ᠰᠢᠯᠢ ᠶᠢᠨ ᠭᠤᠣᠯ ᠠᠶᠢᠮᠠᠭ ᠤᠨ ᠬᠢᠨ 1846 ᠶᠠᠳᠠᠭᠤ ᠬᠦᠴᠢᠷᠳᠡᠯᠲᠡᠢ ᠤᠯᠠᠨ ᠲᠦᠮᠡᠨ ᠳᠤ 92.3 ᠲᠦᠮᠡᠨ ᠲᠥᠭᠦᠷᠢᠭ ᠤᠨ ᠨᠥᠬᠦᠪᠦᠷᠢ ᠣᠯᠭᠤᠵᠠᠢ
ᠨᠡᠶᠢᠲᠡᠯᠡᠭᠰᠡᠨ ᠴᠠᠭ᠄
2022/9/19
      ᠠᠷᠠᠳ ᠤᠨ ᠡᠳᠦᠷ ᠤᠨ ᠰᠣᠨᠢᠨ ᠤ ᠰᠢᠯᠢ ᠶᠢᠨ ᠭᠤᠣᠯ ᠤᠨ 9 ᠰᠠᠷ᠎ᠠ  ᠶᠢᠨ 15 ᠤ ᠡᠳᠦᠷ ᠤᠨ ᠮᠡᠳᠡᠭᠡ ( ᠰᠤᠷᠪᠤᠯᠵᠢᠯᠠᠭᠴᠢ ᠪᠠᠶᠠᠰᠬᠤᠯᠠᠩ ) 《 ᠮᠠᠨ ᠤ ᠭᠡᠷ ᠤᠨ ᠭᠤᠷᠪᠠᠨ ᠬᠥᠮᠥᠨ ᠴᠥᠮ ᠨᠠᠭᠠᠲᠤ ᠵᠠᠬ᠎ᠠ  ᠶᠢᠨ ᠠᠮᠢᠳᠤᠷᠠᠯ ᠤᠨ ᠪᠠᠲᠤᠯᠠᠭ᠎ᠠ  ᠶᠢᠨ ᠬᠠᠷᠠᠭᠠᠯᠵᠠᠯ  ᠢ ᠬᠦᠷᠲᠡᠵᠦ ᠂ ᠰᠠᠷ᠎ᠠ ᠪᠦᠷᠢ 2000 ᠲᠥᠭᠦᠷᠢᠭ ᠤᠨ ᠨᠥᠬᠦᠪᠦᠷᠢ ᠣᠯᠭᠤᠵᠤ ᠪᠠᠶᠢᠨ᠎ᠠ ᠂ ᠣᠨᠴᠠᠭᠠᠶ ᠴᠠᠭ ᠦᠶ᠎ᠡ ᠳᠤ ᠵᠠᠰᠠᠭ ᠤᠨ ᠣᠷᠳᠣᠨ  ᠠᠴᠠ ᠪᠠᠰᠠ ᠪᠢᠳᠡᠨ ᠳᠤ ᠬᠠᠶᠢᠷ᠎ᠠ ᠬᠠᠯᠠᠮᠵᠢ ᠬᠦᠷᠭᠡᠵᠦ ᠪᠠᠶᠢᠨ᠎ᠠ 》᠃ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠡᠰᠡᠷᠭᠦᠴᠡᠬᠦ ᠣᠨᠴᠠᠭᠠᠶ ᠬᠤᠭᠤᠴᠠᠭᠠᠨ ᠳᠤ ᠰᠢᠯᠢᠩᠬᠤᠲᠠ  ᠶᠢᠨ ᠨᠠᠭᠠᠲᠤ ᠵᠠᠬ᠎ᠠ  ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠯᠢ ᠰᠤ᠋ ᠮᠧᠶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠣᠯᠭᠤᠭᠰᠠᠨ ᠨᠥᠬᠦᠪᠦᠷᠢ ᠮᠥᠩᠭᠦ  ᠶᠢ ᠣᠯᠣᠭᠰᠠᠨ ᠤ ᠳᠠᠷᠠᠭ᠎ᠠ ᠢᠯᠡᠷᠬᠡᠶᠢᠯᠡᠭᠰᠡᠨ ᠪᠠᠶᠢᠨ᠎ᠠ ᠃      9 ᠰᠠᠷ᠎ᠠ ᠳᠤ ᠂ ᠰᠢᠯᠢᠩᠬᠤᠲᠠ ᠶᠢᠨ ᠠᠭᠤᠰᠬᠢᠨ ᠦᠷᠪᠢᠰᠦᠯ ᠤᠨ ᠰᠢᠨ᠎ᠡ ᠬᠢᠵᠢᠭ ᠤᠨ ᠪᠠᠶᠢᠳᠠᠯ ᠤᠨ ᠡᠮᠦᠨ᠎ᠡ  ᠂ ᠰᠢᠯᠢ ᠶᠢᠨ  ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠠᠶᠢᠴᠠᠭᠠᠯᠲᠠ ᠬᠢᠬᠦ ᠪᠠᠷ ᠳᠠᠮᠵᠢᠭᠤᠯᠤᠨ ᠂ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠨᠣᠪᠴᠢᠲᠠᠶ ᠡᠵᠡᠮᠰᠢᠵᠦ ᠂ ᠰᠢᠯᠢᠩᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠂ ᠣᠨᠴᠠ ᠬᠦᠴᠢᠷᠳᠡᠯᠲᠡᠢ ᠬᠥᠮᠥᠰ ᠪᠠ ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠵᠠᠬ᠎ᠠ ᠬᠢᠵᠠᠭᠠᠷ ᠤᠨ ᠡᠷᠦᠬᠡ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠪᠠᠴᠢᠮ ᠲᠦᠷᠭᠡᠨ ᠡᠬᠢᠯᠡᠭᠦᠯᠪᠡ ᠃ ᠡᠭᠦᠨ ᠤ ᠵᠡᠷᠭᠡ ᠳᠤ ᠣᠯᠠᠨ ᠵᠦᠢᠯ ᠤᠨ ᠳᠦᠷᠢᠮ ᠤᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠨ ᠬᠡᠷᠡᠭᠵᠢᠭᠦᠯᠵᠦ ᠂ ᠰᠢᠯᠢᠩᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠪᠥᠬᠦ ᠲᠠᠯ᠎ᠠ ᠪᠠᠷ ᠵᠢᠯᠣᠭᠤᠳᠪᠠ ᠃      ᠰᠢᠯᠢᠩᠬᠤᠲᠠ ᠶᠢᠨ ᠨᠠᠮ ᠵᠢᠮ ᠬᠠᠮᠢᠶᠠᠷᠤᠯᠲᠠ ᠶᠢᠨ ᠬᠤᠭᠤᠴᠠᠭᠠᠨ ᠳᠤ ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠰ ᠬᠤᠲᠠ ᠶᠢᠨ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠪᠠᠶᠢᠳᠠᠯ ᠪᠠ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢᠨ ᠲᠤᠰᠬᠠᠢ ᠰᠡᠳᠦᠪ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠠᠷᠢᠭᠤ ᠮᠡᠳᠡᠭᠦᠯᠬᠦ ᠶᠢᠨ ᠬᠠᠮᠲᠤ ᠨᠡᠶᠢᠭᠡᠮ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ ᠃ 9 ᠰᠠᠷ᠎ᠠ ᠶᠢᠨ 13 ᠤ ᠡᠳᠦᠷ ᠪᠣᠯᠲᠠᠯ᠎ᠠ ᠂ ᠰᠢᠯᠢ ᠶᠢᠨ ᠭᠤᠣᠯ ᠠᠶᠢᠮᠠᠭ ᠡᠷᠦᠬᠡ ᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠰᠢᠯᠢᠩᠬᠤᠲᠠ ᠶᠢᠨ 1681 ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠦᠬᠡ ᠂ 100 ᠣᠨᠴᠠ ᠬᠦᠴᠢᠷᠳᠡᠯᠲᠡᠢ ᠡᠲᠡᠭᠡᠳ ᠂ 65 ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠶᠢᠨ ᠨᠡᠶᠢᠲᠡ 1846 ᠡᠷᠦᠬᠡ ᠳᠤ 92.3 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠲᠦᠪᠰᠢᠨ ᠢ ᠨᠥᠯᠥᠭᠡᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠪᠠ ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号