ᠨᠠᠷᠠᠲᠤ ᠲᠡᠮᠳᠡᠭᠲᠦ ᠶᠢᠨ ᠴᠣᠭᠴᠠᠯᠠᠯᠲᠠ ᠨᠢ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠦᠨ᠎ᠡ ᠴᠠᠨ᠎ᠠ ᠶᠢ ᠨᠠᠩ ᠭᠦᠢᠴᠡᠳ ᠪᠣᠯᠭᠠᠪᠠ
ᠨᠡᠶᠢᠲᠡᠯᠡᠭᠰᠡᠨ ᠴᠠᠭ᠄
2022/9/20
      ᠰᠠᠶᠢᠨᠪᠠᠶᠠᠷ ᠤᠨ ᠮᠠᠯᠵᠢᠯ ᠤᠨ ᠲᠠᠯᠠᠪᠠᠢ ᠨᠢ ᠳᠤᠮᠳᠠᠳᠤ ᠮᠣᠩᠭᠤᠯ ᠤᠨ ᠬᠢᠯᠢ ᠳᠠᠬᠢ ᠵᠡᠭᠦᠨ ᠦᠵᠦᠮᠦᠴᠢᠨ ᠬᠤᠰᠢᠭᠤᠨ ᠤ ᠮᠠᠨᠳᠤᠬᠤᠪᠤᠯᠠᠭ ᠪᠠᠯᠭᠠᠰᠤᠨ ᠳᠤ ᠪᠤᠢ᠃      ᠲᠤᠬᠠᠢ ᠶᠢᠨ ᠭᠠᠵᠠᠷ ᠲᠤ ᠂ ᠲᠡᠳᠡᠨ ᠤ ᠲᠡᠵᠢᠭᠡᠭᠰᠡᠨ ᠦᠵᠦᠮᠦᠴᠢᠨ ᠬᠤᠨᠢᠨ ᠤ ᠴᠢᠨᠠᠷ ᠴᠢᠨᠰᠠᠭ᠎ᠠ ᠨᠢ ︽  ᠳᠡᠭᠡᠪᠦᠷ ︾ ᠪᠣᠯᠣᠨ᠎ᠠ ᠃ ᠲᠡᠳᠡᠨ ᠤ ᠮᠠᠯᠵᠢᠯ ᠤᠨ ᠲᠠᠯᠠᠪᠠᠶ  ᠶᠢᠨ ᠠᠮᠢ ᠠᠬᠤᠢ ᠨᠢ ᠴᠦ ᠬᠥᠮᠥᠰ ᠤᠨ ᠪᠠᠭ᠋ᠠᠷᠬᠠᠯ  ᠢ ᠲᠠᠲᠠᠵᠤ ᠂ 9 ᠰᠠᠷ᠎ᠠ  ᠶᠢᠨ ᠡᠬᠢ ᠪᠠᠷ ᠡᠯᠳᠡᠪ ᠵᠦᠢᠯ ᠤᠨ ᠨᠡᠷ᠎ᠡ ᠦᠭᠡᠢ ᠬᠡᠭᠡᠷ᠎ᠡ  ᠶᠢᠨ ᠴᠡᠴᠡᠭ ᠬᠡᠭᠡᠷ᠎ᠡ  ᠶᠢᠨ ᠡᠪᠡᠰᠦ ᠴᠡᠴᠡᠭ ᠮᠢᠷᠠᠯᠵᠠᠨ ᠳᠡᠯᠭᠡᠷᠡᠵᠦ ᠂ ᠮᠠᠯ ᠰᠦᠷᠦᠭ  ᠢ ᠰᠤᠪᠤᠳ ᠰᠢᠭ᠋ ᠴᠢᠮᠡᠵᠦ ᠂ ᠨᠢᠳᠦ ᠲᠠᠯᠪᠢᠨ ᠬᠠᠷᠠᠬᠤ ᠳᠤ ᠴᠥᠮ ᠬᠥᠮᠥᠨ  ᠢ ᠰᠣᠭᠲᠣᠭᠤᠷᠠᠭᠤᠯᠤᠮ᠎ᠠ ᠠᠯᠲᠠᠨ ᠨᠠᠮᠤᠷ ᠤᠨ ᠰᠠᠶᠢᠬᠠᠨ ᠦᠵᠡᠮᠵᠢ ᠪᠣᠯᠵᠠᠢ ᠃      ᠰᠢᠯᠢ ᠶᠢᠨ ᠭᠤᠣᠯ ᠠᠶᠢᠮᠠᠭ ᠲᠤ ᠮᠠᠯ ᠰᠦᠷᠦᠭ ᠤᠨ ᠮᠥᠷᠥᠶᠢᠴᠡᠭᠡᠨ ᠤ ᠤᠷᠤᠯᠳᠤᠭᠠᠨ ᠳᠤ ᠣᠷᠣᠯᠴᠠᠳᠠᠭ ᠯᠠ ᠶᠤᠮ ᠪᠣᠯ ᠰᠠᠶᠢᠨᠪᠠᠶᠠᠷ ᠤᠳᠠᠭ᠎ᠠ ᠪᠦᠷᠢ ᠵᠠᠪᠠᠯ ᠣᠴᠢᠬᠤ ᠪᠥᠭᠡᠳ ᠣᠴᠢᠭᠰᠠᠨ ᠴᠤ ᠵᠠᠪᠠᠯ ᠱᠠᠩᠨᠠᠯ ᠣᠯᠳᠠᠭ᠃      ᠣᠳᠣᠬᠠᠨ ᠳᠤ᠂ ᠰᠠᠶᠢᠨᠪᠠᠶᠠᠷ ᠤᠨ ᠭᠡᠷ ᠲᠤ ᠦᠵᠦᠮᠦᠴᠢᠨ ᠬᠤᠨᠢ 500 ᠪᠠᠶᠢᠵᠤ᠂ ᠴᠢᠨᠠᠷ ᠰᠠᠶᠢᠲᠠᠢ ᠦᠵᠦᠮᠦᠴᠢᠨ ᠬᠤᠴᠠ 100 ᠪᠤᠢ᠃ ᠲᠡᠳᠡᠨ ᠤ ᠬᠢᠨ ᠵᠢᠯ ᠪᠦᠷᠢ ᠦᠵᠦᠮᠦᠴᠢᠨ ᠬᠤᠴᠠ ᠲᠦᠷᠢᠶᠡᠰᠦᠯᠡᠬᠦ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠵᠦ ᠂ ᠬᠤᠴᠠ ᠪᠦᠷᠢ ᠶᠢᠨ ᠲᠦᠷᠢᠶᠡᠰᠦᠨ ᠮᠥᠩᠭᠦ ᠨᠢ 1000 ᠲᠥᠭᠦᠷᠢᠭ ᠣᠷᠴᠢᠮ ᠪᠠᠶᠢᠳᠠᠭ ᠃ ᠡᠭᠦᠨ ᠠᠴᠠ ᠭᠠᠳᠠᠨ᠎ᠠ ᠂ ᠲᠡᠳᠡᠨ ᠤ ᠭᠡᠷ ᠤᠨ ᠬᠤᠷᠠᠭ᠎ᠠ ᠨᠢᠭᠡᠪᠦᠷᠢ ᠶᠢᠨ ᠠᠷᠠᠯᠵᠢᠶᠠᠨ ᠤ ᠦᠨ᠎ᠡ ᠨᠢ 1500 ᠲᠥᠭᠦᠷᠢᠭ ᠠᠴᠠ 2500 ᠲᠥᠭᠦᠷᠢᠭ ᠣᠷᠴᠢᠮ ᠪᠠᠶᠢᠵᠤ ᠂ ᠵᠢᠯ ᠤᠨ ᠳᠤᠮᠳᠠᠴᠢ ᠴᠡᠪᠡᠷ ᠣᠷᠣᠯᠭ᠎ᠠ ᠨᠢ 50 ᠲᠦᠮᠡᠨ ᠲᠥᠭᠦᠷᠢᠭ ᠢ ᠳᠠᠪᠠᠵᠠᠢ ᠃     《 ᠮᠠᠯᠴᠢᠳ ᠢᠶᠠᠷ ᠬᠠᠮᠤᠭ ᠤᠨ ᠰᠠᠶᠢᠨ ᠮᠠᠯ ᠲᠡᠵᠢᠭᠡᠯᠭᠡᠵᠦ ᠂ ᠣᠷᠣᠯᠭ᠎ᠠ  ᠶᠢ ᠨᠢ ᠨᠡᠮᠡᠭᠳᠡᠭᠦᠯᠦᠨ ᠂ ᠠᠮᠢ ᠠᠬᠤᠢ  ᠶᠢ ᠨᠢ ᠬᠠᠮᠠᠭᠠᠯᠠᠨ᠎ᠠ 》᠃ ᠮᠠᠨᠳᠤᠬᠤᠪᠤᠯᠠᠭ ᠪᠠᠯᠭᠠᠰᠤᠨ ᠤ ᠳᠠᠷᠤᠭ᠎ᠠ ᠬᠥᠬᠡ ᠶᠢᠨ ᠬᠡᠯᠡᠭᠰᠡᠨ ᠦᠭᠡ ᠨᠢ ᠰᠤᠷᠪᠤᠯᠵᠢᠯᠠᠭᠴᠢ ᠳᠤ ᠨᠡᠷᠡᠲᠦ ᠮᠠᠯ ᠤᠨᠤᠭ᠎ᠠ ᠶᠢ ᠬᠥᠭᠵᠢᠭᠦᠯᠬᠦ᠂ ᠮᠠᠯᠴᠢᠳ ᠢ ᠬᠥᠲᠥᠯᠥᠨ ᠵᠢᠯᠤᠭᠤᠳᠴᠤ ᠣᠳᠣᠬᠢᠴᠢᠯᠠᠭᠰᠠᠨ ᠮᠠᠯ ᠠᠵᠤ ᠠᠬᠤᠢ ᠡᠷᠬᠢᠯᠡᠭᠦᠯᠬᠦ᠂ ᠣᠷᠣᠯᠭ᠎ᠠ ᠶᠢ ᠨᠡᠮᠡᠭᠳᠡᠭᠦᠯᠬᠦ + ᠰᠢᠯᠢᠳᠡᠭ ᠰᠠᠶᠢᠨ ᠠᠮᠢ ᠠᠬᠤᠢ ᠶᠢᠨ ᠳᠠᠪᠬᠤᠷ ᠦᠷ᠎ᠡ ᠠᠰᠢᠭ ᠢ ᠴᠢᠷᠮᠠᠶᠢᠨ ᠪᠡᠶᠡᠯᠡᠭᠦᠯᠬᠦ ᠵᠣᠷᠢᠯᠭ᠎ᠠ ᠪᠠ ᠡᠷᠡᠰ ᠵᠣᠷᠢᠭ ᠢ ᠲᠠᠶᠢᠯᠪᠤᠷᠢᠯᠠᠨ ᠥᠭᠴᠡᠢ᠃      ᠰᠢᠯᠢ ᠶᠢᠨ ᠭᠤᠣᠯ ᠠᠶᠢᠮᠠᠭ ᠲᠤ ᠂ ᠳᠠᠪᠠᠭᠤᠯᠢᠭ ᠮᠠᠯ ᠵᠢᠭᠦᠷᠲᠡᠨ ᠤ ᠡᠭᠦᠯᠳᠡᠷ ᠲᠤ ᠰᠥᠨᠢᠳ ᠬᠤᠨᠢ ᠂ ᠦᠵᠦᠮᠦᠴᠢᠨ ᠬᠤᠨᠢ ᠂ ᠴᠠᠬᠠᠷ ᠬᠤᠨᠢ ᠪᠠ ᠰᠢᠮᠧᠨ᠋ᠳᠡᠷ ᠦᠬᠡᠷ ᠂ ᠠᠩᠭᠧᠰ ᠦᠬᠡᠷ ᠵᠡᠷᠭᠡ 32 ᠡᠭᠦᠯᠳᠡᠷ ᠪᠣᠶ ᠂ ᠡᠭᠦᠨ ᠳᠤ ᠣᠷᠣᠨ ᠨᠤᠲᠤᠭ ᠤᠨ ᠡᠭᠦᠯᠳᠡᠷ 9 ᠂ 18 ᠡᠭᠦᠯᠳᠡᠷ ᠣᠷᠣᠭᠤᠯᠵᠤ ᠂ 5 ᠡᠭᠦᠯᠳᠡᠷ ᠪᠣᠶᠢᠵᠢᠭᠤᠯᠵᠠᠢ ᠃ ᠣᠲᠣ ᠪᠣᠯᠲᠠᠯ᠎ᠠ ᠂ ᠲᠣᠰ ᠠᠶᠢᠮᠠᠭ ᠠᠯᠠᠰᠢᠨ ᠬᠤᠨᠢᠨ ᠤ ᠤᠯᠤᠰ ᠤᠨ  ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢ 1 ᠪᠠᠶᠢᠭᠤᠯᠵᠤ ᠂ ᠡᠭᠦᠯᠳᠡᠷ ᠤᠨ ᠬᠤᠨᠢᠨ ᠤ ᠲᠠᠯᠠᠪᠠᠶ ᠂ ᠥᠷᠭᠡᠳᠬᠡᠨ ᠦᠷᠡᠵᠢᠭᠦᠯᠬᠦ ᠲᠠᠯᠠᠪᠠᠶ ᠪᠠ  ᠭᠤᠣᠯᠯᠠᠬᠤ ᠰᠦᠷᠦᠭ ᠢ ᠨᠡᠶᠢᠲᠡ 9 ᠂ 100 ᠂ 1470 ᠪᠣᠯᠭᠠᠵᠤ ᠂ ᠴᠢᠨᠠᠷ ᠰᠠᠶᠢᠲᠠᠢ ᠬᠤᠴᠠ ᠢᠮᠠᠭᠠᠨ ᠤ ᠵᠢᠯ ᠤᠨ ᠬᠠᠩᠭᠠᠯᠭ᠎ᠠ ᠶᠢᠨ ᠴᠢᠳᠠᠪᠤᠷᠢ ᠶᠢ 3.5 ᠲᠦᠮᠡ ᠪᠣᠯᠭᠠᠵᠤ ᠂ 2012 ᠣᠨ ᠤ ᠬᠢ ᠠᠴᠠ 0.5 ᠲᠦᠮᠡ ᠨᠡᠮᠡᠭᠳᠡᠭᠦᠯᠦᠨ ᠂ ︽  ᠡᠭᠦᠯᠳᠡᠷ ᠤᠨ ᠬᠤᠨᠢᠨ ᠤ ᠲᠠᠯᠠᠪᠠᠶ + ᠥᠷᠭᠡᠳᠬᠡᠨ ᠦᠷᠡᠵᠢᠭᠦᠯᠬᠦ ᠲᠠᠯᠠᠪᠠᠶ + ᠭᠤᠣᠯᠯᠠᠬᠤ ᠰᠦᠷᠦᠭ ︾ ᠤᠨ ᠰᠠᠶᠢᠨ ᠡᠭᠦᠯᠳᠡᠷ ᠤᠨ ᠠᠯᠠᠰᠢᠨ ᠬᠤᠨᠢ ᠶᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ ᠃      ᠡᠭᠦᠨ ᠤ ᠵᠡᠷᠭᠡᠪᠡᠷ᠂ ᠰᠢᠯᠢ ᠶᠢᠨ ᠭᠤᠣᠯ ᠠᠶᠢᠮᠠᠭ ᠤᠨ ᠬᠢᠨ ᠪᠠᠰᠠ ᠠᠯᠠᠰᠢᠨ ᠦᠬᠡᠷ ᠤᠨ ᠤᠯᠤᠰ ᠤᠨ ᠭᠤᠣᠯ ᠡᠭᠦᠯᠳᠡᠷ ᠪᠣᠶᠢᠵᠢᠭᠤᠯᠬᠤ ᠳᠠᠯᠠᠪᠠᠢ ᠶᠢ 1᠂ ᠡᠭᠦᠯᠳᠡᠷ ᠤᠨ ᠦᠬᠡᠷ ᠤᠨ ᠳᠠᠯᠠᠪᠠᠢ ᠶᠢ 22᠂ ᠭᠤᠣᠯᠯᠠᠭᠴᠢ ᠰᠦᠷᠦᠭ ᠢ 338 ᠪᠠᠶᠢᠭᠤᠯᠵᠤ᠂ ᠵᠢᠯ ᠳᠤ 5000 ᠦᠷ᠎ᠡ ᠶᠢᠨ ᠪᠤᠬ᠎ᠠ᠂ ᠰᠠᠶᠢᠨ ᠡᠭᠦᠯᠳᠡᠷ ᠤᠨ ᠪᠡᠯᠡᠳᠬᠡᠯ ᠦᠨᠢᠶ᠎ᠡ ᠶᠢ 1 ᠲᠦᠮᠡ ᠦᠢᠯᠡᠳᠪᠦᠷᠢᠯᠡᠵᠦ᠂ ︽ᠭᠤᠣᠯ ᠡᠭᠦᠯᠳᠡᠷ ᠪᠣᠶᠢᠵᠢᠭᠤᠯᠬᠤ ᠳᠠᠯᠠᠪᠠᠢ + ᠡᠭᠦᠯᠳᠡᠷ ᠤᠨ ᠦᠬᠡᠷ ᠤᠨ ᠳᠠᠯᠠᠪᠠᠢ + ᠭᠤᠣᠯᠯᠠᠭᠴᠢ ᠰᠦᠷᠦᠭ + ᠲᠡᠵᠢᠭᠡᠨ ᠦᠷᠡᠵᠢᠭᠦᠯᠬᠦ ᠡᠷᠦᠬᠡ︾ ᠳᠥᠷᠪᠡᠳᠦᠭᠡᠷ ᠳᠡᠰ ᠤᠨ ᠰᠠᠶᠢᠨ ᠡᠭᠦᠯᠳᠡᠷ ᠤᠨ ᠠᠯᠠᠰᠢᠨ ᠦᠬᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠦᠨᠳᠦᠰᠦᠨ ᠳᠤ ᠪᠠᠨ ᠪᠦᠷᠢᠯᠳᠦᠭᠦᠯᠵᠡᠢ᠃           
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号