ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠡᠷᠴᠢᠮ ᠭᠦᠭ ᠢᠶᠠᠷ ᠤᠳᠤ ᠦᠶ᠎ᠡ ᠶᠢᠨ ᠬᠥᠳᠡᠭᠡ ᠠᠵᠤ ᠠᠬᠤᠢ ᠨᠢ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ︽ᠪᠠᠶᠠᠵᠢᠯ ᠤᠨ ᠲᠠᠭᠤ︾ ᠶᠢ ᠬᠠᠩᠭᠢᠨᠠᠭᠤᠯᠵᠤ ᠪᠣᠢ
ᠨᠡᠶᠢᠲᠡᠯᠡᠭᠰᠡᠨ ᠴᠠᠭ᠄
2022/8/18
      ᠨᠠᠮᠤᠷ ᠤᠨ ᠡᠬᠢᠨ ᠤ ᠦᠶ᠎ᠡ ᠳᠤ᠂  ᠤᠯᠠᠭᠠᠨᠬᠠᠳᠠ ᠬᠤᠳᠠ ᠶᠢᠨ ᠨᠢᠩᠴᠧᠩ ᠰᠢᠶᠠᠨ ᠤ ᠪᠠ ᠯᠢ ᠬᠠᠨ ᠪᠠᠯᠭᠠᠰᠤᠨ ᠤ ᠪᠠ ᠯᠢ ᠬᠠᠨ ᠲᠣᠰᠬᠤᠨ ᠳᠤ᠂ ᠬᠡᠭᠡᠷ᠎ᠡ ᠲᠠᠯ᠎ᠠ ᠪᠠᠷ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠦᠯᠡᠮᠵᠢ ᠪᠠᠨ ᠲᠡᠷᠢ ᠲᠡᠭᠰᠢ ᠵᠢᠭᠰᠠᠭᠠᠵᠤ᠂ ᠪᠣᠷᠣᠭᠠᠨ ᠤ ᠳᠠᠷᠠᠭᠠᠬᠢ ᠨᠡᠷᠡᠨ ᠤ ᠭᠡᠷᠡᠯ ᠳᠤ ᠰᠡᠳᠬᠢᠯ ᠵᠢᠷᠦᠬᠡ ᠶᠢ ᠪᠠᠶᠠᠰᠬᠠᠬᠤ ᠦᠵᠡᠮᠵᠢ ᠵᠢᠷᠤᠭ ᠰᠢᠭ᠋ ᠬᠠᠷᠠᠭᠳᠠᠨ᠎ᠠ᠃ ᠣᠶᠢᠷ᠎ᠠ ᠶᠢᠨ ᠵᠢᠯ ᠤᠨ ᠲᠤᠷᠰᠢ ᠪᠠ ᠯᠢ ᠬᠠᠨ ᠪᠠᠯᠭᠠᠰᠤ ᠪᠦᠬᠦ ᠰᠢᠶᠠᠨ ᠢᠶᠠᠷ ᠢᠶᠠᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠲᠤᠷᠤᠨ᠎ᠠ ᠶᠢᠨ ᠰᠠᠯᠬᠢ ᠶᠢ ᠠᠰᠢᠭᠯᠠᠵᠤ᠂ ᠠᠵᠤ ᠦᠢᠯᠡᠰᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠤᠨ ᠠᠵᠤ ᠠᠬᠤᠢ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ︽ᠰᠢᠨ᠎ᠡ ᠬᠥᠳᠡᠯᠭᠡᠭᠦᠷ︾ ᠪᠣᠯᠭᠠᠭᠰᠠᠨ ᠠᠴᠠ ᠡᠨᠡᠬᠦ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠰᠠᠨ ᠪᠠᠶᠢᠨ᠎ᠠ᠃ ᠡᠨᠡ ᠨᠢ ᠲᠥᠬᠦᠭᠡᠷᠦᠮᠵᠢᠲᠦ ᠲᠠᠷᠢᠶᠠᠯᠠᠩ ᠤᠨ ᠠᠵᠤ ᠠᠬᠤᠢ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ  ᠶᠢᠨ ︽ᠰᠢᠨ᠎ᠡ ᠬᠥᠳᠡᠯᠭᠡᠭᠦᠷ︾ᠪᠣᠯᠭᠠᠭᠰᠠᠨ ᠠᠴᠠ ᠢᠷᠡᠯᠲᠡ ᠲᠠᠢ ᠶᠤᠮ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠪᠠ ᠯᠢ ᠬᠠᠨ ᠲᠣᠰᠬᠤᠨ ᠡᠯᠪᠡᠭ ᠳᠡᠯᠪᠡᠭ ᠭᠠᠵᠠᠷ ᠰᠢᠷᠣᠢ ᠶᠢᠨ ᠡᠬᠢ ᠪᠠᠶᠠᠯᠢᠭ ᠪᠠ ᠳᠠᠪᠠᠭᠤᠯᠢᠭ ᠭᠠᠵᠠᠷ ᠵᠦᠢ ᠶᠢᠨ ᠪᠠᠶᠢᠷᠢᠰᠢᠯ ᠳᠤ ᠲᠦᠰᠢᠭᠯᠡᠨ ᠂ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠲᠠᠷᠢᠮᠠᠯ ᠤᠨ ᠪᠦᠲᠦᠴᠡ ᠶᠢ ᠨᠢ ᠲᠣᠬᠢᠷᠠᠭᠤᠯᠵᠤ ᠂ ᠪᠡᠯᠡᠳᠭᠡᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ ᠂ ᠦᠨᠳᠦᠰᠦᠨ ᠱᠠᠲᠤᠨ ᠳᠤ ᠲᠤᠯᠭᠠᠭᠤᠷᠢᠯᠠᠭᠰᠠᠨ ᠣᠨᠴᠠᠯᠢᠭᠲᠤ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠣᠶ ᠪᠣᠯᠭᠠᠨ᠎ᠠ ᠃ ᠪᠠ ᠯᠢ ᠬᠠᠨ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠬᠦᠷᠴᠦ᠂ ᠠᠭᠤᠯᠠ ᠶᠢ ᠲᠦᠰᠢᠨ ᠪᠠᠶᠢᠭᠤᠯᠤᠭᠰᠠᠨ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠶᠢ ᠪᠦᠬᠦᠨ ᠢ ᠣᠯᠵᠤ ᠬᠠᠷᠠᠪᠠ᠃ ᠰᠠᠷᠠᠪᠴᠢᠨ ᠳᠤ ᠣᠷᠣᠬᠤ ᠳᠤ᠂ ᠣᠷᠢᠶᠠᠩᠭᠤ ᠶᠢᠨ ᠮᠥᠴᠢᠷ ᠳᠦᠭᠦᠷᠡᠩ ᠡᠯᠭᠦᠭᠰᠡᠨ ᠥᠷᠭᠡᠰᠦᠲᠦ ᠬᠡᠮᠬᠡ ᠶᠢᠨ ᠨᠣᠭᠤᠭᠠᠨ ᠥᠩᠭᠡ ᠬᠥᠮᠥᠰ ᠤᠨ ᠪᠠᠭ᠋ᠠᠷᠬᠠᠯ ᠢ ᠲᠠᠲᠠᠵᠤ᠂ ᠠᠩᠬᠢᠯᠤᠮ᠎ᠠ ᠰᠠᠶᠢᠬᠠᠨ ᠠᠮᠲᠠᠲᠤ ᠬᠡᠮᠬᠡ ᠶᠢᠨ ᠦᠨᠦᠷ ᠬᠠᠮᠠᠷ ᠴᠣᠷᠭᠢᠨ᠎ᠠ᠂ ᠰᠠᠷᠠᠪᠴᠢᠨ ᠤ ᠬᠢᠨ ᠲᠡᠭᠦᠬᠦ᠂ ᠢᠯᠭᠠᠬᠤ᠂ ᠬᠠᠶᠢᠷᠴᠠᠭ ᠲᠤ ᠰᠠᠪᠠᠯᠠᠬᠤ ᠪᠠᠷ ᠶᠠᠭᠠᠷᠠᠯᠳᠤᠵᠤ ᠪᠠᠶᠢᠬᠤ ᠳᠤ ᠪᠠᠶᠠᠷ ᠬᠦᠷ ᠲᠠᠢ ᠪᠢᠰᠢ ᠦᠸ᠃      ᠪᠠ ᠯᠢ ᠬᠠᠨ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ︽ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠵᠦ᠂ ᠲᠤᠰ ᠲᠣᠰᠬᠤᠨ ᠤ ᠠᠷᠠᠳ ᠨᠠᠨ ᠯᠢ ᡁᠢ ᠶᠢᠨ ᠡᠭᠦᠰᠬᠡᠨ ᠪᠠᠶᠢᠭᠤᠯᠤᠭᠰᠠᠨ ᠨᠢᠩᠴᠧᠩ ᠰᠢᠶᠠᠨ ᠤ ᠯᠢ ᡁᠢ ᠵᠢᠮᠢᠰ ᠢᠳᠡᠰᠢᠨ ᠨᠣᠭᠤᠭᠠᠨ ᠤ ᠬᠤᠷᠰᠢᠶ᠎ᠠ ᠠᠴᠠ ᠨᠢᠭᠡᠳᠦᠯᠲᠡᠢ ᠡᠵᠡᠩᠨᠡᠨ ᠬᠠᠮᠢᠶᠠᠷᠤᠨ᠎ᠠ᠃ ᠬᠤᠷᠰᠢᠶ᠎ᠠ ᠨᠢ ᠵᠢᠯ ᠪᠦᠷᠢ ᠵᠦᠢᠯᠡᠰ ᠤᠨ ᠶᠡᠷᠦᠩᠬᠡᠢ ᠪᠡᠯᠡ ᠣᠷᠣᠭᠤᠯᠤᠯᠲᠠ ᠶᠢᠨ 5% ᠠᠴᠠ ᠳᠣᠣᠷ᠎ᠠ ᠦᠭᠡᠢ ᠪᠠᠷ ᠠᠰᠢᠭ ᠣᠷᠣᠯᠭ᠎ᠠ ᠶᠢᠨ ᠮᠥᠩᠭᠦ ᠲᠤᠰᠢᠶᠠᠵᠤ᠂ ᠭᠠᠴᠠᠭᠠᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠨ᠎ᠡ᠃ ᠣᠶᠢᠷ᠎ᠠ ᠶᠢᠨ ᠵᠢᠯ ᠠᠴᠠ᠂ ᠨᠢᠩᠴᠧᠩ ᠰᠢᠶᠠᠨ ᠤ ᠯᠢ ᡁᠢ ᠵᠢᠮᠢᠰ ᠢᠳᠡᠰᠢᠨ ᠨᠣᠭᠤᠭ᠎ᠠ ᠶᠢᠨ ᠬᠤᠷᠰᠢᠶ᠎ᠠ ᠠᠵᠢᠯ ᠲᠦᠷᠦᠯ ᠤᠨ ᠳᠣᠲᠣᠨ᠎ᠠ ᠭᠠᠳᠠᠨ᠎ᠠ ᠥᠷᠭᠡᠨ ᠢᠶᠠᠷ ᠮᠡᠳᠡᠷᠡᠭᠳᠡᠪᠡ᠃ 2009 ᠣᠨ ᠤ 9 ᠰᠠᠷ᠎ᠠ ᠳᠤ ᠲᠣᠰ ᠬᠤᠷᠰᠢᠶ᠎ᠠ ᠨᠢ ︽  ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ︾ ᠶᠢᠨ ᠴᠣᠯᠠ ᠬᠦᠷᠲᠡᠵᠦ ᠂ 2011 ᠣᠨ ᠳᠤ ︽  ᠤᠯᠤᠰ ᠤᠨ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ︾ ᠪᠠᠷ ᠦᠨᠡᠯᠡᠭᠳᠡᠵᠦ ᠂ 2015 ᠣᠨ ᠳᠤ ︽  ᠤᠯᠠᠭᠠᠨᠬᠠᠳᠠ ᠬᠤᠲᠠ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ︾ ᠢᠶᠠᠷ ᠦᠨᠡᠯᠡᠭᠳᠡᠪᠡ ᠃      ᠠᠵᠤ ᠦᠢᠯᠡᠰ ᠤᠨ ᠬᠥᠭᠵᠢᠯᠲᠡ ᠬᠡᠷᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠳᠡᠮᠵᠢᠬᠦ ᠲᠤᠬᠠᠢ ᠶᠠᠷᠢᠬᠤ ᠳᠠᠭᠠᠨ ᠂ ᠯᠢ ᡁᠢ ᠵᠢᠮᠢᠰ ᠢᠳᠡᠰᠢᠨ ᠨᠣᠭᠤᠭ᠎ᠠ ᠶᠢᠨ ᠬᠤᠷᠰᠢᠶ᠎ᠠ ᠶᠢᠨ ᠨᠠᠮ ᠤᠨ ᠡᠭᠦᠷ ᠤᠨ ᠱᠦᠵᠢ  ᠂ ᠬᠡᠷᠡᠭ ᠡᠷᠬᠢᠯᠡᠭᠴᠢᠳ ᠤᠨ ᠳᠠᠷᠤᠭ᠎ᠠ ᠨᠠᠨ ᠯᠢ ᡁᠢ ᠲᠠᠨᠢᠯᠴᠠᠭᠤᠯᠬᠤ ᠳᠠᠭᠠᠨ ᠂ ᠤᠯᠠᠨ ᠵᠢᠯ ᠤᠨ ᠬᠥᠭᠵᠢᠯᠲᠡ ᠪᠠᠷ ᠲᠠᠮᠵᠢᠨ᠂ ᠬᠤᠷᠰᠢᠶ᠎ᠠ ᠳᠤ ᠤᠳᠤ 316 ᠡᠷᠦᠬᠡ ᠶᠢᠨ ᠭᠡᠰᠢᠭᠦᠨ ᠲᠠᠢ᠂ ᠪᠡᠯᠡᠳᠭᠡᠮᠵᠢᠳᠤ ᠲᠠᠷᠢᠶᠠᠯᠠᠩ ᠤᠨ ᠶᠡᠷᠦᠩᠬᠡᠶᠢᠯᠡᠭᠰᠡᠨ ᠡᠵᠡᠯᠡᠬᠦ ᠭᠠᠵᠠᠷ 5000 ᠭᠠᠷᠤᠢ ᠮᠦ᠂ 600 ᠭᠠᠷᠤᠢ ᠬᠦᠯᠡᠮᠵᠢ ᠶᠢᠨ ᠬᠦᠯᠡᠮᠵᠢ ᠲᠠᠢ ᠪᠥᠭᠡᠳ ᠰᠢᠨ᠎ᠡ ᠰᠣᠷᠭᠤᠭ ᠪᠠᠶᠢᠯᠭᠠᠬᠤ ᠬᠥᠮᠥᠷᠭᠡ᠂ ᠬᠤᠪᠢᠶᠠᠨ ᠳᠠᠭᠠᠭᠠᠴᠢᠯᠠᠬᠤ ᠦᠢᠯᠡᠳᠪᠦᠷᠢ ᠶᠢᠨ ᠲᠠᠰᠤᠭ᠂ ᠮᠡᠷᠭᠡᠵᠢᠯ ᠤᠨ ᠵᠢᠯᠣᠭᠤᠳᠤᠯᠭ᠎ᠠ ᠶᠢᠨ ᠲᠥᠪ ᠵᠡᠷᠭᠡ ᠶᠢ ᠪᠠᠶᠢᠭᠤᠯᠵᠤ᠂ ᠭᠤᠣᠯᠳᠠᠭᠤ ᠥᠷᠭᠡᠰᠦᠲᠦ ᠬᠡᠮᠬᠡ᠂ ᠲᠥᠪᠡᠳ ᠬᠠᠰᠢ᠂ ᠯᠠᠵᠤᠤ᠂ ᠲᠥᠭᠦᠷᠢᠭ ᠬᠠᠰᠢ ᠵᠡᠷᠭᠡ ᠢᠳᠡᠰᠢᠨ ᠨᠣᠭᠤᠭ᠎ᠠ ᠲᠠᠷᠢᠵᠤ᠂ ᠵᠢᠯ ᠳᠤ 9600 ᠭᠠᠷᠤᠢ ᠲᠣᠨ ᠢᠳᠡᠰᠢᠨ ᠨᠣᠭᠤᠭ᠎ᠠ ᠦᠢᠯᠡᠳᠪᠦᠷᠢᠯᠡᠵᠦ᠂ ᠪᠦᠲᠦᠭᠡᠭᠳᠡᠬᠦᠨ ᠢᠶᠠᠨ ᠭᠤᠣᠯᠳᠠᠭᠤ ᠪᠡᠭᠡᠵᠢᠩ ᠲᠢᠶᠠᠨᠵᠢᠨ ᠾᠧᠪᠧᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠲᠤ ᠪᠣᠷᠣᠯᠠᠭᠤᠯᠵᠤ᠂ ᠪᠣᠷᠤᠯᠠᠭᠤᠯᠭ᠎ᠠ ᠶᠢᠨ ᠣᠷᠣᠯᠭ᠎ᠠ ᠶᠢ 5000 ᠲᠦᠮᠡᠨ ᠲᠥᠭᠦᠷᠢᠭ ᠢᠶᠠᠷ ᠪᠡᠶᠡᠯᠡᠭᠦᠯᠵᠦ᠂ 600 ᠭᠠᠷᠤᠢ ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ᠃      ᠠᠵᠤ ᠦᠢᠯᠡᠰ ᠢ ᠤᠷᠳᠤ ᠬᠤᠭᠤᠴᠠᠭ᠎ᠠ ᠪᠠᠷ ᠬᠥᠭᠵᠢᠭᠦᠯᠬᠦ ᠳᠤ ᠵᠠᠩᠭᠢᠯᠠᠭ᠎ᠠ ᠨᠢ ᠵᠠᠬ᠎ᠠ ᠳᠡᠯᠭᠡᠭᠦᠷ ᠢ ᠨᠡᠭᠡᠭᠡᠬᠦ ᠳᠤ ᠪᠠᠶᠢᠨ᠎ᠠ᠃ ᠪᠠ ᠯᠢ ᠬᠠᠨ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠨᠢ ᠦᠷ᠎ᠡ ᠪᠠ ᠵᠤᠯᠵᠠᠭ᠎ᠠ ᠮᠣᠳᠣᠨ ᠤ ᠬᠠᠩᠭᠠᠯᠭ᠎ᠠ ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ ᠵᠡᠷᠭᠡ ᠭᠤᠭᠴᠤᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠂ ᠬᠤᠲᠠ ᠬᠥᠳᠡᠭᠡ ᠶᠢᠨ ᠲᠣᠬᠢᠷᠠᠭᠤᠯᠤᠨ ᠬᠦᠷᠭᠡᠬᠦ ᠂ ᠵᠠᠬᠢᠶᠠᠯᠠᠭ᠎ᠠ ᠶᠢᠨ ᠲᠠᠷᠢᠶᠠᠯᠠᠩ ᠵᠡᠷᠭᠡ ᠵᠠᠭᠪᠤᠷ ᠢ ᠶᠡᠬᠡᠪᠡᠷ ᠬᠥᠭᠵᠢᠭᠦᠯᠵᠦ ᠂ ᠪᠣᠷᠤᠯᠠᠭᠤᠯᠭ᠎ᠠ ᠶᠢᠨ ᠲᠣᠭᠲᠠᠭᠤᠨ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠨ᠎ᠡ ᠃ ᠪᠣᠷᠤᠯᠠᠭᠤᠯᠭ᠎ᠠ ᠶᠢᠨ ᠠᠷᠭ᠎ᠠ ᠵᠠᠮ ᠲᠠᠢ ᠪᠣᠯᠤᠭᠰᠠᠨ ᠠᠴᠠ ᠤᠯᠠᠨ ᠢᠶᠠᠷ ᠢᠶᠠᠨ ᠠᠵᠢᠯ ᠬᠢᠬᠦ ᠳᠡᠭᠡᠨ ᠳᠣᠲᠣᠷ᠎ᠠ ᠪᠠᠨ ᠲᠤᠭ᠎ᠠ ᠲᠠᠢ ᠪᠣᠯᠵᠤ᠂ ᠠᠵᠤ ᠦᠢᠯᠡᠰ ᠢᠶᠠᠨ ᠬᠥᠭᠵᠢᠭᠦᠯᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠢᠲᠡᠭᠡᠯ ᠵᠣᠷᠢᠭ ᠢᠶᠠᠨ ᠨᠡᠮᠡᠭᠳᠡᠭᠦᠯᠪᠡ᠃ ᠡᠭᠦᠨ ᠤ ᠬᠠᠮᠲᠤ ᠂ ᠬᠤᠷᠰᠢᠶ᠎ᠠ  ᠠᠴᠠ ᠲᠣᠰ ᠭᠠᠵᠠᠷ ᠤᠨ ᠲᠠᠷᠢᠶᠠᠴᠢᠨ ᠡᠷᠦᠬᠡ ᠶᠢ ᠲᠡᠳᠡᠨ ᠠᠪᠴᠤ ᠬᠦᠷᠢᠶᠡᠯᠡᠩ ᠲᠣᠭᠤᠷᠢᠭ ᠲᠤ ᠠᠵᠢᠯ ᠬᠥᠳᠡᠯᠮᠦᠷᠢ ᠬᠢᠯᠭᠡᠬᠦ ᠪᠠ ᠤᠷᠢᠳᠠᠪᠠᠷ ᠲᠣᠮᠣ ᠫᠧᠩ ᠢᠶᠠᠨ ᠬᠤᠷᠰᠢᠶᠠᠨ ᠤ ᠭᠡᠰᠢᠭᠦᠳ ᠲᠤ ᠲᠦᠷᠢᠶᠡᠰᠦᠯᠡᠭᠦᠯᠦᠨ ᠥᠭᠴᠦ ᠶᠠᠳᠠᠭᠤ  ᠠᠴᠠ ᠠᠩᠭᠢᠵᠢᠷᠠᠭᠰᠠᠨ ᠡᠷᠦᠬᠡ ᠲᠠᠢ ᠨᠢᠭᠡᠳᠦᠯᠲᠡᠢ ᠪᠣᠯᠪᠠᠰᠤᠷᠠᠭᠤᠯᠤᠯ ᠪᠠ ᠮᠡᠷᠭᠡᠵᠢᠯ ᠤᠨ ᠵᠢᠯᠣᠭᠤᠳᠤᠯᠭ᠎ᠠ ᠬᠢᠯᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠵᠢᠱᠢᠯᠲᠡ ᠪᠠᠷ ᠵᠢᠯ ᠳᠤ 248 ᠬᠥᠮᠥᠨ ᠤᠳᠠᠭ᠎ᠠ ᠪᠡᠯᠡᠳᠬᠡᠮᠵᠢᠲᠦ ᠲᠠᠷᠢᠶᠠᠯᠠᠩ ᠤᠨ ᠦᠢᠯᠡᠳᠪᠦᠷᠢᠯᠡᠯ ᠡᠷᠭᠢᠯᠡᠵᠦ ᠂ ᠠᠷᠠᠳ ᠣᠯᠠᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ ᠃      ︽ᠪᠢ ᠠᠳᠡ ᠢᠳᠡᠰᠢᠨ ᠨᠣᠭᠤᠭ᠎ᠠ ᠶᠢᠨ ᠬᠦᠯᠡᠮᠵᠢ ᠳᠠᠭᠠᠭᠠᠴᠢᠯᠠᠬᠤ ᠪᠠᠷ ᠢᠷᠡᠬᠦ ᠠᠴᠠ ᠪᠠᠨ ᠡᠮᠦᠨ᠎ᠡ ᠪᠦᠷ ᠠᠷᠰᠠᠷ ᠠᠵᠢᠯ ᠬᠢᠵᠦ ᠪᠠᠶᠢᠵᠠᠢ᠂ ᠡᠳᠦᠷ ᠲᠤ 80 ᠲᠥᠭᠦᠷᠢᠭ ᠣᠯᠳᠠᠭ ᠪᠠᠶᠢᠭᠰᠠᠨ᠃ ᠤᠳᠤ ᠪᠢ ᠢᠳᠡᠰᠢᠨ ᠨᠣᠭᠤᠭᠠᠨ ᠤ ᠬᠦᠯᠡᠮᠵᠢ ᠶᠢ 3 ᠳᠠᠭᠠᠭᠠᠴᠢᠯᠠᠪᠠ᠂ ᠨᠢᠳᠤᠨᠤᠨ ᠤ ᠢᠳᠡᠰᠢᠨ ᠨᠣᠭᠤᠭᠠᠨ ᠤ ᠦᠨ᠎ᠡ ᠬᠠᠩᠰᠢ ᠶᠢᠨ ᠪᠠᠶᠢᠳᠠᠯ ᠵᠦᠭᠡᠷ ᠪᠠᠶᠢᠵᠤ᠂ 30 ᠭᠠᠷᠤᠢ ᠲᠦᠮᠡᠨ ᠲᠥᠭᠦᠷᠢᠭ ᠤᠨ ᠣᠷᠣᠯᠭ᠎ᠠ ᠲᠠᠢ᠃ ᠪᠢᠳᠡ ᠥᠪᠡᠷ ᠢᠶᠠᠨ ᠵᠣᠭᠤᠰ ᠭᠠᠷᠭᠠᠵᠤ ᠢᠳᠡᠰᠢᠨ ᠨᠣᠭᠤᠭᠠᠨ ᠤ ᠰᠠᠷᠠᠪᠴᠢ ᠪᠠᠷᠢᠬᠤ ᠬᠡᠷᠡᠭ ᠦᠭᠡᠢ᠂ ᠵᠥᠪᠬᠡᠨ ᠵᠢᠯ ᠢᠶᠠᠷ ᠲᠦᠷᠢᠶᠡᠰᠦᠨ ᠮᠥᠩᠭᠦ ᠪᠠᠨ ᠲᠤᠰᠢᠶᠠᠪᠠᠯ ᠪᠣᠯᠴᠢᠬᠠᠨ᠎ᠠ᠃ ᠣᠳᠣᠬᠠᠨ ᠳᠤ ᠭᠠᠳᠠᠭᠰᠢ ᠭᠠᠷᠴᠤ ᠬᠥᠯᠥᠰᠦᠨ ᠠᠵᠢᠯ ᠬᠢᠬᠦ ᠬᠡᠷᠡᠭ ᠦᠭᠡᠢ ᠪᠣᠯᠤᠭᠰᠠᠨ ᠢᠶᠠᠷ ᠪᠠᠷᠠᠬᠤ ᠦᠭᠡᠢ ᠪᠠᠰᠠ ᠭᠡᠷ ᠲᠡᠭᠡᠨ ᠨᠠᠰᠤᠲᠠᠨ ᠪᠠ ᠬᠡᠦᠬᠡᠳ ᠢᠶᠠᠨ ᠠᠰᠠᠷᠠᠵᠤ ᠪᠠᠶᠢᠨ᠎ᠠ᠂ ᠨᠠᠮ ᠤᠨ ᠰᠠᠶᠢᠨ ᠲᠦᠷᠦ ᠶᠢᠨ ᠪᠣᠳᠣᠯᠭ᠎ᠠ ᠳᠤ ᠦᠨᠡᠬᠡᠷ ᠲᠠᠯᠠᠷᠬᠠᠵᠤ ᠪᠠᠶᠢᠨ᠎ᠠ︾ ᠭᠡᠵᠦ ᠪᠠ ᠯᠢ ᠬᠠᠨ ᠲᠣᠰᠬᠤᠨ ᠤ ᠲᠠᠷᠢᠮᠠᠯ ᠤᠨ ᠡᠷᠦᠬᠡ ᠫᠠᠨ ᠭᠦᠸᠧ ᠪᠢᠨ ᠪᠠᠶᠠᠷᠲᠠᠢ ᠪᠠᠷ ᠬᠡᠯᠡᠨ᠎ᠡ᠃      ᠬᠤᠷᠰᠢᠶᠠᠨ ᠤ ᠨᠢᠭᠡᠳᠦᠯᠲᠡᠢ ᠡᠵᠡᠩᠨᠡᠯᠲᠡ ᠬᠠᠮᠢᠶᠠᠷᠤᠯᠲᠠ ᠶᠢᠨ ᠳᠣᠣᠷ᠎ᠠ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠡᠳ᠋ᠯᠡᠪᠡ᠃ ᠣᠳᠣᠬᠠᠨ ᠳᠤ᠂ ᠪᠡᠯᠡᠳᠭᠡᠮᠵᠢᠳᠤ ᠲᠠᠷᠢᠶᠠᠯᠠᠩ ᠤᠨ ᠬᠦᠯᠡᠮᠵᠢ ᠨᠦᠭᠦᠳ ᠪᠠ ᠯᠢ ᠬᠠᠨ ᠲᠣᠰᠬᠤᠨ ᠳᠤ ᠨᠢᠭᠡᠨᠲᠡ ᠨᠡᠶᠢᠳᠡᠮ ᠳᠡᠯᠭᠡᠷᠡᠵᠦ᠂ ᠥᠷᠭᠡᠨ ᠤᠯᠠᠨ ᠲᠠᠷᠢᠶᠠᠴᠢᠨ ᠡᠷᠦᠭᠡ ᠴᠦ ᠥᠪᠡᠷ ᠤᠨ ᠰᠢᠨ᠎ᠡ ᠬᠦᠰᠡᠯ ᠡᠷᠡᠮᠡᠯᠵᠡᠯ ᠢᠶᠠᠨ ᠲᠡᠷᠢᠵᠦ᠂ ᠥᠪᠡᠷ ᠤᠨ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠴᠣ᠋ ᠰᠢᠨ᠎ᠡ ᠵᠢᠷᠤᠭ ᠲᠥᠰᠥᠪ ᠢ ᠵᠢᠷᠤᠭᠯᠠᠵᠤ ᠪᠠᠶᠢᠨ᠎ᠠ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号