ᠪᠥᠬᠦ ᠣᠷᠣᠨ ᠤ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ ᠠᠩᠭᠢ ᠶᠢ ᠤᠯᠠᠭᠠᠨᠬᠠᠳᠠ ᠬᠤᠲᠠ ᠳᠤ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2022/8/4
      ᠲᠥᠪ ᠤᠨ ᠠᠯᠪᠠᠨ ᠲᠢᠩᠬᠢᠮ ᠤᠨ ︽  ᠭᠤᠣᠯᠳᠠᠯᠭ᠎ᠠ ᠲᠠᠢ ᠬᠥᠳᠡᠭᠡ ᠲᠣᠰᠬᠤᠨ ᠳᠤ ᠲᠣᠰᠬᠤᠨ ᠤ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠬᠢ ᠶᠢ ᠦᠷᠭᠦᠯᠵᠢᠯᠡᠨ ᠰᠣᠩᠭᠤᠨ ᠰᠠᠭᠤᠯᠭᠠᠬᠤ ᠲᠤᠬᠠᠢ ᠰᠠᠨᠠᠯ ︾ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠺᠠᠳ᠋ᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠪᠣᠯᠪᠠᠰᠤᠷᠠᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠤᠨ ᠺᠠᠳ᠋ᠷᠴᠤᠳ ᠢ ᠤᠯᠠᠮ ᠴᠢᠨᠠᠭᠰᠢᠳᠠ ᠬᠠᠪᠰᠤᠷᠤᠨ ᠠᠵᠢᠯ ᠤᠨ ᠰᠡᠳᠬᠢᠴᠡ ᠶᠢ ᠨᠢ ᠲᠣᠳᠣᠷᠬᠠᠶᠢᠯᠠᠵᠤ ᠂ ᠠᠵᠢᠯ ᠤᠨ ᠡᠭᠦᠷᠭᠡ ᠶᠢ ᠨᠢ ᠲᠣᠳᠣᠷᠬᠠᠶᠢᠯᠠᠵᠤ ᠂ ᠠᠵᠢᠯ ᠤᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ ᠂ 7 ᠳ᠋ᠤᠭᠠᠷ ᠰᠠᠷ᠎ᠠ ᠶᠢᠨ 24 ᠤ ᠡᠳᠦᠷ ᠠᠴᠠ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ  ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠤᠯᠠᠭᠠᠨᠬᠠᠳᠠ ᠬᠤᠲᠠ ᠶᠢᠨ  ᠠᠤᠬᠠᠨ ᠺᠠᠳ᠋ᠷ ᠤᠨ ᠳᠡᠭᠡᠳᠦ ᠰᠤᠷᠭᠠᠭᠤᠯᠢ ᠳᠤ ᠪᠥᠬᠦ ᠣᠷᠣᠨ ᠤ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ ᠠᠩᠭᠢ ᠶᠢ ᠬᠠᠮᠲᠤᠷᠠᠨ ᠡᠷᠭᠢᠯᠡᠪᠡ ᠃ ᠪᠥᠬᠦ ᠣᠷᠣᠨ ᠤ ᠡᠯ᠎ᠡ ᠠᠶᠢᠮᠠᠭ ᠬᠤᠲᠠ  ᠠᠴᠠ ᠢᠷᠡᠭᠰᠡᠨ ᠭᠠᠴᠠᠭ᠎ᠠ ᠲᠣᠰᠬᠤᠨ ᠳᠤ ᠰᠠᠭᠤᠭ᠎ᠠ 50 ᠭᠠᠷᠤᠢ ᠨᠢᠭᠡᠳᠦᠭᠡᠷ ᠱᠦᠵᠢ ᠪᠣᠯᠪᠠᠰᠤᠷᠠᠭᠤᠯᠤᠯ ᠳᠤ ᠣᠷᠣᠯᠴᠠᠵᠠᠢ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠂ ᠬᠢᠴᠢᠶᠡᠯ ᠢᠶᠠᠨ ᠨᠠᠷᠢᠨ ᠨᠢᠮᠪᠠᠢ ᠲᠥᠯᠥᠪᠯᠡᠵᠦ ᠂ ᠰᠢ ᠶᠢᠨ ᠫᠢᠩ ᠶᠡᠷᠦᠩᠬᠡᠢ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠬᠠᠢ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢ ᠭᠦᠨᠵᠡᠭᠡᠢ ᠪᠥᠭᠡᠳ ᠪᠣᠳᠠᠲᠠᠢ ᠪᠠᠷ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠤᠷᠢᠳᠬᠤ ᠺᠠᠳ᠋ᠷ ᠤᠨ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠦᠨ᠎ᠡ᠃ ᠡᠭᠦᠨ ᠤ ᠬᠠᠮᠲᠤ ᠬᠤᠶᠠᠷ ᠡᠳᠦᠷ ᠤᠨ ᠴᠠᠭ ᠢ ᠠᠰᠢᠭᠯᠠᠨ ᠲᠤᠬᠠᠢ ᠶᠢᠨ ᠭᠠᠵᠠᠷ ᠲᠤᠨᠢ ᠣᠶᠤᠨᠲᠤ ᠨᠠᠮ ᠤᠨ ᠪᠠᠶᠢᠭᠤᠯᠤᠯᠲᠠ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠲᠣᠭᠤᠷᠢᠨ ᠦᠵᠡᠵᠦ᠂ ︽ᠭᠤᠷᠪᠠ ᠶᠢ ᠬᠤᠪᠢᠷᠠᠭᠤᠯᠬᠤ︾ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ᠂ ᠲᠣᠰᠬᠤᠨ ᠤ ᠬᠦᠢ ᠨᠢᠭᠡᠳᠦᠯ ᠢ ᠨᠢᠭᠡ ᠴᠣᠭᠴᠠᠵᠢᠭᠤᠯᠤᠨ ᠠᠵᠢᠯᠯᠠᠭᠤᠯᠬᠤ ᠲᠣᠭᠲᠠᠴᠠ᠂ ᠨᠠᠮ ᠤᠨ ᠭᠡᠰᠢᠭᠦᠨ ᠤᠯᠠᠨ ᠲᠦᠮᠡᠨ ᠤ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ᠂ ᠠᠮᠢ ᠠᠬᠤᠢ ᠶᠢᠨ ᠵᠠᠰᠠᠯᠲᠠ ᠪᠣᠯᠣᠨ ᠰᠡᠷᠭᠦᠭᠡᠯᠲᠡ ᠵᠡᠷᠭᠡ ᠵᠢᠱᠢᠶ᠎ᠡ ᠦᠵᠡᠭᠦᠯᠬᠦ ᠵᠢᠭᠠᠨ ᠰᠤᠷᠭᠠᠯᠲᠠ ᠶᠢᠨ ᠴᠡᠭ ᠢ ᠬᠥᠲᠥᠯᠥᠨ ᠳᠠᠭᠠᠭᠤᠯᠪᠠ᠃ ᠣᠨᠣᠯ ᠢᠶᠠᠷ ᠬᠠᠪᠰᠤᠷᠤᠨ ᠵᠢᠯᠤᠭᠤᠳᠬᠤ  ᠂ ᠲᠤᠰᠬᠠᠢ ᠰᠡᠳᠦᠪᠲᠦ ᠲᠠᠶᠢᠯᠤᠮᠵᠢ ᠬᠢᠬᠦ ᠂ ᠨᠡᠶᠢᠲᠡᠯᠢᠭ ᠵᠢᠱᠢᠶ᠎ᠡ ᠪᠠᠷ ᠲᠣᠭᠤᠷᠢᠨ ᠦᠵᠡᠬᠦ ᠂ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠣᠨᠣᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠴᠢᠩᠭᠠᠳᠬᠠᠬᠤ ᠂ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳᠤ ᠪᠥᠬᠦ ᠲᠠᠯ᠎ᠠ ᠶᠢᠨ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠢ ᠃ ᠰᠤᠷᠤᠭᠴᠢᠳ  ᠢ ᠨᠠᠮ ᠤᠨ ᠪᠠᠶᠢᠭᠤᠯᠤᠯᠲᠠ  ᠶᠢᠨ ᠠᠵᠢᠯ ᠤᠨ ᠵᠢᠭᠠᠨ ᠵᠢᠯᠣᠭᠤᠳᠤᠭᠴᠢ  ᠂ ᠠᠵᠤ ᠦᠢᠯᠡᠰ ᠤᠨ ᠬᠥᠭᠵᠢᠯᠲᠡ  ᠶᠢᠨ ᠵᠠᠮᠴᠢᠯᠠᠭᠴᠢ ᠂ ᠣᠯᠠᠨ ᠲᠦᠮᠡᠨ ᠤ ᠳᠣᠲᠣᠨᠣ ᠦᠢᠯᠡᠴᠢᠯᠡᠭᠴᠢ  ᠶᠢᠨ ᠲᠠᠯ᠎ᠠ ᠪᠠᠷ ᠨᠡᠩ ᠲᠣᠳᠣᠷᠬᠠᠢ ᠴᠢᠭᠯᠡᠯ ᠪᠠ ᠨᠡᠩ ᠬᠦᠴᠦᠷᠬᠡᠭ ᠶᠡᠭᠡ ᠢᠲᠡᠭᠡᠯ ᠲᠠᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ ᠃      ᠲᠤᠰ ᠤᠳᠠᠭ᠎ᠠ ᠶᠢᠨ ᠪᠣᠯᠪᠠᠰᠤᠷᠠᠯ ᠤᠨ ᠠᠭᠤᠯᠭ᠎ᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ᠦᠷᠭᠦᠯᠵᠢᠯᠡᠭᠦᠯᠬᠦ ᠲᠠᠢ ᠨᠢᠭᠲᠠ ᠬᠤᠯᠪᠣᠭ᠎ᠠ ᠲᠠᠢ ᠶᠤᠮ᠃ ᠰᠤᠷᠤᠯᠴᠠᠬᠤ ᠰᠡᠳᠬᠢᠬᠦ  ᠶᠢ ᠤᠶᠠᠯᠳᠤᠭᠤᠯᠬᠤ ᠂ ᠰᠤᠷᠤᠯᠴᠠᠬᠤ ᠰᠤᠳᠤᠯᠬᠤ  ᠶᠢ ᠤᠶᠠᠯᠳᠤᠭᠤᠯᠬᠤ ᠂ ᠰᠤᠷᠤᠯᠴᠠᠬᠤ ᠬᠢᠬᠦ  ᠶᠢ ᠤᠶᠠᠯᠳᠤᠭᠤᠯᠬᠤ  ᠪᠠᠷ ᠳᠡᠮᠵᠢᠨ ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ ᠂ ᠠᠵᠢᠯ ᠤᠨ ᠴᠢᠭᠯᠡᠯ ᠢ ᠲᠣᠳᠣᠷᠬᠠᠶᠢᠯᠠᠵᠤ ᠂ ᠪᠣᠯᠪᠠᠰᠤᠷᠠᠯ ᠳᠤ ᠣᠷᠤᠯᠴᠠᠬᠤ ᠰᠤᠷᠤᠭᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠂ ᠶᠡᠷᠦᠩᠬᠡᠢ ᠠᠵᠢᠯ ᠤᠨ ᠱᠠᠭᠠᠷᠳᠠᠯᠭ᠎ᠠ ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠤᠬᠠᠢ ᠲᠠᠨᠢᠯᠲᠠ ᠶᠢ ᠦᠨᠡᠨᠬᠦ ᠳᠡᠭᠡᠭᠰᠢᠯᠡᠭᠦᠯᠵᠦ ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠣᠷᠤᠯᠴᠠᠬᠤ ᠠᠵᠢᠯ ᠤᠨ ᠴᠢᠳᠠᠪᠤᠷᠢ ᠪᠠ ᠴᠢᠳᠠᠪᠤᠷᠢ ᠬᠡᠪ ᠴᠢᠨᠠᠷ ᠢ ᠬᠦᠴᠦᠲᠡᠢ ᠳᠡᠭᠡᠭᠰᠢᠯᠡᠭᠦᠯᠬᠦ ᠬᠡᠷᠡᠭᠲᠡᠢ ᠃      ᠰᠤᠷᠤᠭᠴᠢᠳ ᠄ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ ᠪᠠᠶᠢᠬᠤ ᠶᠢ ᠭᠦᠨᠵᠡᠭᠡᠢ ᠣᠶᠢᠯᠠᠭᠠᠵᠤ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠪᠲᠠᠨ ᠪᠣᠯᠪᠠᠰᠤᠷᠠᠭᠤᠯᠬᠤ ᠲᠠᠪᠴᠠᠩ ᠪᠣᠯᠭᠠᠵᠤ᠂ ᠦᠷᠭᠦᠯᠵᠢᠯᠡᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠥᠰᠥ ᠵᠣᠷᠢᠭ ᠪᠣᠯᠣᠨ ᠰᠥᠰᠥ ᠵᠣᠷᠢᠭ ᠢᠶᠠᠷ ᠵᠥᠷᠢᠴᠡᠯ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠠᠰᠠᠭᠤᠳᠠᠯ ᠢ ᠰᠢᠢᠳᠪᠦᠷᠢᠯᠡᠵᠦ᠂ ᠡᠨᠡᠬᠦ ᠠᠵᠢᠯ ᠬᠢᠵᠦ ᠦᠢᠯᠡᠰ ᠪᠣᠰᠬᠠᠬᠤ ᠬᠠᠯᠠᠭᠤᠨ ᠬᠥᠷᠥᠰᠥᠨ ᠳᠤ ᠰᠢᠯᠢᠳᠡᠭ ᠠᠮᠵᠢᠯᠲᠠ ᠶᠢ ᠡᠭᠦᠳᠴᠦ᠂ ᠠᠮᠢᠳᠤᠷᠠᠬᠤᠢ ᠶᠢᠨ ᠦᠷᠳᠡᠭ ᠢ ᠪᠡᠶᠡᠯᠡᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号