ᠥᠪᠥᠷ ᠮᠣᠩᠭᠤᠯ ᠄ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ
ᠨᠡᠶᠢᠲᠡᠯᠡᠭᠰᠡᠨ ᠴᠠᠭ᠄
2022/9/15
      ᠨᠠᠯᠠᠭᠠᠷ ᠨᠠᠮᠤᠷ ᠤᠨ ᠤᠯᠠᠷᠢᠯ ᠳᠤ᠂ ᠡᠬᠡ ᠤᠯᠤᠰ ᠤᠨ ᠤᠮᠠᠷᠠᠲᠤ ᠬᠢᠯᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠷᠢᠯᠠᠵᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠬᠠᠯᠠᠭᠤᠨ ᠢᠶᠠᠷ ᠬᠦᠰᠡᠨ ᠬᠦᠯᠢᠶᠡᠵᠦ ᠪᠠᠶᠢᠨ᠎ᠠ︕      ᠭᠠᠯ ᠤᠯᠠᠭᠠᠨ ᠨᠠᠮ ᠤᠨ ᠲᠤᠭ ᠂ ᠮᠠᠯᠴᠢᠳ ᠤᠨ ᠢᠨᠢᠶᠡᠯᠳᠦᠨ ᠢᠨᠢᠶᠡᠯᠳᠦᠪᠡ ᠁ ᠣᠶᠢᠷ᠎ᠠ ᠳᠤ ᠂ ᠤᠷᠠᠳ ᠤᠨ ᠲᠠᠯ᠎ᠠ ᠨᠤᠲᠤᠭ ᠤᠨ ᠭᠦᠨ ᠳᠠᠬᠢ ᠨᠢᠭᠡᠨ ᠮᠣᠩᠭᠤᠯ ᠭᠡᠷ ᠲᠤ ᠠᠭᠤᠷ ᠠᠮᠢᠰᠬᠤᠯ ᠬᠠᠯᠠᠭᠤᠨ ᠳᠤᠯᠠᠭᠠᠨ ᠪᠥᠭᠡᠳ ᠬᠦᠷ ᠬᠥᠭᠵᠢᠶᠡᠨ ᠢᠶᠠᠷ ᠪᠢᠯᠬᠠᠵᠤ᠂ ᠤᠷᠠᠳ ᠤᠨ ᠬᠤᠶᠢᠲᠤ ᠬᠤᠰᠢᠭᠤᠨ ᠤ ᠬᠦᠭᠡᠦᠨᠲᠦᠷ ᠭᠠᠴᠠᠭ᠎ᠠ ᠶᠢᠨ ᠨᠠᠮ ᠤᠨ ᠡᠭᠦᠷ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠨᠠᠮ ᠢᠶᠠᠨ ᠡᠭᠦᠷᠢᠳᠡ ᠳᠠᠭᠠᠬᠤ︾ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠳ ᠮᠠᠯᠴᠢᠳ ᠲᠠᠢ ᠬᠠᠮᠲᠤ ᠰᠠᠭᠤᠵᠤ᠂ ᠡᠨᠡ ᠵᠢᠯ ᠤᠨ ᠨᠢᠰᠬᠡᠯ ᠢᠶᠠᠷ ᠲᠠᠷᠢᠵᠤ ᠣᠶᠢᠵᠢᠭᠤᠯᠤᠭᠰᠠᠨ ᠦᠷ᠎ᠡ ᠪᠦᠲᠦᠭᠡᠯ ᠤᠨ ᠲᠤᠬᠠᠢ ᠠᠭᠤᠵᠢᠷᠠᠲᠠᠯ᠎ᠠ ᠶᠠᠷᠢᠯᠴᠠᠵᠤ᠂ ᠨᠠᠮᠤᠷ ᠡᠪᠦᠯ ᠤᠨ ᠤᠯᠠᠷᠢᠯ ᠤᠨ ᠲᠠᠯ᠎ᠠ ᠨᠤᠲᠤᠭ ᠤᠨ ᠬᠠᠮᠠᠭᠠᠯᠠᠯᠲᠠ ᠶᠢᠨ ᠠᠵᠢᠯ ᠢ ᠪᠠᠶᠢᠷᠢᠯᠠᠭᠤᠯᠵᠠᠢ᠃      《 ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠶᠢᠨ ᠵᠠᠩᠭᠢᠯᠠᠭ᠎ᠠ ᠨᠢ ᠠᠵᠢᠯᠯᠠᠭ᠎ᠠ ᠠᠪᠬᠤ ᠳᠤ ᠪᠠᠶᠢᠨ᠎ᠠ᠃ ᠡᠨᠡ ᠬᠡᠳᠦᠨ ᠵᠢᠯ ᠳᠤ ᠭᠠᠴᠠᠭ᠎ᠠ ᠵᠢᠯ ᠪᠦᠷᠢ ᠬᠤᠶᠠᠷ ᠭᠤᠷᠪᠠᠨ ᠲᠦᠮᠡᠨ ᠮᠦ ᠨᠤᠲᠤᠭ ᠪᠡᠯᠴᠢᠭᠡᠷ  ᠢ ᠰᠡᠷᠭᠦᠭᠡᠵᠦ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠢ  ᠶᠢ ᠬᠠᠮᠠᠭᠠᠯᠠᠬᠤ ᠳᠤ ᠪᠢᠳᠡ ᠪᠠᠰᠠ ᠦᠷᠭᠦᠯᠵᠢᠯᠡᠨ ᠴᠢᠷᠮᠠᠶᠢᠨ᠎ᠠ 》 ᠃ ᠮᠣᠩᠭᠤᠯ ᠮᠠᠯᠴᠢᠨ ᠮᠥᠩᠬᠡᠪᠢᠯᠢᠭ ᠬᠡᠯᠡᠬᠦ ᠳᠡᠭᠡᠨ ᠂ ︽  ᠡᠯᠡᠰᠦ ᠰᠢᠷᠣᠢ ᠶᠢ ᠬᠥᠯᠥᠰᠦ ᠪᠠᠷ ᠰᠣᠯᠢᠵᠤ ᠠᠪᠴᠢᠷᠠᠭᠰᠠᠨ ᠶᠤᠮ ᠂ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠂ ᠪᠢ ᠡᠨᠡ ᠬᠦ ᠲᠠᠯ᠎ᠠ ᠨᠤᠲᠤᠭ ᠢᠶᠠᠨ ᠦᠷᠭᠦᠯᠵᠢᠯᠡᠨ ᠰᠠᠬᠢᠨ᠎ᠠ ︾ ᠭᠡᠵᠡᠢ ᠃      ᠨᠡᠯᠦᠭᠡᠷ ᠶᠡᠭᠡ ᠤᠢ ᠰᠢᠭᠤᠢ ᠠᠴᠠ ᠥᠷᠭᠡᠨ ᠠᠭᠤᠳᠠᠮ ᠲᠠᠯ᠎ᠠ ᠨᠤᠲᠤᠭ ᠬᠦᠷᠲᠡᠯ᠎ᠡ᠂ ᠠᠭᠤᠯᠠ ᠬᠠᠶᠢᠷᠬᠠᠨ ᠨᠣᠮᠢᠨ ᠳᠣᠯᠭᠢᠶᠠᠨ ᠠᠴᠠ ᠭᠤᠪᠢ ᠶᠢᠨ ᠡᠯᠡᠰᠦᠨ ᠴᠦᠯ ᠬᠦᠷᠲᠡᠯ᠎ᠡ᠂ ︽ᠭᠤᠷᠪᠠᠨ ᠤᠮᠠᠷᠠᠲᠤ︾  ᠶᠢ ᠰᠤᠨᠳᠠᠯᠠᠭᠰᠠᠨ ᠥᠪᠥᠷ ᠮᠣᠩᠭᠤᠯ ᠤᠨ ᠠᠮᠢ ᠠᠬᠤᠢ ᠶᠢᠨ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠵᠤ᠂︽ᠡᠯᠡᠰᠦ ᠮᠠᠩᠬᠠᠨ ᠤ ᠤᠷᠤᠭᠰᠢᠯᠠᠯᠲᠠ ᠬᠥᠮᠥᠨ ᠠᠮᠠ ᠶᠢᠨ ᠤᠬᠤᠷᠢᠯᠲᠠ︾ ᠠᠴᠠ︽ᠨᠣᠭᠤᠭᠠᠷᠠᠭᠤᠯᠤᠯᠲᠠ ᠶᠢᠨ ᠤᠷᠤᠭᠰᠢᠯᠠᠯᠲᠠ ᠡᠯᠡᠰᠦᠨ ᠤ ᠤᠬᠤᠷᠢᠯᠲᠠ︾ᠲᠡᠰᠢ ᠰᠢᠯᠵᠢᠬᠦ ᠴᠢᠬᠤᠯᠠ ᠶᠡᠭᠡ ᠲᠡᠦᠬᠡ ᠶᠢᠨ ᠬᠤᠪᠢᠷᠠᠯᠲᠠ ᠶᠢ ᠪᠡᠶᠡᠯᠡᠭᠦᠯᠵᠦ᠂ ᠪᠦᠬᠦ ᠣᠷᠣᠨ ᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 45% ᠳᠤ ᠬᠦᠷᠴᠦ᠂ 2012 ᠣᠨ ᠤ ᠬᠢ ᠠᠴᠠ ᠵᠠᠭᠤᠨ ᠤ ᠬᠠᠷᠢᠴᠠᠯ ᠢᠶᠠᠷ 5 ᠬᠤᠪᠢ ᠳᠡᠭᠡᠭᠰᠢᠯᠡᠵᠡᠢ᠃      ︽  ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠶ᠎ᠠ ︾ ︽  ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠶ᠎ᠠ ︾ ︽  ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠶ᠎ᠡ ︾ ︽  ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ ︾ ᠁ ᠶᠡᠷᠦᠩᠬᠡᠢ ᠱᠦᠵᠢ ᠰᠢ ᠶᠢᠨ ᠫᠢᠩ ᠶᠢᠨ ᠠᠯᠢ ᠣᠯᠠᠨ ᠴᠢᠬᠤᠯᠠ ᠵᠢᠭᠠᠪᠤᠷᠢ ᠳᠤ ᠂ ᠢᠮᠠᠭᠲᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠨᠢᠭᠡᠳᠴᠦ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠵᠣᠷᠢᠭᠵᠢᠭᠤᠯᠤᠭᠰᠠᠭᠠᠷ ᠢᠷᠡᠵᠠᠢ᠃      ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ︽  ᠲᠥᠪᠡᠳ ᠬᠠᠰᠢ ᠶᠢᠨ ᠴᠤᠭᠯᠠᠭ᠎ᠠ ᠮᠠᠶᠢᠮᠠᠢ ︾ ᠮᠠᠰᠢ ᠬᠥᠷ ᠬᠥᠭᠵᠢᠶᠡᠨ ᠲᠠᠢ ᠶᠠᠪᠤᠭᠳᠠᠵᠤ ᠂ ᠲᠠᠷᠢᠶᠠᠴᠢᠨ ᠡᠷᠦᠬᠡ ᠨᠦᠭᠦᠳ ᠡᠯᠡᠰᠦᠨ ᠵᠢᠮᠢᠰ ᠤᠨ ᠶᠧᠪᠡᠩ ᠂ ᠲᠥᠪᠡᠳ ᠬᠠᠰᠢ ᠂ ᠦᠵᠦᠮ ᠂ ᠪᠢᠳᠠᠭᠤ ᠲᠠᠬᠢᠶ᠎ᠠ ᠂ ᠬᠡᠭᠡᠷ᠎ᠡ ᠶᠢᠨ ᠭᠠᠷᠤᠯᠲᠠ ᠵᠡᠷᠭᠡ ᠪᠠᠨ ᠪᠠᠷᠬᠢᠷᠠᠨ ᠬᠤᠳᠠᠯᠳᠤᠵᠤ ᠪᠠᠶᠢᠯ᠎ᠠ ᠃      ᠲᠦᠷᠦᠭᠦᠬᠡᠨ ᠠᠵᠢᠯ ᠡᠬᠢᠯᠡᠭᠦᠯᠦᠭᠰᠡᠨ ᠡᠨᠡ ᠬᠦ ᠴᠤᠭᠯᠠᠭ᠎ᠠ ᠮᠠᠶᠢᠮᠠᠢ ᠶᠢ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠭᠰᠠᠨ ᠮᠣᠩᠭᠤᠯ ᠦᠨᠳᠦᠰᠦᠲᠡᠨ ᠤ ᠣᠶᠤᠲᠠᠨ ᠴᠢ ᠰᠢᠶᠣᠣ ᠵᠢᠩ ᠡᠷᠭᠢᠯᠡᠵᠦ ᠂ ᠲᠤᠬᠠᠢ ᠶᠢᠨ ᠭᠠᠵᠠᠷ ᠤᠨ 300 ᠭᠠᠷᠤᠢ ᠶᠠᠳᠠᠭᠤ  ᠠᠴᠠ ᠠᠩᠭᠢᠵᠢᠷᠠᠭᠰᠠᠨ ᠡᠷᠦᠬᠡ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠶᠢ ᠪᠠᠭᠲᠠᠭᠠᠭᠰᠠᠨ ᠲᠠᠷᠢᠶᠠᠴᠢᠨ ᠡᠷᠦᠬᠡ ᠳᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠥᠪᠡᠰᠦᠪᠡᠨ ᠦᠢᠯᠡᠳᠪᠦᠷᠢᠯᠡᠵᠦ ᠥᠪᠡᠰᠦᠪᠡᠨ ᠪᠣᠷᠣᠯᠠᠭᠤᠯᠬᠤ ᠲᠠᠪᠴᠠᠩ ᠪᠠᠶᠢᠭᠤᠯᠤᠨ ᠥᠭᠴᠦ ᠂ ᠬᠢᠲᠠᠳ ᠦᠨᠳᠦᠰᠦᠲᠡᠨ ᠂ ᠮᠣᠩᠭᠤᠯ ᠦᠨᠳᠦᠰᠦᠲᠡᠨ ᠂ ᠮᠠᠨᠵᠤ ᠦᠨᠳᠦᠰᠦᠲᠡᠨ ᠂ ᠳᠠᠭᠤᠷ ᠦᠨᠳᠦᠰᠦᠲᠡᠨ ᠵᠡᠷᠭᠡ 5 ᠦᠨᠳᠦᠰᠦᠲᠡᠨ ᠤ ᠲᠠᠷᠢᠶᠠᠴᠢᠨ ᠡᠷᠦᠬᠡ ᠬᠠᠷᠢᠯᠴᠠᠨ ᠬᠠᠪᠰᠤᠷᠴᠤ ᠬᠠᠷᠢᠯᠴᠠᠨ ᠬᠠᠪᠰᠤᠷᠤᠯᠴᠠᠵᠤ ᠂ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢᠨ ᠲᠥᠯᠥᠭᠡ ᠬᠠᠮᠲᠤ ᠪᠠᠷ ᠴᠢᠷᠮᠠᠶᠢᠵᠠᠢ ᠃     《 ᠡᠨᠡ ᠦᠶ᠎ᠡ ᠳᠤ ᠡᠭᠦᠳᠡ ᠪᠠᠨ ᠨᠡᠭᠡᠭᠡᠵᠦ ᠪᠠᠶᠢᠭ᠎ᠠ ᠨᠢ ᠪᠠᠰᠠ ᠴᠤ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ  ᠠᠴᠠ ᠡᠮᠦᠨᠡᠬᠡᠨ ᠡᠯ᠎ᠡ ᠦᠨᠳᠦᠰᠦᠲᠡᠨ ᠪᠠ ᠨᠤᠲᠤᠭ ᠤᠨ ᠠᠬ᠎ᠠ ᠳᠡᠭᠦᠦ ᠨᠠᠷ ᠤᠨ ᠨᠡᠩ ᠪᠠᠶᠠᠨ ᠴᠢᠨᠡᠭᠡᠯᠢᠭ ᠠᠮᠢᠳᠤᠷᠠᠬᠤ ᠳᠤ ᠰᠢᠨ᠎ᠡ ᠲᠠᠪᠴᠠᠩ ᠨᠡᠮᠡᠷᠢᠯᠡᠬᠦ  ᠶᠢᠨ ᠲᠥᠯᠥᠭᠡ ᠶᠤᠮ 》 ᠃ ᠭᠡᠵᠦ ᠴᠢ ᠰᠢᠶᠣᠣ ᠵᠢᠩ ᠬᠡᠯᠡᠪᠡ᠃      ᠰᠢ ᠶᠢᠨ ᠫᠢᠩ ᠶᠡᠷᠦᠩᠬᠡᠢ ᠱᠦᠵᠢ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠱᠠᠭᠠᠷᠳᠠᠪᠠ᠃ ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠯᠭ᠎ᠠ ᠪᠣᠯᠭᠠᠵᠤ᠂ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠳᠤ ᠲᠣᠬᠢᠷᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠪᠡ᠃      ᠡᠵᠡᠨ ᠬᠤᠷᠤᠭ᠎ᠠ ᠬᠤᠰᠢᠭᠤᠨ ᠳᠤ᠂ ᠥᠪᠥᠷ ᠮᠣᠩᠭᠤᠯ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠰᠤᠪᠤᠷᠭᠠᠨ ᠳᠡᠭᠦᠵᠢᠩ ᠰᠦᠨᠳᠡᠷᠯᠡᠵᠦ᠂ ᠮᠣᠲ᠋ᠣᠷ ᠬᠦᠩᠭᠢᠨᠡᠵᠦ᠂ ᠶᠠᠭᠠᠷᠠᠯᠲᠠᠢ ᠪᠠᠶᠢᠳᠠᠯ ᠢᠶᠠᠷ ᠲᠤᠬᠠᠢ ᠶᠢᠨ ᠲᠠᠯᠠᠪᠠᠢ ᠳᠤ︽ᠵᠠᠭᠤᠨ ᠡᠳᠦᠷ ᠤᠨ ᠪᠣᠭᠤᠮᠲᠠ ᠰᠢᠪᠲᠤᠯᠵᠤ᠂ ᠬᠤᠷᠢᠨ ᠶᠡᠭᠡ ᠪᠡᠯᠡᠭ ᠬᠦᠷᠭᠡᠶ᠎ᠡ︾ᠭᠡᠬᠦ ᠤᠬᠠᠭᠤᠯᠭ᠎ᠠ ᠶᠢᠨ ᠰᠠᠮᠪᠠᠷ᠎ᠠ ᠪᠣᠰᠬᠠᠵᠠᠢ᠃      ᠡᠨᠡ ᠵᠢᠯ ᠤᠨ 4 ᠰᠠᠷ᠎ᠠ ᠳᠤ᠂ ᠡᠨᠡᠬᠦ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠳᠦᠷᠦᠯ ᠵᠦᠢᠯ ᠠᠰᠢᠭᠯᠠᠯᠲᠠ ᠳᠤ ᠣᠷᠣᠵᠤ᠂ ᠯᠦᠩ ᠵᠢᠢ᠂ ᠬᠤᠸᠠ ᠵᠢᠩ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠳᠦᠷᠦᠯ ᠵᠦᠢᠯ ᠨᠢᠭᠡᠨᠲᠡ ᠠᠰᠢᠭᠯᠠᠯᠲᠠ ᠳᠤ ᠣᠷᠣᠵᠤ᠂ ᠢᠷᠡᠭᠡᠳᠦᠢ ᠳᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠪᠣᠯᠣᠨ ᠤᠰᠤᠲᠥ᠋ᠷᠥᠭᠴᠢ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠡᠴᠦᠰ ᠲᠡᠭᠡᠨ 100% ᠤᠨ ᠳᠠᠩ ᠨᠡᠭᠦᠷᠡᠰᠦᠲᠥ᠋ᠷᠥᠭᠴᠢ ᠶᠢᠨ ᠡᠨᠧᠷᠭᠢ ᠶᠢᠨ ᠬᠠᠩᠭᠠᠯᠭ᠎ᠠ ᠳᠤ ᠬᠦᠷᠬᠦ ᠪᠣᠯᠣᠨ᠎ᠠ᠃      ᠲᠦᠷᠦᠯ ᠵᠦᠢᠯ ᠤᠨ ᠬᠠᠷᠢᠭᠤᠴᠠᠯᠭᠠᠲᠠᠨ ᠹᠠᠨ ᠹᠧᠩ ᠳ᠋ᠧᠦ᠄︽ᠪᠢᠳᠡ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠥᠪᠥᠷ ᠮᠣᠩᠭᠤᠯ ᠤᠨ ᠪᠣᠬᠢᠷᠳᠤᠯ ᠦᠭᠡᠢ ᠰᠢᠨ᠎ᠡ ᠡᠨᠧᠷᠭᠢ ᠶᠢᠨ ᠰᠠᠭᠤᠷᠢᠨ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ︾ᠭᠡᠵᠦ ᠬᠡᠯᠡᠪᠡ᠃      ᠨᠠᠮᠤᠷ ᠪᠣᠯᠬᠤ ᠳᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠬᠥᠬᠡᠷᠡᠨ ᠨᠣᠭᠤᠭᠠᠷᠠᠵᠤ᠂ ᠮᠠᠨ ᠤ ᠤᠯᠤᠰ ᠤᠨ ᠲᠠᠯᠠᠪᠠᠢ ᠪᠠᠷ ᠬᠠᠮᠤᠭ ᠤᠨ ᠶᠡᠭᠡ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠪᠣᠯᠵᠠᠢ᠃ ᠦᠦᠷ ᠤᠨ ᠲᠤᠶᠠᠭ᠎ᠠ ᠪᠠᠷ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠭᠡᠭᠡᠨ ᠭᠤᠣᠯ ᠤᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠦᠯᠢᠺᠦᠮᠠ ᠤᠢ ᠰᠢᠭᠤᠢ ᠶᠢᠨ ᠲᠠᠯᠠᠪᠠᠢ ᠶᠢᠨ ᠲᠣᠭᠤᠷᠢᠨ ᠬᠠᠮᠠᠭᠠᠯᠠᠭᠴᠢ ᠭᠧᠩ ᠬᠤᠩ ᠭᠤᠸᠠᠩ ᠠᠭᠤᠯᠠᠨ ᠬᠥᠲᠥᠯ ᠳᠡᠭᠡᠷ᠎ᠡ ᠠᠪᠠᠷᠢᠨ ᠭᠠᠷᠴᠤ᠂ ᠳᠣᠯᠭᠢᠶᠠᠯᠠᠨ ᠳᠠᠪᠠᠯᠭᠠᠯᠠᠵᠤ ᠪᠠᠶᠢᠭ᠎ᠠ ᠨᠠᠷᠠᠰᠤᠨ ᠤ ᠳᠠᠪᠠᠯᠭᠠᠯᠠᠨ ᠳᠠᠪᠠᠯᠭᠠᠯᠠᠵᠤ ᠪᠠᠶᠢᠭ᠎ᠠ ᠨᠠᠷᠠᠰᠤᠨ ᠤ ᠳᠠᠪᠠᠯᠭᠠᠯᠠᠨ ᠳᠠᠪᠠᠯᠭᠠᠯᠠᠵᠤ ᠪᠠᠶᠢᠭ᠎ᠠ ᠨᠠᠷᠠᠰᠤᠨ ᠤ ᠳᠠᠪᠠᠯᠭᠠᠯᠠᠨ ᠳᠠᠪᠠᠯᠭᠠᠯᠠᠵᠤ ᠪᠠᠶᠢᠭ᠎ᠠ ᠪᠠᠶᠢᠳᠠᠯ ᠢ ᠬᠠᠷᠠᠬᠤ ᠳᠤ᠂ ᠲᠡᠭᠦᠨ ᠤ ᠰᠡᠳᠬᠢᠯ ᠮᠠᠰᠢ ᠪᠠᠶᠠᠷ ᠬᠦᠷ ᠲᠠᠢ ᠪᠠᠶᠢᠯ᠎ᠠ᠃      ᠠᠮᠢ ᠠᠬᠤᠢ ᠶᠢᠨ ᠲᠡᠵᠢᠭᠡᠨ ᠦᠷᠡᠵᠢᠭᠦᠯᠬᠦ᠂ ᠲᠠᠷᠢᠮᠠᠯ᠂ ᠵᠤᠭᠠᠴᠠᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠵᠡᠷᠭᠡ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢ ᠳᠠᠭᠠᠯᠳᠤᠨ᠂ ᠨᠡᠯᠦᠭᠡᠷ ᠶᠡᠭᠡ ᠤᠢ ᠰᠢᠭᠤᠢ ᠡᠳᠦᠷ ᠢᠷᠡᠬᠦᠶ᠎ᠡ ︽ᠠᠯᠲᠠᠨ ᠤ ᠠᠭᠤᠷᠬᠠᠢ︾︽ᠮᠥᠩᠭᠦᠨ ᠬᠥᠮᠥᠷᠭᠡ︾ᠪᠣᠯᠵᠤ᠂ ᠤᠢ ᠰᠢᠭᠤᠢ ᠶᠢᠨ ᠲᠠᠯᠠᠪᠠᠢ ᠶᠢᠨ ᠠᠵᠢᠯᠲᠠᠳ ᠤᠨ ᠣᠷᠣᠯᠭ᠎ᠠ ᠶᠢᠨ ᠥᠰᠦᠯᠲᠡ ᠶᠢ ᠲᠠᠶᠢᠴᠢᠯᠠᠵᠦ ᠪᠠᠶᠢᠨ᠎ᠠ᠃ 《 ᠨᠢᠳᠤᠨᠤᠨ ᠺᠣᠮᠫᠠᠨᠢ ᠨᠢᠭᠡᠳᠦᠭᠡᠷ ᠹᠷᠣᠨᠲ ᠤᠨ ᠬᠠᠮᠢᠶᠠᠷᠤᠭᠴᠢ ᠳᠤ ᠰᠠᠷ᠎ᠠ ᠪᠦᠷᠢ 400 ᠭᠠᠷᠤᠢ ᠲᠥᠭᠦᠷᠢᠭ ᠤᠨ ᠣᠷᠣᠯᠭ᠎ᠠ ᠨᠡᠮᠡᠵᠦ ᠥᠭᠭᠦᠭᠰᠡᠨ ᠪᠥᠭᠡᠳ ᠬᠠᠮᠢᠶᠠᠷᠤᠯᠲᠠ  ᠶᠢᠨ ᠥᠷᠲᠡᠭᠡ  ᠶᠢ ᠴᠦ ᠵᠠᠰᠠᠨ ᠰᠡᠯᠪᠢᠵᠦ ᠂ ᠲᠧᠯᠸᠢᠰ ᠵᠡᠷᠭᠡ ᠠᠮᠢᠳᠤᠷᠠᠯ ᠤᠨ ᠬᠡᠷᠡᠭᠰᠡᠯ  ᠢ ᠲᠣᠬᠢᠷᠠᠭᠤᠯᠤᠭᠰᠠᠨ ᠪᠠᠶᠢᠨ᠎ᠠ 》 ᠃      《ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠳᠤ ᠠᠵᠢᠯᠴᠢᠨ ᠨᠥᠬᠦᠳ ᠴᠥᠮ ᠮᠠᠰᠢ ᠤᠷᠮᠠᠰᠢᠨ ᠵᠣᠷᠢᠭᠵᠢᠵᠤ᠂ ᠰᠢᠭᠤᠶᠢᠲᠤ ᠣᠷᠣᠨ ᠤ ᠠᠭᠤᠯᠠ ᠤᠰᠤ ᠠᠯᠳᠠ ᠮᠥᠩᠭᠦ ᠪᠣᠯᠵᠤ ᠬᠤᠪᠢᠷᠠᠬᠤ ᠶᠢ ᠢᠲᠡᠭᠡᠵᠦ ᠪᠠᠶᠢᠨ᠎ᠠ᠂ ᠪᠢᠳᠡ ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠣᠳᠣᠬᠢᠴᠢᠯᠠᠯᠲᠠ ᠵᠦᠭ ᠤᠷᠤᠭᠰᠢᠯᠠᠵᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠦᠨ᠎ᠡ》᠃ ᠭᠧᠩ ᠬᠤᠩ ᠭᠤᠸᠠᠩ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢᠶᠠᠷ ᠪᠢᠯᠬᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号