ᠮᠠᠨ ᠤ ᠣᠷᠣᠨ ᠤ ᠵᠠᠰᠠᠭ ᠵᠠᠬᠢᠷᠭᠠᠨ ᠤ ᠲᠣᠰᠬᠤᠨ ᠳᠤ ᠥᠷᠭᠡᠨ ᠪᠦᠰᠡ ᠨᠡᠪᠲᠡᠷᠡᠭᠰᠡᠨ ᠨᠣᠷᠮ᠎ᠠ 100% ᠳᠤ ᠬᠥᠷᠪᠡ
ᠨᠡᠶᠢᠲᠡᠯᠡᠭᠰᠡᠨ ᠴᠠᠭ᠄
2022/9/13
       ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠥᠷᠨᠢᠭᠦᠯᠦᠭᠰᠡᠨ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠠᠴᠠ ᠣᠶᠢᠯᠠᠭᠠᠭᠰᠠᠨ ᠨᠢ ᠂ ᠣᠲᠣ ᠪᠣᠯᠲᠠᠯ᠎ᠠ ᠂ ᠮᠠᠨ ᠤ ᠣᠷᠣᠨ ᠤ ᠵᠠᠰᠠᠭ ᠵᠠᠬᠢᠷᠭᠠᠨ ᠤ ᠲᠣᠰᠬᠤᠨ ᠤ ᠥᠷᠭᠡᠨ ᠪᠦᠰᠡᠲᠦ ᠰᠦᠯᠵᠢᠶ᠎ᠡ ᠶᠢᠨ ᠨᠡᠪᠲᠡᠷᠡᠭᠰᠡᠨ ᠨᠣᠷᠮ᠎ᠠ 100% ᠳᠤ ᠬᠦᠷᠴᠡᠢ᠃      10 ᠵᠢᠯ ᠤᠨ ᠲᠤᠷᠰᠢ ᠂ ᠮᠠᠨ ᠤ ᠣᠷᠣᠨ ᠤ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠨᠡᠶᠢᠲᠡ ᠶᠢᠨ ᠰᠦᠯᠵᠢᠶ᠎ᠡ ᠶᠢᠨ ᠪᠦᠷᠬᠦᠴᠡ ᠶᠢᠨ ᠨᠣᠷᠮ᠎ᠠ ᠤᠤᠯ ᠤᠨ 10% ᠬᠦᠷᠬᠦ ᠦᠭᠡᠢ ᠪᠠᠶᠢᠭᠰᠠᠨ  ᠠᠴᠠ ᠪᠠᠨ 60% ᠣᠷᠴᠢᠮ ᠪᠣᠯᠵᠤ ᠳᠡᠭᠡᠭᠰᠢᠯᠡᠪᠡ ︔ ᠪᠥᠬᠦ ᠣᠷᠣᠨ ᠤ ᠭᠡᠷᠡᠯᠯᠢᠭ ᠳᠡᠭᠡᠰᠦᠨ ᠤ ᠱᠤᠭᠤᠮ ᠤᠨ ᠪᠥᠬᠦ ᠣᠷᠳᠣ ᠶᠢᠨ ᠬᠡᠮᠵᠢᠶ᠎ᠡ 159.1 ᠲᠦᠮᠡᠨ ᠺᠢᠯᠣᠮᠧᠲᠷ ᠲᠤ ᠬᠥᠷᠪᠡ ︔ ᠪᠥᠬᠦ ᠣᠷᠣᠨ ᠤ 5G ᠰᠦᠯᠵᠢᠶ᠎ᠡ ᠶᠢ ᠨᠢᠭᠡᠨᠲᠡ 12 ᠠᠶᠢᠮᠠᠭ ᠬᠤᠲᠠ ᠬᠤᠲᠠ ᠲᠣᠭᠤᠷᠢᠭ ᠂ 103 ᠰᠢᠶᠠᠨ ᠤ ᠱᠠᠲᠤ ᠪᠠ 914 ᠰᠢᠶᠠᠩ ᠪᠠᠯᠭᠠᠰᠤᠨ ᠤ ᠭᠤᠣᠯ ᠪᠣᠯᠬᠤ ᠣᠷᠣᠨ ᠪᠦᠰᠡ ᠳᠤ ᠵᠠᠯᠭᠠᠯᠳᠤᠭᠠᠪᠠᠷ ᠪᠦᠷᠬᠦᠭᠦᠯᠪᠡ ︔ ᠬᠥᠬᠡᠬᠤᠲᠠ ᠪᠥᠬᠦ ᠤᠯᠤᠰ ᠤᠨ ᠠᠩᠬᠠᠨ ᠤ ᠪᠦᠯᠦᠭ ︽  ᠮᠢᠩᠭᠠᠨ ᠮᠧᠭ᠎ᠠ ᠬᠤᠲᠠ ︾ ᠪᠠᠷ ᠦᠨᠡᠯᠡᠭᠳᠡᠪᠡ ︔ ᠬᠥᠬᠡᠬᠤᠲᠠ ᠶᠢᠨ ᠤᠯᠤᠰ ᠤᠨ ᠲᠠᠰ ᠤᠨ ᠢᠨᠲ᠋ᠧᠷ ᠰᠦᠯᠵᠢᠶᠡᠨ ᠤ ᠨᠢᠷᠤᠭᠤᠪᠴᠢ ᠰᠢᠭᠤᠳ ᠬᠤᠯᠪᠣᠭᠠᠯᠠᠬᠤ ᠴᠢᠭ᠋ ᠂ ᠬᠤᠷᠢᠨᠭᠡᠷ ᠤᠨ ᠣᠯᠠᠨ ᠤᠯᠤᠰ ᠤᠨ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠲᠤᠰᠬᠠᠢ ᠨᠡᠪᠲᠡᠷᠡᠬᠦ ᠵᠠᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠮᠠᠨᠵᠤᠤᠷ ᠤᠨ ᠳᠤᠮᠳᠠᠳᠤ ᠣᠷᠣᠰ ᠤᠨ ᠬᠢᠯᠢ ᠠᠯᠤᠰᠯᠠᠭᠰᠠᠨ ᠬᠠᠭᠤᠷᠠᠢ ᠳᠡᠭᠡᠰᠦᠨ ᠤ ᠳᠠᠮᠵᠢᠭᠤᠯᠬᠤ ᠰᠢᠰᠲ᠋ᠧᠮ ᠤᠨ ᠢᠨᠵᠧᠨᠧᠷᠢᠩ ᠢ ᠳᠠᠭᠤᠰᠬᠠᠪᠠ ︔ ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠥᠪᠥᠷ ᠮᠣᠩᠭᠤᠯ ᠤᠨ ᠵᠠᠩᠭᠢᠯᠠᠭ᠎ᠠ ᠶᠢᠨ ᠴᠡᠭ ᠵᠥᠪᠰᠢᠶᠡᠷᠡᠭᠳᠡᠪᠡ ᠃      ᠪᠥᠬᠦ ᠣᠷᠣᠨ ᠤ ᠮᠠᠯᠴᠢᠨ ᠲᠦᠮᠡᠨ ︽  ᠣᠶᠤᠨᠲᠤ ᠮᠠᠯᠵᠢᠯ ᠤᠨ ᠲᠠᠯᠠᠪᠠᠶ ︾ ᠳᠤ ᠲᠦᠰᠢᠭᠯᠡᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠤᠨ ᠭᠦᠨᠵᠡᠭᠡᠢ ᠬᠤᠪᠢᠰᠤᠯᠲᠠ ᠶᠢ ᠤᠭᠲᠤᠨ ᠠᠪᠴᠢᠷᠠᠵᠤ ᠂ ᠠᠵᠢᠯ ᠮᠡᠷᠭᠡᠵᠢᠭᠰᠡᠨ ᠮᠠᠯᠴᠢᠨ ᠲᠠᠷᠢᠶᠠᠴᠢᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠭᠤᠣᠯ ᠲᠣᠭᠯᠠᠭᠴᠢ ᠪᠣᠯᠭᠠᠭᠰᠠᠨ ᠪᠠᠶᠢᠨ᠎ᠠ ᠃ ᠨᠠᠢᠮᠠᠨ ᠪᠦᠯᠦᠭ ᠤᠳᠠᠭ᠎ᠠ ᠶᠢᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢ ᠬᠡᠷᠡᠭᠵᠢᠭᠦᠯᠬᠦ ᠪᠠᠷ ᠳᠡᠮᠵᠢᠨ ᠂ ᠮᠠᠯᠵᠢᠬᠤ ᠲᠠᠷᠢᠶᠠᠯᠠᠬᠤ ᠣᠷᠣᠨ ᠤ ᠲᠣ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号