ᠨᠠᠶᠢᠷᠠᠭᠤᠯᠤᠭᠴᠢ ᠶᠢᠨ ᠦᠭᠡ᠄ ᠡᠨᠡ ᠵᠢᠯ ᠠᠴᠠ ᠨᠠᠰᠢ᠂ ᠬᠥᠬᠡᠬᠤᠲᠠ ᠶᠢᠨ ᠬᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠥᠯᠦᠪᠵᠢᠭᠦᠯᠭᠡ᠂ ᠲᠦᠷᠦ ᠶᠢᠨ ᠪᠣᠳᠣᠯᠭ᠎ᠠ᠂ ᠳᠦᠷᠢᠮ᠂ | ᠬᠠᠷᠢᠭᠤᠴᠠᠯᠭ᠎ᠠ ᠵᠡᠷᠭᠡ ᠲᠦᠷᠪᠡᠨ ᠲᠠᠯ᠎ᠠ ᠠᠴᠠ ᠤᠨᠢᠨ ᠳᠡᠭᠡᠷ᠎ᠡ ᠨᠢ ᠬᠦᠴᠦᠯᠡᠵᠦ᠂ ᠵᠣᠯᠭᠠᠭᠤᠯᠬᠤ ᠪᠡᠯᠡ | ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠶᠢᠯᠭᠠᠬᠤ ᠶᠢ ᠪᠠᠲᠤᠯᠠᠵᠠᠢ | ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠶᠠᠷ | ᠱᠠᠲᠤᠨ ᠤ ᠪᠡᠯᠡ ᠮᠥᠩᠭᠦ ᠰᠢᠯᠵᠢᠭᠦᠯᠦᠨ ᠥᠭᠭᠦᠭᠰᠡᠨ ᠨᠣᠷᠮ᠎ᠠ ᠨᠢᠭᠡᠨᠲᠡ 69% ᠳᠤ ᠬᠦᠷᠴᠦ ᠂ ᠠᠵᠢᠯ ᠢ | ᠲᠦᠯᠬᠢᠨ ᠠᠬᠢᠭᠤᠯᠤᠭᠰᠠᠨ ᠪᠠᠶᠢᠳᠠᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠰᠠᠨ ᠪᠥᠭᠡᠳ 7 ᠳ᠋ᠤᠭᠠᠷ | ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠬᠤᠷᠠᠯᠳᠤᠭᠰᠠᠨ ᠪᠥᠬᠦ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠥᠷᠥᠯ ᠵᠦᠢᠯ ᠤᠨ | ᠬᠠᠮᠢᠶᠠᠷᠤᠯᠲᠠ ᠶᠢ ᠲᠦᠯᠬᠢᠨ ᠠᠬᠢᠭᠤᠯᠬᠤ ᠬᠤᠷᠠᠯ ᠳᠡᠭᠡᠷ᠎ᠡ ᠲᠡᠷᠢᠭᠦᠨ ᠤ ᠠᠵᠢᠯ ᠤᠨ ᠲᠤᠷᠰᠢᠯᠭ᠎ᠠ ᠪᠠᠨ ᠰᠣᠯᠢᠯᠴᠠᠪᠠ ᠃ | ᠤᠳᠤ ᠲᠤᠷᠰᠢᠯᠭ᠎ᠠ ᠰᠣᠯᠢᠯᠴᠠᠬᠤ ᠮᠠᠲ᠋ᠧᠷᠢᠶᠠᠯ ᠢ ᠲᠣᠪᠴᠢᠯᠠᠨ ᠨᠡᠶᠢᠲᠡᠯᠡᠶ᠎ᠡ᠃ | ᠬᠥᠬᠡᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠡᠯᠡ ᠮᠥᠩᠭᠦ ᠶᠢᠨ ᠬᠡᠷᠡᠭᠯᠡᠯᠲᠡ ᠪᠠ ᠲᠥᠷᠥᠯ | ᠵᠦᠢᠯ ᠤᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠲᠥᠯᠦᠪᠵᠢᠭᠦᠯᠭᠡ ᠪᠠᠷ | ᠬᠥᠲᠥᠯᠥᠮᠵᠢ ᠪᠣᠯᠭᠠᠬᠤ ᠂ ᠲᠥᠷᠥ ᠶᠢᠨ ᠪᠣᠳᠣᠯᠭ᠎ᠠ ᠪᠠᠷ ᠬᠥᠳᠡᠯᠭᠡᠭᠦᠷ ᠪᠣᠯᠭᠠᠬᠤ ᠂ ᠳᠦᠷᠢᠮ ᠢᠶᠠᠷ ᠪᠠᠲᠤᠯᠠᠭ᠎ᠠ | ᠪᠣᠯᠭᠠᠬᠤ ᠂ ᠬᠠᠷᠢᠭᠤᠴᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠳᠡᠭᠡᠷ᠎ᠡ ᠬᠠᠭᠠᠰ ᠵᠢᠯ ᠤᠨ | ᠬᠢᠵᠢᠭ ᠤᠨ ᠨᠥᠯᠥᠭᠡ ᠶᠢ ᠴᠢᠷᠮᠠᠶᠢᠨ ᠲᠡᠪᠴᠢᠵᠦ ᠂ ᠲᠥᠷᠥᠯ ᠵᠦᠢᠯ ᠤᠨ ᠲᠥᠯᠦᠪᠵᠢᠭᠦᠯᠭᠡ ᠂ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠂ ᠠᠵᠢᠯ ᠤᠨ ᠦᠷ᠎ᠡ ᠪᠦᠲᠦᠮᠵᠢ ᠶᠢ ᠮᠥᠷᠳᠡᠬᠦ ᠵᠡᠷᠭᠡ ᠡᠯ᠎ᠡ ᠭᠤᠭᠴᠤᠭ᠎ᠠ ᠶᠢ ᠰᠢᠯᠢᠳᠡᠭ ᠂ | ᠴᠢᠩᠭ᠎ᠠ ᠂ ᠲᠦᠷᠭᠡᠨ ᠢᠶᠠᠷ ᠡᠵᠡᠮᠳᠡᠵᠦ ᠂ ᠪᠡᠯᠡ ᠮᠥᠩᠭᠦ ᠶᠢᠨ ᠬᠠᠮᠢᠶᠠᠷᠤᠯᠲᠠ ᠵᠢᠷᠤᠮᠵᠢᠭᠤᠨ ᠂ ᠬᠡᠷᠡᠭᠯᠡᠯᠲᠡ | ᠥᠨᠳᠥᠷ ᠪᠦᠲᠦᠮᠵᠢᠲᠡᠶ ᠂ ᠲᠥᠷᠥᠯ ᠵᠦᠢᠯ ᠤᠨ ᠬᠡᠷᠡᠭᠵᠢᠭᠦᠯᠦᠯᠲᠡ ᠨᠠᠷᠢᠯᠢᠭ ᠣᠨᠣᠪᠴᠢᠲᠠᠶ ᠂ ᠦᠷ᠎ᠡ ᠪᠦᠲᠦᠮᠵᠢ | ᠢᠯᠡᠷᠬᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠃ | ᠲᠥᠯᠦᠪᠵᠢᠭᠦᠯᠭᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠤᠷᠢᠳ ᠢᠶᠠᠷ ︽ ᠶᠠᠭᠤ ᠬᠢᠬᠦ ︾ ᠶᠢ | ᠰᠠᠶᠢᠲᠤᠷ ᠲᠥᠯᠥᠪᠵᠢᠭᠦᠯᠬᠦ ᠬᠡᠷᠡᠭᠲᠡᠢ | ᠨᠢᠭᠡ ᠳᠤ ᠲᠥᠯᠦᠪᠵᠢᠭᠦᠯᠭᠡ ᠶᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠨ᠎ᠠ᠃ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ | ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠥᠪᠡᠷᠲᠡᠭᠡᠨ ᠵᠠᠰᠠᠬᠤ ᠣᠷᠣᠨ ᠤ 2 | ᠲᠥᠯᠦᠪᠵᠢᠭᠦᠯᠭᠡ ᠲᠠᠢ ᠬᠠᠷᠢᠴᠠᠭᠤᠯᠵᠤ ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ 《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠤᠨ | ᠬᠤᠯᠪᠣᠭᠳᠠᠯ ᠪᠦᠬᠦᠢ 《 ᠪᠠᠬᠢᠵᠢᠭᠦᠯᠬᠦ ᠶᠢ ᠠᠳᠬᠤᠵᠤ ᠂ ᠵᠣᠯᠭᠠᠯᠳᠤᠭᠤᠯᠬᠤ ᠶᠢ ᠠᠬᠢᠭᠤᠯᠬᠤ 》 ᠬᠠᠷᠠᠯᠲᠠ | ᠡᠭᠦᠷᠭᠡ ᠶᠢᠨ ᠲᠣᠭᠤᠷᠢᠨ ᠳᠤ ᠂ ᠮᠠᠨ ᠤ ᠬᠤᠲᠠ ᠶᠢᠨ 《 ᠠᠷᠪᠠᠨ ᠳᠥᠷᠪᠡᠳᠦᠭᠡᠷ ᠲᠠᠪᠤᠨ ᠵᠢᠯ 》 ᠤᠨ 《 | ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ | 》 ᠪᠠ 《 ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠲᠥᠯᠦᠪᠵᠢᠭᠦᠯᠭᠡ 》 ᠶᠢ ᠨᠠᠶᠢᠷᠠᠭᠤᠯᠤᠨ ᠵᠣᠬᠢᠶᠠᠵᠤ ᠂ ᠣᠷᠣᠨ ᠤ ᠲᠥᠪ ᠤᠨ 《 ᠭᠤᠷᠪᠠᠨ ᠨᠢᠭᠡ | 》 ᠶᠢ ᠪᠠᠶᠢᠭᠤᠯᠬᠤ ᠶᠢ ᠠᠬᠢᠭᠤᠯᠵᠤ ᠂ ᠳᠠᠷᠤᠢ᠄︽ᠨᠢᠭᠡ ᠰᠠᠭᠤᠷᠢᠨ︾︵ᠪᠣᠬᠢᠷᠳᠤᠯ ᠦᠭᠡᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ︶᠂ ︽ᠨᠢᠭᠡ ᠵᠢᠱᠢᠶ᠎ᠡ | ᠦᠵᠡᠭᠦᠯᠬᠦ︾︵ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ︶᠂ ︽ | ᠨᠢᠭᠡ ᠵᠢᠱᠢᠶ᠎ᠡ ᠦᠵᠡᠭᠦᠯᠬᠦ︾︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠭᠤᠷᠢᠭ | ︶ ᠶᠢ ᠬᠡᠷᠡᠭᠵᠢᠭᠦᠯᠬᠦ ᠶᠢᠨ ᠬᠠᠮᠲᠤ᠂︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ | ᠬᠥᠲᠥᠯᠪᠦᠷᠢ︾ ᠶᠢ ᠨᠢᠭᠡᠳᠦᠯᠲᠡᠢ ᠲᠥᠯᠥᠪᠵᠢᠭᠦᠯᠦᠨ ᠣᠷᠣᠭᠤᠯᠵᠤ᠂ ᠵᠣᠯᠭᠠᠭᠤᠯᠬᠤ ᠪᠡᠯᠡ ᠮᠥᠩᠭᠦ ᠪᠠ ᠲᠦᠷᠦᠯ | ᠵᠦᠢᠯ ᠢ ᠤᠷᠢᠳᠴᠢᠯᠠᠨ ᠪᠠᠶᠢᠷᠢᠰᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠴᠤᠭᠯᠠᠭᠤᠯᠵᠤ᠂ ᠬᠠᠮᠵᠢᠯᠴᠠᠨ | ᠠᠬᠢᠭᠤᠯᠵᠤ ᠨᠠᠶᠢᠳᠠᠪᠤᠷᠢᠵᠢᠭᠤᠯᠤᠨ᠎ᠠ᠃ | ᠬᠤᠶᠠᠷ ᠲᠤ ᠠᠷᠭ᠎ᠠ ᠤᠬᠠᠭᠠᠨ ᠰᠦᠪᠡᠭᠴᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ | ᠨᠠᠷ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠂ ︽ ᠳᠥᠷᠪᠡ ᠶᠢ ᠤᠷᠢᠳ ᠢᠶᠠᠷ | ᠪᠣᠳᠣᠯᠬᠢᠯᠠᠬᠤ ︾ ᠵᠠᠷᠴᠢᠮ ︵ ᠳᠠᠷᠤᠢ ᠄ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠤᠨ ᠬᠡᠷᠡᠭᠴᠡᠭᠡ | ᠱᠠᠭᠠᠷᠳᠠᠯᠭ᠎ᠠ ᠶᠢ ᠪᠠᠬᠢᠵᠢᠭᠦᠯᠬᠦ ᠲᠥᠷᠥᠯ ᠵᠦᠢᠯ ᠢ ᠤᠷᠢᠳ ᠢᠶᠠᠷ ᠪᠠᠲᠤᠯᠠᠵᠤ ᠂ ᠭᠠᠮᠰᠢᠭ ᠠᠴᠠ ᠪᠣᠯᠵᠤ | ᠬᠢᠵᠢᠭ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠤ ᠪᠠᠴᠢᠮ ᠬᠡᠷᠡᠭᠴᠡᠭᠡ ᠲᠠᠢ ᠲᠥᠷᠥᠯ ᠵᠦᠢᠯ ᠢ | ᠤᠷᠢᠳ ᠢᠶᠠᠷ ᠲᠣᠬᠢᠷᠠᠭᠤᠯᠤᠨ ᠬᠡᠷᠡᠭᠵᠢᠭᠦᠯᠵᠦ ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠂ ᠠᠰᠢᠭ ᠲᠤᠰᠠ ᠶᠢᠨ | ᠬᠤᠯᠪᠣᠭ᠎ᠠ ᠶᠢᠨ ᠲᠣᠭᠲᠠᠴᠠ ᠪᠠᠷ ᠨᠢᠭᠲᠠ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢᠶᠠᠷ ᠰᠠᠶᠢᠨ | ᠲᠥᠷᠥᠯ ᠵᠦᠢᠯ ᠢ ᠤᠷᠢᠳ ᠢᠶᠠᠷ ᠳᠡᠮᠵᠢᠵᠦ ᠳᠠᠶᠢᠴᠢᠯᠠᠨ᠎ᠠ ︶ ᠢ ᠪᠠᠷᠢᠮᠲᠠᠯᠠᠨ᠎ᠠ ᠃ ︽ ᠬᠤᠶᠠᠷ ᠭᠤᠭᠴᠤᠭ᠎ᠠ ︾ ︵ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ︶ ᠂ ︽ ᠬᠤᠶᠠᠷ ᠵᠠᠩᠭᠢᠯᠠᠭ᠎ᠠ ︾ | ︵ ᠠᠵᠤ ᠦᠢᠯᠡᠰ ᠤᠨ ᠬᠥᠭᠵᠢᠯᠲᠡ ᠪᠠ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ︶ ᠂ ︽ ᠬᠤᠶᠠᠷ | ᠭᠤᠣᠯᠳᠠᠯᠭ᠎ᠠ︾ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ | ᠲᠡᠳᠬᠦᠬᠦ ᠰᠢᠶᠠᠨ ᠪᠠ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ︶ ᠂ ︽ ᠬᠤᠶᠠᠷ | ᠰᠠᠭᠤᠷᠢ ︾ ︵ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠪᠠ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ︶ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠂ | ᠡᠭᠦᠨ ᠤ ᠬᠠᠮᠲᠤ 《 ᠬᠤᠶᠠᠷ ᠰᠠᠯᠠᠭ᠎ᠠ ᠬᠦᠴᠦᠨ 》 ( ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠠ | ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ) ᠪᠣᠯᠣᠨ 《 ᠭᠤᠷᠪᠠᠨ | ᠲᠥᠷᠥᠯ ᠢᠶᠠᠷ ᠬᠠᠪᠰᠤᠷᠤᠨ ᠲᠡᠳᠬᠦᠬᠦ 》 ( ᠪᠡᠭᠡᠵᠢᠩ ᠥᠪᠥᠷ ᠮᠣᠩᠭᠤᠯ ᠬᠠᠮᠵᠢᠯᠴᠠᠨ ᠂ ᠨᠡᠶᠢᠳᠡᠮ | ᠬᠡᠷᠡᠭᠯᠡᠭᠡᠨ ᠤ ᠪᠦᠯᠦᠭᠯᠡᠯ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠨᠡᠶᠢᠭᠡᠮ ᠠᠴᠠ ᠬᠠᠪᠰᠤᠷᠤᠨ ᠲᠡᠳᠬᠦᠬᠦ ) | ᠶᠢ ᠨᠢᠭᠡᠳᠦᠯᠲᠡᠢ ᠲᠥᠯᠥᠪᠯᠡᠵᠦ ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠣᠨᠴᠠᠯᠢᠭᠲᠤ ᠳᠠᠪᠠᠭᠤᠯᠢᠭ | ᠠᠵᠤ ᠦᠢᠯᠡᠰ ᠢ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠠᠩᠬᠠᠷᠤᠯ ᠢᠶᠠᠨ ᠨᠢᠭᠡ ᠪᠦᠯᠦᠭ ᠳᠠᠶᠢᠴᠢᠯᠠᠬᠤ ᠬᠦᠴᠦᠨ ᠢᠶᠠᠷ ᠴᠢᠩᠭ᠎ᠠ ᠂ ᠬᠠᠮᠤᠷᠬᠤ ᠬᠡᠪᠴᠢᠶ᠎ᠡ ᠪᠠᠷ | ᠥᠷᠭᠡᠨ ᠂ ᠠᠰᠢᠭ ᠲᠤᠰᠠ ᠶᠢᠨ ᠬᠤᠯᠪᠣᠭ᠎ᠠ ᠪᠠᠷ ᠨᠢᠭᠲᠠ ᠠᠵᠤ ᠦᠢᠯᠡᠰ ᠤᠨ ᠲᠥᠷᠥᠯ ᠵᠦᠢᠯ ᠵᠢᠴᠢ | ᠲᠤᠯᠭᠠᠭᠤᠷᠢᠯᠠᠬᠤ ᠴᠢᠨᠠᠷ ᠢᠶᠠᠷ ᠰᠠᠶᠢᠨ ᠂ ᠦᠷ᠎ᠡ ᠪᠦᠲᠦᠮᠵᠢ ᠪᠠᠷ ᠢᠯᠡᠳᠲᠡ ᠪᠠᠭ᠎ᠠ ᠬᠡᠯᠪᠡᠷᠢ ᠶᠢᠨ ᠨᠡᠶᠢᠲᠡ ᠶᠢᠨ | ᠠᠰᠠᠷᠠᠮᠵᠢ ᠶᠢᠨ ᠲᠥᠷᠥᠯ ᠵᠦᠢᠯ ᠢ ᠤᠷᠢᠳᠠᠪᠠᠷ ᠲᠥᠰᠥᠪᠯᠡᠵᠦ ᠂ ᠣᠨ ᠤ ᠬᠡᠷᠡᠭᠵᠢᠭᠦᠯᠬᠦ ᠭᠤᠣᠯᠳᠠᠯᠭ᠎ᠠ ᠪᠣᠯᠭᠠᠵᠤ ᠂ | ᠣᠯᠠᠨ ᠤᠳᠠᠭ᠎ᠠ ᠰᠢᠭᠰᠢᠨ ᠰᠢᠯᠭᠠᠷᠠᠭᠤᠯᠵᠤ ᠂ ᠰᠢᠯᠢᠳᠡᠭ ᠢ ᠨᠢ ᠬᠥᠮᠥᠷᠭᠡ ᠳᠤ ᠣᠷᠣᠭᠤᠯᠵᠤ ᠂ ︽ ᠨᠠᠵᠠᠭᠠᠢ | ᠲᠠᠯ᠎ᠠ ᠶᠢᠨ ᠨᠠᠷᠢᠨ ᠲᠠᠩᠰᠠ ︾ ᠶᠢ ᠢᠯᠭᠠᠨ ᠭᠠᠷᠭᠠᠵᠤ ᠂ 200 ᠭᠠᠷᠤᠢ ᠲᠤᠰᠬᠠᠢ ᠮᠡᠷᠭᠡᠵᠢᠯᠲᠡᠨ ᠤ ᠰᠠᠨᠠᠯ | ᠰᠠᠨᠠᠭᠤᠯᠭ᠎ᠠ ᠶᠢ ᠰᠢᠩᠭᠡᠬᠡᠨ ᠰᠠᠶᠢᠵᠢᠷᠠᠭᠤᠯᠵᠤ ᠂ 469 ᠲᠥᠷᠥᠯ ᠵᠦᠢᠯ ᠤᠨ ᠬᠥᠮᠥᠷᠭᠡ ᠶᠢᠨ ᠨᠥᠭᠡᠴᠡᠯᠡᠬᠦ ᠲᠥᠷᠥᠯ | ᠵᠦᠢᠯ ᠳᠤ ᠣᠷᠣᠭᠤᠯᠪᠠ ᠃ ᠲᠥᠪ ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠲᠣᠰ ᠱᠠᠲᠤᠨ ᠤ ᠪᠡᠯᠡ | ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠂ ᠬᠠᠮᠤᠭ ᠤᠨ ᠲᠡᠷᠢᠭᠦᠨ ᠳᠤ 206 ᠲᠥᠷᠥᠯ ᠵᠦᠢᠯ ᠢ | ᠲᠣᠬᠢᠷᠠᠭᠤᠯᠤᠨ᠎ᠠ ᠂ ᠡᠭᠦᠨ ᠳᠤ ᠄ ᠠᠵᠤ ᠦᠢᠯᠡᠰ ᠤᠨ ᠲᠥᠷᠥᠯ ᠵᠦᠢᠯ 121 ᠂ ᠵᠢᠵᠢᠭ ᠬᠡᠯᠪᠡᠷᠢ ᠶᠢᠨ | ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ 76 ᠂ ᠡᠷᠦᠬᠡ ᠳᠤ ᠬᠦᠷᠭᠡᠬᠦ ᠲᠥᠷᠥᠯ ᠤᠨ ᠲᠥᠷᠥᠯ ᠵᠦᠢᠯ 9 | ᠪᠠᠶᠢᠵᠤ ᠂ ︽ ᠲᠥᠷᠥᠯ ᠵᠦᠢᠯ ᠵᠡᠷᠭᠡ ᠪᠡᠯᠡ ᠮᠥᠩᠭᠦ ︾ ᠶᠢ ᠨᠡᠯᠢᠶᠡᠳ ᠰᠠᠶᠢᠨ ᠪᠡᠶᠡᠯᠡᠭᠦᠯᠪᠡ ᠃ | ᠲᠥᠷᠥ ᠶᠢᠨ ᠪᠣᠳᠣᠯᠭ᠎ᠠ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ ᠂ ︽ ᠶᠠᠭᠠᠬᠢᠵᠤ ᠬᠢᠬᠦ ︾ | ᠠᠰᠠᠭᠤᠳᠠᠯ ᠢ ᠤᠷᠢᠳᠴᠢᠯᠠᠨ ᠰᠠᠶᠢᠲᠤᠷ ᠰᠢᠢᠳᠪᠦᠷᠢᠯᠡᠬᠦ ᠬᠡᠷᠡᠭᠲᠡᠢ | ᠨᠢᠭᠡ ᠳᠤ ᠡᠭᠦᠷᠭᠡ ᠶᠢᠨ ᠰᠢᠰᠲ᠋ᠧᠮ ᠢ ᠪᠦᠷᠢᠨᠰᠢᠭᠦᠯᠦᠨ᠎ᠡ᠃ ︽ 2022 ᠣᠨ ᠤ ᠶᠠᠰᠤ ᠴᠢᠨᠠᠷ ᠢᠶᠠᠷ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠲᠥᠰᠥᠯ | ︾ ᠢ ᠲᠣᠭᠲᠠᠭᠠᠵᠤ ᠂ 8 ᠲᠠᠯ᠎ᠠ ᠶᠢᠨ 30 ᠵᠦᠢᠯ ᠤᠨ ᠪᠣᠳᠠᠲᠠᠢ ᠠᠵᠢᠯ ᠤᠨ ᠡᠭᠦᠷᠭᠡ ᠪᠣᠯᠣᠨ 85 ᠵᠦᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠤ ᠬᠠᠮᠲᠤ ︽︿ᠪᠦᠯᠬᠦᠮ | ᠬᠡᠯᠪᠡᠷᠢ﹀ ᠶᠢᠨ ᠬᠠᠪᠰᠤᠷᠤᠨ ᠲᠡᠳᠬᠦᠬᠦ ᠠᠵᠢᠯ ᠤᠨ ᠲᠥᠰᠥᠯ︾᠂︽ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ︾᠂︽ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠰᠥᠯ︾᠂︽ᠲᠣᠰᠬᠤᠨ ᠳᠤ ᠰᠠᠭᠤᠬᠤ ᠠᠵᠢᠯ ᠤᠨ ᠬᠠᠮᠢᠶᠠᠷᠤᠯᠲᠠ ᠶᠢᠨ | ᠠᠷᠭ᠎ᠠ︾ ᠶᠢ ᠵᠠᠯᠭᠠᠪᠡᠷ ᠨᠡᠶᠢᠲᠡᠯᠡᠵᠦ᠂ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠠᠯ᠎ᠠ ᠪᠠᠷ | ᠲᠠᠶᠢᠴᠢᠯᠠᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢ ᠪᠠᠳᠠᠷᠠᠭᠤᠯᠵᠤ᠂ ᠪᠦᠬᠦ ᠵᠢᠯ ᠤᠨ ᠪᠡᠯᠡ ᠮᠥᠩᠭᠦ ᠶᠢᠨ | ᠲᠦᠷᠦᠯ ᠵᠦᠢᠯ ᠳᠤ ᠲᠤᠰᠤᠯᠲᠠ ᠪᠠ ᠲᠤᠯᠭᠠᠭᠤᠷᠢᠯᠠᠬᠤ ᠴᠡᠭ ᠢ ᠰᠠᠶᠢᠲᠤᠷ ᠡᠷᠢᠵᠦ ᠥᠭᠪᠡ᠃ | ᠬᠤᠶᠠᠷ ᠲᠤ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠴᠢᠭᠯᠡᠭᠦᠯᠦᠨ᠂《 ᠬᠥᠬᠡᠬᠤᠲᠠ ᠶᠢᠨ ᠡᠳ᠋ ᠤᠨ ᠵᠠᠰᠠᠭ ᠢ | ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ 》 ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠂ ᠬᠥᠬᠡᠬᠤᠲᠠ ᠶᠢᠨ ︽ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ︾ ︽ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠰᠥᠯ ︾ ︽ ᠵᠣᠯᠭᠠᠭᠤᠯᠬᠤ ᠪᠡᠯᠡ | ᠮᠥᠩᠭᠦ ᠪᠠ ᠲᠥᠷᠥᠯ ᠵᠦᠢᠯ ᠤᠨ ᠡᠳ᠋ ᠬᠥᠷᠥᠩᠭᠡ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠨᠠᠷᠢᠨ | ᠬᠠᠭᠤᠳᠠᠰᠤ ︾ ᠵᠢᠴᠢ ︽ ᠲᠥᠪ ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠱᠠᠲᠤᠨ ᠤ ᠵᠣᠯᠭᠠᠭᠤᠯᠬᠤ | ᠪᠡᠯᠡ ᠮᠥᠩᠭᠦ ᠶᠢᠨ ᠲᠥᠷᠥᠯ ᠵᠦᠢᠯ ᠤᠨ ᠪᠥᠬᠦ ᠴᠤᠪᠤᠷᠠᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ | ᠮᠡᠳᠡᠭᠳᠡᠯ ︾ ︽ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠢ ᠬᠤᠪᠢᠷᠠᠭᠤᠯᠬᠤ ᠬᠠᠮᠢᠶ᠎ᠠ ᠪᠦᠬᠦᠢ ᠤᠴᠢᠷ | ᠶᠠᠪᠤᠳᠠᠯ ᠢ ᠰᠠᠶᠢᠲᠤᠷ ᠬᠢᠬᠦ ᠮᠡᠳᠡᠭᠳᠡᠯ ︾ ᠵᠡᠷᠭᠡ ︽ ᠬᠠᠮ ︾ ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠳᠠᠷᠤᠮᠠᠯᠯᠠᠨ ᠲᠠᠷᠬᠠᠭᠠᠪᠠ ᠃ ᠲᠥᠷᠥᠯ ᠵᠦᠢᠯ ᠢ ᠬᠡᠷᠡᠭᠵᠢᠭᠦᠯᠬᠦ ᠪᠠ ᠪᠡᠯᠡ ᠮᠥᠩᠭᠦ ᠰᠠᠯᠭᠠᠨ ᠥᠭᠬᠦ ᠶᠢᠨ | ︽ ᠡᠴᠦᠰ ᠤᠨ ᠨᠢᠭᠡ ᠺᠢᠯᠣᠮᠧᠲᠷ ︾ ᠢ ᠦᠨᠡᠨᠬᠦ ᠨᠠᠪᠲᠠᠷᠡᠭᠦᠯᠵᠦ ᠂ ᠲᠥᠷᠥᠯ ᠵᠦᠢᠯ ᠢ ᠬᠡᠷᠡᠭᠵᠢᠭᠦᠯᠬᠦ ᠪᠠ ᠡᠳ᠋ | ᠬᠥᠷᠥᠩᠭᠡ ᠶᠢᠨ ᠬᠠᠮᠢᠶᠠᠷᠤᠯᠲᠠ ᠳᠤ ᠪᠥᠬᠦ ᠲᠠᠯ᠎ᠠ ᠶᠢᠨ ᠂ ᠵᠢᠯᠤᠭᠤᠳᠬᠤ ᠴᠢᠨᠠᠷ ᠢᠶᠠᠷ ᠴᠢᠩᠭ᠎ᠠ ᠲᠥᠷᠥ ᠶᠢᠨ | ᠪᠣᠳᠣᠯᠭ᠎ᠠ ᠶᠢᠨ ᠦᠨᠳᠦᠰᠦᠯᠡᠯ ᠬᠠᠩᠭᠠᠵᠤ ᠂ ᠠᠵᠢᠯ ᠤᠨ ᠳᠤᠮᠳᠠᠬᠢ ︽ ᠲᠦᠭᠵᠢᠷᠡᠯ ᠤᠨ ᠴᠡᠭ ︾ ᠪᠠ ᠬᠦᠴᠢᠷ | ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠨ᠎ᠡ ᠃ | ᠳᠦᠷᠢᠮ ᠢᠶᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ ᠂ ︽ ᠳᠠᠷᠤᠶᠢᠬᠠᠨ ᠠᠵᠢᠯᠯᠠᠬᠤ ︾ ᠶᠢ ᠦᠨᠡᠨᠬᠦ | ᠪᠠᠲᠤᠯᠠᠬᠤ ᠬᠡᠷᠡᠭᠲᠡᠢ | ᠨᠢᠭᠡ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠨ᠎ᠠ᠃ ① ᠬᠤᠯᠪᠤᠭᠠᠯᠠᠨ | ᠬᠥᠳᠡᠯᠦᠯᠴᠡᠬᠦ ᠶᠢ ᠠᠳᠬᠤᠨ᠎ᠠ᠃ ᠬᠤᠲᠠ ᠶᠢᠨ ᠱᠠᠲᠤᠨ ᠤ ᠡᠳ᠋ ᠤᠨ ᠵᠠᠰᠠᠭ ᠂ ᠤᠰᠤᠨ ᠤ ᠶᠠᠪᠤᠳᠠᠯ ᠂ ᠣᠶ | ᠰᠢᠭᠤᠢ ᠡᠪᠡᠰᠦ ᠪᠡᠯᠴᠢᠭᠡᠷ ᠂ ᠦᠨᠳᠦᠰᠦᠲᠡᠨ ᠤ ᠬᠡᠷᠡᠭ ᠡᠷᠬᠢᠯᠡᠬᠦᠬᠦ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠲᠠᠢ | ᠬᠤᠯᠪᠤᠭᠠᠯᠠᠨ ᠂ ᠪᠦᠬᠦ ᠬᠤᠲᠠ ᠶᠢᠨ ᠪᠡᠯᠡ ᠮᠥᠩᠭᠦ ᠶᠢ ᠵᠣᠯᠭᠠᠭᠤᠯᠬᠤ ᠲᠥᠷᠥᠯ ᠵᠦᠢᠯ ᠢ ᠨᠢᠭᠡ ᠴᠣᠭᠴᠠᠵᠢᠭᠤᠯᠤᠨ | ᠨᠢᠭᠡᠳᠦᠯᠲᠡᠢ ᠲᠥᠯᠥᠪᠯᠡᠵᠦ ᠂ ᠪᠡᠯᠡ ᠮᠥᠩᠭᠦ ᠶᠢᠨ ᠬᠡᠷᠡᠭᠯᠡᠯᠲᠡ ᠶᠢᠨ ᠬᠡᠪᠴᠢᠶ᠎ᠡ ᠂ ᠲᠥᠷᠥᠯ ᠵᠦᠢᠯ ᠤᠨ | ᠳᠡᠮᠵᠢᠯᠭᠡ ᠶᠢᠨ ᠭᠤᠣᠯᠳᠠᠯᠭ᠎ᠠ ᠵᠡᠷᠭᠡ ᠣᠯᠠᠨ ᠲᠠᠯ᠎ᠠ ᠪᠠᠷ ᠤᠷᠢᠳᠠᠪᠠᠷ ᠴᠢᠭᠯᠡᠯ ᠪᠠ ᠪᠠᠷᠢᠮᠵᠢᠶ᠎ᠠ ᠶᠢ ᠨᠢᠭᠡᠳᠬᠡᠵᠦ ᠂ | ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠂ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠂ | ᠲᠥᠯᠥᠪᠯᠡᠭᠡ ᠪᠠᠭᠤᠯᠭᠠᠬᠤ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠂ ᠪᠡᠯᠡ ᠮᠥᠩᠭᠦ ᠰᠠᠯᠭᠠᠨ ᠥᠭᠬᠦ ᠂ ᠲᠥᠷᠥᠯ | ᠵᠦᠢᠯ ᠢ ᠰᠢᠯᠭᠠᠨ ᠠᠪᠬᠤ ᠂ ᠲᠥᠷᠥᠯ ᠵᠦᠢᠯ ᠤᠨ ᠲᠥᠰᠥᠪ ᠤᠨ ᠭᠦᠢᠴᠡᠳᠬᠡᠯ ᠂ ᠡᠳ᠋ ᠬᠥᠷᠥᠩᠭᠡ ᠶᠢ | ᠰᠢᠯᠵᠢᠭᠦᠯᠦᠨ ᠲᠤᠰᠢᠶᠠᠬᠤ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠵᠢᠷᠤᠮᠵᠢᠭᠤᠯᠬᠤ ᠂ ᠪᠠᠷᠢᠮᠵᠢᠶᠠᠵᠢᠭᠤᠯᠬᠤ ᠂ | ᠴᠤᠪᠤᠷᠠᠭᠤᠯᠬᠤ ᠶᠢ ᠠᠬᠢᠭᠤᠯᠵᠤ ᠂ ᠣᠯᠠᠨ ᠰᠠᠯᠠᠭ᠎ᠠ ᠮᠥᠴᠢᠷ ᠤᠨ ᠠᠯᠬᠤᠮ ᠢᠶᠠᠨ ᠨᠢᠭᠡᠳᠬᠡᠬᠦ ᠂ ᠵᠣᠬᠢᠴᠠᠭᠤᠯᠤᠨ | ᠬᠦᠴᠦᠯᠡᠬᠦ ᠶᠢ ᠪᠡᠶᠡᠯᠡᠭᠦᠯᠦᠨ᠎ᠡ ᠃ ② ᠳᠣᠲᠣᠭᠠᠳᠤ ᠬᠦᠴᠦ ᠶᠢ ᠴᠢᠩᠭᠠᠷᠠᠭᠤᠯᠤᠨ᠎ᠠ᠃ ᠬᠤᠲᠠ ᠶᠢᠨ ᠨᠠᠮ ᠤᠨ | ᠬᠤᠷᠢᠶᠠᠨ ᠤ 《 ᠰᠤᠷᠲᠠᠯ ᠢ ᠴᠡᠭᠴᠡᠯᠡᠵᠦ ᠂ ᠣᠷᠴᠢᠨ ᠲᠣᠭᠤᠷᠢᠨ ᠤ ᠰᠡᠷᠡᠮᠵᠢᠯᠡᠭᠦᠯᠦᠯ ᠤᠨ ᠬᠥᠮᠦᠵᠢᠯ ᠢ | ᠰᠢᠯᠢᠳᠡᠭᠵᠢᠭᠦᠯᠬᠦ ᠶᠡᠭᠡ ᠬᠤᠷᠠᠯ 》 ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ | ᠨᠠᠶᠢᠳᠠᠪᠤᠷᠢᠵᠢᠭᠤᠯᠵᠤ ᠂ ᠵᠣᠬᠢᠶᠠᠯ ᠢ ᠴᠣᠮᠬᠠᠳᠬᠠᠨ ᠨᠡᠶᠢᠭᠡᠮᠯᠢᠭ ᠢ ᠪᠠᠭᠠᠰᠬᠠᠵᠤ ᠂ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠯᠡᠨ ᠬᠦᠯᠢᠶᠡᠰᠦ ᠶᠢ ᠰᠤᠯᠠᠷᠠᠭᠤᠯᠬᠤ ᠳᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ | ᠵᠡᠷᠭᠡ ᠳᠤ ᠂ ᠳᠣᠲᠣᠭᠠᠳᠤ ᠶᠢᠨ ᠬᠢᠨᠠᠨ ᠵᠥᠪᠰᠢᠶᠡᠷᠡᠯ ᠠᠴᠠ ᠭᠠᠷᠳᠠᠵᠤ ᠂ ᠪᠡᠯᠡ ᠮᠥᠩᠭᠦᠨ ᠤ ᠵᠦᠢᠯᠡᠰ ᠤᠨ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯᠳᠤᠭᠠᠨ ᠤ 《 ᠨᠢᠭᠡᠳᠦᠭᠡᠷ ᠵᠥᠪᠯᠡᠬᠦ ᠰᠡᠳᠦᠪ 》 ᠤᠨ | ᠲᠣᠬᠢᠷᠠᠭᠤᠯᠤᠯᠲᠠ ᠶᠢ ᠪᠡᠶᠡᠯᠡᠭᠦᠯᠵᠦ ᠂ ᠵᠠᠰᠠᠭ ᠤᠨ ᠣᠷᠳᠣᠨ ᠳᠤ ᠲᠤᠰᠢᠶᠠᠵᠤ ᠬᠢᠨᠠᠨ ᠵᠥᠪᠰᠢᠶᠡᠷᠡᠭᠦᠯᠬᠦ 《 | ᠬᠠᠮᠤᠭ ᠲᠡᠷᠢᠭᠦᠨ ᠳᠤ 》 ᠭᠦᠢᠴᠡᠳᠬᠡᠯᠭᠡᠵᠦ ᠂ ᠪᠡᠯᠡ ᠮᠥᠩᠭᠦ ᠰᠢᠯᠵᠢᠭᠦᠯᠦᠨ ᠥᠭᠬᠦ ᠪᠠ ᠵᠦᠢᠯᠡᠰ ᠢ ᠬᠢᠨᠠᠨ | ᠵᠥᠪᠰᠢᠶᠡᠷᠡᠭᠦᠯᠬᠦ ᠲᠠᠯ᠎ᠠ ᠪᠠᠷ ᠣᠷᠣᠨ ᠤ ᠲᠥᠪ ᠠᠴᠠ ᠭᠠᠷᠴᠤ 《 ᠬᠤᠷᠳᠤᠴᠠ ᠪᠠᠨ ᠨᠡᠮᠡᠭᠳᠡᠭᠦᠯᠵᠦ 》 ᠂ ᠬᠤᠲᠠ | ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ 《 ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠣᠯᠬᠤ 》 | ᠱᠠᠭᠠᠷᠳᠠᠯᠭ᠎ᠠ ᠶᠢ ᠨᠡᠩ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠃ | ᠬᠤᠶᠠᠷ ᠲᠤ ᠲᠣᠬᠢᠷᠠᠭᠤᠯᠬᠤ ᠲᠣᠭᠲᠠᠴᠠ ᠶᠢ ᠴᠢᠩᠭᠠᠳᠬᠠᠨ᠎ᠠ᠃ ᠪᠦᠬᠦ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠰᠲ᠋ᠧᠮ ᠳᠤ 《 ᠡᠳᠦᠷ ᠤᠨ ᠲᠣᠬᠢᠷᠠᠭᠤᠯᠤᠯᠲᠠ ᠂ ᠭᠠᠷᠠᠭ ᠤᠨ ᠮᠡᠳᠡᠭᠦᠯᠦᠯᠲᠡ ᠶᠢᠨ | ᠬᠦᠰᠦᠨᠦᠭᠲᠦ ᠂ ᠰᠠᠷ᠎ᠠ ᠶᠢᠨ ᠮᠡᠳᠡᠭᠡ 》 ᠶᠢᠨ ᠲᠣᠭᠲᠠᠴᠠ ᠶᠢ ᠬᠡᠷᠡᠭᠵᠢᠭᠦᠯᠵᠦ ᠂ ᠳᠠᠬᠢᠨ ᠶᠠᠳᠠᠭᠤᠷᠠᠬᠤ ᠠᠴᠠ | ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠪᠣᠯᠣᠨ ᠡᠳ᠋ ᠤᠨ ᠵᠠᠰᠠᠭ ᠤᠨ ᠰᠢᠭᠤᠳ ᠬᠦᠷᠬᠦ | ᠰᠢᠰᠲ᠋ᠧᠮ ᠤᠨ ᠪᠡᠯᠡ ᠮᠥᠩᠭᠦ ᠶᠢᠨ ᠵᠠᠷᠤᠯᠭ᠎ᠠ ᠶᠢᠨ ᠲᠤᠭ᠎ᠠ ᠪᠠᠷᠢᠮᠲᠠ ᠪᠠᠷ ᠰᠠᠭᠤᠷᠢ ᠪᠣᠯᠭᠠᠵᠤ ᠂ ᠪᠥᠬᠦ ᠲᠠᠯ᠎ᠠ ᠪᠠᠷ | ᠬᠠᠷᠢᠴᠠᠭᠤᠯᠤᠨ ᠵᠠᠳᠠᠯᠵᠤ ᠂ ᠵᠥᠷᠢᠶ᠎ᠡ ᠪᠠᠨ ᠡᠷᠢᠵᠦ ᠬᠦᠷᠦᠯᠴᠡᠬᠦ ᠦᠭᠡᠢ ᠲᠠᠯ᠎ᠠ ᠪᠠᠨ ᠡᠷᠢᠵᠦ ᠂ ᠡᠯ᠎ᠡ ᠬᠤᠰᠢᠭᠤ | ᠰᠢᠶᠠᠨ ᠲᠣᠭᠤᠷᠢᠭ ︵ ᠨᠡᠭᠡᠭᠡᠯᠲᠡ ᠶᠢᠨ ᠲᠣᠭᠤᠷᠢᠭ ︶ ᠤᠨ ᠣᠷᠣᠰᠢᠵᠤ ᠪᠠᠶᠢᠭ᠎ᠠ ᠠᠰᠠᠭᠤᠳᠠᠯ ᠪᠠ ᠬᠤᠵᠢᠮᠳᠠᠵᠤ | ᠪᠠᠶᠢᠭ᠎ᠠ ᠰᠢᠯᠲᠠᠭᠠᠨ ᠤ ᠴᠡᠭ ᠠᠴᠠ ᠡᠭᠦᠰᠦᠭᠰᠡᠨ ᠰᠢᠯᠲᠠᠭᠠᠨ ᠳᠤ ᠵᠠᠳᠠᠯᠤᠯᠲᠠ ᠬᠢᠵᠦ ᠂ ᠠᠷᠭ᠎ᠠ ᠬᠡᠮᠵᠢᠶ᠎ᠡ | ᠲᠣᠭᠲᠠᠭᠠᠨ ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠂ ᠬᠠᠮᠤᠭ ᠤᠨ ᠲᠡᠷᠢᠭᠦᠨ ᠳᠤ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ ᠂ ᠬᠠᠮᠤᠭ ᠤᠨ ᠲᠡᠷᠢᠭᠦᠨ ᠳᠤ ᠲᠤᠭ᠎ᠠ ᠪᠠᠷᠢᠮᠲᠠ ᠣᠷᠣᠭᠤᠯᠬᠤ ᠶᠢ | ᠪᠡᠶᠡᠯᠡᠭᠦᠯᠵᠦ ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡᠪᠡᠷ ᠬᠦᠴᠦᠯᠡᠵᠦ ᠂ ᠨᠡᠯᠢᠶᠡᠳ ᠰᠠᠶᠢᠨ | ᠨᠢ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠪᠠ ᠪᠡᠯᠡ ᠮᠥᠩᠭᠦ ᠶᠢ ᠡᠷᠲᠡᠬᠡᠨ ᠰᠢᠯᠵᠢᠭᠦᠯᠦᠨ ᠥᠭᠬᠦ ᠶᠢ | ᠪᠠᠲᠤᠯᠠᠪᠠ ᠃ ᠣᠳᠣᠬᠠᠨ ᠳᠤ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠪᠡᠯᠡ | ᠮᠥᠩᠭᠦ ᠰᠢᠯᠵᠢᠭᠦᠯᠦᠨ ᠥᠭᠭᠦᠭᠰᠡᠨ ᠨᠣᠷᠮ᠎ᠠ ᠨᠢᠭᠡᠨᠲᠡ 69% ᠳᠤ ᠬᠦᠷᠴᠦ ᠂ ᠲᠥᠷᠥᠯ ᠵᠦᠢᠯ ᠤᠨ ᠠᠵᠢᠯ | ᠡᠬᠢᠯᠡᠭᠦᠯᠦᠭᠰᠡᠨ ᠨᠣᠷᠮ᠎ᠠ ᠨᠢᠭᠡᠨᠲᠡ 100% ᠳᠤ ᠬᠦᠷᠴᠦ ᠂ ᠲᠥᠷᠥᠯ ᠵᠦᠢᠯ ᠤᠨ ᠠᠵᠢᠯ ᠳᠠᠭᠤᠰᠬᠠᠭᠰᠠᠨ ᠨᠣᠷᠮ᠎ᠠ | 35% ᠳᠤ ᠬᠥᠷᠪᠡ ᠃ | ᠬᠠᠷᠢᠭᠤᠴᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ︽ ᠰᠠᠶᠢᠨ ᠠᠵᠢᠯᠯᠠᠬᠤ ︾ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ | ᠨᠢᠭᠡ ᠳᠤ ᠬᠢᠨᠠᠨ ᠰᠢᠯᠭᠠᠬᠤ ᠤᠳᠤᠷᠢᠳᠤᠮᠵᠢ ᠶᠢ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠶᠢᠨ ᠱᠠᠭᠠᠷᠳᠠᠯᠭ᠎ᠠ ᠳᠤ ᠴᠢᠭᠯᠡᠭᠦᠯᠦᠨ᠂ ︽ 2022 ᠣᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠠᠬᠢᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠱᠠᠯᠠᠪᠳᠠᠭᠤᠯᠤᠨ | ᠪᠠᠶᠢᠴᠠᠭᠠᠵᠤ ᠬᠢᠨᠠᠨ ᠰᠢᠯᠭᠠᠬᠤ ᠠᠵᠢᠯ ᠤᠨ ᠲᠥᠰᠥᠯ ︾ ᠢ ᠲᠣᠭᠲᠠᠭᠠᠵᠤ ᠂ ᠡᠯ᠎ᠡ ᠰᠢᠰᠲ᠋ᠧᠮᠵᠢᠭᠦᠯᠦᠭᠰᠡᠨ ᠰᠠᠯᠠᠭ᠎ᠠ | ᠮᠥᠴᠢᠷ ᠪᠣᠯᠣᠨ ᠡᠯ᠎ᠡ ᠬᠤᠰᠢᠭᠤ ᠰᠢᠶᠠᠨ ᠲᠣᠭᠤᠷᠢᠭ ︵ ᠨᠡᠭᠡᠭᠡᠯᠲᠡ ᠶᠢᠨ ᠲᠣᠭᠤᠷᠢᠭ ︶ ᠤᠨ ᠰᠢᠯᠭᠠᠨ ᠬᠢᠨᠠᠬᠤ | ᠨᠠᠷᠢᠨ ᠳᠦᠷᠢᠮ ᠢ ᠤᠯᠠᠮ ᠨᠢᠭᠡ ᠠᠯᠬᠤᠮ ᠲᠣᠳᠣᠷᠬᠠᠶᠢᠯᠠᠵᠤ ᠂ ᠪᠡᠯᠡ ᠮᠥᠩᠭᠦ ᠰᠠᠯᠭᠠᠨ ᠥᠭᠬᠦ ᠪᠠ ᠲᠥᠷᠥᠯ | ᠵᠦᠢᠯ ᠤᠨ ᠬᠠᠮᠢᠶᠠᠷᠤᠯᠲᠠ ᠶᠢ ᠣᠨ ᠤ ᠦᠷ᠎ᠡ ᠪᠦᠲᠦᠮᠵᠢ ᠶᠢ ᠰᠢᠯᠭᠠᠨ ᠬᠢᠨᠠᠬᠤ ᠭᠤᠣᠯᠳᠠᠯᠭ᠎ᠠ ᠲᠠᠢ ᠠᠭᠤᠯᠭ᠎ᠠ ᠳᠤ | ᠣᠷᠣᠭᠤᠯᠬᠤ ᠶᠢᠨ ᠬᠠᠮᠲᠤ ᠂ ᠨᠠᠮ ᠵᠠᠰᠠᠭ ᠤᠨ ᠤᠳᠤᠷᠢᠳᠬᠤ ᠪᠠᠭ ᠤᠨ ᠣᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠴᠢᠬᠤᠯᠠ ᠦᠨᠳᠦᠰᠦᠯᠡᠯ ᠪᠣᠯᠭᠠᠵᠤ ᠂ ᠴᠢᠩᠭ᠎ᠠ ᠰᠢᠯᠭᠠᠨ ᠬᠢᠨᠠᠬᠤ ᠶᠢᠨ ︽ | ᠰᠠᠯᠬᠢᠨ ᠤ ᠵᠦᠭᠯᠡᠭᠦᠷ ︾ ᠢ ᠪᠣᠶ ᠪᠣᠯᠭᠠᠵᠤ ᠂ ᠡᠯ᠎ᠡ ᠰᠠᠯᠠᠭ᠎ᠠ ᠮᠥᠴᠢᠷ ᠂ ᠡᠯ᠎ᠡ ᠬᠤᠰᠢᠭᠤ ᠰᠢᠶᠠᠨ ᠲᠣᠭᠤᠷᠢᠭ ︵ | ᠨᠡᠭᠡᠭᠡᠯᠲᠡ ᠶᠢᠨ ᠲᠣᠭᠤᠷᠢᠭ ︶ ᠤᠨ ᠣᠨᠣᠪᠴᠢᠲᠠᠶ ᠨᠠᠶᠢᠳᠠᠪᠤᠷᠢᠵᠢᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ | ᠬᠤᠶᠠᠷ ᠲᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ① ᠬᠢᠨᠠᠯᠲᠠ | ᠲᠠᠯᠪᠢᠬᠤ ᠶᠢ ᠠᠳᠬᠤᠨ᠎ᠠ᠃ ᠬᠤᠲᠠ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠪᠠ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠠᠢ | ᠬᠠᠮᠲᠤᠷᠠᠨ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠥᠷᠨᠢᠭᠦᠯᠵᠦ ᠂ ᠲᠥᠷᠥᠯ | ᠵᠦᠢᠯ ᠢ ᠲᠦᠯᠬᠢᠨ ᠠᠬᠢᠭᠤᠯᠬᠤ ᠪᠠ ᠪᠡᠯᠡ ᠮᠥᠩᠭᠦ ᠰᠠᠯᠭᠠᠨ ᠥᠭᠬᠦ ᠠᠵᠢᠯ ᠳᠤ ᠪᠥᠬᠦ ᠶᠠᠪᠤᠴᠠ ᠪᠠᠷ ᠣᠷᠣᠯᠴᠠᠵᠤ ᠂ | ᠲᠥᠷᠥᠯ ᠵᠦᠢᠯ ᠢ ᠲᠣᠬᠢᠷᠠᠭᠤᠯᠬᠤ ᠂ ᠠᠵᠢᠯ ᠡᠬᠢᠯᠡᠭᠦᠯᠬᠦ ᠂ ᠠᠵᠢᠯ ᠳᠠᠭᠤᠰᠬᠠᠬᠤ ᠵᠡᠷᠭᠡ ᠠᠵᠢᠯ ᠢ ᠰᠠᠶᠢᠲᠤᠷ | ᠬᠢᠬᠦ ᠳᠤ ᠬᠢᠨᠠᠯᠲᠠ ᠲᠠᠯᠪᠢᠵᠤ ᠂ ᠲᠥᠷᠥᠯ ᠵᠦᠢᠯ ᠢ ᠴᠠᠭ ᠲᠤᠬᠠᠢ ᠳᠤᠨᠢ ᠳᠠᠭᠠᠭᠠᠴᠢᠯᠠᠯᠲᠠ ᠵᠠᠷᠯᠠᠬᠤ ᠂ ᠴᠠᠭ ᠲᠤᠬᠠᠢ | ᠳᠤᠨᠢ ᠪᠦᠲᠦᠭᠡᠨ ᠪᠠᠶᠢᠭᠤᠯᠬᠤ ᠂ ᠴᠠᠭ ᠲᠤᠬᠠᠢ ᠳᠤᠨᠢ ᠰᠢᠯᠭᠠᠨ ᠠᠪᠬᠤ ᠶᠢ ᠦᠨᠡᠨ ᠬᠦ ᠪᠠᠲᠤᠯᠠᠵᠤ ᠂ ᠲᠥᠷᠥᠯ | ᠵᠦᠢᠯ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠦᠷ᠎ᠡ ᠪᠦᠲᠦᠮᠵᠢ ᠶᠢ ᠦᠷᠭᠦᠯᠵᠢᠯᠡᠨ | ᠮᠥᠷᠳᠡᠨ ᠠᠰᠠᠭᠤᠵᠤ ︽ ᠠᠬᠢᠴᠠ ᠶᠢ ᠵᠠᠪᠳᠤᠬᠤ ︾ ᠬᠡᠷᠡᠭᠲᠡᠢ ᠃ ② ᠬᠢᠨᠠᠯᠲᠠ ᠬᠠᠮᠢᠶᠠᠷᠤᠯᠲᠠ ᠶᠢ ᠠᠳᠬᠤᠨ᠎ᠠ᠃ | ᠪᠡᠯᠡ ᠮᠥᠩᠭᠦᠨ ᠤ ᠲᠥᠷᠥᠯ ᠵᠦᠢᠯ ᠢ ᠬᠢᠨᠠᠨ ᠵᠢᠯᠤᠭᠤᠳᠬᠤ ᠪᠠᠶᠢᠩᠭᠤ ᠶᠢᠨ ᠠᠵᠢᠯ ᠤᠨ ᠳᠤᠭᠤᠶᠢᠯᠠᠩ ᠪᠠᠶᠢᠭᠤᠯᠵᠤ | ᠂ ᠭᠤᠷᠪᠠᠳᠠᠬᠢ ᠡᠲᠡᠭᠡᠳ ᠤᠨ ᠬᠢᠨᠠᠨ ᠪᠤᠳᠤᠬᠤ ᠪᠠᠶᠢᠭᠤᠯᠤᠮᠵᠢ ᠲᠠᠢ ᠬᠤᠯᠪᠤᠭᠠᠯᠠᠨ ᠲᠣᠭᠲᠠᠮᠠᠯ ᠬᠤᠭᠤᠴᠠᠭ᠎ᠠ ᠲᠠᠢ ᠂ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠬᠤᠰᠢᠭᠤ ᠰᠢᠶᠠᠨ ᠲᠣᠭᠤᠷᠢᠭ ( ᠨᠡᠭᠡᠭᠡᠯᠲᠡ ᠶᠢᠨ ᠲᠣᠭᠤᠷᠢᠭ ) | ᠲᠤ ᠭᠦᠨᠵᠡᠭᠡᠶᠢᠷᠡᠨ ᠲᠤᠰᠬᠠᠢ ᠵᠦᠢᠯ ᠤᠨ ᠬᠢᠨᠠᠨ ᠵᠢᠯᠣᠭᠤᠳᠤᠯᠭ᠎ᠠ ᠶᠢ ᠬᠡᠷᠡᠭᠵᠢᠭᠦᠯᠵᠦ ᠂ ᠲᠥᠷᠥᠯ ᠵᠦᠢᠯ ᠤᠨ | ᠲᠣᠭᠤᠷᠢᠭ ᠲᠤ ᠭᠦᠨᠵᠡᠭᠡᠶᠢᠷᠡᠨ ᠲᠥᠷᠥᠯ ᠵᠦᠢᠯ ᠢ ᠦᠵᠡᠵᠦ ᠂ ᠪᠡᠯᠡ ᠮᠥᠩᠭᠦ ᠶᠢ ᠪᠠᠶᠢᠴᠠᠭᠠᠵᠤ ᠂ ᠲᠥᠷᠥᠯ | ᠵᠦᠢᠯ ᠤᠨ ᠠᠵᠢᠯ ᠡᠬᠢᠯᠡᠭᠦᠯᠬᠦ ᠂ ᠬᠡᠷᠡᠭᠵᠢᠭᠦᠯᠬᠦ ᠠᠬᠢᠴᠠ ᠂ ᠪᠡᠯᠡ ᠮᠥᠩᠭᠦ ᠰᠠᠯᠭᠠᠨ ᠥᠭᠬᠦ ᠂ ᠵᠠᠷᠯᠠᠨ ᠨᠡᠶᠢᠲᠡᠯᠡᠬᠦ | ᠂ ᠠᠮᠵᠢᠯᠲᠠ ᠪᠦᠲᠦᠮᠵᠢ ᠶᠢᠨ ᠬᠠᠷᠠᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠣᠯᠠᠨ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠬᠤ ᠂ ᠲᠤᠬᠠᠢ ᠶᠢᠨ ᠭᠠᠵᠠᠷ ᠲᠤᠨᠢ ᠵᠢᠭᠰᠠᠭᠠᠨ ᠪᠠᠶᠢᠴᠠᠭᠠᠬᠤ ᠪᠠ ᠲᠤᠭ᠎ᠠ ᠪᠠᠷᠢᠮᠲᠠ ᠶᠢ | ᠬᠠᠷᠭᠤᠭᠤᠯᠤᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠰᠢᠮᠳᠠᠭᠤᠯᠤᠨ | ᠵᠢᠯᠤᠭᠤᠳᠬᠤ ᠶᠢ ᠠᠬᠢᠭᠤᠯᠵᠤ ᠂ ᠪᠣᠶ ᠪᠦᠬᠦᠢ ᠲᠥᠷᠥᠯ ᠵᠦᠢᠯ ᠤᠨ ᠲᠣᠭᠤᠷᠢᠭ ᠲᠤ ︽ ᠪᠦᠬᠦᠨ ᠢ ᠬᠠᠮᠤᠷᠬᠤ︾ | ︽ᠥᠨᠴᠥᠭ ᠪᠤᠯᠤᠩ ᠦᠭᠡᠢ︾ ᠪᠠᠶᠢᠬᠤ ᠶᠢ ᠪᠡᠶᠡᠯᠡᠭᠦᠯᠦᠨ ᠂ ᠡᠯ᠎ᠡ ᠬᠤᠰᠢᠭᠤ ᠰᠢᠶᠠᠨ ᠲᠣᠭᠤᠷᠢᠭ ︵ | ᠨᠡᠭᠡᠭᠡᠯᠲᠡ ᠶᠢᠨ ᠲᠣᠭᠤᠷᠢᠭ ︶ ᠲᠤ ᠬᠠᠮᠤᠭ ᠤᠨ ᠲᠡᠷᠢᠭᠦᠨ ᠳᠤ ᠬᠢᠨᠠᠯᠲᠠ ᠲᠠᠯᠪᠢᠵᠤ ᠂ ᠵᠢᠯᠣᠭᠤᠳᠤᠨ ᠬᠠᠪᠰᠤᠷᠴᠤ | ᠪᠠᠶᠢᠭᠠᠳ ᠪᠡᠯᠡ ᠮᠥᠩᠭᠦ ᠶᠢᠨ ᠲᠠᠩᠰᠠ ᠮᠡᠳᠡᠭᠦᠯᠬᠦ ᠴᠤᠪᠤᠷᠠᠯ ᠢ ᠲᠡᠭᠦᠯᠳᠡᠷᠵᠢᠭᠦᠯᠵᠦ ᠂ ᠪᠣᠳᠠᠲᠠᠢ ᠠᠰᠠᠭᠤᠳᠠᠯ ᠢ | ᠰᠢᠢᠳᠪᠦᠷᠢᠯᠡᠨ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠵᠤ ᠂ ᠪᠡᠯᠡ | ᠮᠥᠩᠭᠦ ᠰᠢᠯᠵᠢᠭᠦᠯᠦᠨ ᠥᠭᠬᠦ ᠶᠢ ᠲᠦᠷᠭᠡᠳᠬᠡᠨ᠎ᠡ ᠃ ᠣᠳᠣᠬᠠᠨ ᠳᠤ ᠂ ᠨᠢᠭᠡᠨᠲᠡ 3 ᠡᠭᠡᠯᠵᠢ ᠶᠢᠨ ᠪᠥᠬᠦ | ᠲᠠᠯ᠎ᠠ ᠶᠢᠨ ᠬᠢᠨᠠᠨ ᠵᠢᠯᠣᠭᠤᠳᠤᠯᠭ᠎ᠠ ᠪᠠ 2 ᠤᠳᠠᠭ᠎ᠠ ︽ ᠡᠷᠬᠢᠨ ᠬᠠᠷᠠᠬᠤ ︾ ᠠᠵᠢᠯ ᠢ ᠥᠷᠨᠢᠭᠦᠯᠦᠭᠰᠡᠨ ᠪᠠᠶᠢᠨ᠎ᠠ᠃ | ᠲᠡᠰ ᠳᠠᠷᠠᠭᠠᠯᠠᠯ ᠪᠠ ᠠᠬᠢᠴᠠ ᠶᠢᠨ ᠲᠠᠯ᠎ᠠ ᠪᠠᠷ᠂ ᠪᠦᠬᠦ ᠶᠠᠪᠤᠴᠠ ᠶᠢ ᠬᠢᠨᠠᠨ ᠡᠵᠡᠮᠳᠡᠵᠦ ᠬᠢᠨᠠᠨ ᠬᠠᠮᠢᠶᠠᠷᠬᠤ ᠶᠢ | ᠦᠷᠭᠦᠯᠵᠢᠯᠡᠨ ᠴᠢᠩᠭᠠᠳᠬᠠᠨ᠎ᠠ᠃ ③ ᠴᠡᠭᠴᠡᠯᠡᠨ ᠰᠠᠶᠢᠵᠢᠷᠠᠭᠤᠯᠬᠤ ᠶᠢ ᠠᠳᠬᠤᠨ᠎ᠠ᠃ ᠲᠥᠪ ᠂ ᠥᠪᠡᠷᠲᠡᠭᠡᠨ | ᠵᠠᠰᠠᠬᠤ ᠣᠷᠣᠨ ᠤ 2021 ᠣᠨ ᠤ ᠪᠡᠯᠡ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ ᠂ 6 ᠳ᠋ᠤᠭᠠᠷ ᠰᠠᠷ᠎ᠠ ᠳᠤ ᠥᠪᠡᠷᠲᠡᠭᠡᠨ | ᠵᠠᠰᠠᠬᠤ ᠣᠷᠣᠨ ᠤ ᠬᠢᠨᠠᠨ ᠵᠢᠯᠤᠭᠤᠳᠬᠤ ᠳᠤᠭᠤᠶᠢᠯᠠᠩ ᠤᠨ ᠬᠢᠨᠠᠨ ᠵᠢᠯᠤᠭᠤᠳᠴᠤ ᠪᠠᠶᠢᠴᠠᠭᠠᠨ ᠰᠤᠳᠤᠯᠤᠯᠲᠠ | ᠬᠢᠬᠦ ᠳᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ ᠂ ᠪᠥᠬᠦ | ᠬᠤᠲᠠ ᠶᠢᠨ ᠬᠡᠪᠴᠢᠶᠡᠨ ᠳᠤ ᠪᠡᠯᠡ ᠮᠥᠩᠭᠦ ᠶᠢ ᠵᠣᠯᠭᠠᠭᠤᠯᠬᠤ ᠲᠥᠷᠥᠯ ᠵᠦᠢᠯ ᠤᠨ ᠶᠡᠭᠡ ᠪᠠᠶᠢᠴᠠᠭᠠᠯᠲᠠ ᠶᠢ | ᠥᠷᠨᠢᠭᠦᠯᠵᠦ ᠂ ᠨᠢᠭᠡ ᠠᠴᠠ ᠵᠦᠢᠴᠢᠯᠡᠵᠦ ᠭᠤᠷᠪᠠ ᠶᠢ ᠮᠡᠳᠡᠬᠦ ᠠᠰᠠᠭᠤᠳᠠᠯ ᠢ ᠡᠷᠢᠵᠦ᠂ ᠵᠥᠷᠢᠶ᠎ᠡ ᠶᠢ | ᠲᠣᠳᠣᠷᠬᠠᠶᠢᠯᠠᠵᠤ ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠡᠭᠡᠭᠰᠢᠯᠡᠭᠦᠯᠬᠦ ᠶᠢ ᠠᠬᠢᠭᠤᠯᠤᠨ᠎ᠠ ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠂ | ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠂ ᠣᠷᠳᠣ ᠬᠤᠭᠤᠴᠠᠭ᠎ᠠ ᠪᠠᠷ ᠪᠦᠲᠦᠮᠵᠢᠲᠡᠶ | ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠨ ᠂ ᠡᠯ᠎ᠡ ᠬᠤᠰᠢᠭᠤ ᠰᠢᠶᠠᠨ ᠲᠣᠭᠤᠷᠢᠭ ︵ ᠨᠡᠭᠡᠭᠡᠯᠲᠡ ᠶᠢᠨ ᠲᠣᠭᠤᠷᠢᠭ | ︶ ᠤᠨ ᠲᠥᠷᠥᠯ ᠵᠦᠢᠯ ᠢ ᠬᠡᠷᠡᠭᠵᠢᠭᠦᠯᠬᠦ᠂ ᠰᠢᠯᠭᠠᠨ ᠠᠪᠬᠤ ᠪᠠ ᠲᠠᠩᠰᠠ ᠮᠡᠳᠡᠭᠦᠯᠬᠦ ᠬᠠᠮᠢᠶᠠᠷᠤᠯᠲᠠ ᠶᠢ | ᠵᠢᠷᠤᠮᠵᠢᠭᠤᠯᠬᠤ ᠶᠢ ᠰᠢᠮᠳᠠᠭᠤᠯᠤᠨ ᠵᠢᠯᠤᠭᠤᠳᠴᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠭᠡᠳᠡᠷᠭᠦ ᠰᠢᠬᠠᠮᠳᠠᠭᠤᠯᠵᠤ ᠂ ᠪᠡᠯᠡ ᠮᠥᠩᠭᠦ ᠰᠢᠯᠵᠢᠭᠦᠯᠦᠨ ᠥᠭᠬᠦ ᠶᠢ ᠳᠠᠭᠠᠨ᠎ᠠ ᠃ | | |