ᠬᠢᠩᠭᠠᠨ ᠠᠶᠢᠮᠠᠭ ᠤᠨ ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/21
      9 ᠰᠠᠷ᠎ᠠ ᠶᠢᠨ 17 ᠤ ᠡᠳᠦᠷ ᠂ ᠬᠢᠩᠭᠠᠨ ᠠᠶᠢᠮᠠᠭ ᠤᠨ ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ ᠂ ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ ᠂ ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ ᠃      ᠬᠤᠷᠠᠯ ᠠᠴᠠ᠂ ᠵᠣᠷᠯᠣᠩ ᠨᠢ ᠶᠡᠭᠡ ᠠᠷᠠᠳ ᠤᠨ ᠠᠮᠢᠳᠤᠷᠠᠯ ᠲᠠᠢ ᠬᠤᠯᠪᠣᠯᠳᠤᠵᠤ ᠪᠠᠶᠢᠳᠠᠭ᠃ ᠬᠢᠩᠭᠠᠨ ᠠᠶᠢᠮᠠᠭ ᠤᠨ ᠳᠡᠭᠡᠳᠦ  ᠲᠤᠤᠷᠠᠳᠤ ᠱᠠᠲᠤᠨ ᠤ ᠬᠢᠨ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠰᠠᠭᠤᠳᠠᠯ ᠲᠠᠢ ᠡᠷᠦᠬᠡ ᠶᠢᠨ ᠵᠣᠷᠯᠣᠩ ᠤᠨ ᠪᠠᠶᠢᠴᠠᠭᠠᠯᠲᠠ ᠶᠢ ᠪᠦᠬᠦᠨ ᠢ ᠬᠠᠮᠤᠷᠬᠤ ᠂ ᠲᠤᠤᠷᠵᠢᠭᠤᠯᠬᠤ ᠮᠠᠶ᠋ᠢᠭ ᠢᠶᠠᠷ ᠥᠷᠨᠢᠭᠦᠯᠵᠦ ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ ᠂ ᠵᠠᠭᠪᠤᠷ ᠢᠶᠠᠨ ᠰᠠᠶᠢᠲᠤᠷ ᠰᠣᠩᠭᠤᠵᠤ ᠂ ᠴᠡᠭᠴᠡᠯᠡᠨ ᠰᠠᠶᠢᠵᠢᠷᠠᠭᠤᠯᠬᠤ ᠶᠢ ᠰᠢᠨᠵᠢᠯᠡᠬᠦ ᠤᠬᠠᠭᠠᠨᠴᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠲᠣᠰᠬᠤᠨ ᠡᠷᠦᠬᠡ ᠶᠢᠨ ᠪᠠᠶᠢᠳᠠᠯ ᠢ ᠦᠨᠳᠦᠰᠦᠯᠡᠨ ᠵᠣᠷᠯᠣᠩ ᠤᠨ ᠥᠭᠡᠷᠡᠴᠢᠯᠡᠯᠲᠡ ᠶᠢ ᠠᠬᠢᠭᠤᠯᠵᠤ ᠂ ︽ᠰᠢᠨ᠎ᠡ ᠶᠢ ᠪᠠᠶᠢᠭᠤᠯᠬᠤ︾︾ ᠳᠤ ︽ᠬᠠᠭᠤᠴᠢᠨ ᠢ ᠨᠤᠷᠠᠭᠠᠬᠤ︾ ᠶᠢ ᠪᠠᠷᠢᠮᠲᠠᠯᠠᠵᠤ᠂ ᠡᠷᠦᠬᠡ ᠶᠢᠨ ᠵᠣᠷᠯᠣᠩ ᠪᠣᠯᠣᠨ ᠨᠡᠶᠢᠲᠡ ᠶᠢᠨ ᠵᠣᠷᠯᠣᠩ ᠢ ᠬᠠᠷᠢᠯᠴᠠᠨ ᠤᠶᠠᠯᠳᠤᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠵᠣᠷᠯᠣᠩ ᠢ ᠰᠠᠶᠢᠲᠤᠷ ᠪᠠᠶᠢᠭᠤᠯᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠶᠢ ᠳᠠᠭᠠᠵᠤ᠂ ᠤᠯᠠᠨ ᠲᠦᠮᠡᠨ ᠳᠤᠷᠠᠲᠠᠶ᠎ᠠ ᠬᠡᠷᠡᠭᠯᠡᠵᠦ ᠴᠢᠳᠠᠬᠤ᠂ ᠬᠡᠷᠡᠭᠯᠡᠵᠦ ᠴᠢᠳᠠᠬᠤ ᠶᠢ ᠤᠷᠳᠤ ᠬᠤᠭᠤᠴᠠᠭ᠎ᠠ ᠪᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠬᠤᠰᠢᠭᠤ ᠰᠢᠶᠠᠩ ᠲᠣᠰᠬᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠢᠮᠳᠠᠭᠤᠯᠤᠨ ᠪᠠᠶᠢᠴᠠᠭᠠᠬᠤ ᠪᠠ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠵᠤ ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠂ ᠵᠣᠷᠯᠣᠩ ᠢ ᠥᠭᠡᠷᠡᠴᠢᠯᠡᠬᠦ ᠠᠵᠢᠯ ᠤᠨ ᠦᠷ᠎ᠡ ᠪᠦᠲᠦᠮᠵᠢ ᠶᠢ ᠦᠢᠯᠡᠳᠦᠯᠭᠡ᠂  ᠲᠡᠤᠬᠡ ᠪᠠ ᠣᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠢ ᠃      ᠬᠤᠷᠠᠯ ᠨᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠂ ᠰᠤᠮᠤ ᠰᠢᠶᠠᠩ ᠪᠠᠯᠭᠠᠰᠤᠨ ᠳᠤ ᠶᠠᠪᠤᠭᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号