ᠡᠯᠡᠰᠦᠨ ᠴᠥᠯ ᠳᠤ ︽  ᠠᠯᠲᠠ ︾ ᠭᠠᠷᠴᠤ ᠬᠤᠵᠢᠷᠯᠢᠭ ᠭᠠᠵᠠᠷ ᠲᠤ ︽  ᠮᠥᠩᠭᠦ ︾ ᠲᠥᠷᠥᠨ᠎ᠡ
ᠨᠡᠶᠢᠲᠡᠯᠡᠭᠰᠡᠨ ᠴᠠᠭ᠄
2022/9/22
      ᠲᠠ ᠬᠥᠪᠴᠢ ᠶᠢᠨ ᠡᠯᠡᠰᠦᠨ ᠴᠥᠯ ᠳᠤ ᠬᠦᠷᠴᠦ ᠥᠩᠭᠡᠷᠡᠭᠰᠡᠨ ᠴᠦ ᠮᠠᠭᠠᠳ᠂ ᠲᠡᠷᠡ ᠨᠢ ᠲᠠᠨ ᠢ ᠰᠣᠴᠢᠭᠠᠭᠰᠠᠨ ᠴᠤ ᠮᠠᠭᠠᠳ᠃      ᠭᠡᠪᠡᠴᠦ ᠥᠨᠥᠳᠥᠷ ᠠᠳᠡ ᠠᠯᠢ ᠬᠡᠳᠦᠶᠢᠨ ᠴᠢᠨᠦ ᠴᠡᠭᠡᠵᠢᠯᠡᠭᠰᠡᠨ ᠤ ᠶᠠᠩᠵᠤ ᠦᠭᠡᠢ ᠪᠣᠯᠵᠠᠢ ᠃      ᠥᠩᠭᠡᠷᠡᠭᠰᠡᠨ ᠳᠤ ᠠᠰᠠᠭᠤᠬᠤ ᠬᠥᠮᠥᠨ ᠦᠭᠡᠢ ᠪᠠᠶᠢᠭᠰᠠᠨ ︽  ᠱᠠ ᠸᠧ ᠸᠧ ︾ ᠨᠢ ᠮᠠᠰᠢ ᠣᠯᠠᠨ ᠬᠡᠷᠡᠯ ᠴᠡᠨᠡᠭ ᠤᠨ ᠠᠵᠤ ᠠᠬᠤᠶᠢᠯᠠᠯ ᠤᠨ ᠪᠤᠯᠢᠶᠠᠯᠳᠤᠭᠠᠨ ᠤ ︽  ᠬᠦᠨᠳᠦᠲᠡᠢ ᠬᠥᠮᠥᠨ ︾ ᠪᠣᠯᠤᠭᠰᠠᠨ ᠪᠠᠶᠢᠨ᠎ᠠ ᠃      9 ᠰᠠᠷ᠎ᠠ ᠶᠢᠨ 5  ᠤ ᠡᠳᠦᠷ᠂ ᠰᠤᠷᠪᠤᠯᠵᠢᠯᠠᠭᠴᠢ ᠨᠠᠷ ᠲᠡᠷᠭᠡᠨ ᠳᠤ ᠰᠠᠭᠤᠵᠤ ᠲᠠᠯᠠᠳ ᠬᠤᠰᠢᠭᠤᠨ ᠤ ᠵᠤᠤ ᠵᠢᠶᠦ᠋ᠨ ᠪᠠᠯᠭᠠᠰᠤ ᠶᠢᠨ ᠡᠯᠡᠰᠦᠨ ᠴᠦᠯ ᠤᠨ ᠵᠠᠰᠠᠮᠠᠯ ᠵᠠᠮ ᠢᠶᠠᠷ ᠶᠠᠪᠤᠬᠤ ᠳᠤ᠂ ᠵᠠᠰᠠᠮᠠᠯ ᠵᠠᠮ ᠤᠨ ᠬᠤᠶᠠᠷ ᠲᠠᠯ᠎ᠠ ᠶᠢᠨ ᠬᠡᠷᠡᠯ ᠴᠡᠨᠡᠭ ᠤᠨ ᠬᠠᠪᠲᠠᠰᠤ ᠶᠢ ᠬᠡᠰᠡᠭ ᠬᠡᠰᠡᠭ ᠢᠶᠠᠷ ᠵᠠᠯᠭᠠᠵᠤ᠂ ᠨᠢᠳᠦ ᠢᠷᠮᠡᠬᠦ ᠶᠢᠨ ᠵᠠᠭᠤᠷ᠎ᠠ ᠨᠢᠳᠦ ᠢᠷᠮᠡᠬᠦ ᠶᠢᠨ ᠵᠠᠭᠤᠷ᠎ᠠ ᠬᠠᠷᠠᠭᠳᠠᠵᠤ᠂ ᠥᠩᠭᠡᠷᠡᠭᠰᠡᠨ ᠤ ᠦᠷᠭᠦᠯᠵᠢᠯᠡᠭᠰᠡᠨ ᠡᠯᠡᠰᠦᠨ ᠳᠤᠪᠤ ᠡᠳᠦᠭᠡ ︽ᠬᠥᠬᠡ ᠥᠩᠭᠡ ᠶᠢᠨ ᠳᠠᠯᠠᠢ ᠲᠠᠩᠭᠢᠰ︾ᠪᠣᠯᠵᠤ ᠬᠤᠪᠢᠷᠠᠪᠠ᠃      ᠬᠥᠪᠴᠢ ᠶᠢᠨ ᠡᠯᠡᠰᠦᠨ ᠴᠦᠯ ᠤᠨ ᠥᠷᠥᠴᠡᠨ ᠳᠤ 19.6 ᠲᠦᠮᠡᠨ ᠬᠡᠰᠡᠭ ᠬᠡᠷᠡᠯ ᠴᠡᠨᠡᠭ ᠤᠨ ᠬᠠᠪᠲᠠᠰᠤ ᠪᠠᠷ ᠪᠦᠲᠦᠭᠰᠡᠨ ᠲᠣᠮᠣ ᠬᠡᠯᠪᠡᠷᠢ ᠶᠢᠨ ᠠᠵᠢᠨᠠᠢ ᠬᠦᠯᠦᠭ ᠵᠢᠷᠤᠭ ᠪᠣᠶ ᠂ ᠭᠢᠨᠢᠰ ᠤᠨ ᠳᠡᠯᠡᠬᠡᠢ ᠶᠢᠨ ᠲᠡᠮᠳᠡᠭᠯᠡᠯ ᠳᠤ ᠳᠡᠯᠡᠬᠡᠢ ᠳᠡᠭᠡᠷᠡᠬᠢ ᠬᠠᠮᠤᠭ ᠤᠨ ᠲᠣᠮᠣ ᠬᠡᠷᠡᠯ ᠴᠡᠨᠡᠭ ᠤᠨ ᠬᠠᠪᠲᠠᠰᠤ ᠶᠢᠨ ᠵᠢᠷᠤᠭ ᠳᠦᠷᠰᠦᠲᠦ ᠴᠠᠬᠢᠯᠭᠠᠨ ᠥᠷᠲᠡᠭᠡ ᠪᠠᠷ ᠭᠡᠷᠡᠴᠢᠯᠡᠭᠳᠡᠪᠡ ᠃ ᠡᠨᠡ ᠬᠦ ︽  ᠠᠵᠢᠨᠠᠢ ᠬᠦᠯᠦᠭ ︾ ᠪᠣᠯ ᠲᠡᠯᠡᠳ ᠬᠡᠷᠡᠯ ᠢᠶᠠᠷ ᠴᠠᠬᠢᠯᠭᠠᠨ ᠭᠠᠷᠭᠠᠬᠤ ᠶᠢᠨ ᠬᠡᠷᠡᠭᠯᠡᠭᠡᠨ ᠤ ᠳᠠᠭᠠᠭᠤᠯᠤᠭᠴᠢ ᠰᠠᠭᠤᠷᠢᠨ ᠭᠠᠵᠠᠷ ᠤᠨ ᠨᠢᠭᠡ ᠬᠡᠰᠡᠭ ᠪᠣᠯᠣᠨ᠎ᠠ ᠃      ᠴᠦᠯᠯᠡᠷᠬᠡᠭᠵᠢᠯ ᠢ ᠵᠠᠰᠠᠬᠤ ᠠᠴᠠ ᠤᠯᠠᠨ ᠠᠵᠤ ᠦᠢᠯᠡᠰ ᠢ ᠠᠭᠤᠰᠤᠯᠴᠠᠭᠤᠯᠤᠨ ᠵᠡᠷᠭᠡᠪᠡᠷ ᠤᠷᠤᠭᠰᠢᠯᠠᠭᠤᠯᠬᠤ ᠬᠦᠷᠲᠡᠯ᠎ᠡ᠂ ᠳᠥᠷᠪᠡᠬᠡᠨ ᠵᠢᠯ ᠤᠨ ᠬᠤᠭᠤᠴᠠᠭᠠᠨ ᠳᠤ᠂ ᠲᠠᠯᠠᠳ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠡᠷᠡᠭᠯᠡᠭᠡᠨ ᠤ ᠳᠠᠭᠠᠭᠤᠯᠤᠭᠴᠢ ᠰᠠᠭᠤᠷᠢᠨ ᠭᠠᠵᠠᠷ ᠨᠢ ᠳᠤᠮᠳᠠᠳᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠤᠭ ᠪᠣᠰᠬᠠᠵᠤ᠂ ᠳᠡᠯᠡᠬᠡᠢ ᠶᠢᠨ ᠴᠦᠯᠯᠡᠷᠬᠡᠭᠵᠢᠯ ᠢ ᠵᠠᠰᠠᠬᠤ ᠳᠤ ᠰᠢᠨ᠎ᠡ ᠵᠠᠮ ᠨᠡᠭᠡᠭᠡᠵᠦ ᠥᠭᠴᠡᠢ       2018 ᠣᠨ ᠤ 5 ᠰᠠᠷ᠎ᠠ ᠶᠢᠨ 29  ᠤ ᠡᠳᠦᠷ᠂ ᠲᠠᠯᠠᠳ  ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠡᠷᠡᠭᠯᠡᠭᠡᠨ ᠤ ᠳᠠᠭᠠᠭᠤᠯᠤᠭᠴᠢ ᠰᠠᠭᠤᠷᠢᠨ ᠤ ᠨᠢᠭᠡᠳᠦᠭᠡᠷ ᠬᠤᠭᠤᠴᠠᠭᠠᠨ ᠤ 50 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠵᠡᠢ᠃ ᠲᠤᠰ ᠵᠢᠯ ᠤᠨ 12 ᠰᠠᠷ᠎ᠠ ᠶᠢᠨ 10  ᠤ ᠡᠳᠦᠷ᠂ ᠨᠢᠭᠡ ᠤᠳᠠᠭ᠎ᠠ ᠶᠢᠨ ᠴᠢᠨᠠᠷᠲᠠᠢ ᠪᠦᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠱᠠᠭᠠᠷᠳᠠᠭᠰᠠᠨ ᠲᠣᠣᠷ ᠲᠤ ᠨᠡᠶᠢᠯᠡᠭᠦᠯᠬᠦ ᠴᠠᠭ ᠠᠴᠠ 20 ᠡᠳᠦᠷ ᠤᠷᠢᠳᠴᠢᠯᠠᠵᠤ᠂ ᠪᠦᠬᠦ ᠤᠯᠤᠰ ᠤᠨ ᠭᠤᠷᠪᠠᠳᠤᠭᠠᠷ ᠪᠦᠯᠦᠭ ᠤᠨ 10 ᠭᠡᠷᠡᠯ ᠴᠡᠨᠡᠭ ᠤᠨ ᠳᠠᠭᠠᠭᠤᠯᠤᠨ ᠭᠦᠶᠦᠬᠦ ᠰᠠᠭᠤᠷᠢᠨ ᠤ ᠳᠣᠲᠣᠷᠠᠬᠢ ᠠᠩᠬᠠᠳᠠᠭᠴᠢ ᠪᠦᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠦᠨ ᠨᠢᠭᠡ ᠤᠳᠠᠭ᠎ᠠ ᠶᠢᠨ ᠴᠢᠨᠠᠷᠲᠠᠢ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠦᠭᠰᠡᠨ ᠰᠠᠭᠤᠷᠢᠨ ᠪᠣᠯᠣᠨ᠎ᠠ᠃      ︽  ᠬᠡᠷᠡᠯ ᠴᠡᠨᠡᠭ ᠤᠨ ᠴᠠᠬᠢᠯᠭᠠᠨ ᠥᠷᠲᠡᠭᠡᠨ ᠤ ᠬᠡᠪ ᠤᠨ ᠠᠵᠢᠯᠯᠠᠭ᠎ᠠ ᠨᠢ ᠡᠯᠡᠰᠦ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠠᠴᠠ ᠰᠠᠯᠵᠤ ᠴᠢᠳᠠᠬᠤ ᠦᠭᠡᠢ ᠶᠤᠮ ᠃ ᠺᠣᠮᠫᠠᠨᠢ ᠬᠢᠭᠡᠳ ᠬᠤᠰᠢᠭᠤᠨ ᠤ ᠵᠠᠰᠠᠭ ᠤᠨ ᠣᠷᠳᠣᠨ ABO ︵  ᠡᠷᠬᠡ ᠣᠯᠭᠤᠭᠰᠠᠨ Authorize ︱ Build ︱ ᠡᠵᠡᠩᠨᠡᠯᠲᠡ ᠶᠢᠨ Operate ︶ ᠶᠢᠨ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠨ ᠂ ᠡᠯᠡᠰᠦ ᠮᠠᠩᠬ᠎ᠠ ᠂ ᠭᠤᠪᠢ ᠂ ᠡᠯᠡᠰᠦᠨ ᠴᠥᠯ  ᠂ ᠠᠭᠤᠷᠬᠠᠢ ᠶᠢᠨ ᠨᠡᠭᠦᠷᠡᠰᠦ ᠮᠠᠯᠲᠠᠭᠰᠠᠨ ᠠᠴᠠ ᠳᠣᠭᠤᠭᠰᠢ ᠰᠠᠭᠤᠭᠰᠠᠨ ᠣᠷᠣᠨ ᠂ ᠳᠠᠬᠢᠨ ᠬᠠᠭᠠᠯᠪᠤᠷᠢᠯᠠᠭᠰᠠᠨ ᠣᠷᠣᠨ ᠢ ᠠᠰᠢᠭᠯᠠᠵᠤ ᠂ ᠠᠮᠢ ᠠᠬᠤᠢ ᠶᠢᠨ ᠣᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ᠵᠠᠭᠪᠤᠷ ᠢ ᠬᠡᠷᠡᠭᠯᠡᠨ ᠂ ᠡᠯᠡᠰᠦ ᠮᠠᠩᠬ᠎ᠠ ᠶᠢᠨ ᠠᠮᠢ ᠠᠬᠤᠢ ᠶᠢᠨ ᠵᠠᠰᠠᠯᠲᠠ ᠂ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠭᠠᠷᠭᠠᠬᠤ ᠠᠵᠤ ᠦᠢᠯᠡᠰ ᠂ ᠡᠯᠡᠰᠦ ᠮᠠᠩᠬ᠎ᠠ ᠶᠢᠨ ᠲᠠᠷᠢᠶᠠᠯᠠᠩ ᠣᠶ ᠰᠢᠭᠤᠢ ᠶᠢᠨ ᠠᠵᠤ ᠦᠢᠯᠡᠰ ᠂ ᠡᠯᠡᠰᠦ ᠮᠠᠩᠬ᠎ᠠ ᠶᠢᠨ ᠣᠨᠴᠠᠯᠢᠭᠲᠤ ᠵᠢᠭᠤᠯᠴᠢᠯᠠᠯ ᠵᠡᠷᠭᠡ ᠣᠯᠠᠨ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠪᠡᠶᠡᠯᠡᠭᠦᠯᠦᠨ᠎ᠡ ︾ ᠭᠡᠵᠡᠢ ᠃ ᠨᠣᠭᠤᠭᠠᠨ ᠡᠨᠧᠷᠭᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠦᠯᠦᠭᠯᠡᠯ ᠺᠣᠮᠫᠠᠨᠢ ᠶᠢᠨ ᠶᠡᠷᠦᠩᠬᠡᠢ ᠳᠠᠭᠠᠭᠠᠮᠠᠯ ᠲᠢᠶᠠᠨ ᠵᠠᠨ ᠵᠤᠸᠠᠩ ᠰᠤᠷᠪᠤᠯᠵᠢᠯᠠᠭᠴᠢ ᠳᠤ ᠲᠠᠨᠢᠯᠴᠠᠭᠤᠯᠪᠠ᠃      《 ᠠᠮᠢ ᠠᠬᠤᠢ  ᠶᠢᠨ ᠵᠠᠰᠠᠯᠲᠠ  ᠶᠢᠨ ᠦᠷ᠎ᠡ ᠪᠦᠲᠦᠮᠵᠢ ᠢᠯᠡᠳᠲᠡ ᠪᠣᠯᠪᠠ 》 ᠃ ᠳᠠᠯᠠᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠰᠤᠭ ᠤᠨ ᠡᠷᠬᠢᠯᠡᠭᠴᠢ ᠭᠤᠤ ᠵᠢᠶᠠᠨ᠄︽ᠬᠡᠷᠡᠯ ᠴᠡᠨᠡᠭ ᠤᠨ ᠲᠦᠷᠦᠯ ᠵᠦᠢᠯ ᠨᠢ ᠤᠰᠤ ᠪᠣᠷᠳᠣᠭᠤᠷ ᠢ ᠪᠠᠲᠤᠯᠠᠬᠤ᠂ ᠤᠰᠤ ᠠᠷᠪᠢᠯᠠᠵᠤ ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠮᠡᠷᠭᠡᠵᠢᠯ ᠲᠠᠢ ᠤᠶᠠᠯᠳᠤᠭᠤᠯᠤᠨ ︿ᠤᠢ ᠰᠢᠭᠤᠢ ᠬᠡᠷᠡᠯ ᠭᠢᠯᠪᠠᠭ᠎ᠠ ᠶᠢ ᠬᠠᠷᠢᠯᠴᠠᠨ ᠨᠥᠬᠦᠪᠦᠷᠢᠯᠡᠬᠦ﹀ᠢᠨᠵᠧᠨᠧᠷᠢᠩ ᠢ ᠬᠡᠷᠡᠭᠵᠢᠭᠦᠯᠵᠦ᠂ ᠲᠦᠷᠦᠯ ᠵᠦᠢᠯ ᠤᠨ ᠣᠷᠣᠨ ᠤ ᠡᠯ᠎ᠡ ᠲᠦᠷᠦᠯ ᠤᠨ ᠬᠤᠭᠤᠰᠤᠨ ᠭᠠᠵᠠᠷ ᠢ ᠠᠰᠢᠭᠯᠠᠵᠤ᠂ ᠪᠣᠷᠣ ᠲᠦᠷᠦᠭᠦᠲᠦ ᠬᠤᠸᠠᠶᠢᠰᠠ᠂ ᠤᠭᠤᠷᠠᠭᠲᠤ ᠢᠯᠠᠮ᠎ᠠ᠂ ᠤᠯᠢᠶᠠᠰᠤᠨ ᠲᠦᠯᠡᠭᠡ ᠵᠡᠷᠭᠡ ᠠᠵᠤ ᠠᠬᠤᠢ ᠶᠢᠨ ᠤᠢ ᠮᠣᠳᠣ ᠵᠢᠴᠢ ᠬᠤᠨᠢᠨ ᠡᠪᠡᠰᠦ᠂ ᠬᠤᠵᠢᠷᠯᠢᠭ ᠡᠪᠡᠰᠦ᠂ ᠴᠠᠷᠭᠠᠰᠤ ᠵᠡᠷᠭᠡ ᠰᠢᠯᠢᠳᠡᠭ ᠲᠡᠵᠢᠭᠡᠯ ᠡᠪᠡᠰᠦ ᠶᠢ ᠰᠣᠯᠪᠢᠴᠠᠭᠤᠯᠤᠨ ᠲᠠᠷᠢᠨ᠎ᠠ᠃ ᠣᠳᠣᠬᠠᠨ ᠳᠤ᠂ ︿ᠤᠢ ᠰᠢᠭᠤᠢ ᠶᠢᠨ ᠭᠡᠷᠡᠯ ᠤᠨ ᠬᠠᠷᠢᠯᠴᠠᠨ ᠨᠥᠬᠦᠪᠦᠷᠢᠯᠡᠬᠦ﹀ ᠢᠨᠵᠧᠨᠧᠷᠢᠩ ᠢ 5 ᠲᠦᠮᠡᠨ ᠮᠦ ᠰᠢᠬᠠᠮ ᠪᠡᠶᠡᠯᠡᠭᠦᠯᠵᠡᠢ︾ᠭᠡᠵᠦ ᠬᠡᠯᠡᠪᠡ᠃      ︽ᠬᠥᠬᠡ ᠲᠠᠩᠭᠢᠰ ᠤᠨ ᠨᠣᠭᠤᠭᠠᠨ ᠪᠦᠷᠢᠳᠦ︾ ᠨᠢ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠳᠤ ᠴᠤ ᠰᠠᠶᠢᠨ ᠰᠠᠶᠢᠬᠠᠨ ᠥᠩᠭᠡ ᠦᠵᠡᠮᠵᠢ ᠶᠢ ᠠᠪᠴᠢᠷᠠᠵᠤ ᠥᠭᠴᠡᠢ᠃      ︽ᠮᠠᠨ ᠤ ᠭᠡᠷ ᠲᠤ ᠲᠠᠷᠢᠶ᠎ᠠ ᠲᠠᠷᠢᠬᠤ ᠠᠴᠠ ᠭᠠᠳᠠᠨ᠎ᠠ ᠪᠠᠰᠠ ᠬᠤᠨᠢ ᠲᠡᠵᠢᠭᠡᠵᠦ᠂ ᠠᠳᠡ ᠬᠦᠴᠦ ᠶᠠᠪᠤᠭᠰᠠᠨ ᠤ ᠣᠷᠣᠯᠭ᠎ᠠ ᠶᠢ ᠨᠡᠮᠡᠪᠡᠯ ᠭᠡᠷ ᠤᠨ ᠡᠭᠦᠳᠡᠨ ᠳᠤ ᠪᠠᠶᠠᠵᠢᠵᠤ ᠪᠣᠯᠣᠨ᠎ᠠ ᠭᠡᠵᠦ ᠬᠡᠯᠡᠵᠦ ᠪᠣᠯᠣᠨ᠎ᠠ︾᠃ ᠵᠣᠣ ᠵᠢᠶᠦ᠋ᠨ ᠪᠠᠯᠭᠠᠰᠤᠨ ᠤ ᠯᠢᠦ ᠯᠢᠨ ᠲᠣᠰᠬᠤᠨ ᠤ 60 ᠨᠠᠰᠤᠲᠠᠢ ᠮᠠ ᡁᠢ ᠴᠢᠶᠠᠩ ᠪᠣᠯ ᠬᠡᠷᠡᠯ ᠴᠡᠨᠡᠭ ᠤᠨ ᠲᠥᠷᠥᠯ ᠵᠦᠢᠯ ᠤᠨ ᠠᠰᠢᠭ ᠬᠦᠷᠲᠡᠭᠴᠢ ᠮᠥᠨ ᠃      ᠠᠯᠳᠠᠨ ᠨᠠᠮᠤᠷ ᠤᠨ ᠤᠯᠠᠷᠢᠯ ᠳᠤ᠂ ᠲᠠᠯᠠᠳ ᠬᠤᠰᠢᠭᠤᠨ ᠤ ᠤᠢ ᠰᠢᠭᠤᠢ ᠳᠤ ᠪᠦᠷᠬᠦᠭᠳᠡᠵᠦ᠂ ᠪᠣᠬᠢᠷᠳᠤᠯ ᠦᠭᠡᠢ ᠠᠵᠤ ᠦᠢᠯᠡᠰ ᠥᠷᠨᠢᠭᠦᠨ ᠬᠥᠭᠵᠢᠵᠦ᠂ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠨᠦᠭᠦᠳ ᠨᠢᠳᠦᠨ ᠳᠤ ᠲᠣᠳᠣᠬᠠᠨ ᠬᠠᠷᠠᠭᠳᠠᠨ᠎ᠠ᠃      ᠱᠣ ᠯᠢᠨ ᠵᠤᠤ ᠪᠠᠯᠭᠠᠰᠤ ᠶᠢᠨ ᠳ᠋ᠦᠩ ᠬᠠᠢ ᠰᠢᠨ ᠲᠣᠰᠬᠤᠨ ᠬᠠᠳᠤᠨ ᠭᠤᠣᠯ ᠲᠠᠢ ᠬᠥᠷᠰᠢᠯᠡᠵᠦ᠂ ᠲᠣᠰᠬᠤᠨ ᠤ ᠠᠷᠠᠳ ᠵᠢᠭᠠᠰᠤ ᠲᠡᠵᠢᠭᠡᠬᠦ ᠪᠠᠷ ᠪᠠᠶᠠᠨ ᠴᠢᠨᠡᠭᠡᠯᠢᠭ ᠪᠣᠯᠪᠠ᠃ 2018 ᠣᠨ ᠳᠤ᠂ ᠳ᠋ᠦᠩ ᠬᠠᠢ ᠰᠢᠨ ᠲᠣᠰᠬᠤᠨ︽ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠨᠢᠭᠡ ᠲᠣᠰᠬᠤᠨ ᠨᠢᠭᠡ ᠳᠡᠰ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠦᠨᠡᠯᠡᠭᠳᠡᠵᠦ᠂ ᠬᠤᠯᠠ ᠣᠶᠢᠷ᠎ᠠ ᠳᠠᠭᠠᠨ ᠠᠯᠳᠠᠷᠲᠠᠢ ᠪᠠᠶᠠᠨ ᠴᠢᠨᠡᠭᠡᠯᠢᠭ ᠲᠣᠰᠬᠤᠨ ᠪᠣᠯᠵᠠᠢ᠃      ᠠᠷᠠᠰᠤ ᠨᠢ ᠬᠠᠪ ᠬᠠᠷ᠎ᠠ ᠂ ᠪᠡᠶ᠎ᠡ ᠨᠢ ᠬᠦᠳᠡᠷ ᠴᠢᠭᠢᠷᠠᠭ ᠵᠠᠩ ᠹᠦ᠋ ᠺᠤᠸᠠᠨ ᠪᠣᠯ ᠲᠤᠬᠠᠢ  ᠶᠢᠨ ᠭᠠᠵᠠᠷ ᠲᠤ ᠲᠥᠷᠥᠵᠦ ᠥᠰᠦᠭᠰᠡᠨ ᠳ᠋ᠦᠩ ᠬᠠᠢ ᠰᠢᠨ ᠲᠣᠰᠬᠤᠨ ᠤ ᠬᠥᠮᠥᠨ ᠶᠤᠮ ᠃ ᠲᠡᠷᠡ ᠡᠮᠴᠢ ᠪᠣᠯᠵᠤ᠂ ᠠᠷᠠᠯᠵᠢᠶ᠎ᠠ ᠬᠢᠵᠦ ᠥᠩᠭᠡᠷᠡᠵᠡᠢ᠂ 2009 ᠣᠨ ᠳᠤ ᠨᠤᠲᠤᠭ ᠲᠠᠭᠠᠨ ᠪᠤᠴᠠᠵᠤ ᠦᠢᠯᠡᠰ ᠪᠣᠰᠬᠠᠵᠤ᠂ ᠳ᠋ᠦᠩ ᠬᠠᠢ ᠰᠢᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠲᠤᠰᠬᠠᠢ ᠬᠤᠷᠰᠢᠶ᠎ᠠ ᠶᠢ ᠪᠠᠶᠢᠭᠤᠯᠤᠭᠰᠠᠨ ᠪᠥᠭᠡᠳ ᠲᠣᠰᠬᠤᠨ ᠤ ᠠᠷᠠᠳ ᠤᠨ ᠭᠠᠷ ᠠᠴᠠ 1200 ᠭᠠᠷᠤᠢ ᠮᠦ ᠠᠲᠠᠷᠰᠢᠭᠤᠯᠤᠭᠰᠠᠨ ᠬᠤᠵᠢᠷᠯᠢᠭ ᠭᠠᠵᠠᠷ ᠢ ᠳᠠᠭᠠᠭᠠᠴᠢᠯᠠᠪᠠ᠃      《ᠦᠨᠡᠨ ᠳᠡᠭᠡᠨ ᠲᠠᠷᠢᠶᠠᠯᠠᠩ ᠢ ᠬᠥᠭᠵᠢᠭᠦᠯᠬᠦ ᠳᠤ ᠮᠠᠰᠢ ᠤᠯᠠᠨ ᠡᠷᠳᠡᠮ ᠮᠡᠳᠡᠯᠭᠡ ᠱᠠᠭᠠᠷᠳᠠᠭᠳᠠᠨ᠎ᠠ᠂ ᠪᠢ ᠡᠷᠬᠡᠪᠰᠢ ᠲᠠᠰᠤᠷᠠᠯᠳᠠ ᠦᠭᠡᠢ ᠰᠤᠷᠤᠯᠴᠠᠬᠤ ᠬᠡᠷᠡᠭᠲᠡᠢ᠃》 ᠵᠠᠩ ᠹᠦ᠋ ᠺᠤᠸᠠᠨ ᠬᠡᠯᠡᠬᠦ ᠳᠡᠭᠡᠨ ᠂ ᠵᠠᠰᠠᠭ ᠤᠨ ᠣᠷᠳᠣᠨ ᠤ ᠲᠠᠨᠢᠯᠴᠠᠭᠤᠯᠭ᠎ᠠ ᠪᠠᠷ ᠳᠡᠮᠵᠢᠨ ᠂ ᠬᠤᠷᠰᠢᠶ᠎ᠠ ᠨᠢ ᠱᠠᠩᠬᠠᠢ ᠶᠢᠨ ᠲᠡᠯᠡᠶ ᠲᠠᠩᠭᠢᠰ ᠤᠨ ᠶᠡᠭᠡ ᠰᠤᠷᠭᠠᠭᠤᠯᠢ ᠶᠢᠨ ᠬᠠᠮᠢᠶᠠᠷᠤᠨ ᠬᠠᠮᠠᠭᠠᠯᠠᠬᠤ ᠴᠡᠷᠢᠭ ᠲᠠᠢ ᠬᠠᠮᠲᠤᠷᠠᠨ ᠠᠵᠢᠯᠯᠠᠵᠤ ᠂ ᠡᠬᠡ ᠬᠠᠭᠤᠷᠠᠢ ᠶᠢᠨ ᠰᠠᠭᠤᠷᠢᠨ ᠭᠠᠵᠠᠷ ᠤᠨ ᠠᠮᠢ ᠠᠬᠤᠢ ᠶᠢᠨ ᠵᠢᠭᠠᠰᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠢ ᠣᠷᠣᠭᠤᠯᠤᠨ ᠠᠪᠴᠢᠷᠠᠵᠤ ᠂ ︽  ᠵᠢᠭᠠᠰᠤ ᠠᠩᠨᠠᠬᠤ ᠪᠠᠷ ᠬᠤᠵᠢᠷ ᠢ ᠥᠭᠡᠷᠡᠴᠢᠯᠡᠬᠦ ︾ ᠵᠠᠭᠪᠤᠷ ᠢᠶᠠᠷ ᠳᠠᠮᠵᠢᠭᠤᠯᠤᠨ ᠂ ᠬᠤᠵᠢᠷᠯᠢᠭ ᠭᠠᠵᠠᠷ ᠤᠨ ᠲᠤᠲᠤᠷᠭ᠎ᠠ ᠶᠢᠨ ᠵᠢᠭᠠᠰᠤᠨ ᠠᠵᠤ ᠠᠬᠤᠢ ᠶᠢ ᠰᠠᠶᠢᠵᠢᠷᠠᠭᠤᠯᠬᠤ ᠶᠡᠷᠦᠩᠬᠡᠶᠢᠯᠡᠭᠰᠡᠨ ᠳᠠᠷᠢᠵᠤ ᠲᠡᠵᠢᠭᠡᠬᠦ ᠵᠦᠢᠯᠡᠰ ᠢ ᠬᠡᠷᠡᠭᠵᠢᠭᠦᠯᠦᠨ᠎ᠡ ᠭᠡᠵᠡᠢ ᠃      ᠪᠦᠷᠦᠢ ᠶᠢᠨ ᠦᠶ᠎ᠡ ᠪᠠᠷ ︽  ᠲᠤᠲᠤᠷᠭ᠎ᠠ ᠶᠢᠨ ᠵᠢᠭᠠᠰᠤᠴᠢᠨ ᠤ ᠵᠡᠭᠦᠳᠦᠨ ᠦᠢᠯᠡᠳᠪᠦᠷᠢ ︾ ᠶᠢᠨ ᠲᠤᠲᠤᠷᠭ᠎ᠠ ᠶᠢᠨ ᠲᠠᠷᠢᠶᠠᠨ ᠳᠠᠬᠢ ᠨᠠᠢᠮᠠᠯᠵᠢ ᠮᠥᠯᠬᠦᠨ ᠭᠠᠷᠴᠤ ᠢᠷᠡᠭᠡᠳ ︽  ᠰᠡᠯᠡᠭᠦᠴᠡᠨ ᠠᠯᠬᠤᠵᠤ ︾ ᠂ ᠳᠡᠮᠡᠢ ᠬᠤᠯᠠ ᠦᠭᠡᠢ ᠨᠠᠭᠤᠷ ᠴᠥᠭᠦᠷᠥᠮ ᠳᠤ ᠵᠢᠭᠠᠰᠤ ᠦᠰᠦᠷᠴᠦ ᠬᠠᠷᠠᠶᠢᠨ᠎ᠠ ᠃      ︽ᠪᠢ ᠬᠤᠷᠰᠢᠶᠠᠨ ᠳᠤ 4 ᠵᠢᠯ ᠬᠥᠯᠥᠰᠦᠨ ᠠᠵᠢᠯ ᠬᠢᠵᠡᠢ᠂ ᠡᠨᠡᠬᠦ 50 ᠮᠦ ᠲᠤᠲᠤᠷᠭ᠎ᠠ ᠶᠢᠨ ᠲᠠᠷᠢᠶᠠᠨ ᠳᠤ ᠨᠢᠭᠡ ᠲᠣᠭᠤᠷᠢᠭ ᠶᠠᠪᠤᠬᠤ ᠳᠤ 2 ᠴᠠᠭ ᠬᠡᠷᠡᠭᠰᠡᠨ᠎ᠡ︾᠃ 65 ᠨᠠᠰᠤᠲᠠᠢ ᠸᠠᠩ ᠯᠧᠩ ᠲᠤᠲᠤᠷᠭ᠎ᠠ ᠶᠢᠨ ᠲᠠᠷᠢᠶᠠᠨ ᠳᠤ ᠨᠠᠢᠮᠠᠯᠵᠢ ᠲᠡᠵᠢᠭᠡᠵᠦ ᠪᠠᠶᠢᠯ᠎ᠠ ᠃      ᠵᠠᠩ ᠹᠦ᠋ ᠺᠤᠸᠠᠨ ᠬᠡᠯᠡᠬᠦ ᠳᠡᠭᠡᠨ ᠂ ᠣᠳᠣᠬᠠᠨ ᠳᠤ ᠲᠡᠭᠦᠨ ᠤ ᠳᠠᠭᠠᠭᠠᠴᠢᠯᠠᠭᠰᠠᠨ 1200 ᠭᠠᠷᠤᠢ ᠮᠦ ᠬᠤᠵᠢᠷᠯᠢᠭ ᠭᠠᠵᠠᠷ  ᠢ ᠨᠢᠭᠡᠨᠲᠡ 600 ᠮᠦ ᠨᠡᠭᠡᠭᠡᠨ ᠬᠥᠭᠵᠢᠭᠦᠯᠵᠦ ᠥᠭᠡᠷᠡᠴᠢᠯᠡᠨ ᠰᠠᠶᠢᠵᠢᠷᠠᠭᠤᠯᠵᠠᠢ ᠂ ᠡᠭᠦᠨ ᠳᠤ 450 ᠮᠦ  ᠶᠢ ᠨᠢ ᠤᠰᠤᠨ ᠲᠤᠲᠤᠷᠭ᠎ᠠ ᠳᠠᠷᠢᠬᠤ  ᠶᠢᠨ ᠬᠠᠮᠲᠤ ᠲᠤᠲᠤᠷᠭ᠎ᠠ  ᠶᠢᠨ ᠲᠠᠷᠢᠶᠠᠨ ᠳᠤ ᠨᠠᠢᠮᠠᠯᠵᠢ ᠲᠡᠵᠢᠭᠡᠨ ᠦᠷᠡᠵᠢᠭᠦᠯᠵᠦ ᠂ ᠦᠯᠡᠳᠡᠭᠰᠡᠨ 150 ᠮᠦ  ᠶᠢ ᠨᠢ ᠰᠠᠮ ᠬᠤᠷᠣᠬᠠᠢ ᠂ ᠬᠠᠲᠤᠨ ᠭᠤᠣᠯ ᠤᠨ ᠮᠥᠷᠭᠦ ᠵᠢᠭᠠᠰᠤ ᠂ ᠠᠯᠠᠭᠠᠨᠠ ᠵᠢᠭᠠᠰᠤ ᠵᠡᠷᠭᠡ ᠤᠰᠤᠨ ᠤ ᠭᠠᠷᠤᠯᠲᠠ  ᠶᠢ ᠲᠡᠵᠢᠭᠡᠨ ᠦᠷᠡᠵᠢᠭᠦᠯᠬᠦ ᠳᠤ ᠬᠡᠷᠡᠭᠯᠡᠵᠦ ᠪᠠᠶᠢᠨ᠎ᠠ ᠭᠡᠵᠡᠢ ᠃       ᠡᠨᠡ 1200 ᠭᠠᠷᠤᠢ ᠮᠦ ᠬᠤᠵᠢᠷᠯᠢᠭ ᠭᠠᠵᠠᠷ  ᠢ ᠪᠦᠬᠦᠨ  ᠢᠶᠠᠷ ᠨᠢ ᠰᠠᠶᠢᠵᠢᠷᠠᠭᠤᠯᠤᠭᠰᠠᠨ ᠤ ᠳᠠᠷᠠᠭ᠎ᠠ ᠲᠣᠰᠬᠤᠨ ᠤ ᠠᠷᠠᠳ ᠲᠤ ᠪᠤᠴᠠᠭᠠᠨ ᠲᠦᠷᠢᠶᠡᠰᠦᠯᠡᠵᠦ ᠥᠭᠴᠦ ᠪᠣᠯᠣᠨ᠎ᠠ ᠂ ᠢᠩᠭᠢᠪᠡᠯ ᠲᠤᠬᠠᠢ  ᠶᠢᠨ ᠦᠶ᠎ᠡ ᠳᠤ ᠠᠲᠠᠷᠰᠢᠭᠤᠯᠤᠭᠰᠠᠨ ᠬᠤᠵᠢᠷᠯᠢᠭ ᠭᠠᠵᠠᠷ  ᠢ ᠣᠯᠠᠨ ᠢᠶᠠᠷ ᠢᠶᠠᠨ ᠴᠥᠮ ᠭᠦᠢᠴᠡᠳ ᠠᠰᠢᠭᠯᠠᠵᠤ ᠴᠢᠳᠠᠬᠤ ᠪᠣᠯᠣᠨ᠎ᠠ ᠃  ︽ᠲᠤᠲᠤᠷᠭ᠎ᠠ ᠶᠢᠨ ᠵᠢᠭᠠᠰᠤᠨ ᠠᠵᠤ ᠠᠬᠤᠢ ᠶᠢᠨ ᠵᠡᠭᠦᠳᠦᠨ ᠤ ᠦᠢᠯᠡᠳᠪᠦᠷᠢ︾ ᠶᠢᠨ ᠢᠷᠡᠭᠡᠳᠦᠢ ᠶᠢᠨ ᠲᠤᠬᠠᠢ ᠶᠠᠷᠢᠬᠤ ᠳᠤ᠂ ᠵᠠᠩ ᠹᠦ᠋ ᠺᠤᠸᠠᠨ ᠢᠲᠡᠭᠡᠯ ᠳᠦᠭᠦᠷᠡᠩ ᠪᠠᠶᠢᠯ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号