2019 ᠣᠨ ᠤ 3 ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠠᠵᠤ ᠠᠬᠤᠢ ᠶᠢᠨ ᠬᠥᠭᠵᠢᠯᠲᠡ ᠪᠣᠯᠣᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ | ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ | ᠪᠠᠷᠢᠮᠲᠠᠯᠠᠬᠤ ᠳᠤ ᠳᠣᠣᠷᠠᠬᠢ ᠬᠡᠳᠦᠨ ᠬᠠᠷᠢᠴᠠᠭ᠎ᠠ ᠶᠢ ᠰᠠᠶᠢᠲᠤᠷ ᠡᠵᠡᠮᠳᠡᠬᠦ ᠴᠢᠬᠤᠯᠠᠲᠠᠢ᠃ | ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ | ᠴᠢᠨᠠᠷ ᠰᠠᠶᠢᠲᠠᠢ ᠬᠥᠭᠵᠢᠯᠲᠡ ᠶᠢᠨ ᠬᠡᠮᠵᠢᠭᠦᠷ ᠪᠣᠯ ᠳᠠᠷᠤᠢ ᠬᠥᠭᠵᠢᠯᠲᠡ ᠪᠣᠯᠣᠨ ᠬᠠᠮᠠᠭᠠᠯᠠᠯᠲᠠ ᠶᠢᠨ | ᠬᠤᠪᠢᠰᠤᠩᠭᠤᠢ ᠨᠢᠭᠡᠳᠦᠯ ᠤᠨ ᠬᠠᠷᠢᠴᠠᠭ᠎ᠠ ᠶᠢ ᠰᠠᠶᠢᠲᠤᠷ ᠡᠵᠡᠮᠳᠡᠨ ᠰᠢᠢᠳᠪᠦᠷᠢᠯᠡᠵᠦ᠂ ᠠᠮᠢ ᠠᠬᠤᠢ ᠶᠢᠨ | ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢ ᠰᠠᠯᠭᠠᠵᠤ ᠪᠣᠯᠬᠤ ᠦᠭᠡᠢ᠂ ᠴᠢᠨᠠᠭᠰᠢᠯᠠᠪᠠᠯ | ᠡᠰᠡᠷᠭᠦᠴᠡᠯᠳᠦᠭᠦᠯᠵᠦ ᠪᠣᠯᠬᠤ ᠦᠭᠡᠢ᠂ ᠬᠥᠭᠵᠢᠭᠦᠯᠬᠦ ᠶᠢᠨ ᠳᠤᠮᠳᠠ ᠬᠠᠮᠠᠭᠠᠯᠠᠵᠤ᠂ ᠬᠠᠮᠠᠭᠠᠯᠠᠬᠤ ᠶᠢᠨ ᠳᠤᠮᠳᠠ | ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ | ᠪᠣᠬᠢᠷᠳᠤᠯ ᠦᠭᠡᠢ ᠬᠥᠭᠵᠢᠯᠲᠡ ᠶᠢ ᠴᠢᠬᠤᠯᠠᠴᠢᠯᠠᠬᠤ ᠬᠡᠷᠡᠭᠲᠡᠢ᠃ ᠥᠪᠥᠷ ᠮᠣᠩᠭᠤᠯ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠠᠷ | ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ᠪᠣᠬᠢᠷᠳᠤᠯ ᠦᠭᠡᠢ ᠬᠥᠭᠵᠢᠯᠲᠡ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠲᠠᠯ᠎ᠠ ᠳᠤ ᠲᠤᠤᠱᠯᠠᠭᠤᠯᠵᠤ᠂ ᠪᠦᠬᠦ ᠲᠠᠯ᠎ᠠ ᠪᠠᠷ ᠪᠣᠬᠢᠷᠳᠤᠯ ᠦᠭᠡᠢ ᠬᠡᠯᠪᠡᠷᠢ ᠪᠠᠨ | ᠬᠤᠪᠢᠷᠠᠭᠤᠯᠬᠤ ᠶᠢ ᠪᠡᠶᠡᠯᠡᠭᠦᠯᠵᠦ᠂ ᠬᠡᠯᠪᠡᠷᠢ ᠪᠠᠨ ᠬᠤᠪᠢᠷᠠᠭᠤᠯᠬᠤ ᠳᠤᠮᠳᠠ ᠨᠡᠩ ᠶᠡᠭᠡ ᠬᠥᠭᠵᠢᠯᠲᠡ ᠲᠠᠢ ᠪᠣᠯᠬᠤ | ᠬᠡᠷᠡᠭᠲᠡᠢ᠃ | ᠠᠮᠢ ᠠᠬᠤᠢ ᠶᠢ ᠤᠷᠢᠳᠠᠪᠠᠷ ᠪᠣᠳᠣᠯᠬᠢᠯᠠᠬᠤ ᠶᠢ ᠴᠢᠬᠤᠯᠠᠴᠢᠯᠠᠬᠤ ᠬᠡᠷᠡᠭᠲᠡᠢ᠃ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠳᠤ︽ᠬᠥᠬᠡᠮᠳᠦᠭ ᠨᠣᠭᠤᠭᠠᠨ ᠠᠭᠤᠯᠠ ᠤᠰᠤ︾ᠪᠠᠶᠢᠬᠤ ᠮᠥᠷᠲᠡᠭᠡᠨ ᠪᠠᠰᠠ︽ᠠᠯᠳᠠᠨ | ᠠᠭᠤᠯᠠ ᠮᠥᠩᠭᠦᠨ ᠠᠭᠤᠯᠠ︾ᠪᠠᠶᠢᠬᠤ ᠬᠡᠷᠡᠭᠲᠡᠢ᠂ ᠬᠤᠶᠠᠭᠤᠯᠠ ᠪᠠᠨ ᠮᠥᠷᠭᠦᠯᠳᠦᠭᠡᠨ ᠭᠠᠷᠬᠤ ᠦᠶ᠎ᠡ ᠳᠤ︽ | ᠬᠥᠬᠡᠮᠳᠦᠭ ᠨᠣᠭᠤᠭᠠᠨ ᠠᠭᠤᠯᠠ ᠤᠰᠤ︾ᠪᠠᠶᠢᠬᠤ ᠠᠴᠠ ᠪᠢᠰᠢ ︽ᠠᠯᠳᠠᠨ ᠠᠭᠤᠯᠠ ᠮᠥᠩᠭᠦᠨ ᠠᠭᠤᠯᠠ︾ᠪᠠᠶᠢᠬᠤ | ᠦᠭᠡᠢ ᠪᠣᠯ ᠣᠷᠴᠢᠨ ᠲᠣᠭᠤᠷᠢᠨ ᠢ ᠦᠷᠡᠭᠳᠡᠭᠦᠯᠬᠦ ᠪᠠᠷ ᠨᠢᠭᠡ ᠴᠠᠭ ᠤᠨ ᠬᠥᠭᠵᠢᠯᠲᠡ ᠶᠢ ᠣᠯᠵᠤ ᠪᠣᠯᠬᠤ ᠦᠭᠡᠢ᠃ | ᠡᠨᠡ ᠪᠣᠯ ᠴᠢᠬᠤᠯᠠ ᠶᠡᠭᠡ ᠠᠵᠤ ᠠᠬᠤᠢ ᠶᠢᠨ ᠠᠰᠠᠭᠤᠳᠠᠯ᠂ ᠠᠮᠢ ᠠᠬᠤᠢ ᠶᠢᠨ ᠠᠰᠠᠭᠤᠳᠠᠯ ᠪᠣᠯᠬᠤ ᠮᠥᠷᠲᠡᠭᠡᠨ | ᠪᠠᠰᠠ ᠴᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠪᠣᠯᠬᠤ ᠶᠤᠮ᠃ ᠪᠢᠳᠡ ᠪᠣᠬᠢᠷᠳᠤᠯ ᠦᠭᠡᠢ | ᠬᠥᠭᠵᠢᠯᠲᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠡᠳ᠋ ᠪᠠᠶᠠᠯᠢᠭ ᠤᠨ ᠦᠵᠡᠯᠲᠡ᠂ | ᠦᠷᠳᠡᠭ ᠤᠨ ᠦᠵᠡᠯᠲᠡ ᠶᠢ ᠦᠨᠡᠨ ᠬᠦ ᠪᠤᠢ ᠪᠣᠯᠭᠠᠵᠤ᠂ ᠠᠮᠢ ᠠᠬᠤᠢ ᠶᠢ ᠡᠩ ᠲᠡᠷᠢᠭᠦᠨ ᠳᠤ ᠲᠣᠪᠣᠶᠢᠮ᠎ᠠ | ᠪᠠᠶᠢᠷᠢᠨ ᠳᠤ ᠲᠠᠯᠪᠢᠬᠤ ᠬᠡᠷᠡᠭᠲᠡᠢ᠃ | ᠠᠮᠢ ᠠᠬᠤᠢ ᠶᠢ ᠲᠡᠷᠢᠭᠦᠨ ᠳᠤ ᠲᠠᠯᠪᠢᠬᠤ ᠨᠢ ᠬᠥᠭᠵᠢᠭᠦᠯᠬᠦ ᠦᠭᠡᠢ ᠭᠡᠰᠡᠨ ᠶᠠᠪᠤᠳᠠᠯ ᠪᠢᠰᠢ ᠭᠡᠳᠡᠭ ᠢ | ᠴᠢᠬᠤᠯᠠᠴᠢᠯᠠᠬᠤ ᠬᠡᠷᠡᠭᠲᠡᠢ᠃ ᠬᠥᠭᠵᠢᠭᠦᠯᠦᠯᠲᠡ ᠪᠣᠯ ᠠᠮᠢ ᠠᠬᠤᠢ ᠶᠢᠨ ᠣᠷᠴᠢᠨ ᠨᠥᠬᠦᠴᠡᠯ ᠤᠨ ᠠᠰᠠᠭᠤᠳᠠᠯ ᠢ | ᠰᠢᠢᠳᠪᠦᠷᠢᠯᠡᠬᠦ ᠦᠨᠳᠦᠰᠦᠨ ᠠᠷᠭ᠎ᠠ ᠬᠡᠮᠵᠢᠶ᠎ᠡ ᠮᠥᠨ᠂ ᠬᠥᠭᠵᠢᠯᠲᠡ ᠶᠢ ᠠᠳᠬᠤᠬᠤ ᠦᠭᠡᠢ ᠪᠣᠯ ᠡᠴᠦᠰ ᠲᠡᠭᠡᠨ | ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠤ ᠰᠠᠶᠢᠲᠤᠷ ᠬᠢᠵᠦ | ᠴᠢᠳᠠᠬᠤ ᠦᠭᠡᠢ ᠶᠤᠮ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ ᠂ ︽ ᠥᠪᠥᠷ ᠮᠣᠩᠭᠤᠯ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠲᠥᠷᠥᠯᠬᠢ | ᠣᠨᠴᠠᠯᠢᠭ ᠲᠠᠭᠠᠨ ᠰᠠᠭᠤᠷᠢᠯᠠᠬᠤ ᠬᠡᠷᠡᠭᠲᠡᠢ ᠂ ᠳᠥᠭᠦᠮᠬᠡᠨ ᠢᠶᠠᠷ ᠵᠡᠭᠦᠨ ᠬᠡᠰᠡᠭ ᠤᠨ ᠬᠥᠭᠵᠢᠭᠰᠡᠨ ᠭᠠᠵᠠᠷ | ᠣᠷᠣᠨ ᠲᠠᠢ ᠠᠵᠤ ᠦᠢᠯᠡᠰ ᠤᠨ ᠲᠠᠯ᠎ᠠ ᠪᠠᠷ ᠠᠪᠠᠷᠢᠵᠤ ᠂ ᠪᠦᠲᠦᠴᠡ ᠶᠢᠨ ᠲᠠᠯ᠎ᠠ ᠪᠠᠷ ᠠᠳᠠᠯᠢᠳᠬᠠᠨ ᠂ | ᠬᠤᠷᠳᠤᠴᠠ ᠶᠢᠨ ᠲᠠᠯ᠎ᠠ ᠪᠠᠷ ᠤᠷᠤᠯᠳᠤᠵᠤ ᠪᠣᠯᠬᠤ ᠦᠭᠡᠢ ︾ ᠭᠡᠵᠡᠢ ᠃ ᠥᠪᠥᠷ ᠮᠣᠩᠭᠤᠯ ᠠᠮᠢ ᠠᠬᠤᠢ ᠶᠢᠨ | ᠣᠷᠴᠢᠨ ᠲᠣᠭᠤᠷᠢᠨ ᠤ ᠳᠠᠪᠠᠭᠤᠯᠢᠭ ᠢᠶᠠᠨ ᠠᠮᠢ ᠠᠬᠤᠢ ᠶᠢᠨ ᠲᠠᠷᠢᠶᠠᠯᠠᠩ᠂ ᠠᠮᠢ ᠠᠬᠤᠢ ᠶᠢᠨ ᠠᠵᠤ ᠦᠢᠯᠡᠳᠪᠦᠷᠢ᠂ | ᠠᠮᠢ ᠠᠬᠤᠢ ᠶᠢᠨ ᠵᠤᠭᠠᠴᠠᠯ ᠵᠡᠷᠭᠡ ᠠᠮᠢ ᠠᠬᠤᠢ ᠶᠢᠨ ᠠᠵᠤ ᠠᠬᠤᠢ ᠶᠢᠨ ᠳᠠᠪᠠᠭᠤᠯᠢᠭ᠂ ᠠᠮᠢ ᠠᠬᠤᠢ ᠶᠢᠨ | ᠨᠡᠶᠢᠭᠡᠮ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠤ ᠠᠬᠤᠢ ᠶᠢᠨ ᠬᠥᠭᠵᠢᠯᠲᠡ ᠪᠣᠯᠣᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠵᠡᠷᠭᠡᠪᠡᠷ ᠠᠬᠢᠭᠤᠯᠬᠤ᠂ ᠠᠵᠤ ᠦᠢᠯᠡᠰ ᠤᠨ ᠥᠷᠢᠰᠦᠯᠳᠦᠬᠦ ᠬᠦᠴᠦᠨ | ᠪᠣᠯᠣᠨ ᠣᠷᠴᠢᠨ ᠲᠣᠭᠤᠷᠢᠨ ᠤ ᠥᠷᠢᠰᠦᠯᠳᠦᠬᠦ ᠬᠦᠴᠦᠨ ᠢ ᠬᠠᠮᠲᠤᠪᠠᠷ ᠳᠡᠭᠡᠭᠰᠢᠯᠡᠭᠦᠯᠬᠦ ᠦᠷᠭᠦᠯᠵᠢᠯᠡᠬᠦ ᠴᠢᠨᠠᠷ | ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ | ᠰᠢᠰᠲ᠋ᠧᠮ ᠪᠠ ᠬᠡᠰᠡᠭ ᠲᠠᠯ᠎ᠠ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠬᠦ ᠬᠡᠷᠡᠭᠲᠡᠢ | ᠰᠢᠰᠲ᠋ᠧᠮ ᠪᠣᠯᠣᠨ ᠬᠡᠰᠡᠭ ᠲᠠᠯ᠎ᠠ ᠶᠢᠨ ᠬᠠᠷᠢᠴᠠᠭ᠎ᠠ ᠳᠤ ᠴᠢᠨᠠᠷ ᠰᠠᠶᠢᠲᠠᠢ ᠬᠥᠭᠵᠢᠯᠲᠡ ᠶᠢᠨ ᠦᠷᠳᠡᠭ ᠤᠨ | ᠦᠵᠡᠯᠲᠡ ᠠᠭᠤᠯᠤᠭᠳᠠᠵᠤ ᠪᠠᠶᠢᠬᠤ ᠪᠠᠷ ᠪᠠᠷᠠᠬᠤ ᠦᠭᠡᠢ ᠪᠠᠰᠠ ᠠᠷᠭ᠎ᠠ ᠶᠢᠨ ᠤᠨᠤᠯ ᠢ ᠢᠯᠡᠷᠡᠭᠦᠯᠵᠦ ᠪᠠᠶᠢᠳᠠᠭ᠃ | ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ ᠂ ︽ ᠴᠢᠨᠠᠷ ᠰᠠᠶᠢᠲᠠᠢ ᠬᠥᠭᠵᠢᠯᠲᠡ ᠨᠢ ᠵᠥᠪᠬᠡᠨ | ᠠᠵᠤ ᠠᠬᠤᠢ ᠶᠢᠨ ᠱᠠᠭᠠᠷᠳᠠᠯᠭ᠎ᠠ ᠲᠡᠳᠦᠢ ᠪᠢᠰᠢ ᠂ ᠬᠠᠷᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠲᠠᠯ᠎ᠠ ᠶᠢᠨ ᠶᠡᠷᠦᠩᠬᠡᠢ ᠱᠠᠭᠠᠷᠳᠠᠯᠭ᠎ᠠ ᠮᠥᠨ ︔ ᠵᠥᠪᠬᠡᠨ ᠠᠵᠤ ᠠᠬᠤᠢ ᠬᠥᠭᠵᠢᠭᠰᠡᠨ ᠭᠠᠵᠠᠷ ᠣᠷᠣᠨ ᠳᠤ ᠲᠠᠯᠪᠢᠬᠤ | ᠱᠠᠭᠠᠷᠳᠠᠯᠭ᠎ᠠ ᠪᠢᠰᠢ᠂ ᠬᠠᠷᠢᠨ ᠪᠤᠢ ᠪᠦᠬᠦᠢ ᠭᠠᠵᠠᠷ ᠣᠷᠣᠨ ᠤ ᠬᠥᠭᠵᠢᠯᠲᠡ ᠳᠤ ᠴᠥᠮ ᠡᠷᠬᠡᠪᠰᠢ ᠲᠤᠤᠱᠯᠠᠭᠤᠯᠬᠤ | ᠬᠡᠷᠡᠭᠲᠡᠢ ᠱᠠᠭᠠᠷᠳᠠᠯᠭ᠎ᠠ ᠮᠥᠨ; ᠨᠢᠭᠡ ᠴᠠᠭ ᠤᠨ ᠨᠢᠭᠡ ᠶᠠᠪᠤᠳᠠᠯ ᠤᠨ ᠱᠠᠭᠠᠷᠳᠠᠯᠭ᠎ᠠ ᠪᠢᠰᠢ᠂ ᠬᠠᠷᠢᠨ ᠡᠷᠬᠡᠪᠰᠢ | ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠱᠠᠭᠠᠷᠳᠠᠯᠭ᠎ᠠ ᠪᠣᠯᠣᠨ᠎ᠠ︾᠃ ᠰᠢᠰᠲ᠋ᠧᠮ ᠪᠠ ᠬᠡᠰᠡᠭ ᠲᠠᠯ᠎ᠠ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠶᠢᠨ ᠵᠠᠩᠭᠢᠯᠠᠭ᠎ᠠ ᠨᠢ ᠡᠷᠬᠡᠪᠰᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠶᠠᠪᠤᠳᠠᠯ ᠪᠣᠯᠣᠨ᠎ᠠ᠃ | ᠨᠡᠭᠦᠷᠡᠰᠦᠲᠥ᠋ᠷᠥᠭᠴᠢ ᠶᠢᠨ ᠥᠨᠳᠥᠷ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠳᠤᠮᠳᠠ ᠪᠠ ᠪᠣᠷᠣ | ᠲᠥᠯᠥᠪ ᠤᠨ ᠳᠣᠣᠷ᠎ᠠ᠂ ᠮᠠᠨ ᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠬᠦ ᠲᠠᠯ᠎ᠠ ᠪᠠᠷ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠯᠬᠤᠮ | ᠠᠯᠬᠤᠮ ᠢᠶᠠᠷ ᠡᠮᠬᠢ ᠳᠢᠭᠯᠢᠮ ᠲᠠᠢ ᠪᠡᠶᠡᠯᠡᠭᠦᠯᠬᠦ ᠬᠡᠷᠡᠭᠲᠡᠢ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠴᠠ ᠳᠤ ᠠᠮᠢ ᠠᠬᠤᠢ ᠶᠢᠨ ᠣᠷᠴᠢᠨ ᠨᠥᠬᠦᠴᠡᠯ ᠤᠨ | ᠠᠰᠠᠭᠤᠳᠠᠯ ᠢ ᠰᠢᠢᠳᠪᠦᠷᠢᠯᠡᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ | ᠴᠢᠬᠤᠯᠠ ᠶᠡᠭᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ | ᠠᠬᠤᠢ ᠶᠢ ᠬᠠᠮᠠᠭᠠᠯᠠᠬᠤ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ | ᠠᠷᠭ᠎ᠠ ᠮᠠᠶ᠋ᠢᠭ᠂ ᠣᠷᠣᠨ ᠵᠠᠢ ᠶᠢᠨ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠵᠤ᠂ ᠰᠠᠶᠢᠨ ᠰᠠᠶᠢᠬᠠᠨ ᠠᠮᠢ | ᠠᠬᠤᠢ ᠶᠢᠨ ᠣᠷᠴᠢᠨ ᠨᠥᠬᠦᠴᠡᠯ ᠢ ᠠᠷᠠᠳ ᠤᠨ ᠠᠮᠢᠳᠤᠷᠠᠯ ᠤᠨ ᠨᠡᠮᠡᠭᠳᠡᠯ ᠤᠨ ᠴᠡᠭ ᠪᠣᠯᠭᠠᠨ᠎ᠠ᠃ ᠡᠭᠦᠨ ᠠᠴᠠ | ᠭᠠᠳᠠᠨ᠎ᠠ᠂ ᠬᠦᠯᠡᠮᠵᠢ ᠶᠢᠨ ᠬᠡᠢ ᠪᠡᠶᠡᠲᠦ ᠶᠢᠨ ᠴᠡᠪᠡᠷ ᠭᠠᠳᠠᠭᠰᠢᠯᠠᠭᠤᠯᠤᠯᠲᠠ ᠪᠠᠷ ᠴᠢᠭᠯᠡᠯ ᠪᠣᠯᠭᠠᠭᠰᠠᠨ ᠪᠣᠬᠢᠷᠳᠤᠯ | ᠦᠭᠡᠢ ᠠᠵᠤ ᠦᠢᠯᠡᠰ ᠤᠨ ᠬᠤᠪᠢᠰᠬᠠᠯ ᠤᠨ ᠲᠣᠮᠣ ᠬᠥᠰᠢᠭᠡ ᠨᠢᠭᠡᠨᠲᠡ ᠳᠡᠯᠡᠬᠡᠢ ᠶᠢᠨ ᠬᠡᠪᠴᠢᠶᠡᠨ ᠳᠤ ᠨᠡᠭᠡᠭᠡᠭᠳᠡᠪᠡ᠂ | ᠡᠨᠡ ᠨᠢ ᠣᠷᠣᠨ ᠪᠦᠰᠡ ᠶᠢᠨ ᠥᠷᠢᠰᠦᠯᠳᠦᠭᠡᠨ ᠤ ᠪᠠᠶᠢᠷᠢᠰᠢᠯ ᠢ ᠲᠠᠬᠢᠨ ᠪᠤᠢ ᠪᠣᠯᠭᠠᠵᠤ᠂ ᠤᠯᠠᠨ ᠤᠯᠤᠰ ᠤᠨ ᠠᠵᠤ | ᠠᠬᠤᠢ ᠶᠢᠨ ᠳᠦᠷᠢᠮ ᠪᠣᠯᠣᠨ ᠠᠵᠤ ᠦᠢᠯᠡᠰ ᠤᠨ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠬᠤ | ᠪᠣᠯᠣᠨ᠎ᠠ᠃ ᠪᠦᠬᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢᠨ ᠬᠤᠪᠢᠷᠠᠭᠤᠯᠤᠯᠲᠠ ᠳᠤ ᠢᠳᠡᠪᠬᠢᠲᠡᠢ ᠣᠷᠤᠯᠴᠠᠬᠤ ᠪᠠ ᠬᠥᠲᠥᠯᠥᠨ ᠳᠠᠭᠠᠭᠤᠯᠵᠤ ᠂ ᠮᠠᠨ ᠤ | ᠤᠯᠤᠰ ᠤᠨ ᠡᠬᠢ ᠪᠠᠶᠠᠯᠢᠭ ᠣᠷᠴᠢᠨ ᠠᠬᠤᠢ ᠶᠢᠨ ᠬᠢᠵᠠᠭᠠᠷᠯᠠᠯ ᠪᠣᠯᠣᠨ ᠠᠭᠤᠷ ᠠᠮᠢᠰᠬᠤᠯ ᠤᠨ ᠪᠠᠭᠲᠠᠭᠠᠮᠵᠢ ᠶᠢᠨ | ᠬᠢᠵᠠᠭᠠᠷᠯᠠᠯ ᠢ ᠨᠠᠮᠳᠠᠭᠤᠯᠵᠤ ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢ ᠪᠡᠶᠡᠯᠡᠭᠦᠯᠬᠦ | ᠶᠢᠨ ᠳᠣᠲᠣᠭᠠᠳᠤ ᠬᠡᠷᠡᠭᠴᠡᠭᠡ ᠪᠣᠯ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠳᠡᠯᠡᠬᠡᠢ | ᠳᠡᠭᠡᠷᠡᠬᠢ ᠨᠥᠯᠥᠭᠡᠯᠡᠬᠦ ᠬᠦᠴᠦᠨ ᠂ ᠥᠷᠢᠰᠦᠯᠳᠦᠬᠦ ᠬᠦᠴᠦᠨ ᠪᠣᠯᠣᠨ ᠤᠳᠤᠷᠢᠳᠬᠤ ᠬᠦᠴᠦᠨ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠡᠷᠬᠡᠪᠰᠢ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠂ ᠠᠵᠤ ᠦᠢᠯᠡᠰ ᠪᠠ ᠡᠨᠧᠷᠭᠢ ᠶᠢᠨ ᠰᠤᠷᠪᠤᠯᠵᠢ ᠶᠢᠨ | ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ | ᠢᠳᠡᠪᠬᠢᠲᠡᠢ ᠪᠠᠷ ᠪᠠᠭᠤᠷᠠᠭᠤᠯᠬᠤ ᠪᠠ ᠪᠤᠰᠤᠳ ᠪᠣᠬᠢᠷᠳᠤᠯ ᠪᠣᠳᠠᠰ ᠤᠨ ᠠᠰᠠᠭᠤᠳᠠᠯ᠂ ᠠᠮᠢ ᠠᠬᠤᠢ ᠶᠢ ᠰᠡᠷᠭᠦᠭᠡᠬᠦ | ᠠᠰᠠᠭᠤᠳᠠᠯ ᠵᠡᠷᠭᠡ ᠶᠢ ᠰᠢᠢᠳᠪᠦᠷᠢᠯᠡᠬᠦ ᠬᠡᠷᠡᠭᠲᠡᠢ᠃ | ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠪᠦᠬᠦ ᠲᠠᠯ᠎ᠠ ᠶᠢᠨ ᠦᠵᠡᠯ ᠤᠬᠠᠮᠰᠠᠷ ᠢ ᠪᠤᠢ | ᠪᠣᠯᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ᠄︽ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ | ᠬᠢᠷᠢ ᠵᠡᠷᠭᠡ ᠪᠠᠶᠢᠬᠤ ᠨᠢ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠨ ᠲᠣᠭᠲᠠᠨᠢᠬᠤ | ᠪᠠ ᠬᠥᠭᠵᠢᠬᠦ ᠳᠤ ᠬᠤᠯᠪᠣᠭᠳᠠᠬᠤ ᠪᠠᠷ ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ | ᠪᠠᠷᠠᠭᠤᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ | ᠬᠤᠯᠪᠣᠭᠳᠠᠨ᠎ᠠ᠃ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠣᠯ ᠪᠦᠬᠦ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ᠂ ᠮᠥᠨᠴᠦ | ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠃ | ᠡᠨᠡ ᠨᠢ ᠥᠪᠥᠷ ᠮᠣᠩᠭᠤᠯ ᠢ ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠵᠤ᠂ ᠬᠥᠭᠵᠢᠯᠲᠡ ᠶᠢᠨ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠥᠪᠡᠷ ᠢ ᠪᠠᠨ ᠰᠠᠶᠢᠲᠤᠷ | ᠬᠥᠭᠵᠢᠭᠦᠯᠬᠦ ᠶᠢᠨ ᠬᠠᠮᠲᠤ ᠪᠦᠬᠦ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠥᠪᠡᠷ ᠤᠨ ᠪᠠᠶᠢᠪᠠᠰᠤ | ᠵᠣᠬᠢᠬᠤ ᠬᠦᠴᠦᠨ ᠴᠢᠳᠠᠯ ᠢᠶᠠᠨ ᠡᠷᠭᠦᠬᠦ ᠶᠢ ᠱᠠᠭᠠᠷᠳᠠᠵᠤ ᠪᠠᠶᠢᠨ᠎ᠠ᠃ | ᠣᠳᠣᠬᠠᠨ ᠤ ᠪᠠ ᠠᠯᠤᠰ ᠬᠡᠲᠦ ᠶᠢᠨ ᠬᠠᠷᠢᠴᠠᠭ᠎ᠠ ᠶᠢ ᠰᠠᠶᠢᠲᠤᠷ ᠵᠣᠬᠢᠴᠠᠭᠤᠯᠬᠤ ᠬᠡᠷᠡᠭᠲᠡᠢ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠪᠣᠯ ᠠᠵᠤ ᠠᠬᠤᠢ | ᠨᠡᠶᠢᠭᠡᠮ ᠤᠨ ᠪᠦᠬᠦ ᠲᠠᠯ᠎ᠠ ᠪᠠᠷ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠨᠢᠭᠡᠨ ᠤᠳᠠᠭᠠᠨ ᠤ | ᠬᠤᠪᠢᠰᠤᠯᠲᠠ ᠮᠥᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠣᠳᠣᠯᠬᠢᠯᠠᠬᠤ ᠶᠡᠭᠡ ᠪᠣᠳᠣᠯᠭ᠎ᠠ | ᠮᠥᠨ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢᠨ ᠳᠣᠲᠣᠭᠠᠳᠤ ᠱᠠᠭᠠᠷᠳᠠᠯᠭ᠎ᠠ | ᠮᠥᠨ᠂ ᠡᠯ᠎ᠡ ᠭᠠᠵᠠᠷ ᠣᠷᠣᠨ ᠤ ᠬᠢᠨ ᠲᠡᠦᠬᠡ ᠶᠢᠨ ᠬᠦᠯᠢᠴᠡᠩᠭᠦᠢ ᠪᠠᠶᠢᠵᠤ᠂ ᠠᠯᠤᠰ ᠢᠷᠡᠭᠡᠳᠦᠢ ᠶᠢ ᠲᠥᠯᠥᠪᠯᠡᠨ᠂ | ᠣᠳᠣᠬᠠᠨ ᠳᠠᠭᠠᠨ ᠠᠵᠢᠯᠯᠠᠬᠤ ᠬᠡᠷᠡᠭᠲᠡᠢ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠪᠠᠲᠤᠯᠠᠵᠤ ᠂ ᠳᠠᠷᠤᠯᠲᠠ ᠶᠢ ᠲᠤᠯᠵᠤ ᠡᠪᠡᠷᠰᠢᠶᠡᠯ ᠢ ᠲᠡᠰᠪᠦᠷᠢᠯᠡᠨ ᠂ ᠠᠮᠢ ᠠᠬᠤᠢ ᠶᠢᠨ ᠣᠷᠴᠢᠨ | ᠲᠣᠭᠤᠷᠢᠨ ᠢ ᠦᠷᠡᠭᠳᠡᠭᠦᠯᠵᠦ ᠪᠠᠶᠢᠭᠠᠳ ᠲᠦᠷ ᠴᠠᠭ ᠤᠨ ᠨᠢᠭᠡ ᠭᠠᠵᠠᠷ ᠤᠨ ᠠᠵᠤ ᠠᠬᠤᠢ ᠶᠢᠨ ᠨᠡᠮᠡᠭᠳᠡᠯ ᠢ ᠰᠣᠯᠢᠵᠤ | ᠠᠪᠴᠢᠷᠠᠬᠤ ᠣᠬᠤᠷ ᠬᠠᠷᠠᠭᠠᠲᠤ ᠠᠷᠭ᠎ᠠ ᠬᠢᠳᠡᠯ ᠢ ᠡᠷᠡᠰ ᠲᠠᠶᠠᠭᠳᠠᠵᠤ ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ | ᠬᠡᠲᠦᠷᠬᠡᠢ ᠲᠦᠰᠢᠭᠯᠡᠬᠦ᠂ ᠡᠬᠢ ᠪᠠᠶᠠᠯᠢᠭ ᠤᠨ ᠬᠤᠷᠣᠭᠳᠠᠯ ᠢᠶᠠᠷ ᠠᠵᠤ ᠦᠢᠯᠡᠰ ᠤᠨ ᠬᠥᠭᠵᠢᠯᠲᠡ ᠶᠢ ᠲᠦᠯᠬᠢᠨ | ᠠᠬᠢᠭᠤᠯᠬᠤ ᠵᠣᠬᠢᠰ ᠦᠭᠡᠢ ᠠᠷᠭ᠎ᠠ ᠬᠢᠳᠡᠯ ᠢ ᠡᠷᠡᠰ ᠲᠠᠶᠠᠭᠳᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ | ᠭᠠᠳᠠᠭᠰᠢᠯᠠᠭᠤᠯᠤᠯᠲᠠ ᠶᠡᠬᠡᠲᠡᠢ ᠵᠦᠢᠯᠡᠰ ᠢ ᠡᠷᠡᠰ ᠴᠢᠩᠭ᠎ᠠ ᠬᠢᠵᠠᠭᠠᠷᠯᠠᠵᠤ᠂ ᠬᠤᠴᠤᠷᠤᠩᠭᠤᠢ ᠪᠠ ᠦᠯᠡᠭᠦᠳᠡᠭᠰᠡᠨ | ᠦᠢᠯᠡᠳᠪᠦᠷᠢᠯᠡᠬᠦ ᠴᠢᠳᠠᠪᠤᠷᠢ ᠶᠢ ᠡᠷᠡᠰ ᠭᠡᠭᠡᠭᠳᠡᠭᠦᠯᠵᠦ᠂ ᠬᠡᠷᠡᠭᠯᠡᠵᠦ ᠪᠣᠯᠬᠤ ᠡᠳ᠋ ᠤᠨ ᠬᠦᠴᠦᠨ ᠢ ᠬᠠᠶᠢᠬᠤᠷᠬᠤ | ᠦᠭᠡᠢ ᠪᠠᠷ ᠬᠡᠲᠦᠷᠬᠡᠢ ᠵᠢᠭᠡᠯᠡᠯᠭᠡ ᠠᠪᠴᠤ ᠪᠦᠲᠦᠭᠡᠨ ᠪᠠᠶᠢᠭᠤᠯᠤᠯᠲᠠ ᠬᠢᠬᠦ᠂ ᠠᠵᠤ ᠦᠢᠯᠡᠰ ᠤᠨ ᠰᠠᠭᠤᠷᠢ ᠶᠢ | ᠬᠠᠶᠢᠬᠤᠷᠬᠤ ᠦᠭᠡᠢ ᠪᠠᠷ ᠰᠣᠬᠤᠷ ᠪᠠᠯᠠᠢ ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠲᠦᠭᠡᠨ ᠪᠠᠶᠢᠭᠤᠯᠬᠤ | ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠥᠨᠳᠥᠷ ᠲᠦᠪᠰᠢᠨ ᠤ ᠬᠠᠮᠠᠭᠠᠯᠠᠯᠲᠠ ᠶᠢ ᠪᠡᠶᠡᠯᠡᠭᠦᠯᠬᠦ ᠬᠡᠷᠡᠭᠲᠡᠢ᠃ | ᠨᠣᠭᠤᠭᠠᠷᠠᠭᠤᠯᠬᠤ ᠲᠠᠯᠠᠪᠠᠢ ᠶᠢ ᠥᠷᠭᠡᠳᠬᠡᠬᠦ ᠱᠠᠭᠠᠷᠳᠠᠯᠭ᠎ᠠ ᠶᠣᠰᠣᠭᠠᠷ᠂ ᠨᠣᠭᠤᠭᠠᠷᠠᠭᠤᠯᠬᠤ ᠪᠠ ᠠᠷᠠᠴᠢᠯᠠᠨ | ᠬᠠᠮᠠᠭᠠᠯᠠᠬᠤ ᠣᠷᠣᠭᠤᠯᠤᠯᠲᠠ ᠶᠢ ᠨᠡᠮᠡᠭᠳᠡᠭᠦᠯᠦᠨ᠂ ᠠᠭᠤᠯᠠ ᠤᠰᠤ ᠤᠢ ᠲᠠᠷᠢᠶ᠎ᠠ ᠨᠠᠭᠤᠷ ᠨᠠᠭᠤᠷ ᠡᠪᠡᠰᠦ ᠡᠯᠡᠰᠦ ᠶᠢ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠦᠷᠭᠦᠯᠵᠢᠯᠡᠬᠦ ᠬᠥᠭᠵᠢᠯᠲᠡ ᠳᠤ | ᠪᠠᠲᠤ ᠪᠠᠬᠢ ᠠᠮᠢ ᠠᠬᠤᠢ ᠶᠢᠨ ᠰᠠᠭᠤᠷᠢ ᠶᠢ ᠰᠠᠶᠢᠲᠤᠷ ᠲᠠᠯᠪᠢᠵᠤ᠂ ᠠᠵᠤ ᠠᠬᠤᠢ ᠨᠡᠶᠢᠭᠡᠮ ᠤᠨ ᠠᠯᠤᠰ ᠬᠡᠳᠤ ᠶᠢᠨ | ᠬᠥᠭᠵᠢᠯᠲᠡ ᠳᠤ ᠵᠠᠮ ᠳᠡᠪᠢᠰᠴᠦ ᠥᠭᠭᠦᠨ᠎ᠡ᠃ | ᠴᠢᠨᠠᠷ ᠰᠠᠶᠢᠲᠠᠢ ᠬᠥᠭᠵᠢᠯᠲᠡ ᠪᠣᠯᠣᠨ ᠬᠠᠮᠲᠤ ᠪᠠᠷ ᠴᠢᠨᠡᠭᠡᠯᠢᠭᠵᠢᠬᠦ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠬᠡᠷᠡᠭᠲᠡᠢ | ᠠᠷᠠᠳ ᠲᠦᠮᠡᠨ ᠢ ᠲᠠᠶᠢᠴᠢᠯᠠᠨ ᠰᠠᠶᠢᠨ ᠰᠠᠶᠢᠬᠠᠨ ᠠᠮᠢᠳᠤᠷᠠᠯ ᠢ ᠲᠠᠰᠤᠷᠠᠯᠳᠠ ᠦᠭᠡᠢ ᠴᠣᠭᠴᠠᠯᠠᠬᠤ ᠪᠣᠯ | ᠳᠤᠮᠳᠠᠳᠤ ᠤᠯᠤᠰ ᠤᠨ ᠡᠪ ᠬᠠᠮᠲᠤᠴᠤᠳ ᠤᠨ ᠬᠤᠪᠢᠷᠠᠰᠢ ᠦᠭᠡᠢ ᠬᠥᠭᠡᠭᠡᠴᠡᠯᠳᠦᠯ ᠮᠥᠨ᠃ ᠮᠠᠨ ᠤ ᠤᠯᠤᠰ ᠤᠨ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠲᠡᠰᠦᠷᠡᠯᠳᠠ ᠤᠶᠢᠭᠡᠢ ᠲᠡᠪᠰᠢᠬᠤ ᠶᠢ ᠳᠠᠭᠠᠯᠳᠤᠨ᠂ ᠠᠷᠠᠳ | ᠤᠯᠡᠠ ᠤ ᠬᠠᠮᠲᠤ ᠪᠠᠷ ᠴᠢᠨᠡᠭᠡᠯᠢᠭᠵᠢᠬᠦ ᠱᠠᠭᠠᠷᠳᠠᠯᠭ᠎ᠠ ᠤᠯᠠᠮ ᠠᠴᠠ ᠤᠯᠠᠮ ᠴᠢᠩᠭ᠎ᠠ ᠪᠣᠯᠵᠤ ᠪᠠᠶᠢᠨ᠎ᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ | ᠲᠥᠪ ᠬᠤᠷᠢᠶ᠎ᠠ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠶᠢ ᠠᠯᠬᠤᠮ ᠠᠯᠬᠤᠮ ᠢᠶᠠᠷ | ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠲᠦᠯᠬᠢᠨ | ᠠᠬᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠰᠢᠭᠤᠳ ᠨᠡᠩ | ᠭᠤᠣᠯᠴᠢ ᠪᠠᠷ ᠬᠦᠷᠲᠡᠭᠡᠬᠦ ᠪᠠᠷ ᠴᠢᠷᠮᠠᠶᠢᠬᠤ ᠶᠢ ᠱᠠᠭᠠᠷᠳᠠᠪᠠ᠃ ︽ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ | ᠵᠠᠮᠨᠠᠬᠤ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠬᠡᠷᠡᠭᠲᠡᠢ | ︾ ︽ᠴᠢᠨᠠᠷ ᠰᠠᠶᠢᠲᠠᠢ ᠬᠥᠭᠵᠢᠯᠲᠡ ᠶᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ︾᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠴᠢᠨᠠᠷ | ᠰᠠᠶᠢᠲᠠᠢ ᠬᠥᠭᠵᠢᠯᠲᠡ ᠶᠢᠨ ᠠᠩᠬᠠᠷᠤᠯ ᠤᠨ ᠴᠡᠭ᠂ ᠡᠬᠢᠯᠡᠯᠲᠡ ᠶᠢᠨ ᠴᠡᠭ᠂ ᠲᠤᠰᠤᠯᠲᠠ ᠶᠢᠨ ᠴᠡᠭ᠂ ᠳᠠᠷᠤᠢ | ᠬᠠᠮᠲᠤ ᠪᠠᠷ ᠴᠢᠨᠡᠭᠡᠯᠢᠭᠵᠢᠬᠦ ᠪᠣᠯ ᠴᠢᠨᠠᠷ ᠰᠠᠶᠢᠲᠠᠢ ᠬᠥᠭᠵᠢᠯᠲᠡ ᠶᠢᠨ ᠰᠡᠳᠦᠪ ᠲᠠᠬᠢ ᠪᠠᠶᠢᠪᠠᠰᠤ ᠵᠣᠬᠢᠬᠤ | ᠠᠭᠤᠯᠭ᠎ᠠ ᠶᠢ ᠲᠣᠳᠣᠷᠬᠠᠢ ᠬᠠᠷᠠᠭᠤᠯᠵᠠᠢ᠃ ᠭᠠᠭᠴᠠᠬᠦ ᠠᠷᠠᠳ ᠤᠯᠠᠨ ᠳᠤ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤᠪᠠᠷ ᠡᠳ᠋ᠯᠡᠭᠦᠯᠪᠡᠯ ᠰᠠᠢᠢ ᠲᠡᠳᠡᠨ ᠤ ᠢᠳᠡᠪᠬᠢᠵᠢᠯ ᠪᠣᠯᠣᠨ ᠪᠦᠲᠦᠭᠡᠯᠴᠢ ᠴᠢᠳᠠᠪᠤᠷᠢ ᠶᠢ ᠨᠡᠩ ᠥᠷᠭᠡᠨ | ᠳᠡᠯᠭᠡᠷᠡᠩᠭᠦᠢ ᠪᠠᠷ ᠬᠥᠭᠵᠢᠭᠡᠵᠦ᠂ ᠡᠭᠦᠨ ᠤ ᠤᠯᠠᠮ ᠠᠴᠠ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠵᠤ ᠴᠢᠳᠠᠨ᠎ᠠ᠃ | |