ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ︽  ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ ᠲᠥᠪ ︾ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2022/9/15
      9 ᠰᠠᠷ᠎ᠠ ᠶᠢᠨ 7 ᠤ ᠡᠳᠦᠷ ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ︽  ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ ᠲᠥᠪ ︾ ᠤᠨ ᠫᠠᠶᠢᠰᠠ ᠰᠡᠬᠦᠬᠦ ᠶᠣᠰᠣᠯᠠᠯ ᠵᠢᠴᠢ ᠦᠷ᠎ᠡ ᠪᠦᠲᠦᠭᠡᠯ ᠢ ᠨᠡᠶᠢᠲᠡᠯᠡᠬᠦ ᠬᠤᠷᠠᠯ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠪᠠ ᠃      ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠡᠨᠡ ᠵᠢᠯ ᠤᠨ 1 ᠰᠠᠷ᠎ᠠ ᠶᠢᠨ 15 ᠤ ᠡᠳᠦᠷ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠠᠯᠪᠠᠨ ᠶᠣᠰᠣᠨ ᠤ ᠴᠣᠬᠤᠯᠠᠪᠤᠷᠢ ᠶᠢ ᠣᠯᠵᠤ ᠂ ︽  ᠨᠢᠭᠡ ᠬᠠᠮᠵᠢᠯᠴᠠᠨ ᠰᠢᠨ᠎ᠡ ᠶᠢ ᠡᠭᠦᠳᠬᠦ ᠰᠦᠯᠵᠢᠶ᠎ᠡ ᠂ ᠳᠥᠷᠪᠡᠨ ᠰᠤᠳᠤᠯᠭᠠᠨ ᠤ ᠲᠥᠪ ᠂ ᠭᠤᠷᠪᠠᠨ ᠦᠢᠯᠡᠴᠢᠯᠡᠭᠡᠨ ᠤ ᠲᠠᠪᠴᠠᠩ ︾ ᠤᠨ ᠵᠠᠭᠪᠤᠷ ᠢᠶᠠᠷ ᠪᠦᠲᠦᠭᠡᠨ ᠪᠠᠶᠢᠭᠤᠯᠵᠤ ᠪᠠᠶᠢᠷᠢᠰᠢᠭᠤᠯᠪᠠ ᠃ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ 《 ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ ᠲᠥᠪ 》 ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠦᠷᠦᠭᠦᠯᠡᠵᠦ ᠂ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠂ ᠶᠢᠦ ᠷᠠᠨ ᠮᠠᠯ ᠠᠵᠤ ᠠᠬᠤᠢ ᠂ ᠰᠠᠢ ᠺᠧ ᠰᠢᠩ ᠪᠦᠯᠦᠭᠯᠡᠯ ᠵᠡᠷᠭᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠲᠠᠢ ᠬᠠᠮᠲᠤᠷᠠᠨ ᠵᠣᠬᠢᠶᠠᠨ ᠪᠠᠶᠢᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠳᠥᠷᠪᠡᠨ ᠰᠤᠳᠤᠯᠭᠠᠨ ᠤ ᠲᠥᠪ ᠤᠨ ᠨᠢᠭᠡ ᠪᠠᠶᠢᠵᠤ ᠂ ᠡᠪᠡᠰᠦ ᠰᠠᠶᠢᠨ ᠳᠠᠷᠢᠬᠤ ᠂ ᠰᠠᠶᠢᠨ ᠳᠠᠷᠢᠬᠤ ᠂ ᠰᠠᠶᠢᠨ ᠳᠠᠷᠢᠬᠤ ᠂ ᠰᠠᠶᠢᠨ ᠦᠬᠡᠷ ᠲᠡᠵᠢᠭᠡᠬᠦ ᠴᠢᠬᠤᠯᠠ ᠡᠭᠦᠷᠭᠡ ᠶᠢ ᠡᠭᠦᠷᠭᠡᠯᠡᠵᠦ᠂ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠲᠦᠯᠬᠢᠨ ᠠᠬᠢᠭᠤᠯᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠃      ᠫᠠᠶᠢᠰᠠ ᠰᠡᠬᠦᠬᠦ ᠶᠣᠰᠣᠯᠠᠯ ᠤᠨ ᠠᠬᠤᠢ ᠲᠠᠯᠠᠪᠠᠶ ᠳᠤ ᠂ ᠰᠠᠭᠠᠯᠢ ᠶᠢᠨ ᠦᠨᠢᠶ᠎ᠡ ᠦᠷᠡᠵᠢᠭᠦᠯᠵᠦ ᠲᠡᠵᠢᠭᠡᠨ ᠦᠷᠡᠵᠢᠭᠦᠯᠬᠦ ᠬᠦᠷᠢᠶᠡᠨ ᠤ 26 ᠲᠤᠰᠬᠠᠢ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠤᠭᠰᠠᠨ ᠤ ᠬᠠᠮᠲᠤ ᠲᠣᠰ ᠲᠥᠪ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠡᠭᠦᠷᠭᠡᠯᠡᠬᠦ ᠪᠠᠷ ᠳᠡᠮᠵᠢᠨ ᠣᠯᠣᠭᠰᠠᠨ ᠣᠯᠠᠨ ᠵᠦᠢᠯ ᠤᠨ ᠰᠢᠪᠲᠤᠯᠤᠯᠲᠠ ᠶᠢᠨ ᠴᠢᠨᠠᠷᠲᠠᠢ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠪᠡ᠂ ᠡᠭᠦᠨ ᠳᠤ ᠰᠠᠭᠠᠯᠢ ᠶᠢᠨ ᠦᠨᠢᠶ᠎ᠡ ᠶᠢᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠡᠵᠢᠭᠡᠨ ᠦᠷᠡᠵᠢᠭᠦᠯᠬᠦ ᠮᠡᠷᠭᠡᠵᠢᠯ᠂ ᠲᠦᠮᠡᠨ ᠬᠦᠪᠦᠷᠡᠯ ᠤᠨ ᠦᠢᠯᠡᠳᠪᠦᠷᠢᠯᠡᠯ ᠪᠠ ᠬᠡᠷᠡᠭᠯᠡᠯᠲᠡ᠂ ᠰᠠᠭᠠᠯᠢ ᠶᠢᠨ ᠦᠨᠢᠶ᠎ᠡ ᠶᠢᠨ ᠡᠭᠦᠯᠳᠡᠷ ᠤᠨ ᠬᠦᠪᠦᠷᠡᠯ ᠤᠨ ᠬᠡᠷᠴᠢᠯᠲᠡ ᠵᠢᠴᠢ ᠠᠩᠬᠠᠨ ᠤ ᠬᠤᠭᠤᠴᠠᠭᠠᠨ ᠳᠤ ᠳᠠᠷᠢᠵᠤ ᠣᠷᠣᠭᠤᠯᠬᠤ ᠠᠴᠠ ᠡᠮᠦᠨᠡᠬᠢ ᠭᠧᠨ ᠤ ᠪᠦᠯᠦᠭ ᠢ ᠪᠠᠶᠢᠴᠠᠭᠠᠨ ᠰᠢᠯᠭᠠᠬᠤ ᠰᠢᠨ᠎ᠡ ᠮᠡᠷᠭᠡᠵᠢᠯ ᠵᠡᠷᠭᠡ ᠠᠭᠤᠯᠭ᠎ᠠ ᠪᠠᠭᠲᠠᠨ᠎ᠠ ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号