ᠥᠪᠥᠷ ᠮᠣᠩᠭᠤᠯ ᠄ ᠰᠣᠷᠣᠭᠴᠢ ᠶᠢ ᠲᠤᠰᠠᠯᠠᠬᠤ ᠵᠠᠷᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2022/8/22
      ᠣᠳᠣᠬᠠᠨ ᠳᠤ ᠂ ᠥᠪᠥᠷ ᠮᠣᠩᠭᠤᠯ ᠨᠢᠭᠡᠨᠲᠡ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠨᠡᠶᠢᠳᠡᠮ ᠬᠠᠮᠤᠷᠤᠭᠰᠠᠨ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠪᠠ ᠃ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠲᠠᠰᠤᠷᠠᠯᠲᠠ ᠦᠭᠡᠢ ᠲᠡᠭᠦᠯᠳᠡᠷᠵᠢᠨ ᠲᠡᠭᠦᠯᠳᠡᠷᠵᠢᠬᠦ ᠶᠢ ᠳᠠᠭᠠᠯᠳᠤᠨ ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠴᠦ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠵᠤ ᠪᠠᠶᠢᠨ᠎ᠠ᠃      ᠪᠡᠯᠡ ᠮᠥᠩᠭᠦ ᠶᠢ ᠨᠠᠶᠢᠳᠠᠪᠤᠷᠢᠵᠢᠭᠤᠯᠬᠤ ᠲᠠᠯ᠎ᠠ ᠪᠠᠷ ᠂ ᠰᠣᠷᠣᠭᠴᠢ ᠶᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠠᠷᠢᠴᠠᠩᠭᠤᠢ ᠪᠠᠷ ᠪᠡᠶ᠎ᠡ ᠪᠠᠨ ᠳᠠᠭᠠᠭᠠᠭᠰᠠᠨ ᠪᠦᠷᠢᠨ ᠪᠦᠲᠦᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠣᠯᠭᠠᠵᠤ ᠂ ᠲᠡᠭᠦᠨ ᠢ ᠶᠡᠷᠦᠩᠬᠡᠢ ᠳᠤᠨᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠬᠤ ᠶᠢᠨ ᠬᠠᠮᠲᠤ ᠂ ᠪᠣᠳᠠᠲᠠᠢ ᠵᠦᠢᠯᠡᠰ ᠤᠨ ᠶᠣᠰᠣᠭᠠᠷ ᠨᠠᠷᠢᠯᠢᠭᠵᠢᠭᠤᠯᠵᠤ ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠭᠤᠴᠠᠯᠭ᠎ᠠ ᠶᠢ ᠲᠣᠳᠣᠷᠬᠠᠶᠢᠯᠠᠪᠠ ᠃ ᠡᠯ᠎ᠡ ᠱᠠᠲᠤᠨ ᠤ ᠡᠳ᠋ ᠤᠨ ᠵᠠᠰᠠᠭ ᠨᠢ ᠲᠥᠰᠥᠯ ᠳᠤ ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠢᠩᠭ᠎ᠠ ᠦᠨᠳᠦᠰᠦᠯᠡᠨ ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠰᠣᠷᠣᠭᠴᠢ ᠶᠢ ᠲᠤᠰᠠᠯᠠᠬᠤ ᠵᠠᠷᠤᠳᠠᠯ ᠢ ᠭᠦᠢᠴᠡᠳ ᠲᠤᠭ᠎ᠠ ᠪᠠᠷ ᠲᠣᠬᠢᠷᠠᠭᠤᠯᠬᠤ ᠬᠡᠷᠡᠭᠲᠡᠢ ᠃ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠠᠯ᠎ᠠ ᠪᠠᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠰᠤᠷᠭᠠᠨ ᠬᠥᠮᠦᠵᠢᠯ ᠤᠨ ᠲᠢᠩᠬᠢᠮ ᠨᠢ ᠡᠯ᠎ᠡ ᠭᠠᠵᠠᠷ ᠡᠯ᠎ᠡ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠂ ᠬᠤᠪᠢᠶᠠᠷᠢᠯᠠᠯᠲᠠ ᠶᠢᠨ ᠬᠦᠴᠦᠨ ᠵᠦᠢᠯ ᠵᠢᠴᠢ ᠡᠵᠡᠯᠡᠬᠦ ᠬᠠᠷᠢᠴᠠᠯ ᠢ ᠵᠦᠢ ᠵᠣᠬᠢᠰᠲᠠᠢ ᠲᠣᠭᠲᠠᠭᠠᠵᠤ ᠂ ᠤᠯᠤᠰ ᠂ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ ᠠᠩᠬᠠᠨ ᠤ ᠵᠣᠷᠢᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠷᠢᠯᠢᠭ ᠣᠨᠣᠴᠠᠲᠠᠢ ᠪᠠᠷ ᠬᠤᠪᠢᠶᠠᠷᠢᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠷᠠᠭᠤᠯᠪᠠ ᠃ ᠪᠡᠯᠡ ᠮᠥᠩᠭᠦ ᠰᠢᠯᠵᠢᠭᠦᠯᠦᠨ ᠥᠭᠬᠦ ᠲᠠᠯ᠎ᠠ ᠪᠠᠷ ᠂ 2021 ᠣᠨ  ᠠᠴᠠ ᠡᠬᠢᠯᠡᠨ ᠂ ᠡᠳ᠋ ᠤᠨ ᠵᠠᠰᠠᠭ ᠤᠨ ᠶᠠᠮᠤᠨ  ᠠᠴᠠ ᠰᠣᠷᠣᠭᠴᠢ ᠶᠢ ᠲᠤᠰᠠᠯᠠᠬᠤ ᠪᠡᠯᠡ ᠮᠥᠩᠭᠦ ᠶᠢ ᠰᠢᠭᠤᠳ ᠬᠦᠷᠭᠡᠬᠦ ᠪᠡᠯᠡ ᠮᠥᠩᠭᠦ ᠶᠢᠨ ᠬᠠᠮᠢᠶᠠᠷᠤᠯᠲᠠ ᠳᠤ ᠣᠷᠣᠭᠤᠯᠤᠨ᠎ᠠ ᠃ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠰᠢᠭᠤᠳ ᠬᠤᠰᠢᠭᠤ ᠰᠢᠶᠠᠨ ᠤ ᠤ ᠵᠠᠰᠠᠭ  ᠤᠨ ᠣᠷᠳᠣᠨ ᠳᠤ ᠪᠠᠭᠤᠯᠭᠠᠨ᠎ᠠ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠪᠡᠯᠡ ᠮᠥᠩᠭᠦ ᠶᠢ ᠬᠡᠷᠡᠭᠯᠡᠭᠰᠡᠨ ᠤ ᠳᠠᠷᠠᠭ᠎ᠠ ᠂ ᠲᠤᠭ᠎ᠠ ᠪᠠᠷᠢᠮᠲᠠ ᠪᠠᠨ ᠰᠢᠭᠤᠳ ᠬᠦᠷᠬᠦ ᠪᠡᠯᠡ ᠮᠥᠩᠭᠦ ᠶᠢᠨ ᠬᠢᠨᠠᠨ ᠡᠵᠡᠮᠳᠡᠬᠦ ᠰᠢᠰᠲ᠋ᠧᠮ ᠳᠤ ᠮᠡᠳᠡᠭᠦᠯᠵᠦ ᠂ ᠲᠣᠰ ᠬᠢᠨᠠᠨ ᠡᠵᠡᠮᠳᠡᠬᠦ ᠰᠢᠰᠲ᠋ᠧᠮ ᠳᠤ ᠲᠦᠰᠢᠭᠯᠡᠨ ᠂ ᠥᠪᠡᠷᠲᠡᠭᠡᠨ ᠵᠠᠰᠠᠬᠤ ᠣᠷᠣᠨ  ᠠᠴᠠ ᠡᠯ᠎ᠡ ᠠᠶᠢᠮᠠᠭ ᠬᠤᠲᠠ ᠂ ᠬᠤᠰᠢᠭᠤ ᠰᠢᠶᠠᠨ ᠤ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠵᠢᠭᠦᠯᠦᠨ ᠠᠪᠴᠤ ᠂ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠥᠷᠨᠢᠭᠦᠯᠵᠦ ᠪᠣᠯᠣᠨ᠎ᠠ ᠃      ᠪᠦᠷᠢᠳᠬᠡᠯ ᠢ ᠦᠨᠳᠦᠰᠦᠯᠡᠪᠡᠯ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ  ᠠᠴᠠ ᠨᠠᠰᠢ ᠂ ᠥᠪᠥᠷ ᠮᠣᠩᠭᠤᠯ ᠡᠯ᠎ᠡ ᠱᠠᠲᠤᠨ ᠤ ᠡᠯ᠎ᠡ ᠲᠥᠷᠥᠯ ᠤᠨ ᠰᠣᠷᠣᠭᠴᠢ ᠶᠢ ᠲᠤᠰᠠᠯᠠᠬᠤ ᠪᠡᠯᠡ ᠮᠥᠩᠭᠦ ᠶᠢ ᠨᠡᠶᠢᠲᠡ 418.1 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ ᠂ 4579 ᠲᠦᠮᠡᠨ ᠰᠣᠷᠣᠭᠴᠢ ᠶᠢ ᠲᠤᠰᠠᠯᠠᠭᠰᠠᠨ ᠪᠠᠶᠢᠨ᠎ᠠ ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号