ᠪᠦᠬᠦ ᠣᠷᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠥᠷᠭᠡᠳᠬᠡᠭᠰᠡᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2022/8/5
      8 ᠳ᠋ᠤᠭᠠᠷ ᠰᠠᠷ᠎ᠠ ᠶᠢᠨ 4 ᠤ ᠡᠳᠦᠷ᠂ ᠪᠥᠬᠦ ᠣᠷᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠥᠷᠭᠡᠳᠬᠡᠭᠰᠡᠨ ᠬᠤᠷᠠᠯ ᠬᠥᠬᠡᠬᠤᠲᠠ ᠳᠤ ᠬᠤᠷᠠᠯᠳᠤᠪᠠ ᠃ ᠬᠤᠷᠠᠯ ᠠᠴᠠ ᠥᠪᠥᠷ ᠮᠣᠩᠭᠤᠯ ᠤᠨ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠥᠪᠥᠷ ᠮᠣᠩᠭᠤᠯ ᠤᠨ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠶᠢᠨ ᠬᠤᠪᠢᠶᠠᠷᠢᠯᠠᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠡᠢ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠠᠢ ᠱᠠᠨ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ 12 ᠪᠦᠷᠢᠯᠳᠦᠭᠦᠨ ᠨᠢᠭᠡᠴᠡ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠪᠤᠶᠤ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ ᠃      ᠬᠤᠷᠠᠯ ᠠᠴᠠ ᠵᠢᠭᠠᠵᠤ ᠭᠠᠷᠭᠠᠭᠰᠠᠨ ᠨᠢ᠂ 7 ᠰᠠᠷ᠎ᠠ ᠶᠢᠨ 22 ᠤᠨ ᠡᠳᠦᠷ ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠰᠢᠯᠢ ᠶᠢᠨ ᠭᠤᠣᠯ ᠠᠶᠢᠮᠠᠭ ᠲᠤ ᠬᠦᠷᠴᠦ ᠪᠡᠭᠡᠵᠢᠩ ᠮᠣᠩᠭᠤᠯ ᠤᠨ ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠪᠡᠭᠡᠵᠢᠩ ᠮᠣᠩᠭᠤᠯ ᠤᠨ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ ᠂ ᠬᠤᠷᠠᠯ ᠳᠡᠭᠡᠷ᠎ᠡ ᠰᠦᠨ ᠱᠣᠣ ᠴᠧᠩ ᠱᠦᠵᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠵᠡᠷᠭᠡ ᠲᠠᠪᠤᠨ ᠵᠦᠢᠯ ᠤᠨ ᠡᠭᠦᠷᠭᠡ ᠶᠢᠨ ᠲᠤᠬᠠᠢ ᠨᠠᠶᠢᠳᠠᠪᠤᠷᠢᠵᠢᠭᠤᠯᠬᠤ ᠴᠢᠬᠤᠯᠠᠲᠠᠢ ᠪᠣᠳᠠᠲᠠᠢ ᠡᠭᠦᠷᠭᠡ ᠪᠣᠯᠣᠨ ᠪᠡᠭᠡᠵᠢᠩ ᠲᠠᠢ ᠵᠣᠯᠭᠠᠭᠤᠯᠵᠤ ᠳᠡᠮᠵᠢᠯᠭᠡ ᠣᠯᠬᠤ ᠪᠠᠷ ᠴᠢᠷᠮᠠᠶᠢᠬᠤ ᠪᠣᠳᠠᠲᠠᠢ ᠠᠵᠢᠯ ᠢ ᠳᠤᠷᠠᠳᠴᠠᠢ᠃ ᠡᠯ᠎ᠡ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠪᠣᠳᠠᠲᠠᠢ ᠳᠤ ᠰᠠᠭᠤᠷᠢᠯᠠᠨ ᠨᠡᠩ ᠣᠨᠣᠪᠴᠢᠲᠠᠢ ᠪᠣᠳᠠᠲᠠᠢ ᠶᠢ ᠡᠷᠬᠢᠮᠯᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠠᠷᠠᠯᠲᠠ ᠳᠠᠭᠠᠨ ᠠᠩᠬᠠᠷᠤᠯ ᠢᠶᠠᠨ ᠲᠥᠪᠯᠡᠷᠡᠭᠦᠯᠦᠨ ᠨᠡᠩ ᠢᠳᠡᠪᠬᠢᠲᠡᠢ ᠠᠵᠢᠯᠯᠠᠭ᠎ᠠ ᠠᠪᠴᠤ᠂ ᠪᠡᠭᠡᠵᠢᠩ ᠤᠨ ᠬᠠᠪᠰᠤᠷᠤᠨ ᠲᠡᠳᠬᠦᠬᠦ᠂ ᠲᠤᠰᠠᠯᠠᠬᠤ ᠶᠢ ᠥᠪᠥᠷ ᠮᠣᠩᠭᠤᠯ ᠤᠨ ᠲᠤᠰ ᠪᠡᠶ᠎ᠡ ᠶᠢᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠪᠡᠭᠡᠵᠢᠩ ᠬᠤᠳᠠ ᠲᠠᠢ ᠭᠠᠷ ᠬᠤᠯᠪᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠤᠰ ᠤᠳᠠᠭ᠎ᠠ ᠶᠢᠨ ᠳᠡᠭᠡᠳᠦ ᠳᠠᠪᠬᠤᠷᠭ᠎ᠠ ᠶᠢᠨ ᠬᠠᠮᠲᠤᠷᠠᠭᠰᠠᠨ ᠬᠤᠷᠠᠯ ᠠᠴᠠ ᠳᠤᠷᠠᠳᠤᠭᠰᠠᠨ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠵᠤ᠂ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠦᠨ ᠰᠤᠳᠤᠯᠵᠤ᠂ ᠪᠣᠳᠠᠲᠠᠢ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠪᠡᠭᠡᠵᠢᠩ ᠲᠠᠢ ᠵᠣᠯᠭᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠠᠷᠭ᠎ᠠ ᠬᠡᠮᠵᠢᠶ᠎ᠡ ᠲᠠᠢ᠂ ᠠᠷᠭ᠎ᠠ ᠲᠠᠢ᠂ ᠬᠠᠷᠠᠯᠲᠠ ᠲᠠᠢ᠂ ᠴᠠᠭ ᠬᠤᠭᠤᠴᠠᠭ᠎ᠠ ᠲᠠᠢ ᠪᠠᠷ ᠠᠬᠢᠭᠤᠯᠵᠤ᠂ ᠠᠵᠢᠯ ᠢ ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠵᠤ᠂ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠷᠢᠶ᠎ᠠ ᠰᠢᠰᠲ᠋ᠧᠮ ᠤᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠡᠭᠡᠵᠢᠩ ᠬᠤᠳᠠ ᠶᠢᠨ ᠠᠵᠢᠯ ᠲᠦᠷᠦᠯ ᠤᠨ ᠰᠠᠯᠠᠭ᠎ᠠ ᠮᠥᠴᠢᠷ ᠲᠠᠢ ᠪᠠᠶᠢᠩᠭᠤ ᠶᠢᠨ ᠴᠢᠨᠠᠷᠲᠠᠢ ᠨᠡᠪᠲᠡᠷᠡᠯᠴᠡᠵᠦ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠬᠥᠨᠳᠡᠯᠡᠨ ᠢᠶᠠᠷ ᠨᠡᠪᠲᠡᠷᠡᠯᠴᠡᠬᠦ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠶᠢᠨ ᠬᠠᠮᠲᠤ ᠬᠦᠴᠦᠯᠡᠵᠦ ᠂ ᠠᠳᠠᠯᠢ ᠴᠢᠭᠯᠡᠯ ᠢᠶᠠᠷ ᠬᠦᠴᠦᠯᠡᠵᠦ ᠂ ᠶᠡᠷᠦᠩᠬᠡᠶᠢᠯᠡᠨ ᠬᠦᠴᠦᠯᠡᠵᠦ ᠂ ᠠᠵᠢᠯ ᠢᠶᠠᠨ ᠬᠠᠮᠲᠤ ᠪᠠᠷ ᠰᠠᠶᠢᠲᠤᠷ ᠬᠢᠨ᠎ᠡ ᠃      ᠬᠤᠷᠠᠯ ᠠᠴᠠ ᠱᠠᠭᠠᠷᠳᠠᠭᠰᠠᠨ ᠨᠢ᠂ ᠳ᠋ᠦᠩᠨᠡᠨ ᠡᠮᠬᠢᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠬᠠᠮᠲᠤᠷᠠᠭᠰᠠᠨ ᠬᠤᠷᠠᠯ ᠤᠨ ᠡᠭᠦᠷᠭᠡ ᠶᠢᠨ ᠨᠠᠷᠢᠨ ᠬᠠᠭᠤᠳᠠᠰᠤ ᠪᠠ ᠪᠡᠭᠡᠵᠢᠩ ᠬᠤᠲᠠ ᠯᠤᠭ᠎ᠠ ᠵᠣᠯᠭᠠᠭᠤᠯᠬᠤ ᠵᠦᠢᠯᠡᠰ ᠤᠨ ᠨᠠᠷᠢᠨ ᠬᠠᠭᠤᠳᠠᠰᠤ ᠶᠢ ᠪᠣᠶ ᠪᠣᠯᠭᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠳᠡᠭᠡᠳᠦ ᠳᠠᠪᠬᠤᠷᠭ᠎ᠠ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠠᠬᠢᠴᠠ ᠵᠢᠴᠢ ᠦᠷ᠎ᠡ ᠪᠦᠲᠦᠮᠵᠢ ᠶᠢ ᠴᠠᠭ ᠲᠤᠬᠠᠢ ᠳᠤᠨᠢ ᠡᠮᠬᠢᠯᠡᠨ ᠳ᠋ᠦᠩᠨᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ ᠠᠰᠠᠭᠤᠳᠠᠯ ᠢ ᠰᠠᠶᠢᠲᠤᠷ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠣᠪᠣᠷ ᠰᠤᠷᠲᠠᠯ ᠢᠶᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠰᠠᠶᠢᠲᠤᠷ ᠬᠢᠵᠦ᠂ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠥᠪᠡᠷ ᠤᠨ ᠪᠡᠶ᠎ᠡ ᠵᠢᠴᠢ ᠠᠵᠢᠯ ᠤᠨ ᠦᠨ᠎ᠡ ᠦᠷᠳᠡᠭ ᠢᠶᠠᠨ ᠢᠯᠡᠷᠡᠭᠦᠯᠬᠦ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号