ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠠᠮ ᠤᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠭᠤᠣᠯᠳᠠᠯᠭ᠎ᠠ ᠲᠠᠢ | ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢ ᠬᠦᠴᠦᠯᠡᠨ ᠴᠢᠩᠭᠠᠳᠬᠠᠵᠤ᠂ ᠲᠣᠰᠬᠤᠨ ᠳᠤ ᠰᠠᠭᠤᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ | ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠵᠢᠱᠢᠶ᠎ᠡ ᠦᠵᠡᠭᠦᠯᠬᠦ ᠵᠠᠭᠪᠤᠷ ᠢ ᠡᠭᠦᠳᠦᠨ | ᠪᠠᠶᠢᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠨᠢᠭᠡ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠴᠢᠩᠭᠠᠳᠬᠠᠨ᠎ᠠ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ | ᠴᠢᠭᠯᠡᠯ ᠪᠣᠯᠭᠠᠬᠤ ᠶᠢ ᠪᠠᠷᠢᠮᠲᠠᠯᠠᠵᠤ ᠂ ᠳᠠᠪᠠᠭᠤᠯᠢᠭ ᠣᠨᠴᠠᠯᠢᠭᠲᠤ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ ᠂ 《 8 ᠵᠠᠭᠤᠨ ᠲᠦᠮᠡᠨ ᠳᠡᠰ 》 ᠤᠨ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ | ᠣᠨᠴᠠᠯᠢᠭᠲᠤ ᠬᠡᠰᠡᠭ ᠪᠠ ᠰᠦ ᠶᠢᠨ ᠦᠢᠯᠡᠰ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠂ ᠲᠥᠪ | ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠵᠣᠯᠭᠠᠯᠳᠤᠭᠤᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ | ᠲᠥᠯᠥᠪᠵᠢᠭᠦᠯᠵᠦ᠂ ᠠᠵᠤ ᠦᠢᠯᠡᠰ ᠤᠨ ᠪᠡᠯᠡ ᠮᠥᠩᠭᠦ ᠶᠢᠨ ᠲᠦᠷᠦᠯ ᠵᠦᠢᠯ ᠤᠨ ᠬᠤᠪᠢ ᠶᠢᠨ ᠵᠢᠩ ᠢ | ᠨᠡᠮᠡᠭᠳᠡᠭᠦᠯᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠦᠷᠦᠯ ᠵᠦᠢᠯ ᠢ ᠬᠢᠨᠠᠨ ᠲᠣᠭᠲᠠᠭᠠᠵᠤ ᠨᠤᠲᠠᠯᠠᠬᠤ ᠶᠢ ᠴᠢᠩᠭᠠᠳᠬᠠᠵᠤ᠂ ᠠᠵᠤ ᠦᠢᠯᠡᠰ ᠤᠨ | ᠲᠦᠷᠦᠯ ᠵᠦᠢᠯ ᠤᠨ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ | ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠭᠦ | ᠬᠦᠴᠦᠨ ᠢ ᠦᠷᠭᠦᠯᠵᠢᠯᠡᠨ ᠬᠥᠭᠵᠢᠭᠡᠨ᠎ᠡ᠃ 2022 ᠣᠨ ᠤ 7 ᠰᠠᠷ᠎ᠠ ᠶᠢᠨ ᠰᠡᠭᠦᠯᠴᠢ ᠪᠣᠯᠲᠠᠯ᠎ᠠ ᠂ ᠡᠯ᠎ᠡ | ᠱᠠᠲᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ | ᠠᠬᠢᠭᠤᠯᠬᠤ ᠨᠥᠬᠦᠪᠦᠷᠢ ᠪᠡᠯᠡ ᠮᠥᠩᠭᠦ ᠶᠢ 5.17 ᠳ᠋ᠦᠩᠰᠢᠭᠤᠷ ᠲᠥᠭᠦᠷᠢᠭ ᠲᠣᠬᠢᠷᠠᠭᠤᠯᠵᠤ ᠂ 206 ᠲᠥᠷᠥᠯ | ᠵᠦᠢᠯ ᠢ ᠲᠣᠬᠢᠷᠠᠭᠤᠯᠪᠠ ᠂ ᠡᠭᠦᠨ ᠳᠤ ᠄ ᠲᠥᠪ ᠤᠨ ᠪᠡᠯᠡ ᠮᠥᠩᠭᠦ ᠶᠢ 0.62 ᠳ᠋ᠦᠩᠰᠢᠭᠤᠷ ᠲᠥᠭᠦᠷᠢᠭ ᠂ | ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ 2.81 ᠳ᠋ᠦᠩᠰᠢᠭᠤᠷ ᠲᠥᠭᠦᠷᠢᠭ ᠂ ᠬᠤᠲᠠ ᠶᠢᠨ ᠲᠣᠰ | ᠱᠠᠲᠤᠨ ᠤ ᠪᠡᠯᠡ ᠮᠥᠩᠭᠦ ᠶᠢ 2.28 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ ︔ ᠠᠵᠤ ᠦᠢᠯᠡᠰ ᠤᠨ ᠪᠡᠯᠡ | ᠮᠥᠩᠭᠦ ᠶᠢ 3.55 ᠳ᠋ᠦᠩᠰᠢᠭᠤᠷ ᠲᠥᠭᠦᠷᠢᠭ ᠲᠣᠬᠢᠷᠠᠭᠤᠯᠵᠤ ᠂ 68.67% ᠶᠢ ᠡᠵᠡᠯᠡᠨ ᠂ 121 ᠠᠵᠤ | ᠦᠢᠯᠡᠰ ᠤᠨ ᠲᠥᠷᠥᠯ ᠵᠦᠢᠯ ᠢ ᠡᠵᠡᠯᠡᠨ ᠂ 58.74% ᠶᠢ ᠡᠵᠡᠯᠡᠨ ᠂ ᠪᠥᠬᠦ ᠬᠤᠲᠠ ᠶᠢᠨ 9.4 ᠲᠦᠮᠡ ᠭᠠᠷᠤᠢ | ᠬᠥᠳᠡᠭᠡ ᠲᠣᠰᠬᠤᠨ ᠤ ᠣᠯᠠᠨ ᠲᠦᠮᠡᠨ ᠳᠤ ᠠᠰᠢᠭ ᠬᠦᠷᠲᠡᠭᠡᠪᠡ ᠃ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠠᠯ᠎ᠠ ᠪᠠᠷ ᠂ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠵᠢᠯᠴᠠᠨ ᠬᠥᠳᠡᠭᠡ ᠲᠣᠰᠬᠤᠨ ᠤ | ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢᠨ ᠪᠤᠵᠠᠭᠠᠶᠢᠷᠠᠯ ᠤᠨ ᠵᠢᠱᠢᠶ᠎ᠡ ᠦᠵᠡᠭᠦᠯᠬᠦ ᠠᠵᠢᠯᠯᠠᠭ᠎ᠠ ᠪᠠ ︽ | ᠬᠦᠴᠦᠷᠬᠡᠭ ᠢ ᠬᠥᠮᠥᠵᠢᠭᠦᠯᠬᠦ ᠂ ᠰᠢᠯᠢᠳᠡᠭ ᠢ ᠲᠡᠳᠬᠦᠬᠦ ᠂ ᠳᠡᠭᠡᠭᠰᠢᠯᠡᠭᠦᠯᠬᠦ ︾ ᠢᠨᠵᠧᠨᠧᠷᠢᠩ ᠢ ᠬᠡᠷᠡᠭᠵᠢᠭᠦᠯᠵᠦ ᠂ | ︽ᠣᠷᠣᠨ ᠤ ᠲᠥᠪ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠣᠰ ᠵᠠᠭᠤ ᠪᠠᠷ ᠵᠢᠱᠢᠶ᠎ᠡ ᠦᠵᠡᠭᠦᠯᠬᠦ ᠂ | ᠮᠢᠩᠭᠠᠨ ᠲᠣᠰᠬᠤᠨ ᠢ ᠳᠡᠭᠡᠭᠰᠢᠯᠡᠭᠦᠯᠬᠦ ᠲᠥᠯᠥᠪᠯᠡᠭᠡ︾ ᠶᠢ ᠭᠦᠨᠵᠡᠭᠡᠢ ᠲᠦᠯᠬᠢᠨ ᠠᠬᠢᠭᠤᠯᠵᠤ ᠂ ᠡᠳ᠋ ᠤᠨ | ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠂ ᠲᠥᠷᠥᠯ ᠵᠦᠢᠯ ᠢ ᠵᠣᠯᠭᠠᠭᠤᠯᠬᠤ | ᠲᠠᠯ᠎ᠠ ᠪᠠᠷ 45 ᠬᠠᠮᠲᠤ ᠶᠢᠨ ᠠᠵᠤ ᠠᠬᠤᠢ ᠶᠢᠨ ᠭᠤᠣᠯᠳᠠᠯᠭ᠎ᠠ ᠲᠠᠢ ᠲᠡᠳᠬᠦᠬᠦ ᠲᠣᠰᠬᠤᠨ ᠳᠠᠰᠢ ᠬᠡᠯᠪᠡᠶᠢᠯᠭᠡᠨ᠎ᠡ ᠃ | ᠡᠭᠦᠨ ᠤ ᠬᠠᠮᠲᠤ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ ᠲᠣᠰᠬᠤᠨ ᠤ ᠬᠠᠮᠲᠤ ᠶᠢᠨ ᠡᠳ᠋ | ᠬᠥᠷᠥᠩᠭᠡ ᠶᠢ ᠪᠦᠷᠢᠳᠬᠡᠨ ᠬᠠᠷᠭᠤᠭᠤᠯᠬᠤ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠂ | ᠵᠣᠯᠭᠠᠯᠳᠤᠭᠤᠯᠤᠭᠰᠠᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠪᠠ ᠡᠷᠬᠡ ᠶᠢ ᠨᠤᠲᠠᠯᠠᠬᠤ ᠠᠵᠢᠯ ᠢ ᠡᠮᠬᠢ | ᠵᠢᠷᠤᠮ ᠲᠠᠢ ᠲᠦᠯᠬᠢᠨ ᠠᠬᠢᠭᠤᠯᠵᠤ ᠂ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠦᠲᠦᠮᠵᠢᠲᠡᠶ ᠪᠠᠶᠢᠬᠤ ᠂ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ | ᠪᠥᠬᠦ ᠬᠤᠲᠠ ᠶᠢᠨ 2021 ᠣᠨ ᠳᠤ ᠡᠯ᠎ᠡ ᠲᠥᠷᠥᠯ ᠤᠨ ᠵᠣᠯᠭᠠᠯᠳᠤᠭᠤᠯᠬᠤ ᠪᠡᠯᠡ ᠮᠥᠩᠭᠦ ᠳᠤ ᠨᠡᠶᠢᠲᠡ 6.2 | ᠳ᠋ᠦᠩᠰᠢᠭᠤᠷ ᠲᠥᠭᠦᠷᠢᠭ ᠣᠷᠣᠭᠤᠯᠵᠤ ᠂ ᠵᠣᠯᠭᠠᠯᠳᠤᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ᠪᠡᠯᠡ | ᠬᠥᠷᠥᠩᠭᠡ ᠶᠢ ᠨᠡᠶᠢᠲᠡ 4.8 ᠳ᠋ᠦᠩᠰᠢᠭᠤᠷ ᠲᠥᠭᠦᠷᠢᠭ ᠪᠣᠶ ᠪᠣᠯᠭᠠᠵᠤ ᠂ ᠡᠷᠬᠡ ᠶᠢ ᠨᠢ ᠰᠢᠶᠠᠨ ᠤ ᠱᠠᠲᠤᠨ ᠳᠤ | ᠬᠦᠷᠲᠡᠯ᠎ᠡ ᠨᠤᠲᠠᠯᠠᠨ ᠲᠣᠭᠲᠠᠭᠠᠭᠰᠠᠨ ᠪᠡᠯᠡ ᠬᠥᠷᠥᠩᠭᠡ 1.8 ᠳ᠋ᠦᠩᠰᠢᠭᠤᠷ ᠲᠥᠭᠦᠷᠢᠭ ᠂ ᠡᠷᠬᠡ ᠶᠢ ᠨᠢ ᠰᠢᠶᠠᠩ | ᠪᠠᠯᠭᠠᠰᠤᠨ ᠳᠤ ᠬᠦᠷᠲᠡᠯ᠎ᠡ ᠨᠤᠲᠠᠯᠠᠨ ᠲᠣᠭᠲᠠᠭᠠᠭᠰᠠᠨ ᠪᠡᠯᠡ ᠬᠥᠷᠥᠩᠭᠡ 0.02 ᠳ᠋ᠦᠩᠰᠢᠭᠤᠷ ᠲᠥᠭᠦᠷᠢᠭ ᠂ | ᠡᠷᠬᠡ ᠶᠢ ᠨᠢ ᠲᠣᠰᠬᠤᠨ ᠤ ᠱᠠᠲᠤᠨ ᠳᠤ ᠬᠦᠷᠲᠡᠯ᠎ᠡ ᠨᠤᠲᠠᠯᠠᠨ ᠲᠣᠭᠲᠠᠭᠠᠭᠰᠠᠨ ᠪᠡᠯᠡ ᠬᠥᠷᠥᠩᠭᠡ 2.8 | ᠳ᠋ᠦᠩᠰᠢᠭᠤᠷ ᠲᠥᠭᠦᠷᠢᠭ ᠂ ᠡᠷᠬᠡ ᠶᠢ ᠨᠢ ᠡᠷᠦᠬᠡ ᠳᠤ ᠬᠦᠷᠲᠡᠯ᠎ᠡ ᠨᠤᠲᠠᠯᠠᠨ ᠲᠣᠭᠲᠠᠭᠠᠭᠰᠠᠨ ᠪᠡᠯᠡ ᠬᠥᠷᠥᠩᠭᠡ 0. | 11 ᠳ᠋ᠦᠩᠰᠢᠭᠤᠷ ᠲᠥᠭᠦᠷᠢᠭ ᠪᠣᠯᠵᠠᠢ ᠃ | ᠬᠤᠶᠠᠷ ᠂ ᠲᠣᠰᠬᠤᠨ ᠳᠤ ᠰᠠᠭᠤᠬᠤ ᠠᠵᠢᠯ ᠤᠨ ᠲᠣᠭᠲᠠᠴᠠ ᠶᠢ ᠬᠦᠴᠦᠯᠡᠨ ᠪᠦᠷᠢᠨᠰᠢᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠲᠣᠰᠬᠤᠨ ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠵᠦ | ᠲᠥᠪᠬᠢᠨᠡᠭᠦᠯᠬᠦ ᠲᠣᠰᠬᠤᠨ ᠵᠡᠷᠭᠡ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠪᠡᠷᠲᠡᠭᠡᠨ ᠵᠠᠰᠠᠬᠤ | ᠣᠷᠣᠨ ᠂ ᠬᠤᠲᠠ ᠂ ᠬᠤᠰᠢᠭᠤ ᠰᠢᠶᠠᠨ ᠲᠣᠭᠤᠷᠢᠭ ᠤᠨ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠠᠳᠠᠯᠢ | ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠲᠤᠷᠠᠨ 493 ᠰᠢᠯᠢᠳᠡᠭ ᠰᠠᠯᠠᠭᠠᠨ ᠲᠠᠰ ᠤᠨ ᠺᠠᠳ᠋ᠷ ᠂ | ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠣᠮᠢᠯᠠᠵᠤ ᠂ ᠲᠣᠰᠬᠤᠨ ᠳᠤ ᠰᠠᠭᠤᠵᠤ ᠬᠠᠪᠰᠤᠷᠤᠨ | ᠲᠡᠳᠬᠦᠬᠦ ᠠᠵᠢᠯᠯᠠᠬᠤ ᠠᠩᠭᠢ ᠶᠢ 73 ᠵᠣᠬᠢᠶᠠᠨ ᠪᠠᠶᠢᠭᠤᠯᠵᠤ ᠂ ᠲᠣᠰᠬᠤᠨ ᠳᠤ ᠰᠠᠭᠤᠬᠤ ᠠᠵᠢᠯᠯᠠᠬᠤ ᠠᠩᠭᠢ | ᠪᠦᠷᠢ ᠳᠤ 1 ᠰᠢᠯᠢᠳᠡᠭ ᠺᠠᠳ᠋ᠷ ᠢᠶᠠᠷ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ ᠂ ᠠᠵᠢᠯᠯᠠᠬᠤ ᠠᠩᠭᠢ | ᠪᠦᠷᠢ ᠳᠤ 2 ᠭᠡᠰᠢᠭᠦᠨ ᠲᠣᠬᠢᠷᠠᠭᠤᠯᠵᠤ ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ | ᠬᠦᠴᠦᠨ ᠢ ᠦᠨᠡᠨᠬᠦ ᠴᠢᠩᠭᠠᠳᠬᠠᠨ᠎ᠠ ᠃ ᠲᠣᠰᠬᠤᠨ ᠳᠤ ᠰᠠᠭᠤᠭ᠎ᠠ ᠺᠠᠳ᠋ᠷᠴᠤᠳ ᠤᠨ 《ᠰᠣᠩᠭᠤᠨ | ᠪᠣᠶᠢᠵᠢᠭᠤᠯᠬᠤ ᠳᠤ ᠲᠤᠰᠠᠲᠠᠢ 》ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠶᠢᠨ ᠲᠥᠯᠥᠭᠡ ᠂ | ᠬᠤᠲᠠ ᠶᠢᠨ ᠲᠣᠰᠬᠤᠨ ᠳᠤ ᠰᠠᠭᠤᠭ᠎ᠠ ᠬᠠᠮᠢᠶᠠᠷᠤᠯᠲᠠ ᠶᠢᠨ ᠠᠯᠪᠠᠨ ᠭᠡᠷ ᠲᠤ ᠶᠡᠷᠦᠩᠬᠡᠶᠢᠯᠡᠭᠰᠡᠨ ᠳᠤᠭᠤᠶᠢᠯᠠᠩ ᠂ | ᠰᠢᠯᠭᠠᠨ ᠦᠨᠡᠯᠡᠬᠦ ᠳᠤᠭᠤᠶᠢᠯᠠᠩ ᠂ ᠤᠬᠠᠭᠤᠯᠬᠤ ᠳᠤᠭᠤᠶᠢᠯᠠᠩ ᠂ ᠪᠠᠲᠤᠯᠠᠭ᠎ᠠ ᠶᠢᠨ ᠳᠤᠭᠤᠶᠢᠯᠠᠩ ᠪᠠᠶᠢᠭᠤᠯᠵᠤ ᠂ | ︽ᠨᠢᠭᠡ ᠶᠢ ᠡᠷᠬᠢᠯᠡᠬᠦ ᠲᠦᠷᠪᠡᠨ ᠳᠤᠭᠤᠶᠢᠯᠠᠩ︾ ᠤᠨ ᠪᠦᠲᠦᠴᠡ ᠶᠢ ᠪᠠᠶᠢᠭᠤᠯᠵᠤ᠂ ᠲᠣᠰᠬᠤᠨ ᠳᠤ ᠰᠠᠭᠤᠭ᠎ᠠ | ᠺᠠᠳ᠋ᠷᠴᠤᠳ ᠤᠨ ᠬᠠᠮᠢᠶᠠᠷᠤᠯᠲᠠ ᠶᠢᠨ ᠰᠢᠷᠢᠰ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠤᠶᠠᠯᠳᠤᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠦᠬᠦ ᠲᠠᠯ᠎ᠠ ᠪᠠᠷ | ᠠᠬᠢᠭᠤᠯᠵᠤ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ | ᠪᠠᠶᠢᠩᠭᠤ ᠶᠢᠨ ᠴᠢᠨᠠᠷᠲᠠᠢ ᠱᠠᠯᠠᠪᠳᠠᠭᠤᠯᠤᠨ ᠪᠠᠶᠢᠴᠠᠭᠠᠯᠲᠠ ᠬᠢᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ | ᠠᠵᠢᠯ ᠤᠨ ᠭᠡᠰᠢᠭᠦᠳ ᠤᠨ ᠰᠤᠷᠲᠠᠯ ᠢᠶᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠱᠠᠯᠠᠪᠳᠠᠭᠤᠯᠤᠨ ᠱᠠᠭᠠᠷᠳᠠᠨ᠎ᠠ᠃ ᠲᠣᠰᠬᠤᠨ ᠳᠤ ᠰᠠᠭᠤᠭ᠎ᠠ ᠺᠠᠳ᠋ᠷᠴᠤᠳ ᠢ ᠭᠤᠣᠯᠳᠠᠯᠭ᠎ᠠ ᠲᠠᠢ ᠪᠣᠯᠪᠠᠰᠤᠷᠠᠭᠤᠯᠬᠤ | ᠠᠵᠢᠯᠲᠠᠨ ᠪᠣᠯᠭᠠᠵᠤ᠂ ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ | ᠬᠢᠨ ᠨᠡᠶᠢᠳᠡ 26 ᠠᠩᠬᠢ ᠤᠳᠠᠭ᠎ᠠ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠲᠣᠰᠬᠤᠨ ᠳᠤ ᠰᠠᠭᠤᠵᠤ | ᠬᠠᠪᠰᠤᠷᠤᠨ ᠲᠡᠳᠬᠦᠬᠦ ᠺᠠᠳ᠋ᠷᠴᠤᠳ ᠢ ᠬᠠᠪᠰᠤᠷᠤᠨ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠭᠤᠯᠵᠤ᠂ ᠲᠣᠰᠬᠤᠨ ᠳᠤ ᠰᠠᠭᠤᠬᠤ ᠠᠵᠢᠯ ᠢ ᠰᠠᠶᠢᠲᠤᠷ ᠬᠢᠬᠦ | ᠴᠢᠳᠠᠪᠤᠷᠢ ᠪᠠ ᠲᠦᠪᠰᠢᠨ ᠢ ᠲᠠᠰᠤᠷᠠᠯᠲᠠ ᠦᠭᠡᠢ ᠴᠢᠩᠭᠠᠳᠬᠠᠪᠠ᠃ | ᠡᠭᠦᠨ ᠤ ᠬᠠᠮᠲᠤ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠠᠵᠢᠯ᠂ ᠠᠮᠢᠳᠤᠷᠠᠯ ᠤᠨ ᠡᠯ᠎ᠡ ᠵᠦᠢᠯ ᠤᠨ | ᠪᠠᠶᠢᠩᠭᠤ ᠶᠢᠨ ᠪᠠᠲᠤᠯᠠᠪᠤᠷᠢ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ | ᠳᠡᠭᠡᠷ᠎ᠡ᠂ ᠠᠩᠬᠢ ᠪᠦᠷᠢ ᠳᠤ 3 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠪᠦᠬᠦ ᠬᠤᠳᠠ ᠶᠢᠨ ᠲᠣᠰᠬᠤᠨ ᠳᠤ | ᠰᠠᠭᠤᠭ᠎ᠠ 73 ᠠᠵᠢᠯᠯᠠᠬᠤ ᠠᠩᠬᠢ ᠶᠢᠨ ᠲᠥᠰᠥᠪ ᠲᠤ 222 ᠲᠦᠮᠡᠨ ᠲᠥᠭᠦᠷᠢᠭ ᠤᠨ ᠠᠵᠢᠯ ᠤᠨ ᠵᠠᠷᠤᠳᠠᠯ | ᠲᠣᠬᠢᠷᠠᠭᠤᠯᠵᠤ᠂ ᠠᠵᠢᠯ ᠤᠨ ᠵᠠᠷᠤᠳᠠᠯ ᠤᠨ ᠪᠠᠲᠤᠯᠠᠪᠤᠷᠢ ᠶᠢ ᠴᠢᠩᠭᠠᠳᠬᠠᠨ᠎ᠠ᠃ ᠬᠤᠲᠠ ᠶᠢᠨ ᠱᠠᠲᠤᠨ ᠤ | ᠲᠣᠮᠢᠯᠠᠭᠰᠠᠨ ᠨᠢᠭᠡᠴᠡ ᠬᠢᠭᠡᠳ ᠬᠤᠲᠠ ᠶᠢᠨ ᠲᠣᠮᠢᠯᠠᠨ ᠰᠠᠭᠤᠯᠭᠠᠭᠰᠠᠨ ᠲᠣᠰᠬᠤᠨ ᠤ ᠨᠢᠭᠡᠳᠦᠭᠡᠷ ᠱᠦᠵᠢ ᠶᠢᠨ | ᠪᠠᠶᠢᠭ᠎ᠠ ᠲᠣᠰᠬᠤᠨ ᠳᠤ ᠬᠠᠷᠢᠭᠤᠴᠠᠯᠭ᠎ᠠ ᠂ ᠲᠥᠷᠥᠯ ᠵᠦᠢᠯ ᠂ ᠪᠡᠯᠡ ᠮᠥᠩᠭᠦ ᠶᠢᠨ ᠲᠠᠯ᠎ᠠ ᠪᠠᠷ ︽ ᠭᠤᠷᠪᠠ ᠶᠢ | ᠬᠦᠯᠢᠶᠡᠰᠦᠯᠡᠬᠦ ︾ ᠲᠣᠭᠲᠠᠴᠠ ᠶᠢ ᠬᠡᠷᠡᠭᠵᠢᠭᠦᠯᠵᠦ ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠠᠵᠢᠯ ᠢᠶᠠᠨ | ᠥᠷᠨᠢᠭᠦᠯᠬᠦ ᠶᠢ ᠣᠯᠠᠨ ᠲᠠᠯ᠎ᠠ ᠪᠠᠷ ᠳᠡᠮᠵᠢᠵᠦ ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ | ᠠᠩᠭᠢ ᠶᠢᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠠᠵᠢᠯᠯᠠᠵᠤ ᠦᠢᠯᠡᠰ ᠴᠣᠭᠴᠠᠯᠠᠬᠤ ᠬᠠᠯᠠᠭᠤᠨ | ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠃ | ᠭᠤᠷᠪᠠ ᠂ ᠬᠡᠷᠡᠭᠯᠡᠭᠡ ᠶᠢ ᠬᠠᠪᠰᠤᠷᠤᠨ ᠲᠡᠳᠬᠦᠬᠦ ᠠᠵᠢᠯᠯᠠᠭ᠎ᠠ ᠶᠢ ᠬᠦᠴᠦᠯᠡᠨ ᠭᠦᠨᠵᠡᠭᠡᠶᠢᠷᠡᠭᠦᠯᠦᠨ᠎ᠡ | 《 ᠵᠠᠰᠠᠭ ᠤᠨ ᠣᠷᠳᠣᠨ ᠬᠥᠲᠥᠯᠥᠨ ᠳᠠᠭᠠᠭᠤᠯᠬᠤ ᠂ ᠨᠡᠶᠢᠭᠡᠮ ᠨᠡᠶᠢᠲᠡ ᠪᠠᠷ ᠢᠶᠠᠨ ᠣᠷᠤᠯᠴᠠᠬᠤ ᠂ ᠵᠠᠬ᠎ᠠ | ᠳᠡᠯᠭᠡᠭᠦᠷ ᠢᠶᠠᠷ ᠠᠵᠢᠯᠯᠠᠭᠤᠯᠬᠤ ᠂ ᠲᠣᠭᠲᠠᠴᠠ ᠶᠢᠨ ᠰᠢᠨ᠎ᠡ ᠶᠢ ᠡᠭᠦᠳᠬᠦ 》 ᠵᠠᠭᠪᠤᠷ ᠶᠣᠰᠣᠭᠠᠷ ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠶᠠᠳᠠᠭᠤ ᠠᠴᠠ ᠠᠩᠭᠢᠵᠢᠷᠠᠭᠰᠠᠨ ᠭᠠᠵᠠᠷ | ᠣᠷᠣᠨ ᠤ ᠰᠢᠨ᠎ᠡ ᠰᠣᠷᠭᠤᠭ ᠬᠠᠳᠠᠭᠠᠯᠠᠬᠤ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ ᠂ 《 ᠲᠠᠪᠤ ᠶᠢ ᠠᠬᠢᠭᠤᠯᠬᠤ 》 ᠠᠵᠢᠯᠯᠠᠭ᠎ᠠ ᠶᠢ | ᠶᠡᠬᠡᠪᠡᠷ ᠥᠷᠨᠢᠭᠦᠯᠵᠦ ᠂ ︽ ᠬᠡᠷᠡᠭᠯᠡᠭᠡ ᠪᠠᠷ ᠴᠠᠭᠠᠨ ᠰᠠᠷ᠎ᠠ ᠶᠢ ᠬᠠᠪᠰᠤᠷᠤᠨ ᠲᠡᠳᠬᠦᠬᠦ ᠠᠵᠢᠯᠯᠠᠭ᠎ᠠ ︾ ︽ | ᠬᠤᠳᠠᠯᠳᠤᠨ ᠠᠪᠬᠤ ᠪᠠᠷ ᠬᠠᠪᠰᠤᠷᠬᠤ ᠶᠢ ᠣᠷᠣᠯᠠᠭᠤᠯᠬᠤ ︾ ᠵᠡᠷᠭᠡ ᠲᠠᠷᠢᠶᠠᠯᠠᠩ ᠢ ᠲᠤᠰᠠᠯᠠᠬᠤ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ ᠂ ᠵᠡᠭᠦᠨ ᠪᠠᠷᠠᠭᠤᠨ ᠣᠷᠣᠨ ︵ ᠴᠦᠩᠴᠢᠩ ︶ ᠤ ᠬᠡᠷᠡᠭᠯᠡᠭᠡ ᠶᠢᠨ ᠬᠠᠮᠵᠢᠯᠴᠠᠭᠠᠨ ᠤ | ᠲᠥᠪ ᠤᠨ ᠥᠪᠥᠷ ᠮᠣᠩᠭᠤᠯ ︱ ᠬᠥᠬᠡᠬᠤᠲᠠ ᠣᠷᠳᠣᠨ ᠳᠤ ︽ ᠬᠥᠳᠡᠭᠡ ᠲᠣᠰᠬᠤᠨ ᠢ ᠬᠥᠭᠵᠢᠭᠦᠯᠦᠨ | ᠬᠥᠭᠵᠢᠭᠦᠯᠵᠦ ᠬᠡᠷᠡᠭᠯᠡᠭᠡ ᠶᠢ ᠬᠠᠪᠰᠤᠷᠤᠨ ᠲᠡᠳᠬᠦᠬᠦ ᠵᠧᠦ ᠬᠤᠶ ᠬᠤᠳᠠᠯᠳᠤᠨ ᠠᠪᠬᠤ ᠳᠤ 5.1 ᠶᠡᠭᠡ ᠪᠠᠷ ᠦᠨ᠎ᠡ | ᠬᠠᠶᠠᠬᠤ ︾ ᠰᠢᠷᠢᠰ ᠠᠵᠢᠯᠯᠠᠭ᠎ᠠ ᠶᠢ ᠥᠷᠨᠢᠭᠦᠯᠵᠦ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠪᠠ ᠪᠣᠷᠤᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ | ᠂ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠨ | ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ ᠃ 7 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠪᠠᠷ ᠳᠡᠮᠵᠢᠨ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢ 2.93 ᠳ᠋ᠦᠩᠰᠢᠭᠤᠷ | ᠲᠥᠭᠦᠷᠢᠭ ᠬᠠᠪᠰᠤᠷᠤᠨ ᠲᠡᠳᠬᠦᠪᠡ ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢᠨ | ᠪᠣᠷᠤᠯᠠᠭᠤᠯᠭ᠎ᠠ 1.23 ᠳ᠋ᠦᠩᠰᠢᠭᠤᠷ ᠲᠥᠭᠦᠷᠢᠭ ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠢᠨ | ᠪᠣᠷᠤᠯᠠᠭᠤᠯᠭ᠎ᠠ 1.70 ᠳ᠋ᠦᠩᠰᠢᠭᠤᠷ ᠲᠥᠭᠦᠷᠢᠭ ᠪᠣᠯᠣᠨ᠎ᠠ ᠃ | ᠳᠥᠷᠪᠡ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠬᠦᠴᠦᠯᠡᠨ | ᠰᠠᠶᠢᠵᠢᠷᠠᠭᠤᠯᠤᠨ᠎ᠠ | ᠤᠷᠢᠳ ᠬᠤᠵᠢᠳ ︽ᠬᠥᠬᠡᠬᠤᠲᠠ ᠶᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ 2021 | ︱ 2025 ᠣᠨ ︶ ︾ ︽ ᠬᠥᠬᠡᠬᠤᠲᠠ ᠶᠢᠨ 2022 ᠣᠨ ᠤ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠂ ᠣᠯᠠᠨ ᠨᠡᠶᠢᠲᠡ ᠶᠢᠨ | ᠵᠣᠷᠯᠣᠩ ᠢ ᠪᠦᠲᠦᠭᠡᠨ ᠪᠠᠶᠢᠭᠤᠯᠵᠤ ᠥᠭᠡᠷᠡᠴᠢᠯᠡᠬᠦ ᠂ ᠲᠣᠰᠬᠤᠨ ᠤ ᠳᠦᠷᠢ ᠲᠥᠷᠬᠦ ᠶᠢᠨ ᠣᠷᠴᠢᠨ ᠲᠣᠭᠤᠷᠢᠨ ᠢ | ᠶᠡᠭᠡ ᠪᠠᠷ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠲᠠᠷᠬᠠᠭᠠᠪᠠ ᠃ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ | ᠂ ᠡᠭᠦᠨ ᠤ ᠬᠠᠮᠲᠤ ᠪᠥᠬᠦ ᠬᠤᠲᠠ ᠶᠢᠨ ᠬᠡᠪᠴᠢᠶᠡᠨ ᠳᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠨᠥᠬᠦᠴᠡᠯ ᠤᠨ ︽ ᠭᠤᠷᠪᠠ ᠶᠢ ᠢᠯᠭᠠᠷᠠᠭᠤᠯᠬᠤ ᠂ ᠭᠤᠷᠪᠠ ᠶᠢ ᠴᠡᠭᠴᠡᠯᠡᠨ ᠵᠠᠰᠠᠬᠤ ᠂ ᠳᠥᠷᠪᠡ ᠶᠢ ᠳᠡᠭᠡᠭᠰᠢᠯᠡᠭᠦᠯᠬᠦ | ︾ ᠲᠤᠰᠬᠠᠢ ᠠᠵᠢᠯᠯᠠᠭ᠎ᠠ ᠪᠠ ︽ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠯᠠᠪᠳᠠᠭᠤᠨ | ᠪᠠᠲᠤᠲᠠᠢ ᠲᠦᠯᠬᠢᠨ ᠠᠬᠢᠭᠤᠯᠵᠤ ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ︽ ᠳᠣᠯᠤᠭ᠎ᠠ ᠶᠢ ᠢᠵᠢ | ᠪᠦᠷᠢᠳᠦᠭᠦᠯᠬᠦ︾ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠲᠥᠷᠥ ᠶᠢᠨ ᠪᠣᠳᠣᠯᠭ᠎ᠠ ᠂ ᠪᠡᠯᠡ ᠮᠥᠩᠭᠦ | ᠂ ᠲᠥᠷᠥᠯ ᠵᠦᠢᠯ ᠵᠡᠷᠭᠡ ᠲᠠᠯ᠎ᠠ ᠪᠠᠷ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠲᠥᠬᠦᠷᠵᠢᠭᠦᠯᠦᠯᠲᠡ ᠳᠤ | ᠬᠡᠯᠪᠡᠶᠢᠯᠭᠡᠬᠦ ᠳᠡᠮᠵᠢᠯᠭᠡ ᠦᠵᠡᠭᠦᠯᠦᠨ᠎ᠡ ᠃ ᠣᠲᠣ ᠪᠣᠯᠲᠠᠯ᠎ᠠ ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠤ | ᠲᠣᠭᠤᠷᠢᠭ ᠤᠨ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠲᠠᠰ ᠳᠠᠷᠠᠭᠠᠯᠠᠯ ᠢ ᠡᠬᠢᠯᠡᠭᠦᠯᠦᠭᠰᠡᠨ ᠪᠠ ᠨᠢᠭᠡᠨᠲᠡ 16812 ᠡᠷᠦᠬᠡ ᠶᠢ ᠡᠬᠢᠯᠡᠨ ᠪᠠᠶᠢᠭᠤᠯᠵᠤ ᠂ ︵ | 2454 ᠡᠷᠦᠬᠡ ᠬᠠᠭᠤᠷᠠᠢ ᠤᠰᠤᠨ ᠤ ᠵᠣᠷᠯᠣᠩ ᠂ 14358 ᠡᠷᠦᠬᠡ ᠬᠠᠭᠤᠷᠠᠢ ᠵᠣᠷᠯᠣᠩ ᠢ ᠪᠠᠭᠲᠠᠭᠠᠨ᠎ᠠ ︶ ︔ | ᠪᠥᠬᠦ ᠬᠤᠲᠠ ᠶᠢᠨ ᠬᠥᠳᠡᠭᠡ ᠲᠣᠰᠬᠤᠨ ᠤ ᠤᠰᠤ ᠂ ᠴᠠᠬᠢᠯᠭᠠᠨ ᠂ ᠴᠢᠮᠡᠭᠡ ᠬᠤᠯᠪᠣᠭ᠎ᠠ ᠂ ᠷᠠᠳᠢᠣ᠋ ᠲᠧᠯᠸᠢᠰ ᠂ | ᠲᠣᠰᠬᠤᠨ ᠳᠤ ᠨᠠᠪᠲᠠᠷᠡᠭᠦᠯᠵᠦ ᠬᠠᠲᠠᠭᠤᠷᠠᠭᠤᠯᠤᠭᠰᠠᠨ ᠵᠠᠰᠠᠮᠠᠯ ᠵᠠᠮ ᠢ 100% ᠪᠠᠷ ᠨᠡᠶᠢᠳᠡᠮ ᠪᠦᠷᠬᠦᠭᠦᠯᠵᠦ ᠂ | ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠥᠷᠲᠡᠭᠡ ᠴᠡᠭ ᠤᠨ ᠪᠦᠷᠬᠦᠴᠡ ᠶᠢᠨ ᠨᠣᠷᠮ᠎ᠠ 92.65% ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠪᠦᠷᠬᠦᠴᠡ ᠶᠢᠨ ᠨᠣᠷᠮ᠎ᠠ 16% ᠪᠣᠯᠪᠠ ︔ ᠡᠳ᠋ ᠤᠨ ᠵᠠᠰᠠᠭ ᠤᠨ ᠲᠤᠰᠬᠠᠢ | ᠪᠡᠯᠡ ᠮᠥᠩᠭᠦ ᠶᠢᠨ ᠣᠷᠣᠭᠤᠯᠤᠯᠲᠠ ᠶᠢ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠳᠤ 5249.35 ᠲᠦᠮᠡᠨ | ᠲᠥᠭᠦᠷᠢᠭ ᠬᠡᠷᠡᠭᠯᠡᠵᠦ ᠂ ᠨᠡᠶᠢᠭᠡᠮ ᠤᠨ ᠬᠦᠴᠦᠨ ᠠᠴᠠ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠳᠤ | 3148.98 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ ︔ ᠲᠠᠷᠢᠶᠠᠴᠢᠨ ᠤᠯᠠᠨ ᠲᠦᠮᠡᠨ ᠢ ᠲᠠᠶᠢᠴᠢᠯᠠᠨ | ᠨᠡᠶᠢᠳᠡ 10.42 ᠲᠦᠮᠡᠨ ᠤᠳᠠᠭ᠎ᠠ ᠬᠦᠴᠦ ᠬᠥᠳᠡᠯᠮᠦᠷᠢ ᠣᠷᠣᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ | 14.03 ᠲᠦᠮᠡᠨ ᠲᠣᠨ ᠬᠤᠭ ᠨᠣᠪᠰᠢ ᠶᠢ ᠴᠡᠪᠡᠷᠯᠡᠵᠦ᠂ ᠲᠣᠰᠬᠤᠨ ᠤ ᠳᠣᠲᠣᠷᠠᠬᠢ 660 ᠨᠠᠭᠤᠷ ᠴᠥᠭᠦᠷᠥᠮ ᠢ | ᠴᠡᠪᠡᠷᠯᠡᠵᠦ᠂ ᠲᠣᠰᠬᠤᠨ ᠤ ᠳᠣᠲᠣᠷᠠᠬᠢ 2475.4 ᠺᠢᠯᠣᠮᠧᠲᠷ ᠭᠤᠤ ᠰᠤᠪᠠᠭ ᠢ ᠴᠡᠪᠡᠷᠯᠡᠵᠦ᠂ ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠪᠠᠭᠠᠰᠤᠨ ᠪᠣᠬᠢᠷᠳᠤᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ | 5.11 ᠲᠦᠮᠡᠨ ᠲᠣᠨ ᠴᠡᠪᠡᠷᠯᠡᠪᠡ᠃ | ᠲᠠᠪᠤ ᠂ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠢ ᠡᠭᠦᠳᠦᠨ ᠪᠠᠶᠢᠭᠤᠯᠬᠤ ᠶᠢ ᠬᠦᠴᠦᠯᠡᠨ ᠠᠬᠢᠭᠤᠯᠤᠨ᠎ᠠ | ᠤᠷᠢᠳ ᠬᠤᠵᠢᠳ ︽ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠰᠢᠶᠠᠨ ᠂ ᠰᠢᠶᠠᠩ ᠂ ᠲᠣᠰᠬᠤᠨ ᠢ ᠡᠭᠦᠳᠦᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ︾ ︽ ᠬᠥᠬᠡᠬᠤᠲᠠ ᠶᠢᠨ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠰᠢᠶᠠᠨ ᠬᠥᠳᠡᠭᠡ ᠲᠣᠰᠬᠤᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ︾ ᠢ | ᠳᠠᠷᠤᠮᠠᠯᠯᠠᠨ ᠲᠠᠷᠬᠠᠭᠠᠪᠠ ᠃ ᠣᠷᠣᠨ ᠤ ᠲᠥᠪ ᠤᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠬᠤᠲᠠ ᠶᠢᠨ ᠲᠠᠰ ᠤᠨ ᠴᠢᠬᠤᠯᠠ ᠶᠡᠭᠡ ᠢᠨᠵᠧᠨᠧᠷᠢᠩ ᠤᠨ ᠲᠥᠷᠥᠯ | ᠵᠦᠢᠯ ᠪᠠ ᠣᠲᠣ ᠦᠶ᠎ᠡ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠮᠢᠳᠤᠯᠢᠭ | ᠬᠡᠷᠡᠭᠯᠡᠨ᠂ ᠨᠢᠭᠡ ᠪᠦᠯᠦᠭ ᠨᠡᠷ᠎ᠡ ᠴᠤᠤᠲᠠᠢ᠂ ᠠᠮᠢᠵᠢᠷᠠᠯ ᠤᠨ ᠬᠦᠴᠦᠨ ᠲᠠᠢ᠂ ᠬᠠᠭᠤᠯᠪᠤᠷᠢᠯᠠᠵᠤ ᠪᠣᠯᠬᠤᠶᠢᠴᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠬᠦᠴᠦᠯᠡᠨ ᠪᠣᠶ | ᠪᠣᠯᠭᠠᠨ᠎ᠠ ᠃ 2022 ᠣᠨ ᠳᠤ᠂ ᠬᠥᠬᠡᠬᠤᠲᠠ ᠨᠢ ᠦᠴᠦᠸᠠᠨ ᠰᠢᠶᠠᠨ ᠢᠶᠠᠷ ᠭᠤᠣᠯᠳᠠᠯᠭ᠎ᠠ ᠪᠣᠯᠭᠠᠨ ᠰᠢᠶᠠᠨ ᠤ | ᠱᠠᠲᠤᠨ ᠤ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠵᠤ ᠂ ᠪᠤᠰᠤᠳ ᠬᠤᠰᠢᠭᠤ ᠰᠢᠶᠠᠨ ᠲᠣᠭᠤᠷᠢᠭ ᠢ ᠵᠡᠷᠭᠡ ᠪᠠᠷ | ᠠᠬᠢᠭᠤᠯᠤᠨ ᠂ ᠨᠡᠶᠢᠲᠡ 1 ᠵᠢᠱᠢᠶ᠎ᠡ ᠦᠵᠡᠭᠦᠯᠬᠦ ᠰᠢᠶᠠᠨ ᠂ 10 ᠵᠢᠱᠢᠶ᠎ᠡ ᠦᠵᠡᠭᠦᠯᠬᠦ ᠰᠢᠶᠠᠩ ᠪᠠᠯᠭᠠᠰᠤ ᠂ 63 | ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠵᠤ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠪᠠ ᠃ | | |