᠲᠡᠭ ᠪᠠᠭᠲᠠᠨ᠎ᠠ ᠃ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠦᠷᠭᠦᠯᠵᠢᠯᠡᠨ ᠥᠷᠨᠢᠭᠦᠯᠬᠦ ᠨᠢ ᠨᠡᠶᠢᠲᠡ ᠶᠢᠨ ᠠᠰᠠᠷᠠᠮᠵᠢ ᠶᠢᠨ ᠣᠶ ᠶᠢᠨ ᠪᠠᠶᠢᠷᠢ ᠰᠠᠭᠤᠷᠢ ᠪᠠ ᠦᠢᠯᠡᠳᠦᠯ ᠢ ᠪᠥᠬᠦ ᠲᠠᠯ᠎ᠠ ᠪᠠᠷ ᠲᠠᠨᠢᠬᠤ ᠪᠠ ᠪᠤᠰᠤᠳᠴᠢ ᠪᠠᠷ ᠦᠨᠡᠯᠡᠬᠦ ᠂ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠬᠦ ᠂ ᠣᠶ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠪᠣᠶᠢᠵᠢᠭᠤᠯᠬᠤ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号