ᠦᠶᠤᠸᠠᠨ ᠰᠢᠶᠠᠨ ᠄ ᠲᠠᠷᠢᠶᠠᠯᠠᠩ ᠠᠵᠤ ᠠᠬᠤᠶᠢᠯᠠᠯ ᠤᠨ ︽  ᠬᠤᠯᠪᠣᠭ᠎ᠠ ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/8/17
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠤ᠂ ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠤ ᠬᠢᠨ ᠬᠥᠳᠡᠭᠡ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠵᠦ᠂ ᠲᠤᠬᠠᠢ ᠶᠢᠨ ᠭᠠᠵᠠᠷ ᠤᠨ ᠬᠥᠭᠵᠢᠯᠲᠡ ᠳᠤ ᠲᠣᠬᠢᠷᠠᠬᠤ ᠬᠥᠳᠡᠭᠡ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠥᠳᠡᠭᠡ ᠠᠵᠤ ᠠᠬᠤᠢ ᠠᠵᠤ ᠠᠬᠤᠶᠢᠯᠠᠯ ᠢ ᠵᠣᠯᠭᠠᠭᠤᠯᠬᠤ᠂ ᠠᠰᠢᠭ ᠲᠤᠰᠠ ᠪᠠᠨ ᠬᠤᠯᠪᠣᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠵᠤ᠂ ᠠᠵᠤ ᠠᠬᠤᠶᠢᠯᠠᠯ ᠪᠣᠯᠣᠨ ᠲᠠᠷᠢᠶᠠᠴᠢᠳ ᠢ ᠪᠦᠯᠬᠦᠮᠳᠡᠭᠦᠯᠦᠨ ᠳᠤᠯᠠᠭᠠᠴᠠᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠪᠠ᠃      ᠦᠶᠤᠸᠠᠨ ᠰᠢᠶᠠᠨ ᠤ ᠰᠢᠨ ᠬᠦᠩ ᠵᠦᠩ ᠪᠠᠯᠭᠠᠰᠤᠨ ᠤ ᠭᠤᠸᠠᠩ ᠮᠢᠩ ᠲᠣᠰᠬᠤᠨ ᠤ ᠭᠤᠷᠪᠠᠳᠤᠭᠠᠷ ᠳᠤᠭᠤᠶᠢᠯᠠᠩ ᠤᠨ ᠵᠠᠭᠤᠨ ᠮᠦ ᠰᠢᠬᠢᠷᠯᠢᠭ ᠰᠢᠯᠦᠬᠡᠢ ᠡᠷᠳᠡᠨᠢ ᠰᠢᠰᠢ ᠶᠢ ᠵᠠᠯᠭᠠᠯᠳᠤᠭᠤᠯᠤᠨ ᠲᠠᠷᠢᠬᠤ ᠰᠠᠭᠤᠷᠢᠨ ᠳᠤ᠂ ᠬᠡᠰᠡᠭ ᠬᠡᠰᠡᠭ ᠰᠢᠬᠢᠷᠯᠢᠭ ᠰᠢᠯᠦᠬᠡᠢ ᠡᠷᠳᠡᠨᠢ ᠰᠢᠰᠢ ᠶᠢ ᠲᠡᠭᠦᠵᠦ ᠬᠤᠷᠢᠶᠠᠬᠤ ᠬᠤᠭᠤᠴᠠᠭ᠎ᠠ ᠪᠠᠨ ᠡᠬᠢᠯᠡᠭᠦᠯᠵᠦ᠂ ᠡᠷᠳᠡᠨᠢ ᠰᠢᠰᠢ ᠶᠢ ᠬᠠᠳᠤᠵᠤ ᠬᠤᠷᠢᠶᠠᠬᠤ ᠲᠣᠮᠣ ᠬᠡᠯᠪᠡᠷᠢ ᠶᠢᠨ ᠮᠠᠰᠢᠨ ᠲᠠᠷᠢᠶᠠᠨ ᠳᠤ ᠠᠵᠢᠯᠯᠠᠬᠤ ᠳᠤ᠂ ᠲᠠᠷᠢᠶᠠᠴᠢᠨ ᠯᠢ ᠯᠠᠨ ᠠᠵᠢᠯᠴᠢᠳ ᠢᠶᠠᠨ ᠳᠠᠭᠠᠭᠤᠯᠵᠤ᠂ ᠡᠷᠳᠡᠨᠢ ᠰᠢᠰᠢ ᠶᠢᠨ ᠲᠠᠷᠢᠶ᠎ᠠ ᠪᠠᠨ ᠲᠡᠭᠰᠢᠯᠡᠨ ᠲᠡᠷᠭᠡᠨ ᠳᠤ ᠲᠡᠭᠡᠭᠡᠵᠦ ᠶᠠᠭᠠᠷᠠᠯᠳᠤᠨ᠎ᠠ᠃ ᠠᠮᠲᠠᠲᠤ ᠰᠢᠯᠦᠬᠡᠢ ᠡᠷᠳᠡᠨᠢ ᠰᠢᠰᠢ ᠡᠯᠪᠡᠭ ᠬᠤᠷᠢᠶᠠᠯᠲᠠ ᠣᠯᠵᠤ ᠂ ᠯᠢ ᠯᠠᠨ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠠᠢ ᠃ ᠯᠢ ᠯᠠᠨ᠄︽ᠮᠢᠨᠤ ᠳᠠᠷᠢᠭᠰᠠᠨ 53 ᠮᠦ ᠰᠢᠬᠢᠷᠯᠢᠭ ᠰᠢᠯᠦᠬᠡᠢ ᠡᠷᠳᠡᠨᠢ ᠰᠢᠰᠢ ᠪᠦᠬᠦᠨ ᠢᠶᠠᠷ ᠢᠶᠠᠨ ᠳ᠋ᠡ ᠹᠧᠩ ᠠᠮᠤ ᠪᠤᠳᠠᠭ᠎ᠠ ᠲᠠᠢ ᠵᠠᠬᠢᠶᠠᠯᠠᠭ᠎ᠠ ᠶᠢᠨ ᠭᠡᠷ᠎ᠡ ᠲᠣᠭᠲᠠᠵᠠᠢ᠂ ᠡᠨᠡ ᠵᠢᠯ ᠤᠨ ᠭᠠᠷᠤᠯᠲᠠ ᠥᠨᠳᠥᠷ᠂ ᠮᠦ ᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ 3500 ᠵᠢᠩ ᠣᠷᠴᠢᠮ ᠬᠦᠷᠴᠦ᠂ ᠪᠣᠷᠤᠯᠠᠭᠤᠯᠭ᠎ᠠ ᠶᠢᠨ ᠵᠠᠮ ᠳᠤ ᠨᠡᠩ ᠵᠣᠪᠠᠭ᠋ᠤ ᠬᠡᠷᠡᠭ ᠦᠭᠡᠢ᠂ ᠠᠵᠤ ᠠᠬᠤᠶᠢᠯᠠᠯ ᠠᠴᠠ ︽ᠲᠣᠭᠠᠴᠠᠭ᠎ᠠ ᠬᠢᠵᠦ︾᠂ ᠮᠠᠨ ᠤ ᠲᠠᠷᠢᠶᠠᠴᠢᠳ ᠴᠠᠭ ᠪᠠ ᠬᠦᠴᠦᠨ ᠳᠤ ᠠᠷᠪᠢᠲᠠᠢ᠂ ᠮᠦ ᠪᠦᠷᠢ ᠶᠢᠨ ᠴᠡᠪᠡᠷ ᠣᠷᠣᠯᠭ᠎ᠠ ᠨᠢ 2400 ᠲᠥᠭᠦᠷᠢᠭ ᠠᠴᠠ 2700 ᠲᠥᠭᠦᠷᠢᠭ ᠲᠤ ᠬᠦᠷᠴᠦ᠂ ᠦᠷ᠎ᠡ ᠠᠰᠢᠭ ᠨᠢ ᠮᠠᠰᠢ ᠰᠠᠶᠢᠨ ᠶᠤᠮ︾ᠭᠡᠵᠦ ᠬᠡᠯᠡᠪᠡ᠃      ᠦᠶᠤᠸᠠᠨ ᠰᠢᠶᠠᠨ 2003 ᠣᠨ ᠠᠴᠠ ᠡᠬᠢᠯᠡᠨ ᠰᠢᠬᠢᠷᠯᠢᠭ ᠰᠢᠯᠦᠬᠡᠢ ᠡᠷᠳᠡᠨᠢ ᠰᠢᠰᠢ ᠳᠠᠷᠢᠭᠰᠠᠨ ᠨᠢ ᠡᠯᠪᠡᠭ ᠪᠠᠶᠠᠯᠢᠭ ᠲᠠᠷᠢᠮᠠᠯ ᠤᠨ ᠲᠤᠷᠰᠢᠯᠭ᠎ᠠ ᠲᠠᠢ ᠶᠤᠮ᠂ ᠭᠡᠪᠡᠴᠦ ᠪᠣᠯᠪᠠᠰᠤᠷᠠᠭᠤᠯᠬᠤ ᠠᠵᠤ ᠠᠬᠤᠶᠢᠯᠠᠯ ᠴᠥᠭᠡᠨ ᠮᠥᠷᠲᠡᠭᠡᠨ ᠮᠡᠷᠭᠡᠵᠢᠯ ᠬᠤᠴᠤᠷᠤᠩᠭᠤᠢ᠂ ᠪᠣᠷᠤᠯᠠᠭᠤᠯᠭ᠎ᠠ ᠶᠢᠨ ᠠᠷᠭ᠎ᠠ ᠵᠠᠮ ᠨᠢ ᠰᠠᠭᠠᠳ ᠦᠭᠡᠢ᠂ ᠪᠣᠷᠤᠯᠠᠭᠤᠯᠭ᠎ᠠ ᠶᠢᠨ ᠬᠡᠮᠵᠢᠶ᠎ᠡ ᠨᠢ ᠪᠠᠲᠤᠯᠠᠭ᠎ᠠ ᠲᠠᠢ ᠪᠢᠰᠢ᠂ ᠲᠠᠷᠢᠶᠠᠴᠢᠳ ᠤᠨ ᠲᠠᠷᠢᠮᠠᠯ ᠤᠨ ᠢᠳᠡᠪᠬᠢᠵᠢᠯ ᠳᠣᠣᠷ᠎ᠠ᠂ ᠲᠠᠷᠢᠮᠠᠯ ᠤᠨ ᠲᠠᠯᠠᠪᠠᠢ ᠨᠢ 100 ᠮᠦ ᠬᠦᠷᠬᠦ ᠦᠭᠡᠢ ᠪᠠᠶᠢᠨ᠎ᠠ᠃ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢᠨ ᠲᠦᠷᠭᠡᠳᠬᠦ ᠶᠢ ᠳᠠᠭᠠᠯᠳᠤᠨ᠂ ᠦᠶᠤᠸᠠᠨ ᠰᠢᠶᠠᠨ ᠶᠡᠭᠡ ᠪᠠᠷ ᠡᠪᠳᠡᠭᠳᠡᠨ ᠶᠡᠭᠡ ᠪᠠᠷ ᠪᠠᠶᠢᠭᠤᠯᠤᠭᠳᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ︽ᠵᠠᠬᠢᠶᠠᠯᠠᠭ᠎ᠠ ᠶᠢᠨ ᠲᠠᠷᠢᠶᠠᠯᠠᠩ︾  ᠢ ᠶᠡᠬᠡᠪᠡᠷ ᠳᠡᠯᠭᠡᠷᠡᠭᠦᠯᠬᠦ ᠪᠠᠷ ᠳᠠᠮᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠵᠢᠷᠤᠮᠵᠢᠭᠤᠯᠤᠨ ᠬᠠᠮᠢᠶᠠᠷᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠲᠦᠷᠦᠯ ᠲᠡᠮᠳᠡᠭᠵᠢᠭᠦᠯᠦᠨ ᠡᠵᠡᠩᠨᠡᠬᠦ᠂ ᠬᠡᠪᠴᠢᠶᠡᠵᠢᠭᠦᠯᠦᠨ ᠬᠤᠳᠠᠯᠳᠤᠨ ᠠᠪᠴᠤ ᠪᠣᠷᠣᠯᠠᠭᠤᠯᠬᠤ ᠶᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠵᠡᠢ᠃ ᠡᠨᠡ ᠵᠢᠯ ᠦᠶᠤᠸᠠᠨ ᠰᠢᠶᠠᠨ ᠤ ᠲᠠᠷᠢᠶᠠᠴᠢᠨ ᠡᠷᠦᠬᠡ ᠠᠵᠤ ᠠᠬᠤᠶᠢᠯᠠᠯ ᠲᠠᠢ 2 ᠲᠦᠮᠡ ᠭᠠᠷᠤᠢ ᠮᠦ ᠰᠢᠬᠢᠷᠯᠢᠭ ᠰᠢᠯᠦᠬᠡᠢ ᠡᠷᠳᠡᠨᠢ ᠰᠢᠰᠢ ᠶᠢᠨ ᠵᠠᠬᠢᠶᠠᠯᠠᠭ᠎ᠠ ᠶᠢᠨ ᠬᠠᠭᠤᠳᠠᠰᠤ ᠲᠣᠭᠲᠠᠭᠠᠵᠤ ᠂ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠠᠴᠠ ᠵᠠᠬᠢᠶᠠᠯᠠᠭ᠎ᠠ ᠶᠢᠨ ᠲᠠᠷᠢᠶᠠᠴᠢᠨ ᠡᠷᠦᠬᠡ ᠳᠤ ᠦᠷ᠎ᠡ ᠂ ᠣᠷᠭᠠᠨᠢᠭ ᠪᠣᠷᠳᠣᠭᠤᠷ ᠂ ᠮᠡᠷᠭᠡᠵᠢᠯ ᠤᠨ ᠵᠢᠯᠣᠭᠤᠳᠤᠯᠭ᠎ᠠ ᠵᠡᠷᠭᠡ ︽  ᠬᠡᠯᠬᠢᠶ᠎ᠡ ᠦᠢᠯᠡᠴᠢᠯᠡᠭᠡ ︾ ᠬᠠᠩᠭᠠᠬᠤ ᠶᠢᠨ ᠬᠠᠮᠲᠤ ᠨᠠᠭᠠᠲᠤ ᠵᠠᠬ᠎ᠠ ᠶᠢᠨ ᠬᠠᠮᠠᠭᠠᠯᠠᠯᠲᠠ ᠶᠢᠨ ᠦᠨ᠎ᠡ ᠪᠠᠷ ᠮᠦ ᠪᠦᠷᠢ 2250 ᠲᠥᠭᠦᠷᠢᠭ ᠭᠠᠷᠭᠠᠵᠤ ᠂ ᠲᠠᠷᠢᠶᠠᠴᠢᠳ ᠢ ᠵᠠᠬ᠎ᠠ ᠳᠡᠯᠭᠡᠭᠦᠷ ᠤᠨ ᠲᠦᠭᠰᠢᠭᠦᠷᠢ ᠠᠴᠠ ᠵᠠᠶᠢᠯᠠᠭᠤᠯᠤᠨ ᠂ ᠲᠠᠷᠢᠶᠠᠴᠢᠳ ᠤᠨ ᠠᠰᠢᠭ ᠲᠤᠰᠠ ᠶᠢ ᠪᠠᠲᠤᠯᠠᠵᠤ ᠂ ᠲᠠᠷᠢᠶᠠᠴᠢᠳ ᠤᠨ ᠳᠠᠷᠢᠬᠤ ᠢᠳᠡᠪᠬᠢᠵᠢᠯ ᠢ ᠳᠡᠭᠡᠭᠰᠢᠯᠡᠭᠦᠯᠪᠡ ᠃ ᠠᠵᠤ ᠠᠬᠤᠶᠢᠯᠠᠯ ᠤᠨ ᠬᠢᠨ ᠪᠠᠰᠠ ᠮᠦ ᠪᠦᠷᠢ 1300 ᠲᠥᠭᠦᠷᠢᠭ ᠤᠨ ᠦᠨ᠎ᠡ ᠪᠠᠷ ᠲᠤᠬᠠᠢ ᠶᠢᠨ ᠭᠠᠵᠠᠷ ᠤᠨ ᠲᠠᠷᠢᠶᠠᠴᠢᠳ ᠤᠨ 5500 ᠮᠦ ᠭᠠᠵᠠᠷ ᠰᠢᠷᠣᠢ ᠶᠢ ᠰᠢᠯᠵᠢᠭᠦᠯᠦᠨ ᠥᠭᠴᠦ ᠰᠢᠬᠢᠷᠯᠢᠭ ᠰᠢᠯᠦᠬᠡᠢ ᠡᠷᠳᠡᠨᠢ ᠰᠢᠰᠢ ᠳᠠᠷᠢᠵᠠᠢ᠃ ᠣᠶᠢᠷ᠎ᠠ ᠬᠠᠪᠢ ᠳᠠᠭᠠᠨ ᠲᠠᠷᠢᠬᠤ᠂ ᠣᠶᠢᠷ᠎ᠠ ᠬᠠᠪᠢ ᠳᠠᠭᠠᠨ ᠦᠢᠯᠡᠳᠪᠦᠷᠢ ᠪᠠᠶᠢᠭᠤᠯᠬᠤ ᠶᠢ ᠰᠣᠩᠭᠤᠵᠤ᠂ ᠰᠢᠬᠢᠷ ᠰᠢᠵᠢᠩ ᠡᠷᠳᠡᠨᠢ ᠰᠢᠰᠢ ᠦᠢᠯᠡᠳᠪᠦᠷᠢᠯᠡᠵᠦ ᠡᠳ᠋ᠰᠢᠭᠦᠯᠬᠦ 5 ᠰᠠᠭᠤᠷᠢᠨ ᠭᠠᠵᠠᠷ ᠢ ᠦᠶᠤᠸᠠᠨ ᠳᠤ ᠨᠠᠶᠢᠳᠠᠪᠤᠷᠢᠵᠢᠭᠤᠯᠵᠤ᠂ ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠪᠡ᠃ ᠰᠢᠬᠢᠷᠯᠢᠭ ᠰᠢᠯᠦᠬᠡᠢ ᠡᠷᠳᠡᠨᠢ ᠰᠢᠰᠢ ᠶᠢᠨ ᠰᠢᠨ᠎ᠡ ᠰᠣᠷᠭᠤᠭ ᠂ ᠠᠮᠲᠠᠲᠠᠢ ᠪᠠᠶᠢᠬᠤ ᠶᠢ ᠪᠠᠲᠤᠯᠠᠬᠤ ᠶᠢᠨ ᠲᠥᠯᠥᠭᠡ ᠂ ᠲᠠᠷᠢᠶᠠᠴᠢᠨ ᠡᠷᠦᠬᠡ ᠶᠢᠨ ᠳᠠᠷᠢᠭᠰᠠᠨ ᠰᠢᠬᠢᠷᠯᠢᠭ ᠰᠢᠯᠦᠬᠡᠢ ᠡᠷᠳᠡᠨᠢ ᠰᠢᠰᠢ ᠪᠣᠯᠪᠠᠰᠤᠷᠠᠭᠰᠠᠨ ᠤ ᠳᠠᠷᠠᠭ᠎ᠠ ᠂ ᠲᠡᠭᠦᠵᠦ ᠣᠯᠣᠭᠰᠠᠨ ᠠᠵᠤ ᠠᠬᠤᠶᠢᠯᠠᠯ ᠤᠨ ᠡᠳ᠋ᠰᠢᠭᠦᠯᠦᠨ ᠰᠢᠢᠳᠪᠦᠷᠢᠯᠡᠬᠦ ᠳᠤ ᠴᠥᠮ 1 ᠴᠠᠭ ᠤᠨ ᠳᠣᠲᠣᠷ᠎ᠠ ᠰᠢᠨ᠎ᠡ ᠰᠣᠷᠭᠤᠭ ᠢ ᠣᠨᠢᠰᠤᠯᠠᠬᠤ ᠤᠷᠠᠯᠠᠯ ᠢ ᠬᠡᠷᠡᠭᠯᠡᠵᠦ ᠂ ᠬᠠᠮᠤᠭ ᠤᠨ ᠣᠬᠤᠷ ᠬᠤᠭᠤᠴᠠᠭᠠᠨ ᠳᠤ ᠦᠢᠯᠡᠳᠪᠦᠷᠢᠯᠡᠵᠦ ᠪᠣᠯᠪᠠᠰᠤᠷᠠᠭᠤᠯᠬᠤ ᠪᠠ ᠪᠣᠭᠤᠳᠠᠯᠯᠠᠨ᠎ᠠ ᠃      ᠲᠠᠷᠢᠶᠠᠯᠠᠩ ᠤᠨ ᠲᠣᠮᠣ ᠰᠢᠶᠠᠨ ᠪᠣᠯᠤᠭᠰᠠᠨ ᠤ ᠬᠤᠪᠢ ᠳᠤ ᠂ ᠡᠨᠡ ᠵᠢᠯ ᠦᠶᠤᠸᠠᠨ ᠰᠢᠶᠠᠨ ᠪᠠᠰᠠ ᠲᠥᠪᠡᠳ ᠬᠠᠰᠢ ᠂ ᠨᠡᠷᠡᠨ ᠬᠤᠸᠠᠷ ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ︽  ᠵᠠᠬᠢᠶᠠᠯᠠᠭ᠎ᠠ ᠶᠢᠨ ᠲᠠᠷᠢᠮᠠᠯ ︾ ᠢ ᠶᠡᠭᠡ ᠪᠠᠷ ᠳᠡᠯᠭᠡᠷᠡᠭᠦᠯᠬᠦ ᠪᠠᠷ ᠳᠠᠮᠵᠢᠭᠤᠯᠤᠨ ᠣᠨᠴᠠᠯᠢᠭᠲᠤ ᠠᠵᠤ ᠦᠢᠯᠡᠰ ᠢ ᠬᠦᠴᠦᠯᠡᠨ ᠬᠥᠭᠵᠢᠭᠦᠯᠵᠦ ᠂ ᠲᠠᠷᠢᠶᠠᠴᠢᠨ ᠡᠷᠦᠬᠡ ᠬᠢᠭᠡᠳ ᠠᠵᠤ ᠠᠬᠤᠶᠢᠯᠠᠯ ᠢ ᠥᠨᠳᠥᠷ ᠪᠦᠲᠦᠮᠵᠢᠲᠡᠶ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠪᠠᠶᠢᠭᠤᠯᠵᠤ ᠂ ᠦᠶᠤᠸᠠᠨ ᠰᠢᠶᠠᠨ ᠤ ᠥᠷᠭᠡᠨ ᠣᠯᠠᠨ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ ᠃  
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号