ᠪᠠᠷᠠᠭᠤᠨ ᠣᠷᠣᠨ ᠤ ᠲᠥᠯᠥᠪᠯᠡᠭᠡ ᠶᠢᠨ 1053 ᠰᠠᠶᠢᠨ ᠳᠤᠷ᠎ᠠ ᠶᠢᠨ ᠠᠵᠢᠯᠯᠠᠭᠴᠢ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ ᠲᠤ ᠣᠴᠢᠪᠠ
ᠨᠡᠶᠢᠲᠡᠯᠡᠭᠰᠡᠨ ᠴᠠᠭ᠄
2022/8/2
      7 ᠳ᠋ᠤᠭᠠᠷ ᠰᠠᠷ᠎ᠠ ᠶᠢᠨ 29 ᠤ ᠡᠳᠦᠷ ᠂ 2022 ᠣᠨ ᠤ ᠥᠪᠥᠷ ᠮᠣᠩᠭᠤᠯ ᠤᠨ ᠣᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠰᠠᠶᠢᠨ ᠳᠤᠷ᠎ᠠ ᠶᠢᠨ ᠠᠵᠢᠯᠯᠠᠭᠴᠢᠳ ᠤᠨ ᠠᠶᠠᠨ ᠲᠡᠶᠢᠨ ᠳᠤ ᠮᠣᠷᠳᠠᠬᠤ ᠶᠣᠰᠣᠯᠠᠯ ᠬᠥᠬᠡᠬᠤᠲᠠ ᠳᠤ ᠶᠠᠪᠤᠭᠳᠠᠵᠤ ᠂ 1053 ᠰᠠᠶᠢᠨ ᠳᠤᠷ᠎ᠠ ᠶᠢᠨ ᠠᠵᠢᠯᠯᠠᠭᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠳᠤ ᠬᠦᠷᠴᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠪᠡ ᠃      ︽ᠥᠪᠥᠷ ᠮᠣᠩᠭᠤᠯ ᠪᠣᠯ ᠮᠢᠨᠤ ᠬᠤᠶᠠᠳᠤᠭᠠᠷ ᠨᠤᠲᠤᠭ ᠮᠥᠨ᠂ ᠪᠢᠳᠡ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠠᠮᠠᠯᠠᠯᠲᠠ ᠪᠠᠨ ᠦᠢᠯᠡᠳᠦᠯᠭᠡᠵᠢᠭᠦᠯᠵᠦ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ︾᠃ ᠭᠡᠵᠦ ᠪᠡᠭᠡᠵᠢᠩ ᠶᠡᠭᠡ ᠰᠤᠷᠭᠠᠭᠤᠯᠢ ᠶᠢᠨ 2022 ᠣᠨ ᠤ ᠪᠠᠷᠠᠭᠤᠨ ᠣᠷᠣᠨ ᠤ ᠲᠥᠯᠥᠪᠯᠡᠭᠡ ᠶᠢᠨ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢ ᠵᠧᠩ ᠹᠠᠩ ᠢ ᠬᠡᠯᠡᠪᠡ᠃      ᠣᠶᠢᠯᠠᠭᠠᠭᠰᠠᠨ ᠢᠶᠠᠷ ᠂ 2022 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ 1053 ᠬᠥᠮᠥᠨ ᠢ ᠰᠢᠨ᠎ᠡ ᠪᠠᠷ ᠡᠯᠰᠡᠪᠡ᠂ ᠡᠭᠦᠨ ᠳᠤ ᠪᠥᠬᠦ ᠤᠯᠤᠰ ᠤᠨ ᠲᠥᠷᠥᠯ ᠵᠦᠢᠯ ᠤᠨ ᠰᠠᠶᠢᠨ ᠳᠤᠷ᠎ᠠ ᠶᠢᠨ ᠠᠵᠢᠯᠯᠠᠭᠴᠢ 400 ᠬᠥᠮᠥᠨ᠂ ︽  ᠣᠶᠤᠲᠠᠳ ᠤᠨ ᠰᠠᠶᠢᠨ ᠳᠤᠷ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠲᠥᠯᠥᠪᠯᠡᠭᠡ︾ ᠶᠢᠨ ᠪᠠᠷᠠᠭᠤᠨ ᠣᠷᠣᠨ ᠤ ᠲᠥᠯᠥᠪᠯᠡᠭᠡ ᠶᠢᠨ ᠥᠪᠥᠷ ᠮᠣᠩᠭᠤᠯ ᠤᠨ ᠣᠷᠣᠨ ᠨᠤᠲᠤᠭ ᠤᠨ ᠲᠥᠷᠥᠯ ᠵᠦᠢᠯ ᠤᠨ ᠰᠠᠶᠢᠨ ᠳᠤᠷ᠎ᠠ ᠶᠢᠨ ᠠᠵᠢᠯᠯᠠᠭᠴᠢ      ᠣᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠶᠢᠨ ᠲᠥᠷᠥᠯ ᠵᠦᠢᠯ ᠢ 2003 ᠣᠨ ᠳᠤ ᠥᠪᠥᠷ ᠮᠣᠩᠭᠤᠯ ᠳᠤ ᠬᠡᠷᠡᠭᠵᠢᠭᠦᠯᠦᠭᠰᠡᠨ ᠠᠴᠠ ᠨᠠᠰᠢ ᠂ ᠨᠡᠶᠢᠲᠡ 1.2 ᠲᠦᠮᠡ ᠭᠠᠷᠤᠢ ᠰᠠᠶᠢᠨ ᠳᠤᠷ᠎ᠠ ᠶᠢᠨ ᠠᠵᠢᠯᠯᠠᠭᠴᠢ᠂ 6000 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠦᠢᠯᠡᠴᠢᠯᠡᠭᠡᠨ ᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠥᠪᠥᠷ ᠮᠣᠩᠭᠤᠯ ᠳᠤ ᠦᠨᠳᠦᠰᠦᠯᠡᠵᠦ ᠂ ᠥᠪᠥᠷ ᠮᠣᠩᠭᠤᠯ ᠢ ᠪᠦᠲᠦᠭᠡᠨ ᠪᠠᠶᠢᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号