ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢ ᠣᠨᠴᠠᠭᠠᠢ ᠳᠡᠮᠵᠢᠨ ᠲᠤᠰᠠᠯᠠᠬᠤ ᠳᠦᠷᠢᠮ ᠤᠨ ᠳᠡᠮᠵᠢᠨ ᠲᠤᠰᠠᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2022/8/22
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ      ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ‌ᠵᠥ᠋ᠪᠯᠡᠯ      ᠲᠥᠯᠥᠪᠯᠡᠭᠡ ᠲᠠᠢ ᠪᠠᠷ ᠬᠡᠦᠬᠡᠳ ᠠᠪᠬᠤ ᠣᠨᠴᠠᠭᠠᠢ ᠭᠡᠷ ᠪᠦᠯᠢ ᠶᠢ ᠲᠣᠬᠢᠷᠠᠭᠤᠯᠬᠤ ᠲᠤᠬᠠᠢ      ᠲᠡᠳᠬᠦᠨ ᠲᠤᠰᠠᠯᠠᠬᠤ ᠲᠤᠰᠬᠠᠢ ᠳᠦ᠋ᠷᠢᠮ᠂ ᠲᠡᠳᠬᠦᠨ ᠲᠤᠰᠠᠯᠠᠬᠤ ᠪᠠᠷᠢᠮᠵᠢᠶ᠎ᠠ ᠶᠢᠨ ᠲᠤᠬᠠᠢ ᠮᠡᠳᠡᠭᠳᠡᠯ      ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂  ᠮᠠᠨᠵᠤᠤᠷ ᠂ ᠡᠷᠢᠶᠡᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠄      ︽  ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︾ ᠪᠠ ︽  ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠣᠨᠴᠠᠭᠠᠶ ᠳᠡᠮᠵᠢᠨ ᠲᠤᠰᠠᠯᠠᠬᠤ ᠳᠦᠷᠢᠮ ᠤᠨ ᠳᠡᠮᠵᠢᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ ︾ ︵  ᠡᠳ᠋ ᠤᠨ ᠵᠠᠰᠠᠭ ᠬᠤᠷᠢᠶ᠎ᠠ ﹇2022﹈ 49 ᠲᠣᠭᠠᠲᠤ ︶ ᠢ ᠦᠨᠳᠦᠰᠦᠯᠡᠪᠡᠯ ᠂ ᠰᠤᠳᠤᠯᠬᠤ ᠪᠠᠷ ᠳᠡᠮᠵᠢᠨ ᠂ 2022 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠣᠨᠴᠠᠭᠠᠶ ᠲᠡᠳᠬᠦᠨ ᠳᠡᠮᠵᠢᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠲᠣᠭᠲᠠᠪᠠ ᠂ ᠡᠳᠦᠭᠡ ᠬᠤᠯᠪᠣᠭᠳᠠᠯ ᠪᠦᠬᠦᠢ ᠵᠦᠢᠯᠡᠰ ᠢ  ᠲᠠᠷᠠᠭᠠᠬᠢ ᠮᠡᠲᠦ ᠮᠡᠳᠡᠭᠳᠡᠶ᠎ᠡ ᠄      ᠨᠢᠭᠡ᠂ ᠦᠷ᠎ᠡ ᠶᠢᠨ ᠭᠠᠭᠴᠠ ᠬᠡᠦᠬᠡᠳ ᠨᠢ ᠦᠬᠦᠭᠰᠡᠨ ᠭᠡᠷ ᠪᠦᠯᠢ ᠶᠢ ᠲᠡᠳᠬᠦᠬᠦ ᠣᠨᠴᠠᠭᠠᠶ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 655 ᠲᠥᠭᠦᠷᠢᠭ ᠪᠠᠶᠢᠭᠰᠠᠨ ᠠᠴᠠ ᠨᠢ ᠬᠥᠮᠥᠨ ᠪᠦᠷᠢ ᠰᠠᠷ᠎ᠠ ᠳᠤ 795 ᠲᠥᠭᠦᠷᠢᠭ ᠪᠣᠯᠭᠠᠨ ᠳᠡᠭᠡᠭᠰᠢᠯᠡᠭᠦᠯᠵᠦ᠂ ᠦᠷ᠎ᠡ ᠶᠢᠨ ᠭᠠᠭᠴᠠ ᠬᠡᠦᠬᠡᠳ ᠨᠢ ᠭᠡᠮᠲᠦᠭᠰᠡᠨ ᠭᠡᠷ ᠪᠦᠯᠢ ᠶᠢ ᠲᠡᠳᠬᠦᠬᠦ ᠣᠨᠴᠠᠭᠠᠶ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 520 ᠲᠥᠭᠦᠷᠢᠭ ᠪᠠᠶᠢᠭᠰᠠᠨ ᠠᠴᠠ ᠨᠢ ᠬᠥᠮᠥᠨ ᠪᠦᠷᠢ ᠰᠠᠷ᠎ᠠ ᠳᠤ 630 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃      ᠬᠤᠶᠠᠷ᠂ ᠨᠢᠭᠡᠳᠦᠭᠡᠷ ᠳᠡᠰ ᠤᠨ ᠲᠥᠯᠥᠪᠯᠡᠭᠡ ᠲᠠᠢ ᠪᠠᠷ ᠬᠡᠦᠬᠡᠳ ᠠᠪᠬᠤ ᠮᠡᠰᠡ ᠵᠠᠰᠠᠯ ᠤᠨ ᠳᠠᠪᠬᠤᠴᠠᠭᠰᠠᠨ ᠡᠪᠡᠳᠴᠢᠨ ᠲᠠᠢ ᠬᠥᠮᠥᠰ ᠤᠨ ᠣᠨᠴᠠᠭᠠᠶ ᠲᠡᠳᠬᠦᠨ ᠲᠤᠰᠠᠯᠠᠬᠤ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 400 ᠲᠥᠭᠦᠷᠢᠭ ᠪᠠᠶᠢᠭᠰᠠᠨ ᠠᠴᠠ ᠨᠢ ᠳᠡᠭᠡᠭᠰᠢᠯᠡᠭᠦᠯᠦᠭᠡᠳ ᠬᠥᠮᠥᠨ ᠪᠦᠷᠢ ᠰᠠᠷ᠎ᠠ ᠳᠤ 520 ᠲᠥᠭᠦᠷᠢᠭ ᠪᠣᠯᠭᠠᠨ᠎ᠠ; ᠬᠤᠶᠠᠳᠤᠭᠠᠷ ᠳᠡᠰ ᠤᠨ ᠲᠥᠯᠥᠪᠯᠡᠭᠡᠲᠦ ᠦᠷᠡᠵᠢᠯ ᠤᠨ ᠮᠡᠰᠡ ᠵᠠᠰᠠᠯ ᠤᠨ ᠳᠠᠪᠬᠤᠴᠠᠭᠰᠠᠨ ᠡᠪᠡᠳᠴᠢᠨ ᠲᠠᠢ ᠬᠥᠮᠥᠰ ᠤᠨ ᠣᠨᠴᠠᠭᠠᠶ ᠲᠡᠳᠬᠦᠨ ᠳᠡᠮᠵᠢᠬᠦ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 300 ᠲᠥᠭᠦᠷᠢᠭ ᠪᠠᠶᠢᠭᠰᠠᠨ ᠠᠴᠠ ᠬᠥᠮᠥᠨ ᠪᠦᠷᠢ ᠰᠠᠷ᠎ᠠ ᠳᠤ 390 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ ︔ ᠭᠤᠷᠪᠠᠳᠤᠭᠠᠷ ᠳᠡᠰ ᠤᠨ ᠲᠥᠯᠥᠪᠯᠡᠭᠡᠲᠦ ᠦᠷᠡᠵᠢᠯ ᠤᠨ ᠮᠡᠰᠡ ᠵᠠᠰᠠᠯ ᠤᠨ ᠳᠠᠪᠬᠤᠴᠠᠭᠰᠠᠨ ᠡᠪᠡᠳᠴᠢᠨ ᠲᠠᠢ ᠬᠥᠮᠥᠰ ᠤᠨ ᠣᠨᠴᠠᠭᠠᠶ ᠲᠡᠳᠬᠦᠨ ᠳᠡᠮᠵᠢᠬᠦ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 200 ᠲᠥᠭᠦᠷᠢᠭ ᠪᠠᠶᠢᠭᠰᠠᠨ ᠠᠴᠠ ᠬᠥᠮᠥᠨ ᠪᠦᠷᠢ ᠰᠠᠷ᠎ᠠ ᠳᠤ 260 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ ᠃      ᠭᠤᠷᠪᠠ ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭ᠎ᠠ ᠶᠢᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠬᠡᠷᠡᠭᠰᠡᠬᠦ ᠪᠡᠯᠡ ᠮᠥᠩᠭᠦ ᠶᠢ ᠲᠥᠪ ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ  ᠠᠴᠠ ᠲᠠᠰ ᠬᠤᠪᠢᠶᠠᠨ ᠡᠭᠦᠷᠭᠡᠯᠡᠬᠦ ᠬᠠᠷᠢᠴᠠᠯ ᠢᠶᠠᠷ ᠬᠠᠮᠲᠤᠪᠠᠷ ᠡᠭᠦᠷᠭᠡᠯᠡᠬᠦ ᠶᠢᠨ ᠬᠠᠮᠲᠤ ᠣᠨ ᠤ ᠲᠥᠰᠥᠪ ᠲᠤ ᠣᠷᠣᠭᠤᠯᠤᠨ᠎ᠠ ᠃ ᠤᠯᠤᠰ ᠤᠨ ᠪᠠᠷᠢᠮᠵᠢᠶ᠎ᠠ ︵  ᠦᠷ᠎ᠡ ᠶᠢᠨ ᠭᠠᠭᠴᠠ ᠬᠡᠤᠬᠡᠳ ᠨᠢ ᠦᠬᠦᠭᠰᠡᠨ ᠭᠡᠷ ᠪᠦᠯᠢ ᠳᠤ ᠣᠯᠭᠤᠬᠤ ᠣᠨᠴᠠᠭᠠᠶ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 590 ᠲᠥᠭᠦᠷᠢᠭ ᠂ ᠦᠷ᠎ᠡ ᠶᠢᠨ ᠭᠠᠭᠴᠠ ᠬᠡᠤᠬᠡᠳ ᠨᠢ ᠭᠡᠮᠲᠦᠭᠰᠡᠨ ᠭᠡᠷ ᠪᠦᠯᠢ ᠳᠤ ᠣᠯᠭᠤᠬᠤ ᠣᠨᠴᠠᠭᠠᠶ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 460 ᠲᠥᠭᠦᠷᠢᠭ ᠃ ᠨᠢᠭᠡᠳᠦᠭᠡᠷ ᠳᠡᠰ ᠤᠨ ᠲᠥᠯᠥᠪᠯᠡᠭᠡᠲᠦ ᠦᠷᠡᠵᠢᠯ ᠤᠨ ᠮᠡᠰᠡ ᠵᠠᠰᠠᠯ ᠤᠨ ᠳᠠᠪᠬᠤᠴᠠᠭᠰᠠᠨ ᠡᠪᠡᠳᠴᠢᠨ ᠲᠠᠢ ᠬᠥᠮᠥᠰ ᠤᠨ ᠣᠨᠴᠠᠭᠠᠶ ᠳᠡᠮᠵᠢᠨ ᠲᠤᠰᠠᠯᠠᠬᠤ ᠮᠥᠩᠭᠦ ᠶᠢᠨ ᠪᠠᠷᠢᠮᠵᠢᠶ᠎ᠠ  ᠨᠢ ᠬᠥᠮᠥᠨ ᠪᠦᠷᠢ ᠰᠠᠷ᠎ᠠ ᠳᠤ 520 ᠲᠥᠭᠦᠷᠢᠭ ᠪᠣᠯᠣᠨ᠎ᠠ ︔ ᠬᠤᠶᠠᠳᠤᠭᠠᠷ ᠳᠡᠰ ᠤᠨ ᠲᠥᠯᠥᠪᠯᠡᠭᠡᠲᠦ ᠦᠷᠡᠵᠢᠯ ᠤᠨ ᠮᠡᠰᠡ ᠵᠠᠰᠠᠯ ᠤᠨ ᠳᠠᠪᠬᠤᠴᠠᠭᠰᠠᠨ ᠡᠪᠡᠳᠴᠢᠨ ᠲᠠᠢ ᠬᠥᠮᠥᠰ ᠤᠨ ᠣᠨᠴᠠᠭᠠᠶ ᠳᠡᠮᠵᠢᠨ ᠲᠤᠰᠠᠯᠠᠬᠤ ᠮᠥᠩᠭᠦ ᠶᠢᠨ ᠪᠠᠷᠢᠮᠵᠢᠶ᠎ᠠ ᠨᠢ ᠬᠥᠮᠥᠨ ᠪᠦᠷᠢ ᠰᠠᠷ᠎ᠠ ᠳᠤ 390 ᠲᠥᠭᠦᠷᠢᠭ ᠪᠣᠯᠣᠨ᠎ᠠ ︔ ᠭᠤᠷᠪᠠᠳᠤᠭᠠᠷ ᠳᠡᠰ ᠤᠨ ᠲᠥᠯᠥᠪᠯᠡᠭᠡᠲᠦ ᠦᠷᠡᠵᠢᠯ ᠤᠨ ᠮᠡᠰᠡ ᠵᠠᠰᠠᠯ ᠤᠨ ᠳᠠᠪᠬᠤᠴᠠᠭᠰᠠᠨ ᠡᠪᠡᠳᠴᠢᠨ ᠲᠠᠢ ᠬᠥᠮᠥᠰ ᠤᠨ ᠣᠨᠴᠠᠭᠠᠶ ᠲᠡᠳᠬᠦᠨ ᠲᠤᠰᠠᠯᠠᠬᠤ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠳᠤ ᠰᠠᠷ᠎ᠠ ᠳᠤ 260 ᠲᠥᠭᠦᠷᠢᠭ ᠥᠭᠭᠦᠨ᠎ᠡ) ᠶᠢᠨ 80% ᠶᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ; 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠳᠡᠭᠡᠭᠰᠢᠯᠡᠭᠦᠯᠬᠦ ᠪᠠᠷᠢᠮᠵᠢᠶ᠎ᠠ ᠶᠢᠨ ᠬᠡᠰᠡᠭ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ  ᠠᠴᠠ ᠲᠠᠰ ᠬᠤᠪᠢᠶᠠᠨ ᠡᠭᠦᠷᠭᠡᠯᠡᠬᠦ ᠬᠠᠷᠢᠴᠠᠯ ᠢᠶᠠᠷ ᠬᠠᠮᠲᠤᠪᠠᠷ ᠡᠭᠦᠷᠭᠡᠯᠡᠨ᠎ᠡ ᠃ 2022 ᠣᠨ ᠤ 7 ᠳ᠋ᠤᠭᠠᠷ ᠰᠠᠷ᠎ᠠ  ᠠᠴᠠ 12 ᠳ᠋ᠤᠭᠠᠷ ᠰᠠᠷ᠎ᠠ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠡᠯᠡ ᠮᠥᠩᠭᠦ ᠪᠠᠨ ᠨᠡᠮᠡᠭᠳᠡᠭᠦᠯᠦᠭᠰᠡᠨ ᠬᠡᠰᠡᠭ ᠢ ᠨᠢᠭᠡᠨᠲᠡ ᠡᠨᠡ ᠵᠢᠯ ᠤᠨ ᠨᠢᠭᠡᠨᠲᠡ ᠪᠠᠶᠢᠭ᠎ᠠ ᠲᠥᠰᠥᠪ ᠢᠶᠠᠷ ᠳᠠᠮᠵᠢᠭᠤᠯᠤᠨ ᠰᠢᠢᠳᠪᠦᠷᠢᠯᠡᠵᠦ ᠂ ᠠᠶᠢᠮᠠᠭ ᠬᠤᠲᠠ ᠶᠢᠨ ᠪᠡᠯᠡ ᠮᠥᠩᠭᠦ ᠪᠠᠨ ᠨᠡᠮᠡᠭᠳᠡᠭᠦᠯᠦᠭᠰᠡᠨ ᠬᠡᠰᠡᠭ ᠢ ᠠᠯᠢ ᠲᠦᠷᠭᠡᠨ ᠢᠶᠠᠷ ᠢᠵᠢ ᠪᠦᠷᠢᠳᠦᠭᠦᠯᠦᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠨ᠎ᠠ ᠃ ᠡᠯ᠎ᠡ ᠠᠶᠢᠮᠠᠭ ᠬᠤᠲᠠ ᠨᠤᠭᠤᠳ ᠵᠠᠷᠤᠳᠠᠯ ᠤᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ ᠂ ᠲᠣᠬᠢᠷᠠᠭᠤᠯᠤᠭᠰᠠᠨ ᠤ ᠳᠠᠷᠠᠭᠠᠬᠢ ᠪᠠᠷᠢᠮᠵᠢᠶ᠎ᠠ ᠶᠣᠰᠣᠭᠠᠷ ᠣᠨᠴᠣᠭᠤᠢ ᠳᠡᠮᠵᠢᠨ ᠲᠤᠰᠠᠯᠠᠬᠤ ᠮᠥᠩᠭᠦ ᠶᠢ ᠴᠠᠭ ᠲᠤᠬᠠᠢ ᠳᠤᠨᠢ ᠂ ᠲᠤᠭ᠎ᠠ ᠶᠣᠰᠣᠭᠠᠷ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠢ ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      2022 ᠣᠨ ᠤ 8 ᠰᠠᠷ᠎ᠠ ᠶᠢᠨ 15 
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号