2022 ᠣᠨ ᠤ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠠᠵᠢᠯᠴᠢᠨ ᠤ ᠡᠪᠯᠡᠯ ᠤᠨ ᠣᠷᠣᠨ ᠪᠦᠰᠡ ᠠᠯᠤᠰᠯᠠᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠰᠢᠷᠢᠰ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2022/8/3
      7 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ 2022 ᠣᠨ ᠤ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠠᠵᠢᠯᠴᠢᠨ ᠤ ᠡᠪᠯᠡᠯ ᠤᠨ ᠣᠷᠣᠨ ᠪᠦᠰᠡ ᠠᠯᠤᠰᠯᠠᠭᠰᠠᠨ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠬᠤᠢ ᠢᠦᠢ ᠪᠣᠯᠣᠨ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤᠪᠠᠷ ᠠᠵᠢᠯ ᠣᠯᠭᠤᠬᠤ ᠦᠢᠯᠡᠰ ᠪᠣᠰᠬᠠᠬᠤ ᠰᠢᠷᠢᠰ ᠠᠵᠢᠯᠯᠠᠭ᠎ᠠ ᠶᠢ ᠡᠬᠢᠯᠡᠭᠦᠯᠵᠡᠢ᠃      ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠰᠢᠷᠢᠰ ᠠᠵᠢᠯᠯᠠᠭ᠎ᠠ 3 ᠰᠠᠷ᠎ᠠ ᠦᠷᠭᠦᠯᠵᠢᠯᠡᠵᠦ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠪᠠ ᠨᠡᠶᠢᠭᠡᠮ ᠤᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠦᠴᠦᠨ ᠢ ᠤᠷᠢᠨ ᠬᠡᠷᠡᠭᠯᠡᠬᠦ ᠶᠢ ᠭᠦᠢᠴᠡᠳ ᠳᠠᠶᠢᠴᠢᠯᠠᠨ ᠂ ᠰᠦᠯᠵᠢᠶᠡᠨ ᠭᠠᠳᠠᠨ᠎ᠠ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠶᠢ ᠡᠬᠢᠯᠡᠭᠦᠯᠬᠦ ᠠᠷᠭ᠎ᠠ ᠮᠠᠶ᠋ᠢᠭ ᠢᠶᠠᠷ ᠥᠷᠨᠢᠭᠦᠯᠦᠨ᠎ᠡ ᠃ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠳᠤ ᠠᠵᠢᠯᠴᠢᠨ E ᠶᠢᠨ ᠠᠵᠢᠯ ᠣᠯᠭᠤᠯᠲᠠ ᠂ ᠥᠪᠥᠷ ᠮᠣᠩᠭᠤᠯ ᠤᠨ ᠠᠵᠢᠯᠴᠢᠨ ᠤ ᠶᠡᠷᠦᠩᠬᠡᠢ ᠡᠪᠯᠡᠯ ᠤᠨ ᠨᠡᠶᠢᠲᠡ ᠶᠢᠨ ᠳ᠋ᠤᠭᠠᠷ ᠡᠭᠦᠯᠡᠨ ᠰᠢᠯᠭᠠᠯᠲᠠ ᠶᠢᠨ ᠠᠵᠢᠯᠲᠠᠨ ᠡᠯᠰᠡᠬᠦ ᠵᠡᠷᠭᠡ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠠᠩᠬᠠᠨ ᠤ ᠪᠦᠯᠦᠭ ᠤᠨ ᠵᠣᠬᠢᠶᠠᠨ ᠪᠠᠶᠢᠭᠤᠯᠤᠯᠲᠠ ᠨᠢ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠳᠥᠷᠪᠡᠨ ᠭᠠᠵᠠᠷ ᠤᠨ 854 ᠠᠵᠤ ᠠᠬᠤᠶᠢᠯᠠᠯ ᠢ ᠰᠦᠯᠵᠢᠶᠡᠨ ᠳᠤ ᠣᠷᠣᠭᠤᠯᠵᠤ ᠂ 2863 ᠠᠵᠢᠯ ᠤᠨ ᠪᠠᠶᠢᠷᠢ ᠬᠠᠩᠭᠠᠵᠤ ᠂ 32969 ᠬᠥᠮᠥᠨ ᠢ ᠡᠯᠰᠡᠪᠡ︔ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠡᠳᠦᠷ ᠲᠤ ᠨᠡᠶᠢᠲᠡ 80 ᠠᠵᠤ ᠠᠬᠤᠶᠢᠯᠠᠯ ᠲᠤᠬᠠᠢ ᠶᠢᠨ ᠲᠠᠯᠠᠪᠤᠷ ᠤᠨ 4 ᠲᠤᠰᠬᠠᠢ ᠰᠢᠭᠤᠳ ᠨᠡᠪᠲᠡᠷᠡᠭᠦᠯᠭᠡ ᠶᠢᠨ ᠲᠠᠰᠤᠭ ᠲᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠬᠦᠷᠭᠡᠬᠦ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ ᠂ 330 ᠠᠵᠢᠯ ᠤᠨ ᠪᠠᠶᠢᠷᠢ ᠬᠠᠩᠭᠠᠵᠤ ᠂ 4929 ᠬᠥᠮᠥᠨ ᠠᠵᠢᠯᠴᠢᠨ ᠬᠡᠷᠡᠭᠯᠡᠬᠦ ᠳᠤ ᠬᠡᠷᠡᠭᠰᠡᠬᠦ ᠬᠥᠮᠥᠨ ᠤ ᠲᠤᠭ᠎ᠠ 4929 ᠪᠣᠯᠵᠤ ᠂ ᠠᠵᠢᠯ ᠤᠨ ᠪᠠᠶᠢᠷᠢ ᠶᠢᠨ ᠲᠠᠰ ᠳᠠᠪᠬᠤᠷᠭ᠎ᠠ ᠨᠢ ᠪᠠᠶᠠᠯᠢᠭ ᠂ ᠬᠠᠮᠤᠷᠬᠤ ᠬᠡᠪᠴᠢᠶ᠎ᠡ ᠨᠢ ᠥᠷᠭᠡᠨ ᠪᠣᠯᠤᠭᠰᠠᠨ ᠪᠠᠶᠢᠨ᠎ᠠ ᠃ ᠪᠦᠷᠢᠳᠬᠡᠯ ᠢ ᠦᠨᠳᠦᠰᠦᠯᠡᠪᠡᠯ ᠂ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠡᠭᠦᠯᠡᠨ ᠡᠯᠰᠡᠯᠲᠡ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠨᠡᠶᠢᠲᠡ 44.61 ᠲᠦᠮᠡᠨ ᠬᠥᠮᠥᠨ ᠤᠳᠠᠭ᠎ᠠ ᠰᠣᠨᠢᠷᠬᠠᠨ ᠂ ᠰᠢᠨ ᠯᠠᠩ ᠢᠵᠢᠯ ᠠᠯᠬᠤᠮ ᠢᠶᠠᠷ ᠰᠢᠭᠤᠳ ᠨᠡᠪᠲᠡᠷᠡᠭᠦᠯᠭᠡ ᠶᠢ ᠨᠡᠶᠢᠲᠡ 10.2 ᠲᠦᠮᠡᠨ ᠬᠥᠮᠥᠨ ᠤᠳᠠᠭ᠎ᠠ ᠰᠣᠨᠢᠷᠬᠠᠨ ᠂ ᠰᠦᠯᠵᠢᠶᠡᠨ ᠳᠡᠭᠡᠷᠡᠬᠢ ᠡᠯᠰᠡᠯᠲᠡ ᠶᠢᠨ ᠠᠵᠢᠯᠯᠠᠭ᠎ᠠ ᠳᠤ ᠣᠷᠣᠯᠴᠠᠭᠰᠠᠨ ᠲᠤᠭ᠎ᠠ 78697 ᠬᠥᠮᠥᠨ ᠤᠳᠠᠭ᠎ᠠ ᠬᠦᠷᠴᠦ ᠂ ᠰᠢᠨ᠎ᠡ ᠪᠠᠷ ᠳᠠᠩᠰᠠᠯᠠᠭᠤᠯᠤᠭᠰᠠᠨ ᠠᠵᠢᠯ ᠡᠷᠢᠭᠰᠡᠳ 1901 ᠬᠥᠮᠥᠨ ᠂ ᠦᠨᠡᠨ ᠨᠡᠷ᠎ᠡ ᠪᠠᠷ ᠠᠵᠢᠯ ᠣᠯᠭᠤᠬᠤ ᠦᠢᠯᠡᠴᠢᠯᠡᠭᠡ 5055 ᠬᠥᠮᠥᠨ ᠤᠳᠠᠭ᠎ᠠ ᠂ ᠲᠣᠪᠴᠢ ᠨᠠᠮᠲᠠᠷ ᠬᠦᠷᠭᠡᠭᠰᠡᠨ ᠲᠤᠭ᠎ᠠ 6015 ᠬᠥᠮᠥᠨ ᠤᠳᠠᠭ᠎ᠠ ᠂ ᠠᠵᠢᠯ ᠣᠯᠭᠤᠯᠲᠠ ᠶᠢᠨ ᠵᠥᠪᠯᠡᠯᠭᠡ ᠥᠭᠭᠦᠭᠰᠡᠨ ᠬᠥᠮᠥᠨ ᠤ ᠲᠤᠭ᠎ᠠ 1978 ᠬᠥᠮᠥᠨ ᠬᠦᠷᠴᠡᠢ ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠭᠤᠷᠪᠠᠨ ᠶᠡᠭᠡ ᠬᠢᠯᠠᠰ ᠴᠡᠭ ᠤᠨ ᠦᠵᠡᠭᠦᠯᠦᠯᠭᠡ ᠭᠠᠷᠭᠠᠵᠠᠢ ᠃ ᠨᠢᠭᠡ ᠳᠤ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠦᠷ᠎ᠡ ᠡᠭᠦᠨ ᠳᠤ ᠰᠦᠯᠵᠢᠶᠡᠨ ᠳᠡᠭᠡᠷᠡᠬᠢ ᠠᠵᠢᠯ ᠣᠯᠭᠤᠬᠤ ᠪᠠ ᠤᠷᠢᠬᠤ ᠦᠢᠯᠡᠴᠢᠯᠡᠭᠡᠨ ᠤ ᠦᠵᠡᠭᠦᠯᠦᠯᠭᠡ ᠶᠢᠨ ᠲᠣᠭᠤᠷᠢᠭ᠂ ᠰᠢᠨ᠎ᠡ ᠠᠵᠢᠯ ᠣᠯᠭᠤᠬᠤ ᠬᠡᠯᠪᠡᠷᠢ ᠶᠢᠨ ᠬᠥᠳᠡᠯᠮᠦᠷᠢᠴᠢᠳ ᠲᠤ ᠦᠢᠯᠡᠴᠢᠯᠡᠬᠦ ᠦᠵᠡᠭᠦᠯᠦᠯᠭᠡ ᠶᠢᠨ ᠲᠣᠭᠤᠷᠢᠭ᠂ ᠢᠯᠡ ᠪᠠᠷ ᠠᠵᠢᠯ ᠣᠯᠭᠤᠬᠤ ᠦᠢᠯᠡᠴᠢᠯᠡᠭᠡᠨ ᠤ ᠦᠵᠡᠭᠦᠯᠦᠯᠭᠡ ᠶᠢᠨ ᠲᠣᠭᠤᠷᠢᠭ ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠦᠢᠯᠡᠴᠢᠯᠡᠬᠦ ᠦᠵᠡᠭᠦᠯᠦᠯᠭᠡ ᠶᠢᠨ ᠲᠣᠭᠤᠷᠢᠭ ᠪᠠᠭᠲᠠᠨ᠎ᠠ ᠃ ᠪᠥᠬᠦ ᠤᠯᠤᠰ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠬᠢᠭᠡᠳ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠳᠥᠷᠪᠡᠨ ᠭᠠᠵᠠᠷ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ ᠣᠷᠣᠨ ᠪᠦᠰᠡ ᠠᠯᠤᠰᠯᠠᠨ ᠬᠠᠮᠵᠢᠯᠴᠠᠨ ᠠᠵᠢᠯ ᠣᠯᠭᠤᠯᠲᠠ ᠶᠢ ᠠᠬᠢᠭᠤᠯᠬᠤ ᠬᠠᠮᠢᠶ᠎ᠠ ᠪᠦᠬᠦᠢ ᠠᠵᠢᠯ᠂ ᠪᠥᠬᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠤᠨ ᠬᠥᠳᠡᠯᠮᠦᠷᠢᠴᠢᠳ ᠢ ᠬᠠᠯᠠᠮᠵᠢᠯᠠᠬᠤ ᠦᠢᠯᠡᠴᠢᠯᠡᠭᠡᠨ ᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠂ ᠠᠵᠢᠯ ᠣᠯᠭᠤᠯᠲᠠ ᠶᠢᠨ ᠢᠯᠡ ᠠᠵᠢᠯᠯᠠᠭ᠎ᠠ ᠶᠢ ᠨᠢᠭᠡ ᠨᠢᠭᠡ ᠪᠠᠷ ᠥᠷᠨᠢᠭᠦᠯᠬᠦ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠦᠢᠯᠡᠴᠢᠯᠡᠬᠦ ᠠᠵᠢᠯ ᠤᠨ ᠬᠠᠮᠢᠶ᠎ᠠ ᠪᠦᠬᠦᠢ ᠠᠭᠤᠯᠭ᠎ᠠ ᠶᠢ ᠲᠥᠪᠯᠡᠷᠡᠭᠦᠯᠦᠨ ᠳᠡᠯᠭᠡᠨ ᠦᠵᠡᠭᠦᠯᠪᠡ ︔      ᠬᠤᠶᠠᠷ ᠲᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠦᠵᠡᠭᠦᠯᠦᠯᠭᠡ ᠶᠢᠨ ᠲᠣᠭᠤᠷᠢᠭ ᠃ ᠶᠡᠭᠡ ᠰᠤᠷᠭᠠᠭᠤᠯᠢ ᠶᠢᠨ ᠣᠶᠤᠲᠠᠳ ᠤᠨ ᠨᠤᠲᠤᠭ ᠲᠠᠭᠠᠨ ᠪᠤᠴᠠᠵᠤ ᠦᠢᠯᠡᠰ ᠪᠣᠰᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠦᠯᠢᠬᠡᠷ ᠵᠢᠱᠢᠶ᠎ᠡ ᠪᠣᠯᠬᠤ ᠰᠣᠳᠧᠨ ᠤ ᠴᠠᠭᠠᠨ ᠢᠳᠡᠭᠡᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠦᠢᠯᠡᠰ ᠪᠣᠰᠬᠠᠬᠤ ᠲᠦᠷᠦᠯ ᠵᠦᠢᠯ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠮᠣᠩᠭᠤᠯ ᠬᠥᠪᠡᠭᠡᠲᠦ ᠤᠷᠠᠯᠠᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ ᠦᠢᠯᠡᠰ ᠪᠣᠰᠬᠠᠬᠤ ᠲᠦᠷᠦᠯ ᠵᠦᠢᠯ ᠪᠣᠯᠣᠨ ᠤᠷ᠎ᠠ ᠮᠡᠷᠭᠡᠵᠢᠯ ᠤᠨ ᠪᠣᠯᠪᠠᠰᠤᠷᠠᠯ ᠢᠶᠠᠷ ᠠᠵᠢᠯ ᠣᠯᠭᠤᠯᠲᠠ ᠶᠢ ᠠᠬᠢᠭᠤᠯᠬᠤ ᠰᠢᠯᠢᠳᠡᠭ ᠲᠥᠯᠥᠭᠡᠯᠡᠭᠴᠢ ᠯᠢ ᡁᠢ ᠶᠤᠸᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠬᠠᠭᠰᠠᠭᠠᠬᠤ ᠪᠠ ᠨᠡᠬᠡᠬᠦ ᠲᠦᠷᠦᠯ ᠵᠦᠢᠯ ᠢ ᠳᠡᠯᠭᠡᠨ ᠦᠵᠡᠭᠦᠯᠵᠡᠢ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠂ ᠦᠨᠳᠦᠰᠦᠨ ᠱᠠᠲᠤᠨ ᠤ ᠤᠷᠠᠨ ᠳᠠᠷᠬᠠᠴᠤᠳ ᠤᠨ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠬᠤ ᠂ ᠠᠵᠢᠯᠴᠢᠨ ᠤ ᠡᠪᠯᠡᠯ ᠬᠢᠭᠡᠳ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ ᠰᠦᠢᠳᠬᠡᠯ ᠥᠯᠥ ᠬᠤᠷᠢᠶᠠᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠮᠢᠳᠤᠯᠢᠭ ᠢᠶᠠᠷ ᠠᠵᠢᠯ ᠣᠯᠭᠤᠬᠤ ᠦᠢᠯᠡᠴᠢᠯᠡᠭᠡ ᠥᠷᠨᠢᠭᠦᠯᠬᠦ ᠳᠥᠷᠪᠡᠨ ᠭᠠᠷᠳᠠᠬᠤ ᠴᠡᠭ ᠢ ᠭᠦᠢᠴᠡᠳ ᠢᠯᠡᠷᠡᠭᠦᠯᠵᠦ ᠂ ᠠᠵᠢᠯᠴᠢᠨ ᠤ ᠡᠪᠯᠡᠯ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠦᠷ᠎ᠡ ᠪᠦᠲᠦᠭᠡᠯ ᠢ ᠳᠡᠯᠭᠡᠨ ᠦᠵᠡᠭᠦᠯᠦᠨ᠎ᠡ︔      ᠭᠤᠷᠪᠠ ᠳᠤ ᠠᠵᠢᠯ ᠤᠨ ᠪᠠᠶᠢᠷᠢ ᠬᠦᠷᠭᠡᠬᠦ ᠲᠤᠰᠬᠠᠢ ᠣᠷᠣᠨ ᠢ ᠰᠢᠭᠤᠳ ᠨᠡᠪᠲᠡᠷᠡᠭᠦᠯᠦᠨ᠎ᠡ ᠃ ᠨᠢᠳᠤᠨᠤᠨ ᠤ ᠠᠮᠵᠢᠯᠲᠠ ᠲᠠᠢ ᠲᠤᠷᠰᠢᠯᠭ᠎ᠠ ᠪᠠᠨ ᠦᠷᠭᠦᠯᠵᠢᠯᠡᠭᠦᠯᠦᠨ ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠳᠤ ᠬᠦᠷᠭᠡᠬᠦ ᠲᠤᠰᠬᠠᠢ ᠣᠷᠣᠨ ᠢ ᠦᠷᠭᠦᠯᠵᠢᠯᠡᠨ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠲᠠᠨᠢᠯᠴᠠᠭᠤᠯᠬᠤ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ᠂ ᠬᠥᠳᠡᠯᠮᠦᠷᠢ ᠶᠢᠨ ᠵᠢᠱᠢᠶᠡᠴᠢ ᠤᠷᠠᠨ ᠲᠠᠷᠬᠠᠨ᠂ ᠠᠵᠤ ᠠᠬᠤᠶᠢᠯᠠᠯ (ᠬᠦᠷᠢᠶᠡᠯᠡᠩ ᠲᠣᠭᠤᠷᠢᠭ) ᠵᠡᠷᠭᠡ ᠠᠵᠢᠯ ᠤᠨ ᠪᠠᠶᠢᠷᠢ ᠳᠤ ᠬᠦᠷᠭᠡᠬᠦ ᠰᠢᠭᠤᠳ ᠨᠡᠪᠲᠡᠷᠡᠭᠦᠯᠭᠡ ᠶᠢᠨ ᠲᠠᠰᠤᠭ ᠢ ᠨᠡᠶᠢᠳᠡ 4 ᠭᠠᠷᠭᠠᠪᠠ᠃ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠲᠥᠯᠥᠭᠡᠯᠡᠭᠴᠢ᠂ ᠶᠡᠭᠡ ᠳᠡᠭᠡᠳᠦ ᠰᠤᠷᠭᠠᠭᠤᠯᠢ ᠵᠢᠴᠢ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠲᠥᠯᠥᠭᠡᠯᠡᠭᠴᠢ ᠂ ᠠᠵᠤ ᠠᠬᠤᠶᠢᠯᠠᠯ HR ᠂ ᠠᠵᠢᠯᠴᠢᠨ ᠤ ᠡᠪᠯᠡᠯ ᠬᠢᠭᠡᠳ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ ᠺᠠᠳ᠋ᠷᠴᠤᠳ ᠢ ᠤᠷᠢᠵᠤ ᠰᠢᠭᠤᠳ ᠨᠡᠪᠲᠡᠷᠡᠭᠦᠯᠬᠦ ᠲᠠᠰᠤᠭ ᠲᠤ ᠣᠴᠢᠭᠤᠯᠤᠨ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠤᠨ᠎ᠠ ᠃      ᠡᠬᠢᠯᠡᠯᠲᠡ ᠶᠢᠨ ᠶᠣᠰᠣᠯᠠᠯ ᠤᠨ ᠳᠠᠷᠠᠭ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠪᠠᠰᠠ ᠰᠦᠯᠵᠢᠶᠡᠨ ᠳᠡᠭᠡᠷᠡᠬᠢ ᠲᠤᠰᠬᠠᠢ ᠠᠵᠢᠯᠲᠠᠨ ᠡᠯᠰᠡᠬᠦ ᠴᠤᠭᠯᠠᠭᠠᠨ ᠢ 6 ᠤᠳᠠᠭ᠎ᠠ ᠦᠷᠭᠦᠯᠵᠢᠯᠡᠨ ᠡᠷᠭᠢᠯᠡᠨ᠎ᠡ ᠂ ᠡᠭᠦᠨ ᠳᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠲᠤᠰᠬᠠᠢ ᠲᠠᠯᠠᠪᠤᠷ᠂ ᠢᠯᠡ ᠪᠠᠷ ᠠᠵᠢᠯ ᠣᠯᠭᠤᠬᠤ ᠪᠠ ᠰᠡᠳᠬᠢᠯ ᠢ ᠳᠤᠯᠠᠭᠠᠴᠠᠭᠤᠯᠬᠤ ᠠᠵᠢᠯᠯᠠᠭᠠᠨ ᠤ ᠲᠤᠰᠬᠠᠢ ᠲᠠᠯᠠᠪᠤᠷ ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠲᠤᠰᠬᠠᠢ ᠲᠠᠯᠠᠪᠤᠷ ᠂ ᠠᠯᠲᠠᠨ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠰᠠᠷ᠎ᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠲᠤᠰᠬᠠᠢ ᠲᠠᠯᠠᠪᠤᠷ ᠂ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠤᠰᠬᠠᠢ ᠲᠠᠯᠠᠪᠤᠷ ᠂ ᠴᠡᠷᠢᠭ ᠠᠴᠠ ᠬᠠᠯᠠᠭᠳᠠᠭᠰᠠᠳ ᠤᠨ ᠲᠤᠰᠬᠠᠢ ᠲᠠᠯᠠᠪᠤᠷ ᠪᠠᠭᠲᠠᠨ᠎ᠠ ᠃ ᠡᠭᠦᠨ ᠤ ᠬᠠᠮᠲᠤ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠲᠠᠨᠢᠯᠴᠠᠭᠤᠯᠭ᠎ᠠ ᠂ ᠠᠵᠢᠯ ᠣᠯᠭᠤᠯᠲᠠ ᠶᠢᠨ ᠰᠡᠳᠬᠦᠯ ᠂ ᠠᠵᠤ ᠠᠬᠤᠶᠢᠯᠠᠯ ᠤᠨ ᠠᠭᠠᠷ ᠳᠡᠭᠡᠷᠡᠬᠢ ᠤᠬᠠᠭᠤᠯᠤᠨ ᠲᠠᠶᠢᠯᠪᠤᠷᠢᠯᠠᠯᠲᠠ᠂ ᠠᠵᠢᠯ ᠣᠯᠭᠤᠯᠲᠠ ᠶᠢᠨ ᠣᠳᠣᠨ News ᠵᠡᠷᠭᠡ ᠬᠡᠯᠪᠡᠷᠢ ᠪᠠᠷ ᠳᠠᠮᠵᠢᠭᠤᠯᠤᠨ ᠂ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠥᠷᠨᠢᠭᠦᠯᠦᠨ᠎ᠡ ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号