ᠬᠥᠬᠡᠬᠤᠲᠠ᠄ ᠰᠣᠶᠣᠯ ᠵᠤᠭᠠᠴᠠᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/8/25
      ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠸᠠᠩ ᠶᠠ ᠵᠢᠩ︶ ᠬᠥᠬᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠲᠤᠬᠠᠢ ᠶᠢᠨ ᠭᠠᠵᠠᠷ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠣᠨᠴᠠᠯᠢᠭᠲᠤ ᠰᠣᠶᠣᠯ ᠵᠤᠭᠠᠴᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃      ᠬᠥᠬᠡᠬᠤᠲᠠ ᠶᠢᠨ ᠴᠢᠩ ᠱᠦᠢ ᠡᡁᠸ ᠰᠢᠶᠠᠨ ᠤ ᠯᠣᠣ ᠨᠢᠦ ᠸᠠᠨ ᠨᠦᠭᠡᠨ ᠭᠡᠷ ᠲᠤ ᠰᠠᠭᠤᠵᠤ᠂ ᠤᠷᠳᠤ ᠴᠠᠭᠠᠨ ᠬᠡᠷᠡᠮ ᠢ ᠦᠵᠡᠵᠦ᠂ ᠠᠮᠲᠠᠲᠤ ᠢᠳᠡᠭᠡᠨ ᠢᠳᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ᠂ ᠲᠤᠬᠠᠢ ᠶᠢᠨ ᠭᠠᠵᠠᠷ ᠤᠨ ᠥᠪᠡᠷᠮᠢᠴᠡ ᠣᠨᠴᠠᠯᠢᠭ ᠲᠠᠢ ᠬᠤᠪᠢᠰᠬᠠᠯ ᠤᠨ ᠰᠣᠶᠣᠯ ᠳᠤ ᠲᠦᠰᠢᠭᠯᠡᠨ ᠣᠨᠴᠠᠯᠢᠭᠲᠤ ᠵᠤᠭᠠᠴᠠᠯ ᠢ ᠬᠥᠭᠵᠢᠭᠦᠯᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠭᠦᠯᠬᠦ︽ᠵᠤᠭᠠᠴᠠᠯ ᠤᠨ ᠬᠤᠭᠤᠯᠠ︾ᠢᠳᠡᠭᠦᠯᠵᠡᠢ᠃      《 ᠦᠵᠡᠮᠵᠢ ᠶᠢᠨ ᠣᠷᠣᠨ ᠢ 2017 ᠣᠨ ᠳᠤ ᠪᠠᠶᠢᠭᠤᠯᠤᠭᠰᠠᠨ ᠠᠴᠠ ᠨᠠᠰᠢ ᠂ ᠵᠢᠯ ᠪᠦᠷᠢ 10 ᠲᠦᠮᠡ ᠣᠷᠴᠢᠮ ᠵᠤᠭᠠᠴᠠᠭᠰᠠᠳ ᠢ ᠭᠥᠯᠢᠶᠡᠨ ᠠᠪᠴᠤ᠂ ᠵᠢᠯ ᠪᠦᠷᠢ ᠶᠢᠨ ᠳᠤᠮᠳᠠᠴᠢ ᠣᠷᠣᠯᠭ᠎ᠠ 400 ᠰᠢᠬᠠᠮ ᠲᠦᠮᠡᠨ ᠲᠥᠭᠦᠷᠢᠭ ᠲᠤ ᠬᠦᠷᠴᠦ᠂ ᠲᠤᠬᠠᠢ ᠶᠢᠨ ᠭᠠᠵᠠᠷ ᠤᠨ 300 ᠭᠠᠷᠤᠢ ᠬᠥᠮᠥᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠬᠥᠮᠥᠨ ᠪᠦᠷᠢ ᠶᠢᠨ ᠰᠠᠷ᠎ᠠ ᠪᠦᠷᠢ ᠶᠢᠨ ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢᠨ ᠬᠠᠮᠲᠤ ᠯᠣᠣ ᠨᠢᠦ ᠫᠦᠸ᠋ᠸ ᠲᠣᠰᠬᠤᠨ ᠤ 20 ᠭᠠᠷᠤᠢ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠤᠯᠠᠭᠤᠯᠭ᠎ᠠ ᠳᠤ ᠲᠠᠪᠴᠠᠩ ᠬᠠᠩᠭᠠᠵᠤ᠂ ᠲᠠᠷᠢᠶᠠᠴᠢᠳ ᠤᠨ ᠥᠪᠡᠷ ᠢᠶᠠᠨ ᠦᠢᠯᠡᠳᠪᠦᠷᠢᠯᠡᠭᠰᠡᠨ ᠲᠠᠷᠢᠶᠠᠯᠠᠩ ᠤᠨ ᠪᠦᠲᠦᠭᠡᠭᠳᠡᠬᠦᠨ ᠢ ᠭᠡᠷ ᠤᠨ ᠡᠭᠦᠳᠡᠨ ᠳᠤ ᠰᠠᠶᠢᠨ ᠦᠨ᠎ᠡ ᠪᠠᠷ ᠬᠤᠳᠠᠯᠳᠤᠵᠤ ᠪᠣᠯᠬᠤ ᠶᠤᠮ︾ᠭᠡᠵᠦ ᠬᠡᠯᠡᠪᠡ᠃ ᠴᠢᠩ ᠱᠦᠢ ᠡᡁᠸ ᠰᠢᠶᠠᠨ ᠤ ᠪᠧᠢ ᠪᠦᠦ ᠰᠢᠶᠠᠩ ᠤᠨ ᠯᠣᠣ ᠨᠢᠦ ᠫᠦᠸ᠋ᠸ ᠶᠢᠨ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠲᠥᠪ ᠤᠨ ᠡᠷᠬᠢᠯᠡᠭᠴᠢ ᠹᠠᠨ ᡁᠢ ᠮᠢᠨ ᠲᠠᠨᠢᠯᠴᠠᠭᠤᠯᠪᠠ᠃      ᠬᠥᠬᠡᠬᠤᠲᠠ ᠶᠢᠨ ᠬᠢᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠨᠣᠮᠢᠨ ᠪᠤᠤ ᠶᠢᠨ ᠰᠥᠨᠢ ᠶᠢᠨ ᠬᠤᠳᠠ᠂ ᠵᠢᠶᠣᠣ ᠨᠢ ᠸᠠᠨ ᠲᠣᠰᠬᠤᠨ᠂ ᠬᠤᠤ ᠵᠢᠶᠠ ᠶᠣᠣ ᠲᠣᠰᠬᠤᠨ ᠵᠡᠷᠭᠡ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠪᠠᠷ ᠳᠠᠮᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠣᠳᠣᠬᠠᠨ ᠳᠤ᠂ ᠪᠦᠬᠦ ᠬᠤᠳᠠ ᠳᠤ ᠨᠡᠶᠢᠳᠡ 5 ᠤᠯᠤᠰ ᠤᠨ ᠲᠡᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ᠂ 11 ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢ ᠠᠮᠵᠢᠯᠲᠠ ᠲᠠᠢ ᠪᠠᠶᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠦᠵᠡᠭᠦᠯᠪᠡ᠃      ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠡᠯᠡ ᠮᠥᠩᠭᠦ ᠶᠢ ᠢᠳᠡᠪᠬᠢᠲᠡᠢ ᠣᠯᠵᠤ ᠂ ᠵᠢᠭᠤᠯᠴᠢᠯᠠᠯ ᠤᠨ ᠱᠠᠩᠨᠠᠯ ᠤᠨ ᠮᠥᠩᠭᠦ ᠣᠯᠭᠤᠬᠤ ᠪᠠᠷ ᠳᠠᠮᠵᠢᠭᠤᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠢᠳᠡᠪᠬᠢᠵᠢᠯ ᠢ ᠳᠡᠭᠡᠭᠰᠢᠯᠡᠭᠦᠯᠦᠨ᠎ᠡ ᠃ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠭᠰᠡᠨ ᠪᠠᠶᠢᠪᠠᠯ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ ᠬᠡᠯᠪᠡᠷᠢ ᠪᠠᠷ 100 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠵᠦ ᠂ ᠣᠳᠣᠨ ᠲᠠᠰ ᠤᠨ ᠭᠥᠯᠢᠶᠡᠨ ᠠᠪᠬᠤ ᠡᠷᠦᠬᠡ ᠪᠠᠷ ᠦᠨᠡᠯᠡᠭᠳᠡᠭᠰᠡᠨ ᠪᠠᠶᠢᠪᠠᠯ ᠵᠣᠬᠢᠬᠤ ᠣᠳᠣᠨ ᠲᠠᠰ ᠤᠨ ᠶᠣᠰᠣᠭᠠᠷ ᠵᠢᠭᠤᠯᠴᠢᠯᠠᠯ ᠤᠨ ᠱᠠᠩᠨᠠᠯ ᠤᠨ ᠪᠡᠯᠡ ᠮᠥᠩᠭᠦ ᠣᠯᠭᠤᠨ᠎ᠠ ᠃ 2021 ᠣᠨ ᠳᠤ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠡᠶᠢᠲᠡ 785 ᠲᠦᠮᠡᠨ ᠲᠥᠭᠦᠷᠢᠭ ᠤᠨ ᠪᠡᠯᠡ ᠮᠥᠩᠭᠦ ᠣᠯᠬᠤ ᠪᠠᠷ ᠴᠢᠷᠮᠠᠶᠢᠵᠤ ᠂ ᠡᠭᠦᠨ ᠳᠤ ᠬᠤᠸ ᠵᠢᠶᠠ ᠶᠣᠣ ᠲᠣᠰᠬᠤᠨ ᠵᠡᠷᠭᠡ 4 ︽  ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ︾ ᠵᠢᠭᠤᠯᠴᠢᠯᠠᠯ ᠤᠨ ᠬᠥᠭᠵᠢᠯᠲᠡ ᠶᠢᠨ ᠪᠡᠯᠡ ᠮᠥᠩᠭᠦ 400 ᠲᠦᠮᠡᠨ ᠲᠥᠭᠦᠷᠢᠭ ᠣᠯᠵᠤ ᠂ ᠣᠳᠣᠨ ᠲᠠᠰ ᠤᠨ ᠵᠢᠭᠤᠯᠴᠢᠯᠠᠯ ᠤᠨ ᠭᠥᠯᠢᠶᠡᠨ ᠠᠪᠤᠭᠴᠢ ᠨᠡᠶᠢᠲᠡ 305 ᠲᠦᠮᠡᠨ ᠲᠥᠭᠦᠷᠢᠭ ᠤᠨ ᠵᠢᠭᠤᠯᠴᠢᠯᠠᠯ ᠤᠨ ᠱᠠᠩᠨᠠᠯ ᠤᠨ ᠪᠡᠯᠡ ᠮᠥᠩᠭᠦ ᠣᠯᠵᠤ ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠢᠯᠲᠠᠨ ᠤ ᠢᠳᠡᠪᠬᠢᠵᠢᠯ ᠢ ᠪᠦᠲᠦᠮᠵᠢᠲᠡᠶ ᠳᠡᠭᠡᠭᠰᠢᠯᠡᠭᠦᠯᠪᠡ ᠃      ᠣᠳᠣᠨ ᠲᠠᠰ ᠤᠨ ᠲᠠᠷᠢᠶᠠᠯᠠᠩ ︵  ᠮᠠᠯ ᠠᠵᠤ ᠠᠬᠤᠢ ︶ ᠤᠨ ᠭᠡᠷ ᠪᠦᠯᠢ ᠶᠢᠨ ᠵᠤᠭᠠᠴᠠᠯ ᠤᠨ ᠬᠥᠳᠡᠭᠡ ᠲᠣᠰᠬᠤᠨ ᠤ ᠵᠢᠭᠤᠯᠴᠢᠯᠠᠯ ᠢ ᠳᠠᠶᠢᠴᠢᠯᠠᠨ ᠠᠬᠢᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ ᠃ ᠣᠲᠣ ᠪᠣᠯᠲᠠᠯ᠎ᠠ ᠂ ᠬᠥᠬᠡᠬᠤᠲᠠ ᠳᠤ ᠨᠡᠶᠢᠲᠡ 117 ᠣᠳᠣᠨ ᠲᠠᠰ ᠤᠨ ᠲᠠᠷᠢᠶᠠᠯᠠᠩ ︵  ᠮᠠᠯ ᠠᠵᠤ ᠠᠬᠤᠢ ︶ ᠤᠨ ᠭᠡᠷ ᠪᠦᠯᠢ ᠶᠢᠨ ᠵᠤᠭᠠᠴᠠᠯ ᠪᠣᠶ ᠂ ᠡᠭᠦᠨ ᠳᠤ ᠲᠠᠪᠤᠨ ᠣᠳᠣᠨ ᠲᠠᠰ ᠤᠨ 15 ᠂ ᠳᠥᠷᠪᠡᠨ ᠣᠳᠣᠨ ᠲᠠᠰ ᠤᠨ 37 ᠂ ᠭᠤᠷᠪᠠᠨ ᠣᠳᠣᠨ ᠲᠠᠰ ᠤᠨ 65 ᠪᠣᠶ ᠃ ᠪᠦᠬᠦ ᠬᠤᠲᠠ ᠶᠢᠨ ᠬᠥᠳᠡᠭᠡ ᠲᠣᠰᠬᠤᠨ ( ᠮᠠᠯᠵᠢᠬᠤ ᠣᠷᠣᠨ ) ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠭᠥᠯᠢᠶᠡᠨ ᠠᠪᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠂ ᠣᠳᠣᠨ ᠲᠠᠰ ᠤᠨ ᠬᠥᠳᠡᠭᠡ ᠲᠣᠰᠬᠤᠨ ︵  ᠮᠠᠯᠵᠢᠬᠤ ᠣᠷᠣᠨ ︶ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠭᠤᠶᠤᠴᠢᠯᠠᠨ ᠮᠡᠳᠡᠭᠦᠯᠬᠦ ᠢᠳᠡᠪᠬᠢᠵᠢᠯ ᠢ ᠨᠡᠮᠡᠭᠳᠡᠭᠦᠯᠵᠦ ᠂ ᠬᠥᠬᠡᠬᠤᠲᠠ ᠶᠢᠨ ᠬᠢᠨ ᠵᠢᠭᠤᠯᠴᠢᠯᠠᠯ ᠤᠨ ᠬᠥᠭᠵᠢᠯᠲᠡ ᠶᠢᠨ ᠪᠣᠳᠠᠲᠠᠢ ᠲᠠᠢ ᠪᠠᠨ ᠤᠶᠠᠯᠳᠤᠭᠤᠯᠤᠨ ︽  ᠬᠥᠬᠡᠬᠤᠲᠠ ᠶᠢᠨ ᠵᠢᠭᠤᠯᠴᠢᠯᠠᠯ ᠤᠨ ᠱᠠᠩᠨᠠᠯ ᠤᠨ ᠲᠦᠷ ᠬᠡᠷᠡᠭᠵᠢᠭᠦᠯᠬᠦ ᠠᠷᠭ᠎ᠠ ︾ ᠶᠢ ᠨᠡᠶᠢᠲᠡᠯᠡᠵᠦ ᠂ ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠣᠭᠰᠠᠨ ᠲᠠᠪᠤ ᠂ ᠳᠥᠷᠪᠡ ᠂ ᠰᠠᠨ ᠰᠢᠩ ᠤᠨ ᠲᠠᠷᠢᠶᠠᠯᠠᠩ ︵  ᠮᠠᠯ ᠠᠵᠤ ᠠᠬᠤᠢ ︶ ᠤᠨ ᠭᠡᠷ ᠤᠨ ᠵᠤᠭᠠᠴᠠᠯ ᠳᠤ ᠲᠣᠰ ᠲᠣᠰ 30 ᠲᠦᠮᠡᠨ ᠲᠥᠭᠦᠷᠢᠭ ᠂ 10 ᠲᠦᠮᠡᠨ ᠲᠥᠭᠦᠷᠢᠭ ᠂ 5 ᠲᠦᠮᠡᠨ ᠲᠥᠭᠦᠷᠢᠭ ᠤᠨ ᠱᠠᠩᠨᠠᠯ ᠣᠯᠭᠤᠪᠠ ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号