ᠥᠪᠥᠷ ᠮᠣᠩᠭᠤᠯ ᠄ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠶᠠᠳᠠᠭᠤ ᠠᠴᠠ ᠠᠩᠭᠢᠵᠢᠷᠠᠭᠰᠠᠨ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2022/9/20
      ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠰ ᠪᠣᠯᠣᠨ ᠠᠵᠢᠯ ᠣᠯᠭᠤᠯᠲᠠ ᠶᠢ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠰᠠᠬᠢᠬᠤ ᠦᠨᠳᠦᠰᠦ ᠠᠴᠠ ᠨᠢ ᠵᠠᠰᠠᠬᠤ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠵᠠᠢ᠃      ᠣᠯᠠᠨ ᠵᠦᠢᠯ ᠤᠨ ᠵᠣᠯᠭᠠᠯᠳᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ + ᠮᠥᠩᠭᠦᠨ ᠭᠦᠢᠯᠭᠡᠭᠡᠨ ᠤ ᠳᠡᠮᠵᠢᠯᠭᠡ ᠨᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠮᠠᠨᠳᠤᠬᠤ ᠳᠤ ᠬᠦᠴᠦ ᠨᠡᠮᠡᠷᠢᠯᠡᠨ᠎ᠡ᠃      ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ  ᠶᠢ ᠳᠡᠮᠵᠢᠬᠦ ᠶᠢᠨ ᠲᠥᠯᠥᠭᠡ ᠂ ᠥᠪᠥᠷ ᠮᠣᠩᠭᠤᠯ ︽  ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ︾ ᠵᠡᠷᠭᠡ 1+N ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ 45 ᠬᠤᠪᠢ ᠨᠡᠶᠢᠲᠡᠯᠡᠪᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ︽ᠠᠷᠪᠠᠨ ᠳᠥᠷᠪᠡᠳᠦᠭᠡᠷ ᠲᠠᠪᠤᠨ ᠵᠢᠯ︾  ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠡᠭᠦᠨ ᠤ ᠬᠠᠮᠲᠤ ︽  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠢᠭᠡᠳ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︾ ᠶᠢ ᠦᠨᠳᠦᠰᠦᠯᠡᠨ ᠂ ᠬᠥᠭᠵᠢᠯᠲᠡ ᠶᠢᠨ ᠲᠥᠯᠦᠪᠵᠢᠭᠦᠯᠭᠡ ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠂ ᠲᠣᠭᠲᠠᠴᠠ ᠶᠢᠨ ᠪᠠᠶᠢᠭᠤᠯᠤᠯᠲᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠪᠣᠳᠠᠲᠠᠢ ᠳᠤ ᠨᠡᠶᠢᠴᠡᠭᠰᠡᠨ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠰᠢᠯᠵᠢᠯᠲᠡ ᠶᠢᠨ ᠬᠤᠭᠤᠴᠠᠭᠠᠨ ᠳᠠᠬᠢ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃      ᠥᠪᠥᠷ ᠮᠣᠩᠭᠤᠯ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠨ ᠵᠢᠭᠡᠯᠡᠯᠭᠡ ᠵᠢᠭᠡᠯᠡᠬᠦ ᠂ ᠠᠮᠢᠳᠤ ᠮᠠᠯ ᠤᠨᠤᠭ᠎ᠠ ᠪᠠᠨ ᠪᠠᠷᠢᠴᠠᠭᠠᠯᠠᠨ ᠵᠢᠭᠡᠯᠡᠯᠭᠡ ᠵᠢᠭᠡᠯᠡᠬᠦ ᠲᠤᠬᠠᠶᠢᠯᠠᠭᠰᠠᠨ ᠠᠵᠢᠯ ᠢ ᠥᠷᠨᠢᠭᠦᠯᠵᠦ ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠡᠭᠦᠨ ᠤ ᠬᠠᠮᠲᠤ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠠᠳᠠᠭᠤ  ᠠᠴᠠ ᠠᠩᠭᠢᠵᠢᠷᠠᠭᠤᠯᠬᠤ ᠬᠤᠰᠢᠭᠤ ᠰᠢᠶᠠᠨ ᠪᠠ  ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠳᠤ ︽  ᠠᠷᠠᠳ ᠢ ᠪᠠᠶᠠᠵᠢᠭᠤᠯᠬᠤ ᠵᠢᠭᠡᠯᠡᠯᠭᠡ ︾ ᠪᠠ ︽  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠲᠠᠷᠢᠶᠠᠯᠠᠩ ᠤᠨ ᠵᠢᠭᠡᠯᠡᠯᠭᠡ ᠶᠢ ᠳᠡᠮᠵᠢᠬᠦ ︾ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠵᠤ ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠂ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠶᠠᠳᠠᠭᠤ  ᠠᠴᠠ ᠠᠩᠭᠢᠵᠢᠷᠠᠭᠤᠯᠬᠤ ᠡᠷᠦᠬᠡ ᠪᠠ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠶᠢᠨ ︽  ᠵᠢᠭᠡᠯᠡᠪᠡᠰᠦ ᠵᠣᠬᠢᠬᠤ ᠪᠦᠬᠦᠨ ᠢ ᠵᠢᠭᠡᠯᠡᠯᠭᠡ ᠲᠠᠯᠪᠢᠬᠤ ︾ ᠶᠢ ᠦᠨᠡᠨ ᠬᠦ ᠪᠠᠲᠤᠯᠠᠵᠤ  ᠂ ᠡᠭᠦᠨ ᠤ ᠤᠯᠠᠮ ᠢᠶᠠᠷ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠠᠮᠢ ᠠᠬᠤᠢ ᠶᠢᠨ ᠰᠢᠰᠲ᠋ᠧᠮᠵᠢ ᠶᠢ ᠰᠢᠯᠢᠳᠡᠭᠵᠢᠭᠦᠯᠦᠨ ᠂ ︽  ᠴᠢᠰᠤ ᠶᠡᠭᠦᠯᠡᠬᠦ ︾ ᠶᠢ ︽  ᠴᠢᠰᠤ ᠪᠦᠲᠦᠭᠡᠬᠦ ︾ ᠪᠣᠯᠭᠠᠨ ᠬᠤᠪᠢᠷᠠᠭᠤᠯᠤᠨ᠎ᠠ ᠃      ᠬᠥᠳᠡᠭᠡ ᠲᠣᠰᠬᠤᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠵᠤ ᠂ ᠮᠠᠯᠴᠢᠨ ᠲᠠᠷᠢᠶᠠᠴᠢᠨ ᠤ ᠣᠯᠠᠨ ᠠᠷᠭ᠎ᠠ ᠵᠠᠮ ᠢᠶᠠᠷ ᠣᠷᠣᠯᠭ᠎ᠠ ᠪᠠᠨ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠂ ᠪᠣᠬᠢᠷᠳᠤᠯ ᠦᠭᠡᠢ ᠠᠮᠢ ᠠᠬᠤᠢ ᠶᠢᠨ ᠡᠬᠢ ᠪᠠᠶᠠᠯᠢᠭ ᠵᠡᠷᠭᠡ ᠳᠠᠪᠠᠭᠤᠯᠢᠭ ᠲᠠᠭᠠᠨ ᠰᠠᠭᠤᠷᠢᠯᠠᠨ ᠂ ᠠᠵᠤ ᠦᠢᠯᠡᠰ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠂ ᠣᠨᠴᠠᠯᠢᠭᠲᠤ ᠠᠵᠤ ᠦᠢᠯᠡᠰ ᠤᠨ ᠲᠥᠷᠥᠯ ᠵᠦᠢᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ ᠂ ᠠᠵᠤ ᠦᠢᠯᠡᠰ ᠤᠨ ᠣᠷᠣᠯᠭ᠎ᠠ ᠪᠠᠨ ᠨᠡᠮᠡᠭᠳᠡᠭᠦᠯᠬᠦ ᠴᠢᠳᠠᠪᠤᠷᠢ ᠪᠠᠨ ᠨᠢᠭᠡ ᠲᠠᠯ᠎ᠠ ᠪᠠᠷ ᠂ ᠡᠯ᠎ᠡ ᠶᠠᠳᠠᠭᠤ  ᠠᠴᠠ ᠠᠩᠭᠢᠵᠢᠷᠠᠭᠤᠯᠬᠤ ᠬᠤᠰᠢᠭᠤ ᠰᠢᠶᠠᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ ᠂ ᠶᠠᠳᠠᠭᠤ  ᠠᠴᠠ ᠠᠩᠭᠢᠵᠢᠷᠠᠭᠤᠯᠬᠤ ᠬᠥᠮᠥᠨ ᠠᠮᠠ ᠪᠣᠯᠣᠨ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠥᠨ ᠠᠮᠠ ᠶᠢ ᠠᠵᠤ ᠦᠢᠯᠡᠰ ᠤᠨ ᠬᠡᠯᠬᠢᠶ᠎ᠡ ᠳᠤ ᠴᠢᠩᠭ᠎ᠠ ᠰᠢᠩᠭᠡᠭᠡᠬᠦ ᠪᠠᠷ ᠴᠢᠷᠮᠠᠶᠢᠬᠤ ᠬᠡᠷᠡᠭᠲᠡᠢ ᠃ ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠢᠶᠠᠷ ᠵᠢᠱᠢᠶᠡᠯᠡᠪᠡᠯ᠂ ᠲᠤᠬᠠᠢ ᠶᠢᠨ ᠭᠠᠵᠠᠷ ᠤᠨ ᠬᠢᠨ ᠣᠷᠣᠨ ᠪᠠᠶᠢᠷᠢ ᠶᠢᠨ ᠳᠠᠪᠠᠭᠤᠯᠢᠭ᠂ ᠠᠭᠤᠷ ᠠᠮᠢᠰᠬᠤᠯ ᠤᠨ ᠣᠨᠴᠠᠯᠢᠭ ᠲᠠᠭᠠᠨ ᠲᠦᠰᠢᠭᠯᠡᠨ᠂ ᠯᠦᠩ ᠰᠢᠩ ᠴᠠᠩ ᠪᠠᠯᠭᠠᠰᠤ᠂ ᠱᠧᠩ ᠹᠧᠩ ᠪᠠᠯᠭᠠᠰᠤᠨ ᠳᠤ ᠨᠡᠶᠢᠳᠡ 1500 ᠲᠦᠮᠡᠨ ᠲᠥᠭᠦᠷᠢᠭ ᠤᠨ ᠳ᠋ᠧᠩᠯᠦ ᠤᠯᠠᠭᠠᠨ ᠠᠮᠲᠠᠲᠤ ᠬᠡᠮᠬᠡ᠂ ᠰᠢᠷ᠎ᠠ ᠱᠠᠪᠲᠠᠯ᠎ᠠ ᠶᠢᠨ ᠣᠨᠴᠠᠯᠢᠭᠲᠤ ᠲᠠᠷᠢᠮᠠᠯ ᠤᠨ ᠬᠦᠷᠢᠶᠡᠯᠡᠩ ᠢ ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 345 ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠳᠠᠶᠢᠴᠢᠯᠠᠨ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠡᠷᠦᠬᠡ ᠶᠢᠨ ᠣᠷᠣᠯᠭ᠎ᠠ ᠳᠤᠮᠳᠠᠴᠢ ᠪᠠᠷ 1808 ᠲᠥᠭᠦᠷᠢᠭ ᠨᠡᠮᠡᠭᠳᠡᠵᠡᠢ᠃      ᠨᠥᠭᠦᠭᠡ ᠲᠠᠯ᠎ᠠ ᠪᠠᠷ ᠂ ᠡᠯ᠎ᠡ ᠶᠠᠳᠠᠭᠤ  ᠠᠴᠠ ᠠᠩᠭᠢᠵᠢᠷᠠᠭᠰᠠᠨ ᠬᠤᠰᠢᠭᠤ ᠰᠢᠶᠠᠨ ᠤ ᠵᠢᠭᠤᠯᠴᠢᠯᠠᠯ ᠂ ᠡᠯᠧᠺᠲᠷᠣᠨ ᠬᠤᠳᠠᠯᠳᠤᠭ᠎ᠠ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ ᠃ ᠵᠢᠱᠢᠶᠡᠯᠡᠪᠡᠯ ᠂ ᠤᠯᠠᠭᠠᠨᠬᠠᠳᠠ ᠬᠤᠲᠠ ᠶᠢᠨ ᠯᠢᠨᠰᠢ ᠰᠢᠶᠠᠨ ᠬᠥᠮᠥᠷᠭᠡ ᠶᠢᠨ ᠪᠠᠷᠠᠭᠠᠨ ᠤ ᠭᠦᠢᠯᠭᠡᠭᠡ ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ ᠂ ᠣᠳᠣᠬᠠᠨ ᠳᠤ ᠰᠢᠶᠠᠩ ᠪᠠᠯᠭᠠᠰᠤᠨ ᠤ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠦᠢᠯᠡᠴᠢᠯᠡᠭᠡᠨ ᠤ ᠥᠷᠲᠡᠭᠡ 9 ᠂ ᠲᠣᠰᠬᠤᠨ ᠤ ᠲᠠᠰ ᠤᠨ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠦᠢᠯᠡᠴᠢᠯᠡᠭᠡᠨ ᠤ ᠴᠡᠭ ᠢ 104 ᠪᠠᠶᠢᠭᠤᠯᠵᠤ ᠂ ᠪᠥᠬᠦ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 3000 ᠲᠦᠮᠡᠨ ᠲᠥᠭᠦᠷᠢᠭ ᠲᠤ ᠬᠦᠷᠴᠡᠢ ᠃      ᠡᠭᠦᠨ ᠠᠴᠠ ᠭᠠᠳᠠᠨ᠎ᠠ ᠂ ᠥᠪᠥᠷ ᠮᠣᠩᠭᠤᠯ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠪᠠᠷ ᠳᠠᠮᠵᠢᠭᠤᠯᠤᠨ ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠦᠷ᠎ᠡ ᠪᠦᠲᠦᠭᠡᠯ ᠢ ᠢᠳᠡᠪᠬᠢᠲᠡᠢ ᠪᠠᠷ ᠪᠠᠬᠢᠵᠢᠭᠦᠯᠪᠡ ᠃ ᠵᠢᠱᠢᠶᠡᠯᠡᠪᠡᠯ᠂ ᠭᠠᠳᠠᠭᠠᠳᠤ ᠪᠣᠷᠤᠯᠠᠭᠤᠯᠭ᠎ᠠ ᠪᠠ ᠳᠣᠲᠣᠭᠠᠳᠤ ᠪᠣᠷᠤᠯᠠᠭᠤᠯᠭ᠎ᠠ ᠶᠢ ᠤᠶᠠᠯᠳᠤᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠠᠶᠢᠭᠤᠯᠭ᠎ᠠ ᠂ ᠶᠡᠭᠡ ᠳᠡᠭᠡᠳᠦ ᠰᠤᠷᠭᠠᠭᠤᠯᠢ ᠂ ᠠᠵᠤ ᠠᠬᠤᠶᠢᠯᠠᠯ ᠂ ᠨᠡᠶᠢᠭᠡᠮ ᠲᠣᠭᠤᠷᠢᠭ ᠂ ᠡᠮᠨᠡᠯᠭᠡ ᠶᠢᠨ ᠬᠤᠷᠢᠶ᠎ᠠ ᠳᠤ ᠣᠷᠣᠭᠤᠯᠬᠤ  ᠶᠢ ᠦᠷᠭᠦᠯᠵᠢᠯᠡᠨ ᠠᠬᠢᠭᠤᠯᠵᠤ ᠂ ᠪᠡᠭᠡᠵᠢᠩ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠪ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠠᠪᠴᠠᠩ ᠳᠤ ᠲᠦᠰᠢᠭᠯᠡᠨ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠬᠡᠷᠡᠭᠯᠡᠭᠡᠨ ᠤ ᠬᠠᠪᠰᠤᠷᠤᠨ ᠲᠡᠳᠬᠦᠬᠦ ᠂ ᠲᠥᠪ ᠤᠨ ᠨᠢᠭᠡᠴᠡ ᠶᠢᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠂ ᠲᠥᠰᠥᠪ ᠤᠨ ᠨᠢᠭᠡᠴᠡ ᠶᠢᠨ ᠬᠤᠳᠠᠯᠳᠤᠨ ᠠᠪᠬᠤ ᠂ ᠡᠯ᠎ᠡ ᠲᠥᠷᠥᠯ ᠤᠨ ᠠᠷᠠᠯᠵᠢᠶᠠᠨ ᠤ ᠵᠠᠬ᠎ᠠ ᠳᠡᠯᠭᠡᠭᠦᠷ ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠪᠰᠤᠷᠤᠨ ᠪᠣᠷᠣᠯᠠᠭᠤᠯᠬᠤ ᠵᠡᠷᠭᠡ ᠵᠠᠭᠪᠤᠷ ᠢᠶᠠᠷ ᠳᠠᠮᠵᠢᠭᠤᠯᠤᠨ ᠂ ᠣᠲᠣ ᠪᠣᠯᠲᠠᠯ᠎ᠠ ᠨᠢᠭᠡᠨᠲᠡ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ 77.85 ᠳ᠋ᠦᠩᠰᠢᠭᠤᠷ ᠲᠥᠭᠦᠷᠢᠭ ᠪᠣᠷᠣᠯᠠᠭᠤᠯᠬᠤ ᠶᠢ ᠪᠡᠶᠡᠯᠡᠭᠦᠯᠪᠡ ᠃      ᠡᠵᠡᠩᠨᠡᠯᠲᠡ ᠶᠢᠨ ᠭᠤᠣᠯ ᠴᠣᠭᠴᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ      ᠥᠪᠥᠷ ᠮᠣᠩᠭᠤᠯ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠭᠠᠭᠤᠯᠤᠨ ᠬᠤᠯᠪᠣᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ ᠂ ︽  ᠬᠥᠲᠥᠴᠢ ᠠᠵᠤ ᠠᠬᠤᠶᠢᠯᠠᠯ + ᠬᠤᠷᠰᠢᠶ᠎ᠠ + ᠶᠠᠳᠠᠭᠤ  ᠠᠴᠠ ᠠᠩᠭᠢᠵᠢᠷᠠᠭᠰᠠᠨ ᠮᠠᠯᠴᠢᠨ ᠲᠠᠷᠢᠶᠠᠴᠢᠨ ᠡᠷᠦᠬᠡ ︾ ᠶᠢᠨ ᠬᠥᠭᠵᠢᠯᠲᠡ ᠶᠢᠨ ᠵᠠᠭᠪᠤᠷ ᠢ ᠭᠦᠨᠵᠡᠭᠡᠶᠢᠷᠡᠭᠦᠯᠦᠨ ᠂ ᠶᠠᠳᠠᠭᠤ  ᠠᠴᠠ ᠠᠩᠭᠢᠵᠢᠷᠠᠭᠰᠠᠨ ᠬᠤᠰᠢᠭᠤ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠯᠪᠣᠭ᠎ᠠ ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠪᠠ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ ᠂ ᠵᠠᠬᠢᠶᠠᠯᠠᠭ᠎ᠠ ᠶᠢᠨ ᠦᠢᠯᠡᠳᠪᠦᠷᠢᠯᠡᠯ ᠂ ᠬᠤᠪᠢ ᠣᠷᠣᠭᠤᠯᠤᠭᠰᠠᠨ ᠡᠵᠡᠩᠨᠡᠯᠲᠡ ᠂ ᠠᠵᠢᠯ ᠣᠯᠭᠤᠯᠲᠠ ᠶᠢ ᠰᠢᠩᠭᠡᠬᠡᠨ ᠠᠪᠬᠤ ᠵᠡᠷᠭᠡ ᠠᠷᠭ᠎ᠠ ᠮᠠᠶ᠋ᠢᠭ ᠲᠤ ᠲᠦᠰᠢᠭᠯᠡᠨ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ ᠃ 2022 ᠣᠨ ᠤ ᠳᠡᠭᠡᠷ᠎ᠡ ᠬᠠᠭᠠᠰ ᠵᠢᠯ ᠳᠤ ᠂ ᠥᠪᠥᠷ ᠮᠣᠩᠭᠤᠯ 23 ᠳᠠᠭᠠᠭᠤᠯᠤᠭᠴᠢ ᠠᠵᠤ ᠠᠬᠤᠶᠢᠯᠠᠯ ᠢᠶᠠᠷ ᠳᠠᠶᠢᠴᠢᠯᠠᠬᠤ ᠲᠥᠷᠥᠯ ᠵᠦᠢᠯ ᠂ 61 ᠬᠤᠷᠰᠢᠶ᠎ᠠ ᠪᠠᠷ ᠳᠠᠶᠢᠴᠢᠯᠠᠬᠤ ᠲᠥᠷᠥᠯ ᠵᠦᠢᠯ ᠂ 34 ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠲᠥᠷᠥᠯ ᠵᠦᠢᠯ ᠢ ᠬᠡᠷᠡᠭᠵᠢᠭᠦᠯᠵᠦ  ᠂ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠨᠢᠭᠲᠠ ᠬᠡᠯᠪᠡᠷᠢ ᠶᠢᠨ ᠲᠠᠷᠢᠶᠠᠯᠠᠩ ︵  ᠮᠠᠯ ᠠᠵᠤ ᠠᠬᠤᠢ ︶ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠯ ᠤᠨ ᠬᠠᠷᠢᠴᠠᠯ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠳᠤ ᠬᠥᠷᠪᠡ ᠃      ᠡᠭᠦᠨ ᠠᠴᠠ ᠭᠠᠳᠠᠨ᠎ᠠ᠂ ᠠᠵᠤ ᠦᠢᠯᠡᠳᠪᠦᠷᠢ ᠪᠠᠷ ᠭᠤᠣᠯᠯᠠᠭᠴᠢ ᠠᠵᠤ ᠦᠢᠯᠡᠰ ᠪᠣᠯᠭᠠᠭᠰᠠᠨ ᠬᠤᠳᠠ ᠳᠤ᠂ ᠥᠪᠥᠷ ᠮᠣᠩᠭᠤᠯ ︽ᠬᠤᠶᠠᠳᠤᠭᠠᠷ ᠠᠵᠤ ᠦᠢᠯᠡᠰ ᠨᠢ ᠨᠢᠭᠡᠳᠦᠭᠡᠷ ᠠᠵᠤ ᠦᠢᠯᠡᠰ ᠢ ᠪᠠᠲᠤᠯᠠᠵᠤ᠂ ᠨᠢᠭᠡᠳᠦᠭᠡᠷ ᠠᠵᠤ ᠦᠢᠯᠡᠰ ᠨᠢ ᠬᠤᠶᠠᠳᠤᠭᠠᠷ ᠠᠵᠤ ᠦᠢᠯᠡᠰ ᠢ ᠬᠠᠩᠭᠠᠵᠤ᠂ ᠬᠤᠣᠰ ᠠᠵᠤ ᠦᠢᠯᠡᠰ ᠬᠠᠷᠢᠯᠴᠠᠨ ᠬᠥᠳᠡᠯᠦᠯᠴᠡᠬᠦ︾ ᠶᠢ ᠳᠤᠷᠠᠳᠴᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠭᠦᠯᠵᠡᠢ᠃ ᠣᠷᠳᠣᠰ ᠬᠤᠲᠠ ᠪᠠᠷ ᠵᠢᠱᠢᠶᠡᠯᠡᠬᠦ ᠳᠤ ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠯᠤᠲᠤ ᠶᠡᠭᠡ ᠪᠣᠳᠠᠲᠤ ᠬᠡᠷᠡᠭᠴᠡᠭᠡ ᠳᠤ ᠰᠠᠭᠤᠷᠢᠯᠠᠨ ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ᠂ ᠮᠠᠯᠴᠢᠨ ᠲᠠᠷᠢᠶᠠᠴᠢᠨ ᠯᠤᠭ᠎ᠠ ᠨᠢᠭᠡ ᠨᠢᠭᠡ ᠪᠠᠷ ᠪᠤᠶᠤ ᠨᠢᠭᠡ ᠬᠤᠣᠰ ᠤᠯᠠᠨ ᠲᠠᠢ ᠬᠤᠪᠢ ᠣᠷᠣᠭᠤᠯᠤᠨ ᠬᠤᠷᠰᠢᠬᠤ ᠬᠠᠷᠢᠴᠠᠭ᠎ᠠ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠠᠪᠰᠤᠷᠴᠤ᠂ ᠮᠠᠯᠴᠢᠨ ᠲᠠᠷᠢᠶᠠᠴᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠪᠠᠶᠢᠰᠢᠩ ᠳᠤ ᠠᠵᠢᠯᠴᠢᠨ ᠪᠣᠯᠬᠤ ᠪᠠᠷ ᠪᠠᠷᠠᠬᠤ ᠦᠭᠡᠢ ᠪᠠᠰᠠ ᠲᠠᠷᠢᠶᠠᠨ ᠠᠵᠢᠯ ᠬᠢᠵᠦ᠂ ᠥᠷᠭᠡᠨ ᠤᠯᠠᠨ ᠮᠠᠯᠴᠢᠨ ᠲᠠᠷᠢᠶᠠᠴᠢᠨ ᠤ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠦᠲᠦᠮᠵᠢᠲᠡᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠤᠭᠰᠠᠨ ᠪᠠᠶᠢᠨ᠎ᠠ᠃      8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠂ ᠥᠪᠥᠷ ᠮᠣᠩᠭᠤᠯ ᠤᠨ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠯᠭᠠᠬᠤ ᠡᠲᠡᠭᠡᠳ ᠤᠨ 20.44 ᠲᠦᠮᠡᠨ ᠬᠥᠮᠥᠨ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠵᠤ ᠂ ᠤᠯᠤᠰ  ᠠᠴᠠ ᠪᠠᠭᠤᠯᠭᠠᠭᠰᠠᠨ ᠡᠭᠦᠷᠭᠡ ᠬᠠᠷᠠᠯᠲᠠ ᠶᠢ 104.2% ᠢᠶᠠᠷ ᠪᠡᠶᠡᠯᠡᠭᠦᠯᠪᠡ ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号