ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠤᠨ ᠱᠠᠩᠨᠠᠯ ᠣᠯᠭᠤᠬᠤ ᠶᠣᠰᠣᠯᠠᠯ ᠶᠠᠪᠤᠭᠳᠠᠪᠠ ᠴᠢ᠊ ᠪᠠᠲᠤ ᠬᠤᠷᠠᠯ ᠳᠤ ᠣᠷᠣᠯᠴᠠᠵᠤ ᠱᠠᠩᠨᠠᠯ ᠭᠠᠷᠳᠠᠭᠤᠯᠪᠠ
ᠨᠡᠶᠢᠲᠡᠯᠡᠭᠰᠡᠨ ᠴᠠᠭ᠄
2022/8/25
      8 ᠳ᠋ᠤᠭᠠᠷ ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ  ᠭᠤᠣᠯᠯᠠᠨ ᠡᠷᠭᠢᠯᠡᠭᠰᠡᠨ ︽  ᠴᠥᠩ ᠳ᠋ᠧ ᠱᠠᠨ ᠤ ᠦᠨᠡᠨᠴᠢ ᠰᠢᠳᠤᠷᠭᠤ ᠠᠶᠠᠯᠠᠯ ︾ ᠤᠨ ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠤᠨ ᠱᠠᠩᠨᠠᠯ ᠣᠯᠭᠤᠬᠤ ᠶᠣᠰᠣᠯᠠᠯ ᠬᠥᠬᠡᠬᠤᠲᠠ ᠳᠤ ᠶᠠᠪᠤᠭᠳᠠᠵᠤ ᠂ 2017 ᠣᠨ  ᠠᠴᠠ 2021 ᠣᠨ ᠪᠣᠯᠲᠠᠯ᠎ᠠ ᠮᠠᠨ ᠤ ᠣᠷᠣᠨ ᠤ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ  ᠂ ᠲᠥᠷᠥᠯ ᠵᠦᠢᠯ ᠂ ᠪᠦᠯᠬᠦᠮ ᠨᠡᠶᠢᠲᠡ ᠪᠠ ᠬᠤᠪᠢ ᠬᠥᠮᠥᠨ ᠵᠡᠷᠭᠡ ᠶᠢ 28 ᠬᠥᠬᠢᠭᠦᠯᠦᠨ ᠰᠠᠶᠢᠰᠢᠶᠠᠪᠠ ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠱᠠᠩᠨᠠᠯ ᠭᠠᠷᠳᠠᠭᠤᠯᠪᠠ᠃      ᠠᠩᠬᠠᠳᠤᠭᠠᠷ ᠬᠤᠭᠤᠴᠠᠭᠠᠨ ᠤ ︽  ᠥᠪᠥᠷ ᠮᠣᠩᠭᠤᠯ ᠤᠨ ᠨᠢᠭᠦᠯᠡᠰᠦᠩᠭᠦᠢ ᠶᠢᠨ ᠱᠠᠩᠨᠠᠯ ︾ ᠨᠢ ᠨᠢᠭᠦᠯᠡᠰᠦᠩᠭᠦᠢ ᠶᠢᠨ ᠰᠣᠶᠣᠯ ᠢ ᠤᠯᠠᠮᠵᠢᠯᠠᠨ ᠲᠠᠷᠬᠠᠭᠠᠵᠤ ᠂ ᠨᠢᠭᠦᠯᠡᠰᠦᠩᠭᠦᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ ᠂ ᠨᠢᠭᠦᠯᠡᠰᠦᠩᠭᠦᠢ ᠶᠢᠨ ᠨᠡᠶᠢᠯᠡᠮᠡᠯ ᠬᠦᠴᠦᠨ ᠢ ᠲᠣᠰ ᠤᠳᠠᠭᠠᠨ ᠤ ᠰᠢᠯᠭᠠᠷᠠᠭᠤᠯᠤᠨ ᠬᠥᠬᠢᠭᠦᠯᠬᠦ ᠳᠤ  ᠂ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠂ ᠰᠦᠯᠵᠢᠶ᠎ᠡ ᠪᠠᠷ ᠪᠢᠯᠧᠲ ᠥᠭᠬᠦ ᠂ ᠰᠢᠯᠭᠠᠷᠠᠭᠤᠯᠬᠤ ᠺᠣᠮᠢᠰ ᠤᠨ ᠬᠢᠨᠠᠨ ᠵᠥᠪᠯᠡᠬᠦ ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠂ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ ᠂ ᠬᠠᠮᠤᠭ ᠡᠴᠦᠰ ᠲᠤ 28 ᠬᠥᠬᠢᠭᠦᠯᠦᠭᠳᠡᠬᠦ ᠡᠲᠡᠭᠡᠳ ᠢ ᠲᠣᠭᠲᠠᠭᠠᠭᠰᠠᠨ ᠪᠠᠶᠢᠨ᠎ᠠ ᠃ ᠡᠭᠦᠨ ᠳᠤ ᠂ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠸᠠᠩ ᠼᠠᠢ ᠷᠦᠩ ᠵᠡᠷᠭᠡ 3 ᠬᠤᠪᠢ ᠬᠥᠮᠥᠨ ︽  ᠬᠠᠨᠳᠢᠪᠯᠡᠨ ᠬᠦᠷᠭᠡᠭᠰᠡᠨ ᠬᠤᠪᠢ ᠬᠥᠮᠥᠨ ᠤ ᠱᠠᠩᠨᠠᠯ ︾ ᠢ ᠢᠷᠠᠭᠤ ᠠᠯᠳᠠᠷᠲᠠᠢ ᠪᠠᠷ ᠭᠥᠷᠳᠡᠪᠡ  ︔ ᠥᠪᠥᠷ ᠮᠣᠩᠭᠤᠯ ᠤᠨ ︽  ᠬᠡᠷᠡᠯ ᠭᠡᠭᠡ ᠶᠢᠨ ᠠᠶᠠᠯᠠᠯ ︾ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠡᠷᠭᠡ 5 ᠲᠥᠷᠥᠯ ᠵᠦᠢᠯ ︽  ᠨᠢᠭᠦᠯᠡᠰᠦᠩᠭᠦᠢ ᠶᠢᠨ ᠲᠥᠷᠥᠯ ᠵᠦᠢᠯ ᠤᠨ ᠱᠠᠩᠨᠠᠯ ︾ ᠢ ᠭᠥᠷᠳᠡᠪᠡ ︔ ᠥᠪᠥᠷ ᠮᠣᠩᠭᠤᠯ ᠤᠨ ᠾᠦᠢ ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ 10 ᠠᠵᠤ ᠠᠬᠤᠶᠢᠯᠠᠯ ︽  ᠬᠠᠨᠳᠢᠪᠯᠡᠨ ᠬᠦᠷᠭᠡᠬᠦ ᠠᠵᠤ ᠠᠬᠤᠶᠢᠯᠠᠯ ᠤᠨ ᠱᠠᠩᠨᠠᠯ ︾ ᠢ ᠭᠥᠷᠳᠡᠪᠡ︔ ︽  ᠤᠮᠠᠷᠠᠲᠤ ᠶᠢᠨ ᠯᠠᠨ ᠶᠠᠨ ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ 10 ᠬᠠᠶᠢᠷ᠎ᠠ ᠬᠠᠯᠠᠮᠵᠢ ᠶᠢᠨ ᠪᠦᠯᠬᠦᠮ ᠪᠠ ᠬᠤᠪᠢ ᠬᠥᠮᠥᠨ ︽  ᠨᠢᠭᠦᠯᠡᠰᠦᠩᠭᠦᠢ ᠶᠢᠨ ᠥᠯᠢᠭᠡᠷ ᠳᠠᠭᠤᠷᠢᠶᠠᠯ ᠤᠨ ᠱᠠᠩᠨᠠᠯ ︾ ᠢ ᠢᠷᠠᠭᠤ ᠠᠯᠳᠠᠷᠲᠠᠢ ᠪᠠᠷ ᠭᠥᠷᠳᠡᠪᠡ ᠃      ᠣᠶᠢᠷ᠎ᠠ ᠶᠢᠨ ᠵᠢᠯ ᠠᠴᠠ᠂ ᠮᠠᠨ ᠤ ᠣᠷᠣᠨ ᠤ ᠨᠢᠭᠦᠯᠡᠰᠦᠩᠭᠦᠢ ᠶᠢᠨ ᠦᠢᠯᠡᠰ ᠲᠦᠷᠭᠡᠨ ᠬᠥᠭᠵᠢᠵᠦ᠂ ᠨᠡᠶᠢᠳᠡ 900 ᠭᠠᠷᠤᠢ ᠨᠢᠭᠦᠯᠡᠰᠦᠩᠭᠦᠢ ᠶᠢᠨ ᠲᠦᠷᠦᠯ ᠵᠦᠢᠯ ᠢ ᠬᠡᠷᠡᠭᠵᠢᠭᠦᠯᠵᠦ᠂ 7.7 ᠳ᠋ᠦᠩᠰᠢᠭᠤᠷ ᠭᠠᠷᠤᠢ ᠲᠥᠭᠦᠷᠢᠭ ᠤᠨ ᠨᠢᠭᠦᠯᠡᠰᠦᠩᠭᠦᠢ ᠶᠢᠨ ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ 86 ᠲᠦᠮᠡ ᠭᠠᠷᠤᠢ ᠬᠦᠴᠢᠷᠳᠡᠯᠲᠡᠢ ᠤᠯᠠᠨ ᠲᠦᠮᠡᠨ ᠳᠤ ᠴᠠᠭ ᠲᠤᠬᠠᠢ ᠳᠤᠨᠢ ᠬᠠᠪᠰᠤᠷᠤᠨ ᠲᠡᠳᠬᠦᠬᠦ ᠪᠠ ᠬᠠᠶᠢᠷ᠎ᠠ ᠬᠠᠯᠠᠮᠵᠢ ᠬᠦᠷᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦ ᠨᠡᠮᠡᠷᠢᠯᠡᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号