ᠠᠷᠪᠠᠨ ᠵᠢᠯ ᠤᠨ ᠲᠤᠷᠰᠢ ᠪᠢᠳᠡᠨ ᠤ ᠳᠦᠷᠰᠦ ᠪᠠᠶᠢᠳᠠᠯ ᠬᠤᠪᠢᠷᠠᠵᠠᠢ︕
ᠨᠡᠶᠢᠲᠡᠯᠡᠭᠰᠡᠨ ᠴᠠᠭ᠄
2022/9/22
      《ᠥᠩᠭᠡᠷᠡᠭᠰᠡᠨ ᠤ ᠰᠢᠷᠣᠢ ᠶᠢᠨ ᠪᠠᠶᠢᠰᠢᠩ ᠢ ᠮᠣᠳᠣ ᠴᠢᠯᠠᠭᠤ ᠰᠢᠪᠠᠷ ᠢᠶᠠᠷ ᠪᠠᠷᠢᠳᠠᠭ ᠪᠠᠶᠢᠭᠰᠠᠨ᠂ ᠬᠡᠵᠢᠶ᠎ᠡ ᠨᠤᠷᠠᠬᠤ ᠶᠢ ᠪᠦᠦ ᠮᠡᠳᠡ 》 ᠭᠡᠵᠦ ᠤᠯᠠᠭᠠᠨᠬᠠᠳᠠ ᠬᠤᠲᠠ  ᠶᠢᠨ ᠯᠢᠨᠰᠢ ᠰᠢᠶᠠᠨ ᠤ ᠦ᠋ ᠵᠢᠶᠠ ᠽᠢ ᠪᠠᠯᠭᠠᠰᠤᠨ ᠤ ᠴᠢᠤᠸᠠᠨ ᠱᠦᠢ ᠭᠧᠦ ᠲᠣᠰᠬᠤᠨ ᠤ ᠰᠢᠶᠣᠣ ᠹᠦ᠋ ᠨᠢᠳᠦ ᠪᠠᠷ  ᠢᠶᠠᠨ ᠨᠢᠯᠪᠤᠰᠤ ᠮᠡᠯᠲᠡᠭᠡᠨᠡᠭᠦᠯᠦᠨ ᠂ 《 ᠨᠢᠭᠡ ᠵᠠᠬ᠎ᠠ ᠬᠤᠪᠴᠠᠰᠤ ᠣᠶᠣᠵᠤ ᠨᠥᠬᠦᠭᠡᠳ ᠠᠷᠪᠠᠭᠠᠳ ᠵᠢᠯ ᠡᠮᠦᠰᠴᠦ ᠲᠠᠶᠢᠯᠤᠨ᠎ᠠ ᠂ ᠴᠠᠭᠠᠨ ᠰᠠᠷ᠎ᠠ ᠳᠤ ᠰᠢᠨ᠎ᠡ ᠬᠤᠪᠴᠠᠰᠤ ᠦᠭᠡᠢ ᠂ ᠪᠢ ᠤᠬᠢᠯᠠᠨ᠎ᠠ ᠂ ᠠᠪᠤ ᠴᠤ ᠤᠬᠢᠯᠠᠨ᠎ᠠ ᠁ 》 《 ᠠᠢ᠂ ᠥᠬᠢᠨ ᠮᠢᠨᠢ 》 ᠭᠡᠵᠦ ᠬᠡᠯᠡᠪᠡ ᠃ ᠤᠯᠠᠭᠠᠨᠬᠠᠳᠠ ᠬᠤᠲᠠ  ᠶᠢᠨ ᠯᠢᠨᠰᠢ ᠰᠢᠶᠠᠨ ᠤ ᠦ᠋ ᠵᠢᠶᠠ ᠽᠢ ᠪᠠᠯᠭᠠᠰᠤᠨ ᠤ ᠴᠢᠤᠸᠠᠨ ᠱᠦᠢ ᠭᠧᠦ ᠲᠣᠰᠬᠤᠨ ᠤ ᠰᠢᠶᠣᠣ ᠹᠦ᠋ ᠨᠢᠳᠦ ᠪᠠᠷ  ᠢᠶᠠᠨ ᠨᠢᠯᠪᠤᠰᠤ ᠮᠡᠯᠲᠡᠭᠡᠨᠡᠭᠦᠯᠦᠨ ᠄ 《 ᠨᠢᠭᠡ ᠵᠠᠬ᠎ᠠ ᠬᠤᠪᠴᠠᠰᠤ ᠣᠶᠣᠵᠤ ᠨᠥᠬᠦᠭᠡᠳ ᠠᠷᠪᠠᠭᠠᠳ ᠵᠢᠯ ᠡᠮᠦᠰᠴᠦ ᠲᠠᠶᠢᠯᠤᠨ᠎ᠠ ᠂ ᠴᠠᠭᠠᠨ ᠰᠠᠷ᠎ᠠ ᠳᠤ ᠰᠢᠨ᠎ᠡ ᠬᠤᠪᠴᠠᠰᠤ ᠦᠭᠡᠢ ᠪᠣᠯ ᠪᠢ ᠤᠬᠢᠯᠠᠨ᠎ᠠ 》 ᠭᠡᠪᠡ᠃ ᠠᠪᠤ ᠨᠢ ᠹᠦ᠋ ᠵᠠᠨ ᠱᠠᠨ ᠲᠡᠭᠦᠨ ᠤ ᠦᠭᠡ  ᠶᠢ ᠲᠠᠰᠤᠯᠵᠤ ᠂ 《 ᠣᠳᠣ ᠤᠯᠤᠰ ᠤᠨ ᠲᠥᠷᠥ  ᠶᠢᠨ ᠪᠣᠳᠣᠯᠭ᠎ᠠ ᠰᠠᠶᠢᠨ ᠪᠠᠶᠢᠨ᠎ᠠ ᠂ ᠡᠨᠡᠬᠦ ᠭᠡᠭᠡᠨ ᠰᠠᠷᠠᠭᠤᠯ ᠰᠢᠨ᠎ᠡ ᠸᠠᠭᠠᠷ ᠤᠨ ᠪᠠᠶᠢᠰᠢᠩ  ᠢ ᠦᠵᠡ ᠂ ᠤᠷᠢᠳᠤ  ᠶᠢᠨ ᠠᠮᠢᠳᠤᠷᠠᠯ  ᠢ ᠳᠠᠭᠢᠵᠤ ᠣᠯᠵᠤ ᠴᠢᠳᠠᠬᠤ ᠦᠭᠡᠢ ᠪᠣᠯᠵᠠᠢ 》 ᠭᠡᠵᠦ ᠬᠡᠯᠡᠪᠡ ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠂ ᠮᠠᠨ ᠤ ᠣᠷᠣᠨ 《 ᠪᠦᠬᠦ ᠲᠠᠯ᠎ᠠ ᠶᠢᠨ ᠢᠯᠠᠯᠲᠠ ᠣᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠦᠭᠡᠢ 》 ᠭᠡᠰᠡᠨ ᠡᠷᠡᠰ ᠵᠣᠷᠢᠭ ᠢᠶᠠᠷ ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠬᠦᠴᠢᠷ ᠢ ᠰᠥᠷᠦᠨ ᠤᠷᠤᠭᠰᠢᠯᠠᠵᠤ᠂ ᠪᠦᠬᠦ ᠣᠷᠣᠨ ᠤ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠨᠠᠮ ᠪᠣᠯᠣᠨ ᠠᠷᠠᠳ ᠲᠦᠮᠡᠨ ᠳᠤ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠲᠤᠰᠢᠶᠠᠪᠠ᠄ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠵᠢᠭᠰᠠᠭᠠᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠣᠷᠣᠨ ᠤ ᠡᠯ᠎ᠡ ᠭᠠᠵᠠᠷ ᠤᠨ ᠬᠢᠨ︽ᠳᠥᠷᠪᠡ ᠶᠢ ᠰᠠᠯᠭᠠᠬᠤ ᠦᠭᠡᠢ︾ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠶᠠᠨ᠂ ᠶᠠᠳᠠᠭᠤ ᠠᠴᠠ ᠠᠩᠭᠢᠵᠢᠷᠠᠭᠤᠯᠬᠤ ᠲᠣᠰᠬᠤᠨ᠂ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢ ᠲᠡᠳᠬᠦᠬᠦ ᠳᠤ ᠨᠢᠭᠡ ᠵᠠᠮ ᠬᠦᠷᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠠᠨ ᠲᠠᠯ᠎ᠠ ᠪᠠᠷ ᠬᠦᠴᠦᠯᠡᠨ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠲᠥᠰᠥᠪ ᠢ 118.3 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠡᠬᠡ ᠭᠠᠵᠠᠷ ᠲᠤ ᠪᠦᠬᠦ ᠲᠠᠯ᠎ᠠ ᠪᠠᠷ ᠥᠷᠨᠢᠭᠦᠯᠵᠡᠢ᠃       ᠠᠵᠤ ᠦᠢᠯᠡᠰ ᠬᠥᠭᠵᠢᠨ ᠪᠠᠳᠠᠷᠠᠵᠤ ᠂ ᠲᠠᠷᠢᠶᠠᠴᠢᠨ ᠡᠷᠦᠬᠡ ᠮᠠᠯᠴᠢᠳ ᠤᠨ ᠣᠷᠣᠯᠭ᠎ᠠ  ᠶᠢ ᠦᠷᠭᠦᠯᠵᠢᠯᠡᠨ ᠨᠡᠮᠡᠭᠳᠡᠭᠦᠯᠵᠦ ᠪᠠᠶᠠᠷ  ᠲᠠᠢ ᠪᠠᠶᠢᠨ᠎ᠠ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ᠂ ᠮᠠᠨ ᠤ ᠣᠷᠣᠨ ᠣᠨᠴᠠᠯᠢᠭᠲᠤ ᠠᠵᠤ ᠦᠢᠯᠡᠰ᠂ ᠣᠨᠴᠠᠯᠢᠭᠲᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠪᠠᠷ ᠳᠠᠮᠵᠢᠨ ᠲᠠᠷᠢᠶᠠᠴᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠬᠥᠳᠡᠯᠭᠡᠭᠦ ᠬᠦᠴᠦᠨ ᠢ ᠪᠤᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠦᠷᠭᠦᠯᠵᠢᠯᠡᠨ ᠬᠥᠭᠵᠢᠬᠦ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃      ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠠᠷᠪᠤᠨᠭᠡᠷ ᠪᠠᠯᠭᠠᠰᠤᠨ ᠤ ᠵᠢᠷᠭᠠᠨ ᠭᠠᠴᠠᠭ᠎ᠠ ᠨᠢ ᠥᠩᠭᠡᠷᠡᠭᠰᠡᠨ ᠳᠤ ᠨᠡᠷ᠎ᠡ ᠠᠯᠳᠠᠷᠰᠢᠭᠰᠠᠨ ᠶᠠᠳᠠᠭᠤ ᠬᠦᠴᠢᠷᠳᠡᠯᠲᠡᠢ ᠭᠠᠴᠠᠭ᠎ᠠ ᠪᠠᠶᠢᠭᠰᠠᠨ ᠠᠴᠠ ᠪᠠᠨ ᠤᠳᠤ ᠬᠠᠷᠢᠨ ᠬᠤᠯᠠ ᠣᠶᠢᠷ᠎ᠠ ᠳᠠᠭᠠᠨ ᠠᠯᠳᠠᠷᠰᠢᠭᠰᠠᠨ︽ᠨᠡᠷᠡᠲᠦ ᠲᠣᠰᠬᠤᠨ︾ᠪᠣᠯᠵᠤ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ︽ᠥᠯᠥᠭᠡᠢ︾ ᠪᠣᠯᠤᠭᠰᠠᠨ ᠪᠠᠶᠢᠨ᠎ᠠ᠃      ᠵᠢᠷᠭᠠᠨ ᠭᠠᠴᠠᠭ᠎ᠠ ᠶᠢᠨ ᠷᠦᠢ ᠴᠢᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠠᠷ᠎ᠠ ᠳᠡᠯᠳᠡᠦ ᠶᠢᠨ ᠲᠠᠷᠢᠮᠠᠯ ᠤᠨ ᠰᠠᠭᠤᠷᠢᠨ ᠳᠤ᠂ ᠨᠢᠭᠡ ᠨᠢᠭᠡ ᠪᠠᠷ ᠮᠣᠳᠣᠨ ᠳᠡᠯᠳᠡᠦ ᠶᠢᠨ ᠮᠦᠬᠦ ᠶᠢᠨ ᠰᠢᠳᠠᠮ ᠤᠳ ᠰᠠᠷᠠᠪᠴᠢ ᠶᠢᠨ ᠣᠷᠣᠢ ᠠᠴᠠ ᠡᠭᠴᠡ ᠪᠠᠷ ᠤᠨᠠᠵᠤ᠂ ᠮᠥᠷ ᠮᠥᠷ ᠢᠶᠠᠷ ᠴᠤᠪᠤᠷᠠᠯᠳᠤᠨ᠎ᠠ᠃ ᠮᠦᠬᠦ ᠶᠢᠨ ᠰᠢᠳᠠᠮ ᠤᠨ ᠳᠡᠭᠡᠷ᠎ᠡ ᠨᠢᠭᠡ ᠮᠢᠬ᠎ᠠ ᠨᠢ ᠳᠦᠳᠦᠨᠡᠵᠦ ᠂ ᠬᠠᠷ᠎ᠠ ᠨᠣᠯᠤᠤᠷ ᠲᠠᠢ ᠳᠡᠯᠳᠡᠦ ᠨᠢ ᠶᠠᠭ ᠯᠠ ᠨᠢᠭᠡ ᠬᠦᠢᠰ ᠴᠡᠴᠡᠭ ᠰᠢᠭ ᠳᠡᠯᠭᠡᠷᠡᠨ ᠂ ᠨᠢᠳᠦ ᠲᠠᠯᠪᠢᠨ ᠬᠠᠷᠠᠬᠤ ᠳᠤ ᠨᠢᠭᠡ ᠬᠡᠰᠡᠭ ᠬᠠᠷ᠎ᠠ ᠳᠡᠯᠳᠡᠦ ᠨᠢ ᠨᠢᠭᠡ ᠬᠡᠰᠡᠭ ᠬᠠᠷ᠎ᠠ ᠥᠩᠭᠡ ᠲᠠᠢ ᠬᠠᠷᠠᠭᠳᠠᠨ᠎ᠠ ᠃ ᠡᠨᠡ ᠬᠦ ᠮᠦᠬᠦ ᠶᠢᠨ ᠰᠢᠳᠠᠮ ᠤᠨ ᠳᠡᠭᠡᠷ᠎ᠡ ᠨᠢᠭᠡ ᠬᠡᠰᠡᠭ ᠬᠠᠷ᠎ᠠ ᠨᠣᠯᠤᠤᠷ ᠲᠠᠢ ᠳᠡᠯᠳᠡᠦ ᠨᠢ ᠶᠠᠭ ᠯᠠ ᠨᠢᠭᠡ ᠬᠡᠰᠡᠭ ᠴᠡᠴᠡᠭ ᠰᠢᠭ ᠬᠠᠷᠠᠭᠳᠠᠨ᠎ᠠ ᠃ 54 ᠨᠠᠰᠤᠲᠠᠢ ᠲᠣᠰᠬᠤᠨ ᠤ ᠠᠷᠠᠳ ᠸᠠᠩ ᠱᠦᠨ ᠨᠢᠭᠡ ᠲᠠᠯ᠎ᠠ ᠪᠠᠷ ᠳᠡᠯᠳᠡᠦ ᠲᠡᠭᠦᠬᠦ ᠶᠢᠨ ᠳᠠᠭᠠᠤ ᠳᠤ᠄︽ᠡᠨᠡ ᠪᠣᠯ ᠮᠠᠨ ᠤ ᠭᠡᠷ ᠤᠨ︿ᠪᠠᠶᠠᠵᠢᠯ ᠤᠨ ᠳᠡᠯᠳᠡᠦ﹀ᠪᠣᠯᠣᠨ᠎ᠠ᠂ ᠬᠥᠮᠥᠨ ᠤ ᠬᠦᠴᠦᠨ ᠤ ᠥᠪᠡᠷ ᠤᠨ ᠦᠷᠳᠡᠭ ᠢ ᠬᠠᠰᠤᠪᠠᠯ᠂ ᠲᠦᠮᠡᠨ ᠰᠢᠳᠠᠮ ᠠᠴᠠ ᠲᠦᠮᠡ ᠭᠠᠷᠤᠢ ᠲᠥᠭᠦᠷᠢᠭ ᠤᠨ ᠣᠷᠣᠯᠭ᠎ᠠ ᠣᠯᠵᠤ᠂ ᠡᠩ ᠤᠨ ᠦᠶ᠎ᠡ ᠳᠤ ᠪᠠᠰᠠ ᠬᠤᠷᠰᠢᠶᠠᠨ ᠳᠤ ᠬᠥᠯᠥᠰᠦᠨ ᠠᠵᠢᠯ ᠬᠢᠵᠦ᠂ ᠵᠢᠯ ᠳᠤ ᠠᠷᠪᠠᠨ ᠬᠡᠳᠦᠨ ᠲᠦᠮᠡᠨ ᠲᠥᠭᠦᠷᠢᠭ ᠤᠨ ᠣᠷᠣᠯᠭ᠎ᠠ ᠣᠯᠣᠨ᠎ᠠ︕︾ᠭᠡᠵᠦ ᠢᠨᠢᠶᠡᠮᠰᠦᠭᠯᠡᠨ ᠬᠡᠯᠡᠪᠡ᠃      《 ᠴᠢᠨᠡᠭᠡᠯᠢᠭ ᠪᠣᠯᠤᠭᠰᠠᠨ ᠡᠰᠡᠬᠦ  ᠶᠢ ᠦᠵᠡᠬᠦ ᠳᠤ ᠵᠠᠩᠭᠢᠯᠠᠭ᠎ᠠ ᠨᠢ ᠠᠷᠠᠳ ᠤᠨ ᠠᠮᠢᠳᠤᠷᠠᠯ  ᠢ ᠦᠵᠡᠨ᠎ᠡ  ᠃ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠨᠢ ᠨᠤᠲᠤᠭ ᠤᠨ ᠠᠬ᠎ᠠ ᠳᠡᠭᠦᠦ ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠤᠨ ᠳᠤᠮᠳᠠ ᠬᠠᠳᠠᠭᠠᠯᠠᠭᠳᠠᠵᠤ ᠪᠤᠢ᠃      ︽  ᠳ᠋ᠧᠪᠡᠵᠡᠨ ᠤ ᠲᠠᠯ᠎ᠠ ᠨᠤᠲᠤᠭ ᠤᠨ ᠬᠤᠪᠢᠯᠭᠠᠨ ᠣᠩᠭᠤᠴᠠᠨ ᠤ ᠭᠡᠷ ᠣᠷᠣᠨ ︾ ᠬᠡᠮᠡᠭᠳᠡᠭᠰᠡᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤ ᠨᠢ ᠣᠯᠠᠨ ᠵᠢᠯ ᠤᠨ ᠲᠤᠷᠰᠢ ᠤᠯᠤᠰ ᠤᠨ ᠶᠠᠳᠠᠭᠤᠴᠤᠳ ᠤᠨ ᠲᠤᠭ ︽  ᠮᠠᠯᠠᠭᠠᠢ ︾ ᠵᠡᠭᠦᠯᠭᠡᠭᠰᠡᠨ ᠶᠤᠮ ᠃ ︽  ᠶᠠᠳᠠᠭᠤ ᠦᠶ᠎ᠡ ᠳᠡᠭᠡᠨ ᠦᠨᠡᠬᠡᠷ ᠬᠥᠭᠡᠷᠦᠬᠦᠢ ᠂ 50 ᠲᠥᠭᠦᠷᠢᠭ ᠵᠢᠭᠡᠯᠡᠭᠰᠡᠨ ᠴᠦ ᠵᠢᠭᠡᠯᠡᠵᠦ ᠥᠭᠬᠦ ᠵᠣᠷᠢᠭ ᠦᠭᠡᠢ ᠁ ︾ ᠳᠥᠷᠪᠡᠳ ᠬᠤᠰᠢᠭᠤᠨ ᠤ ᠬᠤᠵᠢᠳᠤ ᠰᠢᠶᠠᠩ ᠤᠨ ᠰᠠᠨ ᠾᠧ ᠴᠢᠤᠸᠠᠨ ᠲᠣᠰᠬᠤᠨ ᠤ ᠵᠣᠣ ᠭᠧᠨ ᠶᠦᠨ ᠥᠩᠭᠡᠷᠡᠭᠰᠡᠨ ᠤ ᠶᠠᠳᠠᠭᠤ ᠠᠮᠢᠳᠤᠷᠠᠯ ᠢᠶᠠᠨ ᠪᠤᠳᠤᠵᠤ ᠂ ᠨᠢᠯᠪᠤᠰᠤ ᠪᠥᠮᠪᠥᠷᠢᠭᠦᠯᠪᠡ ᠃      2017 ᠣᠨ ᠤ 4 ᠰᠠᠷ᠎ᠠ ᠶᠢᠨ 17 ᠤ ᠡᠳᠦᠷ ᠂ ᠳᠥᠷᠪᠡᠳ ᠬᠤᠰᠢᠭᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠪᠠᠶᠢᠭ᠎ᠠ 2000 ᠶᠠᠳᠠᠭᠤ ᠬᠦᠴᠢᠷᠳᠡᠯᠲᠡᠢ ᠡᠷᠦᠬᠡ ᠳᠤ ᠠᠪᠴᠤ ᠬᠡᠯᠡᠪᠡᠯ ᠂ ᠡᠨᠡ ᠡᠳᠦᠷ ᠪᠣᠯ ᠴᠡᠭᠡᠵᠢᠯᠡᠭᠦᠰᠢᠲᠡᠢ ᠡᠳᠦᠷ ᠪᠣᠯᠣᠨ᠎ᠠ ᠂ ᠡᠨᠡ ᠡᠳᠦᠷ ᠤᠨ ᠥᠪᠥᠷ ᠮᠣᠩᠭᠤᠯ ᠤᠨ ᠰᠠᠶᠢᠨᠣ᠋ ᠡᠭᠦᠯᠳᠡᠷ ᠤᠨ ᠬᠤᠨᠢᠨ ᠤ ᠺᠣᠮᠫᠠᠨᠢ ᠶᠢᠨ ᠬᠠᠮᠲᠤᠷᠠᠨ ᠠᠵᠢᠯᠯᠠᠵᠤ ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠨ ᠶᠠᠳᠠᠭᠤ  ᠠᠴᠠ ᠠᠩᠭᠢᠵᠢᠷᠠᠭᠤᠯᠬᠤ ᠭᠡᠷ᠎ᠡ ᠲᠣᠭᠲᠠᠬᠤ ᠶᠣᠰᠣᠯᠠᠯ ᠳᠥᠷᠪᠡᠳ ᠬᠤᠰᠢᠭᠤᠨ ᠳᠤ ᠶᠠᠪᠤᠭᠳᠠᠪᠠ ᠃ ︽  ᠪᠢᠳᠡ ᠲᠤᠬᠠᠢ ᠶᠢᠨ ᠦᠶ᠎ᠡ ᠳᠤ ᠡᠷᠦᠬᠡ ᠪᠦᠷᠢ 5 ᠡᠮ᠎ᠡ ᠬᠤᠨᠢ ᠠᠪᠴᠤ ᠪᠣᠯᠣᠨ᠎ᠠ ᠂ 7 ᠰᠠᠷ᠎ᠠ ᠲᠡᠵᠢᠭᠡᠭᠡᠳ ᠬᠤᠷᠠᠭ᠎ᠠ ᠢᠰᠢᠭᠡ ᠪᠠᠨ  ᠰᠠᠶᠢᠨᠤ ᠺᠣᠮᠫᠠᠨᠢ ᠠᠴᠠ ᠪᠤᠴᠠᠭᠠᠵᠤ ᠬᠤᠳᠠᠯᠳᠤᠨ ᠠᠪᠴᠤ ᠪᠠᠶᠢᠵᠠᠢ ᠂ ᠨᠢᠭᠡ ᠬᠤᠷᠠᠭ᠎ᠠ ᠨᠢ 1500 ᠲᠥᠭᠦᠷᠢᠭ ᠂ ᠪᠢᠳᠡ ᠨᠢᠭᠡ ᠮᠥᠩᠭᠦ ᠴᠦ ᠥᠭᠬᠦ ᠦᠭᠡᠢ ᠂ ᠰᠢᠶᠠᠩ ᠠᠴᠠ ᠪᠠᠰᠠ 2000 ᠲᠥᠭᠦᠷᠢᠭ ᠤᠨ ᠡᠪᠡᠰᠦ ᠪᠣᠷᠳᠤᠭ᠎ᠠ ᠶᠢᠨ ᠨᠥᠬᠦᠪᠦᠷᠢ ᠮᠥᠩᠭᠦ ᠥᠭᠴᠦ ᠪᠠᠶᠢᠪᠠ ᠂ ᠬᠤᠶᠠᠳᠤᠭᠠᠷ ᠵᠢᠯ ᠤᠨ ᠡᠬᠢᠨ ᠳᠤ ᠪᠢ ᠶᠠᠳᠠᠭᠤ ᠠᠴᠠ ᠠᠩᠭᠢᠵᠢᠷᠠᠭᠰᠠᠨ ᠶᠤᠮ ᠂ ᠲᠠ ᠮᠢᠨᠤ ᠣᠲᠣ ᠶᠢᠨ ᠠᠮᠢᠳᠤᠷᠠᠯ ᠢ ᠦᠵᠡᠵᠦ ᠦᠵᠡ ᠂ ᠣᠯᠠᠨ ᠶᠠᠭᠤᠮ᠎ᠠ ᠶᠠᠷᠢᠬᠤ ᠬᠡᠷᠡᠭ ᠪᠠᠶᠢᠨ᠎ᠠ ᠤᠤ︖ ︾ ᠭᠡᠵᠦ ᠬᠡᠯᠡᠪᠡ ᠃  ︽  ᠪᠢᠳᠡ ᠲᠤᠬᠠᠢ ᠶᠢᠨ ᠦᠶ᠎ᠡ ᠳᠤ ᠡᠷᠦᠬᠡ ᠪᠦᠷᠢ 5 ᠡᠮ᠎ᠡ ᠬᠤᠨᠢ ᠠᠪᠴᠤ ᠪᠣᠯᠣᠨ᠎ᠠ ᠂ ᠡᠨᠡ ᠵᠢᠯ ᠤᠨ ᠡᠬᠢᠨ ᠳᠤ ᠪᠢ ᠶᠠᠳᠠᠭᠤ ᠠᠴᠠ ᠠᠩᠭᠢᠵᠢᠷᠠᠭᠰᠠᠨ ᠶᠤᠮ ᠂ ᠲᠠ ᠮᠢᠨᠤ ᠣᠲᠣ ᠶᠢᠨ ᠠᠮᠢᠳᠤᠷᠠᠯ ᠢ ᠣᠯᠠᠨ ᠶᠠᠭᠤᠮ᠎ᠠ ᠶᠠᠷᠢᠨ᠎ᠠ ᠤᠤ︖》 ᠭᠡᠵᠦ ᠵᠣᠣ ᠭᠧᠨ ᠶᠦᠨ ᠵᠣᠯ ᠵᠢᠷᠭᠠᠯᠲᠤ ᠨᠢᠯᠪᠤᠰᠤ ᠪᠠᠨ ᠠᠷᠴᠢᠨ ᠢᠨᠢᠶᠡᠮᠰᠦᠭᠯᠡᠨ ᠬᠡᠯᠡᠪᠡ ᠃      ᠠᠷᠪᠠᠨ ᠵᠢᠯ ᠤᠨ ᠲᠤᠷᠰᠢ ᠂ ᠮᠠᠨ ᠤ ᠣᠷᠣᠨ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠ ᠠᠵᠤ ᠦᠢᠯᠡᠰ ᠢᠶᠠᠷ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠪᠰᠤᠷᠤᠨ ᠲᠡᠳᠬᠦᠬᠦ ᠪᠡᠯᠡ ᠮᠥᠩᠭᠦ ᠶᠢᠨ 69% ᠶᠢ ᠬᠤᠴᠤᠷᠤᠩᠭᠤᠢ ᠭᠠᠵᠠᠷ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠪᠡ ︔      ᠠᠷᠪᠠᠨ ᠵᠢᠯ ᠤᠨ ᠲᠤᠷᠰᠢ ᠂ ᠪᠥᠬᠦ ᠣᠷᠣᠨ ᠤ ᠡᠯ᠎ᠡ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢ ︽  ᠲᠠᠰ ᠳᠡᠪᠰᠢᠭᠦᠯᠬᠦ ︾ ᠵᠠᠮ ᠳᠤ ᠣᠷᠣᠭᠤᠯᠵᠤ ᠂ ︽  ᠮᠣᠩᠭᠤᠯ ᠲᠡᠮᠳᠡᠭᠲᠦ ︾ ᠶᠢ ᠭᠡᠷᠡᠯᠲᠦᠭᠦᠯᠦᠨ ᠂ ᠶᠠᠳᠠᠭᠤ ᠶᠢ ᠲᠡᠳᠬᠦᠬᠦ ᠰᠢᠭᠤᠳ ᠨᠡᠪᠲᠡᠷᠡᠭᠦᠯᠭᠡ ᠶᠢᠨ ᠲᠠᠰᠤᠭ ᠂ ᠡᠭᠦᠯᠡᠨ ᠬᠡᠲᠦ ᠳᠡᠯᠭᠡᠭᠦᠷ ᠵᠡᠷᠭᠡ ᠲᠠᠪᠴᠠᠩ ᠨᠢ ᠠᠷᠠᠳ ᠣᠯᠠᠨ ᠤ ᠣᠨᠴᠠ ᠭᠠᠷᠤᠯᠲᠠ ᠶᠢ ᠬᠥᠳᠡᠭᠡ ᠲᠣᠰᠬᠤᠨ ᠠᠴᠠ ᠭᠠᠷᠭᠠᠵᠤ ᠂ ᠥᠪᠥᠷ ᠮᠣᠩᠭᠤᠯ ᠤᠨ ᠦᠨᠦᠷ ᠠᠮᠲᠠ ᠶᠢ ᠪᠥᠬᠦ ᠤᠯᠤᠰ ᠲᠤ ᠬᠠᠨᠳᠤᠭᠤᠯᠤᠨ ᠂ ᠳᠡᠯᠡᠬᠡᠢ ᠳ᠋ᠠᠬᠢᠨ ᠲᠠᠢ ᠬᠠᠮᠲᠤ ᠪᠠᠷ ᠡᠳ᠋ᠯᠡᠭᠦᠯᠪᠡ ︔      ᠠᠷᠪᠠᠨ ᠵᠢᠯ ᠤᠨ ᠲᠤᠷᠰᠢ ᠂ ᠬᠤᠰᠢᠭᠤ ᠰᠢᠶᠠᠨ  ᠠᠴᠠ ᠬᠥᠳᠡᠭᠡ ᠲᠣᠰᠬᠤᠨ ᠬᠦᠷᠲᠡᠯ᠎ᠡ ᠂ ᠳᠠᠬᠢᠭᠠᠳ ᠲᠠᠷᠢᠶᠠᠴᠢᠨ ᠡᠷᠦᠬᠡ ᠮᠠᠯᠴᠢᠳ ᠬᠦᠷᠲᠡᠯ᠎ᠡ ᠂ ᠬᠤᠯᠪᠣᠭ᠎ᠠ ᠲᠠᠢ ᠢᠵᠢ ᠪᠦᠷᠢᠳᠦᠭᠰᠡᠨ ᠲᠤᠯᠭᠠᠭᠤᠷᠢ ᠠᠵᠤ ᠦᠢᠯᠡᠰ ᠂ ᠣᠨᠴᠠᠯᠢᠭᠲᠤ ᠠᠵᠤ ᠦᠢᠯᠡᠰ ᠂ ᠪᠠᠶᠠᠵᠢᠯ ᠤᠨ ᠠᠵᠤ ᠦᠢᠯᠡᠰ ᠪᠠ ᠣᠷᠣᠯᠭ᠎ᠠ ᠪᠠᠨ ᠨᠡᠮᠡᠭᠳᠡᠭᠦᠯᠬᠦ ᠲᠥᠷᠥᠯ ᠵᠦᠢᠯ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ ᠂ ᠪᠥᠬᠦ ᠣᠷᠣᠨ ᠤ ᠮᠠᠯᠴᠢᠨ ᠲᠠᠷᠢᠶᠠᠴᠢᠳ ᠤᠨ ᠡᠵᠡᠮᠳᠡᠵᠦ ᠪᠣᠯᠬᠤ ᠣᠷᠣᠯᠭ᠎ᠠ 7956 ᠲᠥᠭᠦᠷᠢᠭ ᠪᠠᠶᠢᠭᠰᠠᠨ  ᠠᠴᠠ ᠪᠠᠨ ᠨᠡᠮᠡᠭᠳᠡᠭᠡᠳ 18337 ᠲᠥᠭᠦᠷᠢᠭ ᠪᠣᠯᠵᠤ ᠂ 130% ᠨᠡᠮᠡᠭᠳᠡᠪᠡ ︔      ᠁    ᠠᠷᠪᠠᠨ ᠵᠢᠯ ᠤᠨ ᠵᠠᠮ ᠢᠶᠠᠨ ᠡᠷᠭᠢᠴᠡᠭᠦᠯᠬᠦᠶ᠎ᠡ᠂ ᠲᠠᠷᠢᠶᠠᠴᠢᠨ ᠮᠠᠯᠴᠢᠳ ᠰᠡᠳᠬᠢᠯ ᠤᠨ ᠤᠭ ᠠᠴᠠ ᠪᠠᠨ ᠢᠨᠢᠶᠡᠮᠰᠦᠭᠯᠡᠭᠰᠡᠨ ᠴᠢᠷᠠᠢ ᠪᠠᠷ ᠢᠶᠠᠨ ᠲᠡᠳᠡᠨ ᠤ ᠠᠮᠢᠳᠤᠷᠠᠯ ᠳᠤ ᠲᠡᠭᠷᠢ ᠭᠠᠵᠠᠷ ᠢ ᠳᠣᠩᠰᠣᠯᠭᠠᠮ᠎ᠠ ᠯᠤᠲᠤ ᠶᠡᠭᠡ ᠬᠤᠪᠢᠷᠠᠯᠲᠠ ᠭᠠᠷᠤᠭᠰᠠᠨ ᠢ ᠭᠠᠵᠠᠷ ᠪᠣᠯᠭᠠᠨ ᠳᠤ ᠢᠯᠡᠷᠡᠭᠦᠯᠵᠦ ᠪᠠᠶᠢᠯ᠎ᠠ᠃ ᠡᠳᠦᠭᠡ᠂ ᠲᠡᠳᠡ ᠪᠠᠰᠠ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠲᠣᠮᠣ ᠠᠯᠬᠤᠮ ᠢᠶᠠᠷ ᠵᠠᠮᠨᠠᠵᠤ᠂ ᠳᠠᠷᠠᠭᠠᠴᠢ ᠶᠢᠨ ᠭᠡᠷᠡᠯ ᠰᠠᠴᠤᠷᠠᠩᠭᠤᠢ ᠠᠷᠪᠠᠨ ᠵᠢᠯ ᠲᠡᠰᠢ ᠤᠷᠤᠭᠰᠢᠯᠠᠭᠰᠠᠨ ᠪᠠᠶᠢᠨ᠎ᠠ᠃      ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠵᠤ ᠂ ᠮᠠᠯᠵᠢᠬᠤ ᠲᠠᠷᠢᠶᠠᠯᠠᠬᠤ ᠣᠷᠣᠨ ᠤ ᠠᠭᠤᠯᠠ ᠤᠰᠤ ᠬᠥᠬᠡᠮᠳᠦᠭ ᠤᠰᠤ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠦᠨ᠎ᠡ      ᠳᠤᠮᠳᠠᠳᠤ ᠤᠯᠤᠰ ᠢᠶᠠᠨ ᠦᠵᠡᠰᠬᠦᠯᠡᠩᠲᠦ ᠰᠠᠶᠢᠬᠠᠨ ᠪᠣᠯᠭᠠᠬᠤ ᠳᠤ᠂ ᠮᠠᠯᠵᠢᠬᠤ ᠲᠠᠷᠢᠶᠠᠯᠠᠬᠤ ᠣᠷᠣᠨ ᠢ ᠡᠷᠬᠡᠪᠰᠢ ᠦᠵᠡᠰᠬᠦᠯᠡᠩᠲᠦ ᠰᠠᠶᠢᠬᠠᠨ ᠪᠣᠯᠭᠠᠬᠤ ᠬᠡᠷᠡᠭᠲᠡᠢ᠃ ᠠᠶᠢᠯ ᠲᠣᠰᠬᠤᠨ ᠢ ᠴᠡᠪᠡᠷ ᠲᠡᠭᠰᠢ ᠪᠠᠶᠢᠯᠭᠠᠬᠤ ᠪᠣᠯ ᠴᠢᠨᠡᠭᠡᠯᠢᠭ ᠨᠡᠶᠢᠭᠡᠮ ᠤᠨ ᠦᠨᠳᠦᠰᠦᠨ ᠱᠠᠭᠠᠷᠳᠠᠯᠭ᠎ᠠ ᠮᠥᠨ᠂ ᠲᠠᠷᠢᠶᠠᠴᠢᠨ ᠮᠠᠯᠴᠢᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠨᠤᠲᠤᠭ ᠤᠰᠤᠨ ᠤ ᠪᠠᠨ ᠬᠠᠶᠢᠷ᠎ᠠ ᠰᠡᠳᠬᠢᠯᠭᠡ ᠶᠢ ᠲᠠᠶᠢᠪᠤᠰᠢᠷᠠᠭᠤᠯᠬᠤ ᠶᠢᠨ ᠰᠠᠭᠤᠷᠢ ᠮᠥᠨ᠃      ᠨᠢᠳᠤᠨᠤᠨ ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠬᠢᠨ 8 ᠰᠢᠶᠠᠩ ᠪᠠᠯᠭᠠᠰᠤ ᠶᠢᠨ 2.1 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ ᠃      《 ᠥᠩᠭᠡᠷᠡᠭᠰᠡᠨ ᠳᠤ ᠴᠤᠭᠯᠠᠭ᠎ᠠ ᠮᠠᠶᠢᠮᠠᠢ ᠪᠠ ᠵᠢᠭᠤᠯᠴᠢᠯᠠᠯ ᠤᠨ ᠬᠥᠭᠵᠢᠶᠡᠨ ᠲᠠᠢ ᠤᠯᠠᠷᠢᠯ ᠪᠣᠯᠬᠤ ᠪᠦᠷᠢ ᠡᠷᠭᠢᠨ ᠲᠣᠭᠤᠷᠢᠨ ᠤ ᠰᠢᠶᠠᠨ ᠰᠢᠶᠠᠩ  ᠠᠴᠠ ᠢᠷᠡᠭᠰᠡᠨ ᠬᠥᠮᠥᠨ ᠮᠠᠰᠢ ᠣᠯᠠᠨ ᠪᠠᠶᠢᠳᠠᠭ ᠪᠣᠯᠬᠤᠷ ᠣᠯᠠᠨ ᠨᠡᠶᠢᠲᠡ  ᠶᠢᠨ ᠬᠠᠭᠤᠷᠠᠢ ᠵᠣᠷᠯᠣᠩ ᠬᠡᠷᠡᠭᠯᠡᠬᠦ ᠳᠤ ᠮᠥᠷᠯᠡᠨ ᠬᠦᠯᠢᠶᠡᠬᠦ ᠬᠡᠷᠡᠭᠲᠡᠢ ᠪᠠᠶᠢᠵᠠᠢ ᠃ ᠨᠢᠳᠤᠨᠤᠨ ᠨᠢᠭᠡ ᠨᠡᠶᠢᠲᠡ  ᠶᠢᠨ ᠵᠣᠷᠯᠣᠩ ᠰᠢᠨ᠎ᠡ ᠪᠠᠷ ᠪᠠᠶᠢᠭᠤᠯᠤᠭᠰᠠᠨ ᠤ ᠳᠠᠷᠠᠭ᠎ᠠ ᠬᠤᠳᠠᠯᠳᠤᠭᠠᠴᠢᠨ ᠡᠷᠦᠬᠡ ᠪᠠ ᠴᠤᠭᠯᠠᠭ᠎ᠠ ᠮᠠᠶᠢᠮᠠᠢ ᠳᠤ ᠣᠴᠢᠬᠤ ᠬᠥᠮᠥᠰ ᠵᠣᠷᠯᠣᠩ ᠳᠤ ᠣᠷᠣᠬᠤ ᠳᠤ ᠠᠰᠠᠭᠤᠳᠠᠯ ᠦᠭᠡᠢ ᠪᠣᠯᠵᠠᠢ 》 ᠃ ᠲᠦᠮᠡᠳ ᠵᠡᠭᠦᠨ ᠬᠤᠰᠢᠭᠤᠨ ᠤ ᠲᠠᠪᠰᠠᠢ ᠰᠢᠶᠠᠩ ᠤᠨ ᠲᠠᠪᠰᠠᠢ ᠲᠣᠰᠬᠤᠨ ᠤ ᠨᠠᠮ ᠤᠨ ᠡᠭᠦᠷ ᠤᠨ ᠱᠦᠵᠢ ᠵᠠᠩ ᠵᠠᠩ ᠸᠠᠩ᠄︽ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠡᠬᠢᠨ ᠤ ᠬᠤᠭᠤᠴᠠᠭᠠᠨ ᠳᠤ᠂ ᠬᠡᠰᠡᠭ ᠤᠯᠠᠨ ᠲᠦᠮᠡᠨ ᠣᠶᠢᠯᠠᠭᠠᠬᠤ ᠦᠭᠡᠢ᠂ ᠳᠡᠮᠵᠢᠬᠦ ᠦᠭᠡᠢ ᠪᠠᠶᠢᠵᠤ᠂ ᠲᠣᠰᠬᠤᠨ ᠤ ᠺᠠᠳ᠋ᠷ ᠤᠯᠠᠨ ᠤᠳᠠᠭ᠎ᠠ ᠭᠡᠷ ᠲᠤᠨᠢ ᠬᠦᠷᠴᠦ᠂ ᠡᠷᠡᠭᠦᠯ ᠬᠠᠮᠠᠭᠠᠯᠠᠯ᠂ ᠡᠷᠡᠭᠦᠯ ᠮᠡᠨᠳᠦ ᠂ ᠳᠥᠭᠦᠮ ᠳᠥᠲᠡ ᠪᠠᠶᠢᠬᠤ ᠲᠠᠯ᠎ᠠ ᠪᠠᠷ ᠵᠣᠷᠯᠣᠩ ᠢ ᠥᠭᠡᠷᠡᠴᠢᠯᠡᠬᠦ ᠶᠢᠨ ᠰᠠᠶᠢᠨ ᠲᠠᠯ᠎ᠠ ᠶᠢ ᠤᠬᠠᠭᠤᠯᠵᠤ ᠪᠠᠶᠢᠪᠠ᠃ ᠬᠠᠮᠤᠭ ᠡᠴᠦᠰ ᠲᠤ᠂ ᠲᠣᠰᠬᠤᠨ ᠤ ᠠᠷᠠᠳ ᠰᠡᠳᠬᠢᠯ ᠬᠥᠳᠡᠯᠦᠨ ᠢᠳᠬᠠᠭᠳᠠᠵᠤ᠂ ᠰᠠᠨᠠᠭᠠᠴᠢᠯᠠᠭ᠎ᠠ ᠠᠴᠠ ᠪᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠠᠮᠵᠢᠯᠴᠠᠪᠠ᠃ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠂ ᠣᠯᠠᠨ ᠤ ᠨᠡᠶᠢᠳᠡᠮ ᠤᠨ ᠵᠥᠪᠰᠢᠶᠡᠷᠡᠯ ᠢ ᠣᠯᠵᠠᠢ ᠃ ᠣᠳᠣᠬᠠᠨ ᠳᠤ᠂ ᠤᠯᠠᠨ ᠢᠶᠠᠷ ᠢᠶᠠᠨ ᠵᠣᠷᠯᠣᠩ ᠤᠨ ᠥᠭᠡᠷᠡᠴᠢᠯᠡᠯᠲᠡ ᠶᠢᠨ ᠠᠪᠴᠢᠷᠠᠭᠰᠠᠨ ᠡᠷᠡᠭᠦᠯ ᠬᠠᠮᠠᠭᠠᠯᠠᠯ ᠤᠨ ᠲᠦᠭᠦᠮ ᠨᠥᠬᠦᠴᠡᠯ ᠢ ᠡᠳ᠋ᠯᠡᠵᠦ᠂ ᠤᠯᠤᠰ ᠤᠨ ᠲᠦᠷᠤ ᠶᠢᠨ ᠪᠣᠳᠣᠯᠭ᠎ᠠ ᠶᠢ ᠰᠠᠶᠢᠨ ᠬᠡᠮᠡᠨ ᠮᠠᠭᠲᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠶᠡᠷᠦᠩᠬᠡᠢ ᠳᠡᠭᠡᠨ ᠢᠯᠡᠳᠲᠡ ᠰᠠᠶᠢᠵᠢᠷᠠᠯᠲᠠ ᠲᠠᠢ ᠪᠣᠯᠵᠠᠢ︾ᠭᠡᠵᠦ ᠬᠡᠯᠡᠪᠡ       ︽  ᠬᠤᠭ ᠨᠣᠪᠰᠢ ᠶᠢ ᠰᠠᠯᠬᠢᠨ ᠳᠤ ᠦᠯᠢᠶᠡᠵᠦ ᠂ ᠪᠣᠬᠢᠷ ᠤᠰᠤ ᠶᠢ ᠠᠭᠤᠷᠰᠢᠭᠤᠯᠬᠤ ᠳᠤ ᠲᠦᠰᠢᠭᠯᠡᠨ᠎ᠡ ︾ ᠭᠡᠳᠡᠭ ᠪᠣᠯ ᠴᠥᠭᠡᠨ ᠪᠤᠰᠤ ᠠᠶᠢᠯ ᠲᠣᠰᠬᠤᠨ ᠤ ᠦᠨᠡᠨ ᠪᠣᠳᠠᠲᠠᠢ ᠵᠢᠷᠤᠭᠯᠠᠯ ᠪᠣᠯᠣᠨ᠎ᠠ ᠃      ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤᠨ ᠤ ᠯᠢᠶᠠᠨ ᠰᠢᠩ ᠰᠢᠨ᠎ᠡ ᠲᠣᠰᠬᠤᠨ ᠢᠶᠠᠷ ᠠᠯᠬᠤᠯᠠᠵᠤ ᠂ ᠴᠠᠭᠠᠨ ᠬᠡᠷᠡᠮ ᠲᠠᠢ ᠸᠠᠭᠠᠷ ᠤᠨ ᠰᠦᠯᠳᠡ ᠮᠠᠶ᠋ᠢᠭ ᠤᠨ ᠪᠠᠷᠢᠯᠭ᠎ᠠ ᠨᠤᠭᠤᠳ ᠨᠢ ᠡᠮᠬᠢ ᠵᠠᠮᠪᠠᠷᠠᠭ᠎ᠠ ᠲᠠᠢ ᠂ 457 ᠡᠷᠦᠬᠡ ᠶᠢᠨ ᠣᠷᠣᠨ ᠰᠠᠭᠤᠴᠠ ᠶᠢᠨ ᠳᠡᠭᠡᠪᠦᠷ᠂ ᠬᠦᠷᠢᠶ᠎ᠡ ᠬᠠᠰᠢᠶ᠎ᠠ ᠪᠣᠯᠣᠨ ᠲᠡᠵᠢᠭᠡᠨ ᠦᠷᠡᠵᠢᠭᠦᠯᠬᠦ ᠬᠦᠷᠢᠶ᠎ᠡ ᠬᠠᠰᠢᠶ᠎ᠠ ᠳᠤ ᠬᠡᠳᠦᠨ ᠲᠦᠮᠡᠨ ᠭᠡᠷᠡᠯ ᠴᠡᠨᠡᠭ ᠤᠨ ᠴᠠᠬᠢᠯᠭᠠᠨ ᠭᠠᠷᠭᠠᠬᠤ ᠬᠠᠪᠲᠠᠰᠤ ᠤᠭᠰᠠᠷᠠᠵᠤ᠂ ᠲᠣᠰᠬᠤᠨ ᠤ ᠠᠲᠠᠷᠰᠢᠭᠰᠠᠨ ᠥᠨᠴᠥᠭ ᠪᠤᠯᠤᠩ ᠳᠤ ᠰᠡᠯᠡᠭᠦᠴᠡᠯ ᠤᠨ ᠲᠠᠯᠠᠪᠠᠢ ᠪᠠᠶᠢᠭᠤᠯᠵᠤ᠂ ᠰᠢᠪᠠᠷ ᠱᠠᠯᠴᠢᠭ ᠲᠠᠢ ᠬᠥᠳᠡᠭᠡ ᠶᠢᠨ ᠵᠥᠷᠢᠭ ᠵᠠᠮ ᠴᠤ ᠥᠷᠭᠡᠨ ᠠᠭᠤᠳᠠᠮ ᠱᠦᠢᠨᠢ ᠵᠠᠮ ᠪᠣᠯᠵᠤ᠂ ᠴᠣ᠋ ᠰᠢᠨ᠎ᠡ ᠨᠡᠷᠡᠨ ᠡᠨᠧᠷᠭᠢ ᠶᠢᠨ ᠵᠠᠮ ᠤᠨ ᠳ᠋ᠧᠩ ᠵᠠᠮ ᠬᠠᠪᠴᠢᠨ ᠵᠣᠭᠰᠣᠵᠤ᠂ ᠴᠡᠪᠡᠷ ᠲᠡᠭᠰᠢ ᠲᠣᠰᠬᠤᠨ ᠤ ᠵᠠᠮ ᠤᠨ ᠬᠤᠶᠠᠷ ᠲᠠᠯ᠎ᠠ ᠪᠠᠷ ᠴᠡᠴᠡᠭ ᠮᠢᠷᠠᠯᠵᠠᠨ ᠳᠡᠯᠭᠡᠷᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠥᠪᠡᠷᠮᠢᠴᠡ ᠦᠵᠡᠮᠵᠢ ᠶᠢ ᠵᠢᠷᠤᠭᠯᠠᠵᠠᠢ᠃      ᠥᠨᠥᠳᠥᠷ ᠤᠨ ᠥᠩᠭᠡᠷᠡᠭᠰᠡᠨ ᠢ ᠪᠤᠳᠤᠬᠤ ᠳᠤ᠂ ᠲᠣᠰᠬᠤᠨ ᠤ ᠠᠷᠠᠳ ᠶᠠᠩ ᠭᠠᠢ ᡁᠢ᠄ ︽ᠤᠤᠯ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠨᠢ ᠳᠠᠩᠴᠤ ᠠᠨᠠᠢ᠂ ᠪᠣᠷᠣᠭᠠᠨ ᠣᠷᠣᠮᠠᠭᠴᠠ ᠵᠠᠮ ᠳᠡᠭᠡᠷ᠎ᠡ ᠰᠢᠪᠠᠷ ᠱᠠᠯᠴᠢᠭ ᠲᠠᠢ ᠪᠣᠯᠵᠤ᠂ ᠭᠠᠳᠠᠭᠰᠢ ᠭᠠᠷᠬᠤ ᠳᠤ ᠲᠤᠩ ᠳᠥᠭᠦᠮ ᠦᠭᠡᠢ ᠪᠣᠯᠵᠤ᠂ ᠡᠳᠦᠷ ᠪᠦᠷᠢ ᠲᠦᠯᠡᠭᠡ ᠲᠦᠯᠡᠭᠡ ᠪᠠᠷ ᠬᠤᠭᠤᠯᠠ ᠬᠢᠵᠦ᠂ ᠳᠤᠯᠠᠭᠠᠯᠠᠵᠤ᠂ ᠭᠡᠷ ᠪᠣᠯᠭᠠᠨ ᠳᠤ ᠤᠲᠤᠭ᠎ᠠ ᠲᠣᠭᠤᠰᠣ ᠪᠤᠲᠤᠭ᠎ᠠ ᠪᠠᠷ ᠳᠦᠭᠦᠷᠴᠦ ᠂ ᠤᠳᠤ ᠰᠢᠨ᠎ᠡ ᠲᠣᠰᠬᠤᠨ ᠳᠤ ᠪᠦᠷ ᠴᠠᠷᠳᠠᠮᠠᠯ ᠵᠠᠮ ᠪᠠᠶᠢᠵᠤ᠂ ᠭᠡᠷ ᠪᠠᠶᠢᠰᠢᠩ ᠳᠤ ᠬᠤᠯᠠᠩ ᠴᠤ ᠪᠠᠶᠢᠬᠤ ᠦᠭᠡᠢ᠂ ᠪᠠᠶᠢᠭᠠᠯᠢ ᠶᠢᠨ ᠰᠢᠲᠠᠮᠠᠬᠠᠢ ᠬᠡᠢ ᠪᠠᠷ ᠬᠤᠭᠤᠯᠠ ᠬᠢᠵᠦ᠂ ᠨᠢᠭᠡᠳᠦᠯᠲᠡᠢ ᠳᠤᠯᠠᠭᠠᠯᠠᠭ᠎ᠠ ᠬᠠᠩᠭᠠᠵᠤ᠂ ᠮᠠᠨ ᠤ ᠬᠥᠳᠡᠭᠡ ᠲᠣᠰᠬᠤᠨ ᠤ ᠬᠥᠮᠥᠰ ᠬᠤᠳᠠ ᠶᠢᠨ ᠬᠥᠮᠥᠰ ᠤᠨ ᠠᠮᠢᠳᠤᠷᠠᠯ ᠢ ᠥᠩᠭᠡᠷᠡᠭᠦᠯᠵᠡᠢ︾ ᠭᠡᠵᠦ ᠰᠡᠳᠬᠢᠯ ᠳᠣᠭᠳᠣᠯᠤᠨ ᠬᠡᠯᠡᠪᠡ᠃      ᠠᠷᠪᠠᠨ ᠵᠢᠯ ᠤᠨ ᠲᠤᠷᠰᠢ᠂ 12.5 ᠲᠦᠮᠡᠨ ᠬᠥᠮᠥᠨ︽ᠨᠤᠲᠤᠭ ᠤᠰᠤ ᠨᠤᠲᠤᠭ ᠤᠰᠤ ᠪᠠᠷ ᠢᠶᠠᠨ ᠨᠤᠲᠤᠭ ᠤᠰᠤ ᠪᠠᠨ ᠲᠡᠵᠢᠭᠡᠵᠦ ᠳᠡᠶᠢᠯᠬᠦ ᠦᠭᠡᠢ︾ᠪᠤᠶᠢᠳᠡ ᠪᠥᠭᠯᠡᠭᠦᠦ ᠬᠥᠳᠡᠭᠡ ᠲᠣᠰᠬᠤᠨ ᠠᠴᠠ ᠨᠡᠭᠦᠨ ᠭᠠᠷᠴᠤ᠂ 13.7 ᠲᠦᠮᠡᠨ ᠡᠷᠤᠬᠡ ᠤᠯᠠᠨ ᠲᠦᠮᠡᠨ ᠰᠠᠯᠬᠢ ᠪᠣᠷᠣᠭᠠᠨ ᠢ ᠵᠠᠳᠠᠷᠠᠭᠤᠯᠤᠭᠰᠠᠨ ᠰᠢᠪᠠᠷ ᠡᠪᠡᠰᠦᠨ ᠪᠠᠶᠢᠰᠢᠩ ᠠᠴᠠ ᠪᠠᠨ ᠰᠠᠯᠵᠤ᠂ ᠠᠭᠤᠵᠢᠮ ᠰᠠᠷᠠᠭᠤᠯ ᠲᠣᠭᠤᠰᠬᠠᠨ ᠪᠠᠶᠢᠰᠢᠩ ᠳᠤ ᠰᠠᠭᠤᠵᠤ᠂ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠤᠷᠮ᠎ᠠ 84% ᠠᠴᠠ ᠳᠡᠭᠡᠭᠰᠢ ᠳᠤ ᠬᠦᠷᠴᠡᠢ︔      ᠠᠷᠪᠠᠨ ᠵᠢᠯ ᠤᠨ ᠲᠤᠷᠰᠢ ᠂ ᠪᠥᠬᠦ ᠣᠷᠣᠨ ᠤ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ 11.2 ᠲᠦᠮᠡᠨ ᠺᠢᠯᠣᠮᠧᠲᠷ ᠢ ᠳᠠᠪᠠᠵᠤ ᠂ ᠠᠶᠢᠮᠠᠭ ᠬᠤᠲᠠ ᠶᠢᠨ ᠪᠠᠶᠢᠭ᠎ᠠ ᠭᠠᠵᠠᠷ ᠲᠤ ᠪᠦᠬᠦᠨ ᠢᠶᠠᠷ ᠢᠶᠠᠨ ᠲᠦᠷᠭᠡᠨ ᠳᠠᠪᠬᠢᠬᠤ ᠵᠠᠰᠠᠮᠠᠯ ᠵᠠᠮ ᠨᠡᠪᠲᠡᠷᠡᠵᠦ ᠂ ᠶᠠᠳᠠᠭᠤ  ᠠᠴᠠ ᠠᠩᠭᠢᠵᠢᠷᠠᠭᠰᠠᠨ ᠬᠤᠰᠢᠭᠤ ᠰᠢᠶᠠᠨ ᠳᠤ ᠪᠦᠬᠦᠨ ᠢᠶᠠᠷ ᠢᠶᠠᠨ ᠨᠢᠭᠡᠳᠦᠭᠡᠷ ᠳᠡᠰ ᠵᠢᠴᠢ ᠨᠢᠭᠡᠳᠦᠭᠡᠷ ᠳᠡᠰ  ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠦ ᠂ ᠨᠥᠬᠦᠴᠡᠯ ᠪᠦᠷᠢᠳᠦᠭᠰᠡᠨ ᠰᠤᠮᠤ ᠰᠢᠶᠠᠩ ᠪᠠᠯᠭᠠᠰᠤ ᠪᠣᠯᠣᠨ ᠵᠠᠰᠠᠭ ᠵᠠᠬᠢᠷᠭᠠᠨ ᠤ ᠲᠣᠰᠬᠤᠨ ᠳᠤ ᠪᠦᠬᠦᠨ ᠢᠶᠠᠷ ᠢᠶᠠᠨ ᠬᠠᠲᠠᠭᠤᠷᠠᠭᠤᠯᠤᠭᠰᠠᠨ ᠵᠠᠮ ᠨᠡᠪᠲᠡᠷᠡᠪᠡ ︔      ᠠᠷᠪᠠᠨ ᠵᠢᠯ ᠤᠨ ᠲᠤᠷᠰᠢ ᠂ ᠪᠥᠬᠦ ᠣᠷᠣᠨ ᠤ 11071 ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠂ ᠲᠦᠷᠭᠡᠨ ᠬᠦᠷᠭᠡᠯᠲᠡ ᠶᠢ ᠨᠢᠭᠡᠨᠲᠡ ᠨᠡᠪᠲᠡᠷᠡᠭᠦᠯᠦᠭᠰᠡᠨ ᠪᠠᠶᠢᠭᠤᠯᠤᠮᠵᠢ ᠶᠢᠨ ᠳᠦᠷᠢᠮᠲᠦ ᠲᠣᠰᠬᠤᠨ ᠤ ᠲᠤᠭ᠎ᠠ 10156 ᠪᠣᠯᠵᠤ ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 91.74% ᠬᠦᠷᠴᠡᠢ ︔      ᠁       ᠠᠷᠪᠠᠨ ᠵᠢᠯ ᠤᠨ ᠵᠠᠮ ᠢ ᠡᠷᠭᠢᠴᠡᠭᠦᠯᠬᠦᠶ᠎ᠡ ᠂ ᠠᠶᠢᠯ ᠲᠣᠰᠬᠤᠨ ᠪᠦᠬᠦᠨ ᠴᠡᠪᠡᠷ ᠰᠠᠶᠢᠬᠠᠨ ᠪᠣᠯᠵᠤ ᠂ ᠲᠠᠷᠢᠶᠠᠴᠢᠨ ᠡᠷᠦᠬᠡ ᠮᠠᠯᠴᠢᠳ ᠤᠨ ᠴᠤᠭ ᠵᠢᠪᠬᠤᠭ᠎ᠠ ᠴᠤ ᠲᠡᠭᠦᠯᠳᠡᠷ ᠪᠣᠯᠪᠠ ︔ ᠂ ᠠᠷᠪᠠᠨ ᠵᠢᠯ ᠤᠨ ᠵᠠᠮ ᠢ ᠡᠷᠭᠢᠴᠡᠭᠦᠯᠬᠦᠶ᠎ᠡ ᠂ ᠠᠶᠢᠯ ᠲᠣᠰᠬᠤᠨ ᠪᠦᠬᠦᠨ ᠴᠡᠪᠡᠷ ᠲᠤᠩᠭᠠᠯᠠᠭ ᠪᠣᠯᠵᠤ ᠂ ᠭᠤᠶᠣ ᠰᠠᠶᠢᠬᠠᠨ ᠪᠣᠯᠵᠤ ᠂ ᠲᠠᠷᠢᠶᠠᠴᠢᠨ ᠡᠷᠦᠬᠡ ᠮᠠᠯᠴᠢᠳ ᠤᠨ ᠴᠤᠭ ᠵᠢᠪᠬᠤᠭ᠎ᠠ ᠴᠤ ᠭᠦᠢᠴᠡᠳ ᠪᠣᠯᠪᠠ ︔ ᠵᠤᠷᠪᠤᠰ ᠵᠤᠷᠪᠤᠰ ᠵᠠᠮ ᠨᠢ ᠲᠡᠭᠰᠢ ᠳᠠᠷᠳᠠᠩ ᠪᠣᠯᠵᠤ ᠤᠷᠲᠤᠳᠬᠠᠭᠳᠠᠭᠰᠠᠨ  ᠠᠴᠠ ᠲᠠᠷᠢᠶᠠᠴᠢᠨ ᠡᠷᠦᠬᠡ  ᠶᠢᠨ ᠰᠢᠯᠦᠭ ᠪᠠ ᠠᠯᠤᠰ ᠬᠤᠯᠠ  ᠶᠢᠨ ᠰᠢᠯᠦᠭ ᠨᠡᠩ ᠣᠶᠢᠷᠠᠯᠴᠠᠭ᠎ᠠ ᠪᠣᠯᠪᠠ᠃ ᠡᠷᠦᠬᠡ ᠪᠦᠷᠢ ᠳᠤ ᠴᠠᠬᠢᠯᠭᠠᠨ ᠨᠡᠪᠲᠡᠷᠡᠵᠦ ᠂ ᠰᠦᠯᠵᠢᠶ᠎ᠡ ᠲᠠᠢ ᠪᠣᠯᠤᠭᠰᠠᠨ  ᠠᠴᠠ ᠮᠠᠯᠵᠢᠬᠤ ᠲᠠᠷᠢᠶᠠᠯᠠᠬᠤ ᠣᠷᠣᠨ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ ᠪᠣᠯᠵᠠᠢ ᠃      ᠵᠠᠰᠠᠯᠲᠠ ᠪᠦᠲᠦᠮᠵᠢᠲᠡᠶ ᠂ ᠠᠷᠠᠳ ᠣᠯᠠᠨ ᠠᠮᠤᠷ ᠵᠢᠮᠤᠷ ᠠᠵᠤ ᠲᠦᠷᠦᠭᠦ ᠳᠤ ᠰᠢᠨ᠎ᠡ ᠰᠤᠷᠲᠠᠯ  ᠢ ᠮᠠᠭᠲᠠᠨ᠎ᠠ      ᠤᠯᠤᠰ ᠤᠨ ᠮᠠᠨᠳᠤᠯ ᠪᠠᠭᠤᠷᠠᠯ ᠨᠢ ᠪᠠᠶᠢᠭᠤᠯᠤᠯ ᠲᠠᠢ ᠬᠤᠯᠪᠣᠭᠳᠠᠵᠤ᠂ ᠠᠷᠠᠳ ᠢᠷᠭᠡᠳ ᠤᠨ ᠠᠮᠤᠷ ᠵᠢᠷᠭᠠᠯ ᠢ ᠴᠥᠮ ᠵᠠᠰᠠᠮᠤᠢ᠃ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠪᠣᠯ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠴᠢᠬᠤᠯᠠ ᠪᠠᠲᠤᠯᠠᠭ᠎ᠠ ᠮᠥᠨ᠃ᠣᠶᠢᠷ᠎ᠠ ᠶᠢᠨ ᠡᠳᠦᠷ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠩ ᠶᠣᠣ ᠪᠠᠯᠭᠠᠰᠤᠨ ᠤ ᠴᠠᠭᠠᠨᠪᠤᠨᠪᠤᠨ ᠤ ᠲᠣᠰᠬᠤᠨ ᠤ ᠪᠣᠯᠪᠠᠰᠤᠨ ᠪᠦᠯᠬᠦᠮᠳᠡᠯ ᠬᠡᠳᠦ ᠳᠡᠯᠭᠡᠭᠦᠷ ᠲᠤ᠂ ᠲᠣᠰᠬᠤᠨ ᠤ ᠠᠷᠠᠳ ᠰᠦᠨ ᠰᠢᠸ ᠬᠤᠸᠠ ᠬᠤᠷᠠᠮᠳᠤᠯ ᠬᠤᠪᠢ ᠪᠠᠷ ᠲᠠᠸᠠᠷ ᠰᠣᠯᠢᠵᠤ ᠪᠤᠢ᠃ 《 ᠡᠨᠡᠬᠦ ᠴᠣᠮᠬᠠᠳᠬᠠᠯ  ᠢ ᠣᠯᠣᠭᠰᠠᠨ ᠳᠠᠭᠠᠨ ᠮᠠᠰᠢ ᠢᠷᠠᠭᠤ ᠠᠯᠳᠠᠷᠲᠠᠢ ᠂ ᠮᠠᠰᠢ ᠣᠮᠣᠭᠰᠢᠯᠲᠠᠢ ᠪᠠᠶᠢᠨ᠎ᠠ᠃ ᠭᠤᠣᠯ ᠨᠢ ᠢᠳᠡᠪᠬᠢ ᠬᠦᠴᠦᠨ ᠪᠦᠬᠦᠢ ᠶᠠᠪᠤᠳᠠᠯ  ᠢ ᠬᠢᠬᠦ ᠳᠤ ᠮᠡᠳᠡᠷᠡᠭᠳᠡᠵᠦ ᠂ ᠬᠥᠳᠡᠯᠮᠦᠷᠢ ᠪᠠᠷ  ᠢᠶᠠᠨ ᠶᠠᠭᠤᠮ᠎ᠠ ᠰᠣᠯᠢᠵᠤ ᠴᠢᠳᠠᠪᠠᠯ ᠂ ᠡᠷᠴᠢ ᠵᠣᠷᠢᠭ ᠨᠢ ᠨᠡᠩ ᠲᠡᠭᠦᠯᠳᠡᠷ ᠪᠣᠯᠴᠢᠬᠠᠬᠤ ᠶᠤᠮ 》᠃      ᠣᠶᠢᠷ᠎ᠠ ᠶᠢᠨ ᠵᠢᠯ ᠠᠴᠠ᠂ ︽ᠬᠤᠪᠢ ᠬᠤᠷᠠᠮᠳᠤᠭᠤᠯᠬᠤ ᠳᠦᠷᠢᠮ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠢ ᠵᠠᠰᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠶᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠯᠠᠨ ᠲᠦᠮᠡᠨ ᠤ ᠦᠵᠡᠯ ᠰᠠᠨᠠᠭᠠᠨ ᠤ ᠪᠠᠶᠢᠭᠤᠯᠤᠯᠲᠠ᠂ ᠪᠣᠯᠪᠠᠰᠤᠨ ᠤ ᠰᠢᠨ᠎ᠡ ᠰᠤᠷᠲᠠᠯ ᠤᠨ ᠦᠢᠯᠡᠳᠦᠯᠭᠡ ᠶᠢ ᠴᠢᠩᠭᠠᠳᠬᠠᠬᠤ ᠪᠠᠰᠠ ᠨᠢᠭᠡᠨ ᠰᠢᠨ᠎ᠡ ᠲᠠᠪᠴᠠᠩ ᠪᠣᠯᠵᠤ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠦᠷᠢᠯᠳᠦᠭᠦᠯᠵᠦ᠂ ︽ᠪᠠᠭ᠎ᠠ ᠬᠤᠪᠢ ᠬᠤᠷᠠᠮᠳᠤᠭᠤᠯᠬᠤ︾ ᠪᠠᠷ ︽ᠶᠡᠭᠡ ᠬᠥᠳᠡᠯᠭᠡᠭᠦ ᠬᠦᠴᠦᠨ︾ ᠢ ᠦᠨᠡᠨᠬᠦ ᠬᠥᠭᠵᠢᠭᠡᠭᠰᠡᠨ ᠪᠠᠶᠢᠨ᠎ᠠ᠃      《 ᠦᠰᠦ ᠵᠠᠰᠠᠬᠤ ᠂ ᠲᠣᠭᠯᠠᠯᠲᠠ ᠦᠵᠡᠬᠦ ᠂ ᠣᠷᠣᠯᠠᠨ ᠬᠤᠳᠠᠯᠳᠤᠨ ᠠᠪᠬᠤ ᠳᠤ ᠬᠡᠷᠡᠭᠴᠡᠭᠡ ᠲᠠᠢ ᠯᠡ ᠶᠤᠮ ᠪᠣᠯ ᠭᠠᠷ ᠤᠲᠠᠰᠤᠨ ᠳᠡᠭᠡᠷ᠎ᠡ ᠪᠠᠨ ︿ᠵᠠᠬᠢᠶᠠᠯᠠᠭ᠎ᠠ ᠬᠢᠵᠦ﹀ ᠪᠣᠯᠣᠨ᠎ᠠ 》᠃ ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠴᠢᠩ ᠴᠦᠨ ᠱᠠᠨ ᠵᠡᠭᠡᠯᠢ ᠶᠢᠨ ᠺᠠᠩ ᠽᠦ ᠶᠤᠸᠠᠨ ᠪᠠᠭ᠎ᠠ ᠲᠣᠭᠤᠷᠢᠭ ᠤᠨ ᠰᠠᠭᠤᠭᠠᠯᠢ ᠠᠷᠠᠳ ᠴᠧᠨ ᠰᠢᠸ ᠯᠠᠨ ᠲᠤᠶᠢᠯ ᠢᠶᠠᠷ ᠪᠠᠶᠠᠷᠯᠠᠪᠠ᠃      ᠬᠢᠶ᠎ᠠ ᠪᠠᠭᠰᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ 28 ᠦᠢᠯᠡᠳᠦᠯᠭᠡ ᠶᠢᠨ ᠭᠠᠵᠠᠷ᠂ ᠦᠷᠳᠡᠭᠡ᠂ ᠴᠡᠭ ᠪᠣᠯᠣᠨ 64 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠦᠴᠦᠨ ᠢ ᠭᠦᠢᠴᠡᠳ ᠲᠠᠶᠢᠴᠢᠯᠠᠵᠦ᠂ ︽ᠨᠢᠭᠡ ᠬᠥᠮᠥᠷᠭᠡ ᠵᠠᠭᠤᠨ ᠬᠠᠭᠤᠳᠠᠰᠤ︾ ᠶᠢ ᠪᠦᠷᠢᠯᠳᠦᠭᠦᠯᠵᠦ᠂ ᠨᠠᠰᠤᠲᠠᠶᠢᠴᠤᠳ᠂ ᠥᠨᠥᠴᠢᠨ ᠵᠡᠮᠳᠡᠭ ᠬᠥᠮᠥᠰ᠂ ᠨᠠᠰᠤᠨ ᠳᠤ ᠦᠯᠦ ᠬᠦᠷᠦᠭᠰᠡᠳ ᠵᠡᠷᠭᠡ ᠬᠠᠮᠲᠤᠯᠢᠭ ᠲᠤ ᠴᠢᠭᠯᠡᠭᠦᠯᠵᠦ᠂ 100 ᠵᠦᠢᠯ ᠤᠨ ᠨᠠᠰᠤᠲᠠᠶᠢᠴᠤᠳ ᠢ ᠲᠡᠳᠬᠦᠵᠦ ᠨᠢᠯᠬᠠᠰ ᠢ ᠬᠠᠪᠰᠤᠷᠬᠤ᠂ ᠬᠠᠶᠢᠷ᠎ᠠ ᠬᠠᠯᠠᠮᠵᠢ ᠪᠠᠷ ᠰᠤᠷᠤᠯᠭ᠎ᠠ ᠶᠢ ᠬᠠᠪᠰᠤᠷᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ︽ᠨᠢᠭᠡ ᠬᠥᠮᠥᠷᠭᠡ ᠵᠠᠭᠤᠨ ᠬᠠᠭᠤᠳᠠᠰᠤ︾ ᠶᠢᠨ ᠲᠦᠷᠦᠯ ᠵᠦᠢᠯ ᠨᠢ ︽ᠤᠯᠠᠨ ᠲᠦᠮᠡᠨ ᠤ ᠵᠠᠬᠢᠶᠠᠯᠠᠭ᠎ᠠ ᠶᠢᠨ ᠬᠠᠭᠤᠳᠠᠰᠤ᠂ ᠭᠤᠣᠯᠳᠠᠯᠭ᠎ᠠ ᠲᠠᠢ ᠵᠠᠬᠢᠶᠠᠯᠠᠭ᠎ᠠ ᠶᠢᠨ ᠬᠠᠭᠤᠳᠠᠰᠤ᠂ ᠲᠣᠮᠢᠯᠠᠯᠲᠠ ᠶᠢᠨ ᠬᠠᠭᠤᠳᠠᠰᠤ᠂ ᠰᠠᠯᠠᠭ᠎ᠠ ᠮᠥᠴᠢᠷ ᠤᠨ ᠬᠢᠨ ᠤ ᠵᠠᠬᠢᠶᠠᠯᠠᠭ᠎ᠠ ᠶᠢᠨ ᠬᠠᠭᠤᠳᠠᠰᠤ᠂ ᠤᠯᠠᠨ ᠲᠦᠮᠡᠨ ᠤ ᠦᠨᠡᠯᠡᠯᠲᠡ ᠶᠢᠨ ᠬᠠᠭᠤᠳᠠᠰᠤ︾ ᠶᠢ ᠪᠦᠬᠦᠨ ᠢ ᠬᠠᠮᠤᠷᠤᠭᠰᠠᠨ᠂ ᠪᠢᠲᠡᠭᠦᠦ ᠴᠠᠭᠠᠷᠢᠭ ᠮᠠᠶ᠋ᠢᠭ ᠤᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠣᠣᠷ ᠢ ᠪᠦᠷᠢᠯᠳᠦᠭᠦᠯᠵᠦ᠂ ᠤᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠪᠠ       ᠡᠭᠦᠨ ᠠᠴᠠ ᠭᠠᠳᠠᠨ᠎ᠠ ᠂ ᠬᠢᠶ᠎ᠠ ᠪᠠᠭᠰᠢ ᠲᠣᠭᠤᠷᠢᠭ ᠤᠨ ᠬᠢᠨ 《 ᠣᠯᠠᠨ ᠦᠨᠡᠯᠡᠯᠲᠡ  ᠺᠣᠳ᠋ ᠳᠡᠭᠡᠷᠡᠬᠢ ᠠᠮᠢᠳᠤᠷᠠᠯ 》 ᠨᠡᠶᠢᠭᠡᠮ ᠲᠣᠭᠤᠷᠢᠭ ᠤᠨ ᠣᠶᠤᠨᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢᠶᠠᠷ ᠠᠴᠢᠶᠠᠯᠠᠪᠤᠷᠢ ᠪᠣᠯᠭᠠᠵᠤ ᠂ ᠰᠠᠭᠤᠭᠠᠯᠢ ᠠᠷᠠᠳ ᠤᠨ ᠥᠷᠥᠭᠡᠨ ᠤ ᠺᠣᠳ᠋ ᠂ ᠰᠠᠭᠤᠭᠠᠯᠢ ᠠᠷᠠᠳ ᠤᠨ ᠭᠡᠷ ᠤᠨ ᠭᠠᠳᠠᠨᠠᠬᠢ ᠺᠣᠳ᠋ ᠂ ᠬᠤᠳᠠᠯᠳᠤᠭᠠᠨ ᠤ ᠡᠷᠦᠬᠡ ᠶᠢᠨ ᠬᠤᠲᠠ ᠪᠠᠶᠢᠭᠤᠯᠬᠤ ᠺᠣᠳ᠋ ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠮᠢᠶᠠᠷᠤᠯᠲᠠ ᠶᠢᠨ ᠺᠣᠳ᠋ ᠂ ᠨᠡᠭᠦᠳᠡᠯ ᠳᠡᠯᠭᠡᠴᠡ ᠶᠢᠨ ᠬᠠᠮᠢᠶᠠᠷᠤᠯᠲᠠ ᠶᠢᠨ ᠺᠣᠳ᠋ ᠂ ᠺᠠᠳ᠋ᠷ ᠤᠨ ᠺᠣᠳ᠋ ᠂ ᠭᠠᠷ ᠤᠨ ᠠᠶ᠎ᠠ ᠪᠠᠷ ᠰᠡᠭᠦᠳᠡᠷᠯᠡᠬᠦ ᠵᠡᠷᠭᠡ ᠴᠢᠳᠠᠮᠵᠢ ᠶᠢᠨ ᠬᠡᠰᠡᠭ ᠢ ᠪᠠᠶᠢᠭᠤᠯᠵᠤ ᠂ ᠭᠤᠯᠳᠤ ᠴᠢᠭᠯᠡᠯ ᠢᠶᠠᠷ ᠡᠷᠬᠡ ᠣᠯᠭᠤᠭᠰᠠᠨ ᠂ ᠬᠥᠨᠳᠡᠯᠡᠨ ᠴᠢᠭᠯᠡᠯ ᠢᠶᠠᠷ ᠬᠤᠯᠪᠣᠭᠠᠯᠠᠭᠰᠠᠨ ᠂ ᠲᠤᠭ᠎ᠠ ᠪᠠᠷᠢᠮᠲᠠ ᠪᠠᠷ ᠡᠨᠧᠷᠭᠢ ᠨᠡᠮᠡᠭᠰᠡᠨ ᠪᠥᠬᠦ ᠠᠵᠢᠯᠲᠠᠨ ᠤ ᠠᠵᠢᠯ ᠤᠨ ᠰᠢᠰᠲ᠋ᠧᠮ ᠢ ᠪᠠᠶᠢᠭᠤᠯᠵᠤ ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯ ᠤᠨ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠲᠤᠶᠢᠯ ᠤᠨ ᠶᠡᠭᠡ ᠪᠠᠷ ᠳᠡᠭᠡᠭᠰᠢᠯᠡᠪᠡ ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠬᠡᠵᠢᠶᠡᠳᠡ ᠬᠠᠶᠢᠷ᠎ᠠ ᠰᠡᠳᠬᠢᠯᠭᠡ ᠲᠠᠢ ᠬᠤᠯᠪᠣᠭᠳᠠᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠨᠴᠠᠯᠢᠭ ᠪᠣᠯ ᠤᠯᠠᠨ ᠲᠦᠮᠡᠨ ᠳᠤ ᠰᠢᠭᠤᠳ ᠬᠠᠨᠳᠤᠵᠤ᠂ ᠤᠴᠢᠷ ᠶᠠᠪᠤᠳᠠᠯ ᠢᠬᠢᠷ ᠰᠢᠬᠢᠷ ᠨᠠᠷᠢᠨ ᠪᠤᠳᠤᠯᠢᠶᠠᠨᠲᠠᠢ ᠴᠢᠨᠠᠭᠰᠢᠯᠠᠪᠠᠯ ᠬᠠᠲᠠᠭᠤ ᠪᠡᠷᠬᠡ ᠨᠦᠰᠡᠷ ᠬᠦᠨᠳᠦ ᠪᠠᠶᠢᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠶᠠᠭᠠᠷᠠᠵᠤ᠂ ᠤᠯᠠᠨ ᠲᠦᠮᠡᠨ ᠤ ᠬᠡᠷᠡᠭᠴᠡᠭᠡ ᠶᠢ ᠬᠠᠪᠰᠤᠷᠴᠤ᠂ ᠦᠨᠳᠦᠰᠦᠨ ᠱᠠᠲᠤᠨ ᠤ ᠵᠠᠰᠠᠯᠲᠠ ᠶᠢᠨ ᠠᠯᠢ ᠤᠯᠠᠨ ᠰᠢᠨ᠎ᠡ ᠠᠷᠭ᠎ᠠ ᠬᠡᠮᠵᠢᠶ᠎ᠡ ᠨᠢ ᠥᠷᠭᠡᠨ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠬᠤ ᠳᠤ ᠪᠤᠢ᠃      ᠠᠷᠪᠠᠨ ᠵᠢᠯ ᠤᠨ ᠲᠤᠷᠰᠢ ᠂ ᠮᠠᠨ ᠤ ᠣᠷᠣᠨ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠵᠠᠰᠠᠯᠲᠠ ᠶᠢ ᠰᠦᠪᠡᠭᠴᠢᠯᠡᠨ ᠠᠬᠢᠭᠤᠯᠵᠤ ᠂ ︽  ᠰᠦᠯᠵᠢᠶᠡᠨ ᠤ ᠠᠵᠢᠯᠲᠠᠨ ︾ ᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠵᠦ ᠂ ᠬᠤᠯᠪᠣᠭᠳᠠᠯ ᠪᠦᠬᠦᠢ ᠨᠢᠭᠡᠴᠡ ᠲᠠᠢ ᠬᠠᠮᠵᠢᠯᠴᠠᠨ ᠦᠨᠳᠦᠰᠦᠨ ᠱᠠᠲᠤᠨ ᠤ ᠲᠣᠰᠬᠤᠨ ᠤ ᠳᠦᠷᠢᠮ ᠠᠷᠠᠳ ᠤᠨ ᠭᠡᠷ᠎ᠡ ᠲᠣᠭᠲᠠᠭᠠᠬᠤ ᠶᠢ ᠵᠢᠯᠤᠭᠤᠳᠴᠤ ᠂ ᠰᠢᠨ᠎ᠡ ᠬᠡᠪ ᠰᠤᠷᠲᠠᠯ ᠢ ᠪᠣᠶ ᠪᠣᠯᠭᠠᠬᠤ  ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠵᠡᠷᠭᠡ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃      ᠠᠷᠪᠠᠨ ᠵᠢᠯ ᠤᠨ ᠲᠤᠷᠰᠢ ᠂ ᠪᠥᠬᠦ ᠣᠷᠣᠨ ᠳᠤ ︽  ᠬᠤᠪᠢ ᠬᠤᠷᠠᠮᠳᠤᠭᠤᠯᠬᠤ ᠳᠦᠷᠢᠮ ︾ ︽  ᠨᠠᠷᠢᠨ ᠲᠠᠩᠰᠠ ᠶᠢᠨ ᠳᠦᠷᠢᠮ ︾ ᠤᠨ ᠵᠠᠰᠠᠯᠲᠠ ᠶᠢᠨ ᠠᠷᠭ᠎ᠠ ᠶᠢ ᠠᠯᠬᠤᠮ ᠠᠯᠬᠤᠮ ᠢᠶᠠᠷ ᠬᠡᠷᠡᠭᠵᠢᠭᠦᠯᠵᠦ ᠂ ︽  ᠤᠯᠠᠭᠠᠨ ᠬᠠᠷ᠎ᠠ ᠰᠠᠮᠪᠠᠷ᠎ᠠ ︾ ᠪᠠᠶᠢᠭᠤᠯᠬᠤ ᠵᠡᠷᠭᠡ ᠠᠷᠭ᠎ᠠ ᠬᠡᠯᠪᠡᠷᠢ ᠶᠢ ᠰᠦᠪᠡᠭᠴᠢᠯᠡᠨ ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠪᠠ ᠨᠡᠶᠢᠭᠡᠮ ᠤᠨ ᠶᠡᠷᠦᠩᠬᠡᠶᠢᠯᠡᠨ ᠵᠠᠰᠠᠬᠤ ᠶᠢ ᠠᠬᠢᠭᠤᠯᠵᠤ ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠠᠷᠪᠠᠨ ᠵᠢᠯ ᠤᠨ ᠲᠤᠷᠰᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠡᠳᠦᠷ ᠢᠷᠡᠬᠦᠶ᠎ᠡ ᠴᠢᠩᠭᠠᠷᠠᠵᠤ᠂ ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠲᠠᠰᠤᠷᠠᠯᠲᠠ ᠦᠭᠡᠢ ᠲᠡᠭᠦᠯᠳᠡᠷᠵᠢᠵᠦ᠂ ᠺᠠᠳ᠋ᠷ ᠤᠨ ᠡᠩᠨᠡᠭᠡᠨ ᠤ ᠪᠦᠲᠦᠴᠡ ᠢᠯᠡᠳᠲᠡ ᠰᠢᠯᠢᠳᠡᠭᠵᠢᠵᠦ᠂ ᠭᠠᠴᠠᠭᠠᠨ ᠤ ᠶᠠᠪᠤᠳᠠᠯ ᠢ ᠢᠯᠡ ᠪᠣᠯᠭᠠᠬᠤ ᠪᠠ ᠬᠡᠷᠡᠭ ᠵᠥᠪᠯᠡᠵᠦ ᠵᠥᠪᠳᠡᠯᠴᠡᠬᠦ ᠳᠦᠷᠢᠮ ᠢ ᠥᠷᠭᠡᠨ ᠢᠶᠠᠷ ᠬᠡᠷᠡᠭᠵᠢᠭᠦᠯᠪᠡ᠃      ᠁       ᠠᠷᠪᠠᠨ ᠵᠢᠯ ᠤᠨ ᠵᠠᠮ ᠢᠶᠠᠨ ᠡᠷᠭᠢᠴᠡᠭᠦᠯᠬᠦᠶ᠎ᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ᠂ ᠨᠢᠭᠡ ᠵᠠᠮ ᠤᠨ ᠬᠦᠴᠢᠷ ᠪᠡᠷᠬᠡᠰᠢᠶᠡᠯ ᠪᠠ ᠲᠡᠮᠡᠴᠡᠯ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠬᠥᠮᠥᠰ ᠯᠡ ᠮᠡᠳᠡᠨ᠎ᠡ᠃ ᠪᠢᠳᠡᠨ ᠤ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠪᠣᠯ ᠴᠥᠮ ᠡᠯ᠎ᠡ ᠱᠠᠲᠤᠨ ᠤ ᠺᠠᠳ᠋ᠷᠴᠤᠳ ᠪᠣᠯᠣᠨ ᠲᠤᠬᠠᠢ ᠶᠢᠨ ᠭᠠᠵᠠᠷ ᠤᠨ ᠤᠯᠠᠨ ᠲᠦᠮᠡᠨ ᠠᠯᠬᠤᠮ ᠠᠯᠬᠤᠮ ᠢᠶᠠᠷ ᠲᠡᠮᠡᠴᠡᠵᠦ ᠪᠠᠶᠢᠭᠠᠳ ᠣᠯᠣᠭᠰᠠᠨ ᠶᠤᠮ᠃ ᠠᠷᠪᠠᠨ ᠵᠢᠯ ᠤᠨ ᠲᠤᠷᠰᠢ᠂ ᠲᠤᠭ᠎ᠠ ᠲᠣᠮᠰᠢ ᠦᠭᠡᠢ ᠤᠯᠠᠨ ᠬᠠᠪᠰᠤᠷᠤᠨ ᠲᠡᠳᠬᠦᠬᠦ ᠺᠠᠳ᠋ᠷ ᠠᠮᠢ ᠨᠠᠰᠤ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠯᠠᠭᠤᠨ ᠴᠢᠰᠤ ᠪᠠᠷ ᠢᠶᠠᠨ ᠰᠢᠳᠤᠷᠭᠤ ᠰᠦᠨᠡᠰᠦ ᠶᠢ ᠴᠣᠭᠴᠠᠯᠠᠵᠤ᠂ ᠬᠥᠮᠥᠨ ᠤ ᠶᠢᠷᠲᠢᠨᠴᠦ ᠶᠢᠨ ᠭᠠᠶᠢᠬᠠᠮᠰᠢᠭ ᠢ ᠵᠠᠯᠭ᠎ᠠ ᠵᠠᠯᠭ᠎ᠠ ᠪᠠᠷ ᠡᠭᠦᠳᠴᠦ᠂ ᠥᠷᠭᠡᠨ ᠠᠭᠤᠳᠠᠮ ᠬᠥᠳᠡᠭᠡ ᠲᠣᠰᠬᠤᠨ ᠳᠤ ᠬᠥᠭᠵᠢᠨ ᠴᠡᠴᠡᠭᠯᠡᠭᠰᠡᠨ ᠰᠠᠶᠢᠨ ᠰᠠᠶᠢᠬᠠᠨ ᠢᠷᠡᠭᠡᠳᠦᠢ ᠶᠢ ᠤᠭᠲᠤᠨ ᠠᠪᠴᠢᠷᠠᠵᠤ᠂ ᠲᠦᠭ ᠲᠦᠮᠡᠨ ᠮᠠᠯᠴᠢᠨ ᠲᠠᠷᠢᠶᠠᠴᠢᠨ ᠨᠡᠩ ᠰᠠᠶᠢᠨ ᠰᠠᠶᠢᠬᠠᠨ ᠰᠢᠨ᠎ᠡ ᠠᠮᠢᠳᠤᠷᠠᠯ ᠲᠡᠰᠢ ᠣᠮᠤᠭ ᠲᠡᠭᠦᠯᠳᠡᠷ ᠢᠶᠠᠷ ᠤᠷᠤᠭᠰᠢᠯᠠᠵᠤ ᠪᠠᠶᠢᠨ᠎ᠠ᠃      ᠠᠷᠠᠳ ᠲᠦᠮᠡᠨ ᠤ ᠲᠥᠯᠥᠭᠡ ᠂ ᠠᠷᠠᠳ ᠲᠦᠮᠡᠨ ᠢ ᠲᠦᠰᠢᠭᠯᠡᠨ᠎ᠡ ᠃ ᠡᠨᠡ ᠪᠣᠯ ᠰᠦᠷ ᠳᠠᠯᠠᠶᠢᠴᠠᠲᠠᠢ ᠰᠢᠨ᠎ᠡ ᠠᠶᠠᠨ ᠵᠠᠮ ᠮᠥᠨ᠂ ᠡᠨᠡ ᠪᠣᠯ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠰᠢᠨ᠎ᠡ ᠴᠠᠭ ᠦᠶ᠎ᠡ ᠮᠥᠨ︕      ᠡᠨᠡ ᠠᠷᠪᠠᠨ ᠵᠢᠯ ᠳᠤ ᠪᠢᠳᠡᠨ ᠤ ᠳᠦᠷᠰᠦ ᠪᠠᠶᠢᠳᠠᠯ ᠬᠤᠪᠢᠷᠠᠵᠠᠢ ︕
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号