2022 ᠣᠨ ᠠᠴᠠ ᠡᠬᠢᠯᠡᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ | ᠵᠡᠷᠭᠡ ᠨᠠᠢᠮᠠᠨ ᠶᠠᠮᠤᠨ ᠵᠥᠪᠯᠡᠯ ᠬᠠᠮᠲᠤᠷᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠮᠠᠶ᠋ᠢᠭ︾ | ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ︽ᠤᠨᠢᠨ ᠳᠡᠭᠡᠷ᠎ᠡ ᠨᠢ ᠪᠡᠶᠡᠯᠡᠭᠦᠯᠬᠦ᠂ ᠦᠷᠭᠦᠯᠵᠢᠯᠡᠬᠦ᠂ ᠦᠷ᠎ᠡ | ᠪᠦᠲᠦᠮᠵᠢ ᠲᠠᠢ ᠪᠠᠶᠢᠬᠤ︾ ᠵᠠᠷᠴᠢᠮ ᠶᠣᠰᠣᠭᠠᠷ᠂ ᠬᠦᠴᠦᠨ ᠢᠶᠠᠨ ᠲᠥᠪᠯᠡᠷᠡᠭᠦᠯᠦᠨ ᠪᠠᠷᠠᠭᠤᠨ ᠣᠷᠣᠨ ᠤ 10 ᠮᠤᠵᠢ | ᠣᠷᠣᠨ ᠬᠤᠳᠠ ᠶᠢᠨ 160 ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠰᠢᠶᠠᠨ ᠳᠤ 1 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ 1 ᠠᠵᠢᠯ | ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠪᠠᠶᠢᠭᠤᠯᠬᠤ ᠶᠢ ᠬᠠᠪᠰᠤᠷᠪᠠ᠃ | ᠪᠦᠯᠬᠦᠮ ᠬᠡᠯᠪᠡᠷᠢ ᠶᠢᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠪᠣᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠦᠲᠦᠮᠵᠢᠲᠡᠢ | ᠭᠠᠷᠳᠠᠴᠠ ᠮᠥᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠬᠤᠣᠰᠯᠠᠯ ᠪᠠᠶᠢᠭᠤᠯᠤᠨ ᠬᠠᠮᠲᠤᠪᠠᠷ ᠪᠠᠶᠢᠭᠤᠯᠵᠤ ᠬᠠᠪᠰᠤᠷᠤᠨ | ᠲᠡᠳᠬᠦᠬᠦ ᠠᠵᠢᠯᠯᠠᠭ᠎ᠠ ᠶᠢ ᠥᠷᠨᠢᠭᠦᠯᠬᠦ ᠨᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ᠣᠷᠴᠣᠨ ᠤ ᠥᠪᠡᠷᠲᠡᠭᠡᠨ ᠵᠠᠰᠠᠬᠤ ᠬᠤᠰᠢᠭᠤ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ︽ᠪᠦᠯᠬᠦᠮ ᠮᠠᠶ᠋ᠢᠭ︾ ᠤᠨ | ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠲᠢᠶᠠᠨ ᠶᠠ ᠯᠢ᠂ ᠵᠠᠩ ᠸᠧᠨ ᠱᠧᠩ ᠨᠠᠷ ᠤᠳᠤ | ᠨᠢᠭᠡᠨᠲᠡ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ ᠭᠦᠨᠵᠡᠭᠡᠶᠢᠷᠡᠨ ᠭᠤᠷᠪᠠᠨ ᠵᠢᠯ ᠤᠨ ᠬᠤᠭᠤᠴᠠᠭ᠎ᠠ ᠲᠠᠢ | ᠬᠠᠪᠰᠤᠷᠤᠨ ᠲᠡᠳᠬᠦᠬᠦ ᠠᠵᠢᠯ ᠢ ᠥᠷᠨᠢᠭᠦᠯᠵᠡᠢ᠃ | ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠣᠯ ᠵᠠᠬ᠎ᠠ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ ᠪᠣᠯᠣᠨ᠎ᠠ ᠂ ᠮᠥᠨ ᠴᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠪᠣᠯᠣᠨ᠎ᠠ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ ᠂ ︽ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ︾ ︽ ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ ︾ ᠲᠥᠯᠥᠪᠯᠡᠭᠡ ᠵᠡᠷᠭᠡ | ᠬᠠᠪᠰᠤᠷᠤᠨ ᠲᠡᠳᠬᠦᠬᠦ ᠠᠷᠭ᠎ᠠ ᠬᠡᠯᠪᠡᠷᠢ ᠪᠠᠷ ᠳᠡᠮᠵᠢᠨ ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠦᠷᠭᠡᠨ | ᠬᠥᠭᠵᠢᠵᠦ᠂ ᠡᠯ᠎ᠡ ᠲᠠᠯ᠎ᠠ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠤ ᠬᠠᠪᠰᠤᠷᠤᠨ ᠲᠡᠳᠬᠦᠬᠦ ᠵᠢᠯᠣᠭᠤᠳᠤᠯᠭ᠎ᠠ | ᠲᠤᠤᠷ᠎ᠠ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠴᠦ ᠨᠡᠯᠢᠶᠡᠳ ᠶᠡᠭᠡ ᠳᠡᠭᠡᠭᠰᠢᠯᠡᠯᠲᠡ ᠲᠠᠢ | ᠪᠣᠯᠤᠭᠰᠠᠨ ᠪᠠᠶᠢᠨ᠎ᠠ ᠃ | ᠵᠠᠯᠠᠶᠢᠳ ᠬᠤᠰᠢᠭᠤ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ︽ᠪᠦᠯᠬᠦᠮ ᠮᠠᠶ᠋ᠢᠭ︾︾ ᠤᠨ | ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠯᠧᠦ ᠪᠢᠨ᠂ ᠬᠧ ᠰᠢᠶᠣᠣ ᠮᠧᠩ ᠨᠠᠷ | ᠣᠳᠣᠬᠠᠨ ᠳᠤ ᠵᠠᠯᠠᠶᠢᠳ ᠬᠤᠰᠢᠭᠤᠨ ᠳᠤ ᠬᠦᠷᠴᠦ ᠭᠤᠷᠪᠠᠨ ᠵᠢᠯ ᠤᠨ ᠬᠤᠭᠤᠴᠠᠭ᠎ᠠ ᠲᠠᠢ ᠬᠠᠪᠰᠤᠷᠤᠨ ᠲᠡᠳᠬᠦᠬᠦ ᠠᠵᠢᠯ ᠢ | ᠥᠷᠨᠢᠭᠦᠯᠵᠦ ᠪᠤᠢ᠃ | ᠵᠠᠯᠠᠶᠢᠳ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠤᠯᠭ᠎ᠠ ᠢᠯᠡᠷᠬᠡᠶᠢᠯᠡᠬᠦ ᠳᠡᠭᠡᠨ ᠂ ᠲᠥᠪ ᠤᠨ ᠵᠣᠬᠢᠶᠠᠨ | ᠪᠠᠶᠢᠭᠤᠯᠬᠤ ᠬᠡᠯᠲᠡᠰ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠ ᠪᠡᠭᠡᠵᠢᠩ ᠤᠨ ᠬᠤᠶᠠᠷ ᠰᠤᠷᠭᠠᠭᠤᠯᠢ ᠶᠢᠨ ︽ | ᠪᠦᠯᠬᠦᠮ ᠪᠠᠶᠢᠭᠤᠯᠵᠤ ︾ ᠬᠠᠪᠰᠤᠷᠤᠨ ᠲᠡᠳᠬᠦᠭᠰᠡᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ ᠭᠡᠵᠡᠢ ᠃ ᠲᠤᠰᠠᠯᠠᠮᠵᠢ | ᠬᠦᠷᠳᠡᠬᠦ ᠰᠤᠷᠭᠠᠭᠤᠯᠢ ᠶᠢᠨ ᠬᠢᠨ ᠬᠠᠪᠰᠤᠷᠤᠨ ᠲᠡᠳᠬᠦᠬᠦ ᠠᠵᠠ ᠲᠣᠬᠢᠶᠠᠯ ᠢ ᠠᠮᠵᠢᠵᠤ᠂ ᠬᠠᠪᠰᠤᠷᠤᠨ ᠲᠡᠳᠬᠦᠬᠦ | ᠰᠤᠷᠭᠠᠭᠤᠯᠢ ᠠᠴᠠ ᠢᠯᠡᠭᠦᠬᠡᠨ ᠲᠤᠷᠰᠢᠯᠭ᠎ᠠ ᠬᠤᠷᠠᠮᠳᠤᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠥᠪᠡᠷ ᠢ ᠪᠠᠨ | ᠬᠦᠴᠦᠷᠬᠡᠭᠵᠢᠭᠦᠯᠵᠦ᠂ ᠲᠤᠰ ᠰᠤᠷᠭᠠᠭᠤᠯᠢ ᠶᠢᠨ ᠢᠶᠠᠨ ᠤᠯᠠᠮᠵᠢᠯᠠᠯᠲᠤ ᠳᠠᠪᠠᠭᠤᠯᠢᠭ ᠢ ᠪᠠᠳᠠᠷᠠᠭᠤᠯᠵᠤ᠂ ᠵᠣᠷᠢᠭᠲᠠᠢ ᠪᠠᠷ | ᠰᠢᠨ᠎ᠡ ᠶᠢ ᠡᠭᠦᠳᠴᠦ᠂ ︽ᠴᠢᠰᠤ ᠶᠡᠭᠦᠯᠡᠬᠦ︾ ᠠᠴᠠ ︽ᠴᠢᠰᠤ ᠪᠦᠲᠦᠭᠡᠬᠦ︾ ᠦᠨᠳᠦᠰᠦᠨ ᠬᠤᠪᠢᠷᠠᠯᠲᠠ ᠶᠢ ᠲᠦᠷᠭᠡᠨ | ᠪᠡᠶᠡᠯᠡᠭᠦᠯᠵᠦ᠂ ᠨᠢᠭᠡ ᠲᠠᠯ᠎ᠠ ᠶᠢᠨ ᠰᠤᠷᠭᠠᠨ ᠬᠥᠮᠦᠵᠢᠯ ᠳᠤ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ︽ᠪᠦᠯᠬᠦᠮ ᠮᠠᠶ᠋ᠢᠭ︾︾ ᠤᠨ | ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠮᠠ ᠸᠧᠢ ᠰᠢᠶᠦ᠋ᠨ᠂ ᠴᠠᠢ ᠪᠢᠨ ᠨᠠᠷ ᠤᠳᠤ | ᠨᠢᠭᠡᠨᠲᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠭᠤᠷᠪᠠᠨ ᠵᠢᠯ ᠤᠨ ᠬᠤᠭᠤᠴᠠᠭ᠎ᠠ ᠲᠠᠢ | ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠤᠢ᠃ | ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠢᠯᠡᠷᠬᠡᠶᠢᠯᠡᠬᠦ ᠳᠡᠭᠡᠨ ᠂ ᠬᠤᠶᠠᠷ ᠲᠠᠯ᠎ᠠ ᠪᠠᠷ ᠢᠶᠠᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢᠨ ᠲᠥᠯᠥᠭᠡ ᠬᠠᠮᠲᠤ ᠪᠠᠷ ᠴᠢᠷᠮᠠᠶᠢᠵᠤ ᠂ ︽ | ᠪᠦᠯᠬᠦᠮ ᠨᠢ ᠪᠦᠯᠬᠦᠮ ᠨᠡᠶᠢᠲᠡ ᠪᠠᠨ ᠳᠠᠭᠠᠭᠤᠯᠬᠤ ︾ ︽ ᠲᠤᠰᠬᠠᠢ ᠮᠡᠷᠭᠡᠵᠢᠯᠲᠡᠨ ᠨᠢ ᠭᠤᠣᠯᠯᠠᠭᠴᠢ ᠬᠦᠴᠦᠨ ᠢᠶᠠᠨ | ᠳᠠᠭᠠᠭᠤᠯᠬᠤ ︾ ︽ ᠪᠠᠭᠰᠢ ᠨᠢ ᠱᠠᠪᠢ ᠪᠠᠨ ᠳᠠᠭᠠᠭᠤᠯᠬᠤ ︾ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠬᠢᠩᠭᠠᠨ ᠠᠶᠢᠮᠠᠭ ᠲᠤ ᠨᠢᠭᠡ ᠪᠦᠯᠦᠭ ︽ ᠳᠠᠭᠠᠭᠤᠯᠵᠤ ᠳᠡᠶᠢᠯᠬᠦ ᠦᠭᠡᠢ ᠂ ᠦᠯᠡᠳᠡᠭᠡᠵᠦ ᠳᠡᠶᠢᠯᠬᠦ ︾ ᠭᠤᠣᠯᠯᠠᠭᠴᠢ | ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠥᠭᠴᠦ ᠂ ︽ ᠴᠢᠰᠤ ᠶᠡᠭᠦᠯᠡᠵᠦ ︾ ᠬᠠᠪᠰᠤᠷᠤᠨ ᠰᠤᠷᠭᠠᠬᠤ | ᠠᠴᠠ ︽ ᠴᠢᠰᠤ ᠪᠦᠲᠦᠭᠡᠵᠦ ︾ ᠰᠤᠷᠭᠠᠨ ᠬᠥᠮᠦᠵᠢᠯ ᠢ ᠬᠥᠭᠵᠢᠭᠦᠯᠬᠦ ᠶᠢ ᠦᠨᠡᠨ ᠬᠦ ᠪᠡᠶᠡᠯᠡᠭᠦᠯᠬᠦ ᠶᠢ ᠬᠦᠰᠡᠵᠦ ᠪᠠᠶᠢᠨ᠎ᠠ | ᠭᠡᠵᠡᠢ ᠃ | ᠰᠢᠯᠢ ᠶᠢᠨ ᠭᠤᠣᠯ ᠠᠶᠢᠮᠠᠭ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ︽ᠪᠦᠯᠬᠦᠮ ᠮᠠᠶ᠋ᠢᠭ︾ ᠤᠨ | ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠵᠠᠩ ᠨᠠᠨ᠂ ᠯᠢ ᠯᠢ ᠫᠢᠩ ᠨᠠᠷ ᠤᠳᠤ ᠨᠢᠭᠡᠨᠲᠡ | ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠭᠤᠷᠪᠠᠨ ᠵᠢᠯ ᠤᠨ ᠬᠤᠭᠤᠴᠠᠭ᠎ᠠ ᠲᠠᠢ ᠬᠠᠪᠰᠤᠷᠤᠨ ᠲᠡᠳᠬᠦᠬᠦ | ᠠᠵᠢᠯ ᠢ ᠥᠷᠨᠢᠭᠦᠯᠵᠦ ᠪᠤᠢ᠃ | ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ ᠪᠦᠯᠬᠦᠮ ᠪᠠᠶᠢᠭᠤᠯᠬᠤ ᠮᠠᠶ᠋ᠢᠭ ︾ | ᠤᠨ ᠬᠠᠪᠰᠤᠷᠤᠨ ᠲᠡᠳᠬᠦᠬᠦ ᠠᠵᠢᠯ ᠨᠢ ᠪᠥᠬᠦ ᠠᠶᠢᠮᠠᠭ ᠤᠨ 4 ᠵᠢᠱᠢᠶ᠎ᠡ ᠦᠵᠡᠭᠦᠯᠬᠦ ᠴᠢᠨᠠᠷᠲᠠᠢ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠵᠢᠴᠢ ᠰᠢᠯᠢᠩᠬᠤᠲᠠ ᠶᠢᠨ ᠭᠠᠵᠠᠷ ᠣᠷᠣᠨ ᠪᠣᠯᠣᠨ ᠲᠤᠯᠤᠨᠨᠠᠭᠤᠷ ᠰᠢᠶᠠᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ 9 ᠰᠢᠯᠢᠳᠡᠭ ᠰᠤᠷᠭᠠᠭᠤᠯᠢ ᠶᠢ ᠵᠣᠬᠢᠴᠠᠭᠤᠯᠤᠨ ᠵᠣᠯᠭᠠᠭᠤᠯᠵᠤ᠂ ᠰᠤᠷᠭᠠᠨ ᠬᠥᠮᠦᠵᠢᠯ ᠢ | ᠳᠡᠮᠵᠢᠬᠦ ᠪᠠᠭᠰᠢ ᠶᠢ ᠰᠣᠩᠭᠤᠨ ᠲᠣᠮᠢᠯᠠᠬᠤ ᠪᠠ ᠰᠤᠷᠭᠠᠨ ᠬᠥᠮᠦᠵᠢᠯ ᠢ ᠳᠡᠮᠵᠢᠬᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ | ᠠᠵᠢᠯ ᠢ ᠥᠷᠨᠢᠭᠦᠯᠪᠡ᠃ ᠡᠭᠦᠨ ᠠᠴᠠ ᠭᠠᠳᠠᠨ᠎ᠠ ᠂ ᠪᠥᠬᠦ ᠠᠶᠢᠮᠠᠭ ᠠᠴᠠ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢ | ᠨᠡᠶᠢᠲᠡ 30 ᠰᠣᠩᠭᠤᠨ ᠲᠣᠮᠢᠯᠠᠵᠤ ᠂ ᠬᠠᠪᠰᠤᠷᠤᠨ ᠲᠡᠳᠬᠦᠬᠦ ᠪᠦᠯᠬᠦᠮ ᠢ 13 ᠵᠣᠬᠢᠶᠠᠨ ᠪᠠᠶᠢᠭᠤᠯᠵᠤ ᠂ ᠰᠢᠯᠤᠭᠤᠨ | ᠬᠥᠪᠡᠭᠡᠲᠦ ᠴᠠᠭᠠᠨ ᠬᠤᠰᠢᠭᠤ ᠂ ᠰᠢᠯᠤᠭᠤᠨ ᠬᠥᠬᠡ ᠬᠤᠰᠢᠭᠤ ᠪᠠ ᠰᠥᠨᠢᠳ ᠵᠡᠭᠦᠨ ᠬᠤᠰᠢᠭᠤᠨ ᠤ 7 ᠳᠤᠮᠳᠠᠳᠤ ᠪᠠᠭ᠎ᠠ | ᠰᠤᠷᠭᠠᠭᠤᠯᠢ ᠶᠢ ᠭᠤᠣᠯᠳᠠᠯᠭ᠎ᠠ ᠲᠠᠢ ᠬᠠᠪᠰᠤᠷᠤᠨ ᠲᠡᠳᠬᠦᠵᠦ᠂ ᠪᠣᠶ ᠪᠦᠬᠦᠢ ᠰᠣᠩᠭᠤᠨ ᠲᠣᠮᠢᠯᠠᠭᠰᠠᠨ ᠪᠠᠭᠰᠢ ᠶᠢ ᠴᠥᠮ | ᠪᠣᠳᠠᠲᠠᠶᠢᠵᠢᠭᠤᠯᠤᠭᠰᠠᠨ ᠪᠠᠶᠢᠨ᠎ᠠ ᠃ | |