ᠥᠪᠥᠷ ᠮᠣᠩᠭᠤᠯ ᠄ ᠶᠠᠮᠤᠨ ᠤ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠨᠠᠶᠢᠳᠠᠯᠭ᠎ᠠ ᠪᠠᠷ ᠬᠠᠮᠢᠶᠠᠷᠴᠤ ᠬᠠᠪᠰᠤᠷᠤᠨ ᠲᠡᠳᠬᠦᠬᠦ ᠰᠢᠶᠠᠨ ᠤ ᠳᠤᠮᠳᠠᠬᠢ ᠠᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2022/8/3
      ᠣᠶᠢᠷ᠎ᠠ ᠳᠤ ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽  ᠶᠠᠮᠤᠨ ᠤ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠰᠢᠶᠠᠨ ᠤ ᠳᠣᠲᠣᠷᠠᠬᠢ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠤᠬᠠᠢ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ ᠂ 48 ᠶᠠᠮᠤᠨ ᠤ ᠬᠠᠷᠢᠶ᠎ᠠ ᠶᠡᠭᠡ ᠳᠡᠭᠡᠳᠦ ᠰᠤᠷᠭᠠᠭᠤᠯᠢ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠂ ᠳᠤᠮᠳᠠ ᠬᠡᠰᠡᠭ ᠪᠠᠷᠠᠭᠤᠨ ᠬᠡᠰᠡᠭ ᠂ ᠵᠡᠭᠦᠨ ᠬᠤᠶᠢᠲᠤ ᠣᠷᠣᠨ ᠤ 23 ᠮᠤᠵᠢ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠤᠷᠭᠠᠨ ᠬᠥᠮᠦᠵᠢᠯ ᠤᠨ ᠰᠠᠭᠤᠷᠢ ᠪᠠᠷ ᠪᠠᠭᠤᠷᠠᠢ ᠰᠢᠶᠠᠨ ᠳᠤ ᠬᠠᠨᠳᠤᠭᠤᠯᠤᠨ ᠂ ᠨᠡᠶᠢᠲᠡ 115 ᠰᠢᠶᠠᠨ ᠤ ᠳᠣᠲᠣᠷᠠᠬᠢ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠪᠡ ᠃      ᠣᠶᠢᠯᠠᠭᠠᠭᠰᠠᠨ ᠢᠶᠠᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 5 ᠰᠢᠶᠠᠨ ᠳᠤ ᠶᠠᠮᠤᠨ ᠤ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠬᠠᠪᠰᠤᠷᠤᠯᠭ᠎ᠠ ᠳᠡᠮᠵᠢᠯᠭᠡ ᠭᠥᠷᠳᠡᠪᠡ ᠃ ᠡᠭᠦᠨ ᠳᠤ ᠨᠠᠨᠺᠠᠢ ᠶᠡᠭᠡ ᠰᠤᠷᠭᠠᠭᠤᠯᠢ ᠂ ᠲᠢᠶᠠᠨᠵᠢᠨ ᠶᠡᠭᠡ ᠰᠤᠷᠭᠠᠭᠤᠯᠢ ᠂ ᠴᠢᠩᠬᠤᠸᠠ ᠶᠡᠭᠡ ᠰᠤᠷᠭᠠᠭᠤᠯᠢ ᠂ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠣᠰ ᠲᠣᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠹᠧᠩ ᠵᠧᠨ ᠨᠢᠭᠡᠳᠦᠭᠡᠷ ᠳᠤᠮᠳᠠᠳᠤ ᠰᠤᠷᠭᠠᠭᠤᠯᠢ ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠵᠢᠶᠠᠨ ᠴᠢᠶᠣᠤ ᠳᠤᠮᠳᠠᠳᠤ ᠰᠤᠷᠭᠠᠭᠤᠯᠢ ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠠᠷ ᠨᠢᠭᠡᠳᠦᠭᠡᠷ ᠳᠤᠮᠳᠠᠳᠤ ᠰᠤᠷᠭᠠᠭᠤᠯᠢ ᠂ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠦᠦ ᠺᠠᠩ ᠨᠢᠭᠡᠳᠦᠭᠡᠷ ᠳᠤᠮᠳᠠᠳᠤ ᠰᠤᠷᠭᠠᠭᠤᠯᠢ ᠪᠠ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠬᠤᠶᠠᠳᠤᠭᠠᠷ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠨ᠎ᠡ        ᠣᠲᠣ ᠪᠣᠯᠲᠠᠯ᠎ᠠ ᠂ ᠲᠦᠩᠯᠢᠶᠣᠣ ᠬᠤᠲᠠ ᠶᠢᠨ ᠪᠦᠦ ᠺᠠᠩ ᠨᠢᠭᠡᠳᠦᠭᠡᠷ ᠳᠤᠮᠳᠠᠳᠤ ᠰᠤᠷᠭᠠᠭᠤᠯᠢ ᠪᠣᠯᠣᠨ ᠭᠠᠨᠴᠢᠺᠠ ᠶᠢᠨ ᠬᠤᠶᠠᠳᠤᠭᠠᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠣᠰ ᠲᠣᠰ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠵᠤ᠂ ᠪᠤᠰᠤᠳ ᠭᠤᠷᠪᠠᠨ ᠰᠢᠶᠠᠨ ᠳᠤ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠬᠤ ᠴᠠᠭ ᠢ ᠦᠨᠳᠦᠰᠦᠨ ᠳᠡᠭᠡᠨ ᠲᠣᠭᠲᠠᠭᠠᠭᠰᠠᠨ ᠪᠠᠶᠢᠨ᠎ᠠ ᠃      ᠲᠠᠷᠠᠭᠠᠴᠢ ᠶᠢᠨ ᠠᠯᠬᠤᠮ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠨᠢᠭᠡᠳᠦᠯᠲᠡᠢ ᠲᠥᠯᠥᠪᠯᠡᠬᠦ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ ᠂ ᠰᠣᠩᠭᠤᠭᠳᠠᠨ ᠣᠷᠣᠵᠤ ᠬᠠᠪᠰᠤᠷᠤᠨ ᠲᠡᠳᠬᠦᠬᠦ ᠰᠢᠶᠠᠨ ᠤ ᠳᠤᠮᠳᠠ ᠪᠠ ᠶᠠᠮᠤᠨ ᠤ ᠬᠠᠷᠢᠶ᠎ᠠ ᠳᠡᠭᠡᠳᠦ ᠰᠤᠷᠭᠠᠭᠤᠯᠢ ᠂ ᠬᠤᠰᠢᠭᠤ ︵  ᠰᠢᠶᠠᠨ ︶ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠂ ᠨᠡᠶᠢᠲᠡᠯᠢᠭ ᠲᠤᠷᠰᠢᠯᠭ᠎ᠠ ᠶᠢ ᠬᠢᠨᠠᠮᠠᠭᠠᠢ ᠳ᠋ᠦᠩᠨᠡᠨ ᠤᠬᠠᠭᠤᠯᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠭᠤᠷᠢ ᠲᠠᠯᠪᠢᠵᠤ ᠥᠭᠭᠦᠨ᠎ᠡ ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号