| ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠴᠢᠨᠠᠷ ᠰᠠᠶᠢᠲᠠᠢ | ᠬᠥᠭᠵᠢᠯᠲᠡ ᠶᠢᠨ ᠠᠷᠭ᠎ᠠ ᠬᠡᠮᠵᠢᠶ᠎ᠡ ᠨᠦᠭᠦᠳ | ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ︽ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ︾ ᠢ ᠳᠠᠷᠤᠮᠠᠯᠯᠠᠨ ᠲᠠᠷᠬᠠᠭᠠᠪᠠ | ᠂ ᠪᠥᠬᠦ ᠠᠭᠤᠯᠭ᠎ᠠ ᠨᠢ ᠲᠤᠤᠷᠠᠬᠢ ᠮᠡᠲᠦ ᠄ | ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠲᠤᠬᠠᠢ ᠨᠠᠮ ᠤᠨ ᠲᠥᠪ ᠬᠤᠷᠢᠶ᠎ᠠ ᠂ ᠲᠥᠷᠥ ᠶᠢᠨ | ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠬᠢ ᠪᠠᠶᠠᠯᠢᠭ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ | ᠲᠡᠭᠰᠢ ᠪᠠᠷ ᠬᠡᠷᠡᠭᠯᠡᠬᠦ᠂ ᠢᠯᠡ ᠪᠥᠭᠡᠳ ᠡᠷᠬᠡ ᠲᠡᠭᠰᠢ ᠲᠥᠪ ᠭᠤᠣᠯᠴᠢ ᠪᠠᠷ ᠥᠷᠢᠰᠦᠯᠳᠦᠭᠡᠨ ᠳᠤ ᠣᠷᠤᠯᠴᠠᠬᠤ᠂ | ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠬᠦᠷᠳᠡᠬᠦ ᠶᠢ ᠪᠠᠲᠤᠯᠠᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠢᠲᠡᠭᠡᠯ ᠵᠣᠷᠢᠭ ᠢᠶᠠᠨ ᠬᠥᠪᠴᠢᠯᠡᠬᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ | ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠶ᠎ᠠ᠃ | ᠨᠢᠭᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ | ᠥᠷᠳᠡᠭ ᠢ ᠪᠠᠭᠤᠷᠠᠭᠤᠯᠬᠤ ᠬᠡᠷᠡᠭᠲᠡᠢ | ︵ ᠨᠢᠭᠡ ︶ ᠭᠠᠶᠢᠯᠢ ᠰᠦᠢᠳᠬᠡᠯ ᠤᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ ᠃ 2025 | ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠂ ᠵᠢᠯ ᠤᠨ ᠭᠠᠶᠢᠯᠢ ᠲᠤᠰᠢᠶᠠᠬᠤ ᠶᠣᠰᠣᠲᠠᠢ ᠠᠰᠢᠭ | ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ︵ 100 ᠲᠦᠮᠡᠨ ᠲᠥᠭᠦᠷᠢᠭ ᠪᠠᠭᠲᠠᠨ᠎ᠠ ︶ ᠠᠴᠠ | ᠲᠤᠤᠷ᠎ᠠ ᠪᠠᠶᠢᠭ᠎ᠠ ᠵᠢᠵᠢᠭ ᠬᠡᠯᠪᠡᠷᠢ ᠶᠢᠨ ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠶᠠᠨ ᠡᠳ᠋ᠯᠡᠬᠦ ᠬᠡᠰᠡᠭ ᠠᠴᠠ ᠬᠡᠯᠲᠦᠷᠢᠭᠦᠯᠦᠨ᠎ᠡ ︔ | ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 3 ᠲᠦᠮᠡᠨ ᠲᠥᠭᠦᠷᠢᠭ ︵ ᠤᠯᠠᠷᠢᠯ ᠢᠶᠠᠷ 9 ᠲᠦᠮᠡᠨ | ᠲᠥᠭᠦᠷᠢᠭ ᠤᠨ ᠭᠠᠶᠢᠯᠢ ᠲᠤᠰᠢᠶᠠᠨ᠎ᠠ ︶ ᠠᠴᠠ ᠬᠡᠲᠦᠷᠡᠭᠰᠡᠨ ᠦᠭᠡᠢ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ | ᠠᠴᠠ ᠭᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ | ᠲᠠᠲᠠᠪᠤᠷᠢᠯᠠᠬᠤ ᠠᠴᠠ ᠬᠡᠯᠲᠦᠷᠢᠭᠦᠯᠦᠨ᠎ᠡ ︔ ᠭᠡᠷ ᠬᠥᠷᠥᠩᠭᠡ ᠶᠢᠨ ᠭᠠᠶᠢᠯᠢ ᠶᠢ ᠦᠨ᠎ᠡ ᠪᠠᠷ ᠪᠤᠳᠤᠵᠤ | ᠲᠠᠲᠠᠪᠤᠷᠢᠯᠠᠬᠤ ᠶᠢᠨ ᠬᠠᠰᠤᠬᠤ ᠬᠡᠮᠵᠢᠶ᠎ᠡ ᠶᠢ 10% ᠪᠠᠶᠢᠭᠰᠠᠨ ᠠᠴᠠ 30% ᠪᠣᠯᠭᠠᠨ ᠲᠣᠬᠢᠷᠠᠭᠤᠯᠤᠨ᠎ᠠ ︔ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠂ ᠡᠯ᠎ᠡ ᠠᠶᠢᠮᠠᠭ | ᠬᠤᠲᠠ ᠂ ᠬᠤᠰᠢᠭᠤ ᠰᠢᠶᠠᠨ ︵ ᠬᠤᠲᠠ ᠂ ᠲᠣᠭᠤᠷᠢᠭ ︶ ᠤ ᠵᠠᠰᠠᠭ ᠤᠨ ᠣᠷᠳᠣᠨ ᠨᠢ ᠵᠠᠷᠴᠢᠮ ᠳᠡᠭᠡᠷ᠎ᠡ ᠪᠠᠨ | ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ 80% ᠶᠣᠰᠣᠭᠠᠷ ᠬᠤᠲᠠ ᠪᠠᠯᠭᠠᠰᠤ ᠶᠢᠨ ᠭᠠᠵᠠᠷ ᠰᠢᠷᠣᠢ | ᠬᠡᠷᠡᠭᠯᠡᠬᠦ ᠭᠠᠶᠢᠯᠢ ᠶᠢᠨ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠡ ︔ ᠪᠠᠷᠠᠭᠠᠨ ᠤ ᠲᠡᠷᠭᠡ | ᠂ ᠴᠢᠷᠭᠡᠦᠯ ᠲᠡᠷᠭᠡ ᠂ ᠲᠤᠰᠬᠠᠢ ᠬᠡᠷᠡᠭᠯᠡᠬᠦ ᠠᠵᠢᠯᠯᠠᠭᠠᠨ ᠤ ᠲᠡᠷᠭᠡ ᠂ ᠬᠦᠷᠳᠦᠲᠦ ᠲᠤᠰᠬᠠᠢ ᠬᠡᠷᠡᠭᠯᠡᠭᠡᠨ ᠤ ᠮᠠᠰᠢᠨ | ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠬᠤ ᠭᠠᠶᠢᠯᠢ ᠶᠢᠨ ᠲᠤᠭ᠎ᠠ ᠶᠢ ᠣᠲᠣ ᠶᠢᠨ ᠬᠡᠷᠡᠭᠵᠢᠭᠦᠯᠵᠦ | ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠬᠤ ᠭᠠᠶᠢᠯᠢ ᠶᠢᠨ ᠲᠤᠭ᠎ᠠ ᠶᠢᠨ 50% ᠪᠠᠷ ᠲᠠᠲᠠᠪᠤᠷᠢᠯᠠᠨ᠎ᠠ ᠃ | ᠦᠨᠡᠨᠬᠦ ᠣᠨᠴᠣᠭᠤᠢ ᠬᠦᠴᠢᠷᠳᠡᠯ ᠲᠠᠢ ᠪᠠᠶᠢᠵᠤ ᠂ ᠲᠣᠭᠲᠠᠭᠰᠠᠨ ᠬᠤᠭᠤᠴᠠᠭᠠᠨ ᠳᠠᠭᠠᠨ ᠭᠠᠶᠢᠯᠢ ᠶᠢᠨ ᠵᠣᠭᠤᠰ ᠢᠶᠠᠨ | ᠲᠤᠰᠢᠶᠠᠵᠤ ᠳᠡᠶᠢᠯᠬᠦ ᠦᠭᠡᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠶᠣᠰᠣᠭᠠᠷ ᠭᠠᠶᠢᠯᠢ ᠶᠢᠨ | ᠵᠣᠭᠤᠰ ᠢᠶᠠᠨ ᠬᠤᠶᠢᠰᠢᠯᠠᠭᠤᠯᠤᠨ ᠲᠤᠰᠢᠶᠠᠬᠤ ᠶᠢ ᠭᠦᠢᠴᠡᠳᠬᠡᠵᠦ ᠂ ᠠᠵᠤ ᠠᠬᠤᠶᠢᠯᠠᠯ ᠢ ᠢᠳᠡᠪᠬᠢᠲᠡᠢ ᠪᠠᠷ | ᠬᠠᠪᠰᠤᠷᠤᠨ ᠪᠡᠯᠡ ᠮᠥᠩᠭᠦ ᠶᠢᠨ ᠳᠠᠷᠤᠯᠲᠠ ᠶᠢ ᠨᠢ ᠬᠥᠩᠭᠡᠷᠡᠭᠦᠯᠦᠨ᠎ᠡ ᠃ ᠵᠠᠰᠠᠭ ᠤᠨ ᠣᠷᠳᠣᠨ ᠠᠴᠠ ᠦᠨ᠎ᠡ | ᠲᠣᠭᠲᠠᠭᠠᠨ ᠡᠵᠡᠩᠨᠡᠬᠦ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢᠨ ᠳᠦᠷᠢᠮ ᠢ | ᠨᠠᠶᠢᠳᠠᠪᠤᠷᠢᠵᠢᠭᠤᠯᠵᠤ ᠂ ᠨᠠᠷᠢᠨ ᠬᠠᠭᠤᠳᠠᠰᠤ ᠠᠴᠠ ᠭᠠᠳᠠᠨᠠᠬᠢ ᠵᠠᠰᠠᠭ ᠤᠨ ᠣᠷᠳᠣᠨ ᠦᠭᠡᠢ ᠦᠨ᠎ᠡ ᠲᠣᠭᠲᠠᠭᠠᠨ | ᠰᠦᠢᠳᠬᠡᠯ ᠬᠤᠷᠢᠶᠠᠬᠤ ᠲᠥᠷᠥᠯ ᠵᠦᠢᠯ ᠢ ᠦᠨᠡᠨᠬᠦ ᠪᠠᠲᠤᠯᠠᠨ᠎ᠠ ᠃ ︵ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ᠂ ᠳᠣᠷᠣᠭᠰᠢ ᠠᠳᠠᠯᠢ ︶ | ︵ ᠬᠤᠶᠠᠷ ︶ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ ᠃ ᠳᠡᠭᠡᠳᠦ ᠬᠤᠷᠳᠤ ᠶᠢᠨ | ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠂ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠨ᠎ᠡ ᠃ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠵᠠᠬ᠎ᠠ ᠳᠡᠯᠭᠡᠭᠦᠷᠴᠢᠯᠡᠭᠰᠡᠨ ᠦᠨ᠎ᠡ | ᠬᠠᠩᠰᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ ᠂ ᠤᠯᠤᠰ ᠠᠴᠠ ᠲᠣᠭᠲᠠᠭᠠᠭᠰᠠᠨ ᠦᠨᠳᠦᠰᠦᠨ | ᠪᠠᠷᠢᠮᠵᠢᠶᠠᠲᠤ ᠲᠡᠭᠡᠭᠡᠪᠦᠷᠢ ᠶᠢᠨ ᠦᠨ᠎ᠡ ᠪᠠᠷ ᠰᠠᠭᠤᠷᠢ ᠪᠣᠯᠭᠠᠵᠤ ᠂ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ᠲᠡᠭᠡᠭᠡᠪᠦᠷᠢ ᠶᠢᠨ ᠦᠨ᠎ᠡ ᠬᠠᠩᠰᠢ ᠶᠢ ᠪᠠᠭᠤᠷᠠᠭᠤᠯᠬᠤ ᠬᠡᠷᠡᠭᠲᠡᠢ ᠃ | ᠤᠯᠤᠰ ᠤᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ | ᠲᠦᠷᠦ ᠶᠢᠨ ᠪᠣᠳᠣᠯᠭ᠎ᠠ᠂ ᠵᠢᠴᠢ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠦᠢᠳᠬᠡᠯ ᠤᠨ ᠨᠤᠷᠮ᠎ᠠ ᠶᠢ ᠱᠠᠲᠤ ᠦᠶ᠎ᠡ ᠶᠢᠨ ᠴᠢᠨᠠᠷᠲᠠᠢ ᠪᠠᠷ ᠪᠠᠭᠤᠷᠠᠭᠤᠯᠬᠤ ᠲᠦᠷᠦ ᠶᠢᠨ | ᠪᠣᠳᠣᠯᠭ᠎ᠠ ᠪᠠ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ | ᠭᠡᠮᠲᠦᠯ ᠤᠨ ᠡᠯ᠎ᠡ ᠲᠥᠷᠥᠯ ᠤᠨ ᠨᠡᠪᠴᠢᠭᠦᠯᠬᠦ ᠰᠠᠭᠤᠷᠢᠨ ᠭᠠᠵᠠᠷ ᠂ ᠠᠳᠠᠯ ᠦᠢᠯᠡᠰ ᠴᠣᠭᠴᠠᠯᠠᠬᠤ ᠬᠦᠷᠢᠶᠡᠯᠡᠩ | ᠲᠣᠭᠤᠷᠢᠭ ᠲᠤ ᠣᠷᠣᠵᠤ ᠰᠠᠭᠤᠭᠰᠠᠨ ᠵᠢᠵᠢᠭ ᠪᠢᠴᠢᠯ ᠠᠵᠤ ᠠᠬᠤᠶᠢᠯᠠᠯ ᠳᠤ ᠥᠪᠡᠷ ᠤᠨ ᠥᠷᠲᠡᠭ ᠢᠶᠠᠷ ᠲᠤᠤᠷ᠎ᠠ | ᠲᠠᠯᠠᠪᠤᠷ ᠭᠠᠵᠠᠷ ᠤᠨ ᠳᠡᠮᠵᠢᠯᠭᠡ ᠬᠠᠩᠭᠠᠨ᠎ᠠ ᠃ (ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠵᠠᠰᠠᠭ ᠤᠨ ᠲᠢᠩᠬᠢᠮ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ | ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠳᠦ ᠺᠣᠮᠫᠠᠨᠢ) | ︵ ᠭᠤᠷᠪᠠ ︶ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠴᠢᠩᠭᠠᠷᠠᠭᠤᠯᠤᠨ᠎ᠠ ᠃ ᠠᠵᠤ ᠦᠢᠯᠡᠰ ᠲᠤ ᠬᠡᠷᠡᠭᠯᠡᠬᠦ | ᠭᠠᠵᠠᠷ ᠰᠢᠷᠣᠢ ᠶᠢ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ | ᠰᠢᠯᠵᠢᠭᠦᠯᠦᠨ ᠥᠭᠬᠦ ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠂ ᠬᠠᠷᠢᠮᠠᠬᠠᠢ | ᠴᠢᠨᠠᠷᠲᠠᠢ ᠣᠨ ᠤ ᠬᠤᠭᠤᠴᠠᠭ᠎ᠠ ᠶᠢᠨ ᠠᠷᠭ᠎ᠠ ᠮᠠᠶ᠋ᠢᠭ ᠢᠶᠠᠷ ᠬᠠᠩᠭᠠᠵᠤ ᠪᠣᠯᠣᠨ᠎ᠠ ᠃ ᠥᠪᠡᠷᠲᠡᠭᠡᠨ ᠵᠠᠰᠠᠬᠤ | ᠣᠷᠣᠨ ᠠᠴᠠ ᠲᠣᠭᠲᠠᠭᠠᠭᠰᠠᠨ ᠠᠵᠤ ᠦᠢᠯᠡᠰ ᠢ ᠤᠷᠢᠳ ᠢᠶᠠᠷ ᠬᠥᠭᠵᠢᠭᠦᠯᠬᠦ ᠮᠥᠷᠲᠡᠭᠡᠨ ᠬᠡᠷᠡᠭᠯᠡᠬᠦ ᠭᠠᠵᠠᠷ ᠨᠢ | ᠡᠷᠴᠢᠮᠯᠢᠭ ᠠᠵᠤ ᠦᠢᠯᠡᠳᠪᠦᠷᠢ ᠶᠢᠨ ᠲᠥᠷᠥᠯ ᠵᠦᠢᠯ ᠳᠤ ᠂ ᠭᠠᠵᠠᠷ ᠰᠢᠷᠣᠢ ᠶᠢ ᠬᠢᠮᠳᠠ ᠪᠠᠷ ᠬᠤᠳᠠᠯᠳᠤᠬᠤ | ᠰᠠᠭᠤᠷᠢ ᠦᠨ᠎ᠡ ᠶᠢ ᠲᠣᠭᠲᠠᠭᠠᠬᠤ ᠦᠶ᠎ᠡ ᠳᠤ ᠂ ᠪᠠᠶᠢᠭ᠎ᠠ ᠭᠠᠵᠠᠷ ᠤᠨ ᠭᠠᠵᠠᠷ ᠰᠢᠷᠣᠢ ᠶᠢᠨ ᠲᠠᠰ ᠢᠯᠭᠠᠯ ᠲᠠᠢ | ᠬᠠᠷᠢᠯᠴᠠᠨ ᠵᠣᠬᠢᠴᠠᠯᠳᠤᠭᠰᠠᠨ ᠪᠥᠬᠦ ᠤᠯᠤᠰ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠬᠢᠮᠳᠠ ᠪᠠᠷ | ᠬᠤᠳᠠᠯᠳᠤᠬᠤ ᠬᠠᠮᠤᠭ ᠤᠨ ᠲᠤᠤᠷ᠎ᠠ ᠦᠨ᠎ᠡ ᠶᠢᠨ ᠪᠠᠷᠢᠮᠵᠢᠶ᠎ᠠ ᠶᠢᠨ 70% ᠠᠴᠠ ᠲᠤᠤᠷ᠎ᠠ ᠦᠭᠡᠢ ᠬᠡᠷᠡᠭᠵᠢᠭᠦᠯᠵᠦ | ᠪᠣᠯᠣᠨ᠎ᠠ ᠂ ᠭᠡᠪᠡᠴᠦ ᠲᠥᠷᠥᠯ ᠵᠦᠢᠯ ᠤᠨ ᠪᠣᠳᠠᠲᠠᠢ ᠭᠠᠵᠠᠷ ᠰᠢᠷᠣᠢ ᠶᠢᠨ ᠣᠯᠣᠭᠰᠠᠨ ᠥᠪᠡᠷ ᠤᠨ ᠥᠷᠲᠡᠭ ᠂ | ᠭᠠᠵᠠᠷ ᠰᠢᠷᠣᠢ ᠶᠢᠨ ᠡᠮᠦᠨᠡᠬᠢ ᠬᠤᠭᠤᠴᠠᠭᠠᠨ ᠤ ᠨᠡᠭᠡᠭᠡᠨ ᠠᠰᠢᠭᠯᠠᠬᠤ ᠥᠪᠡᠷ ᠤᠨ ᠥᠷᠲᠡᠭ ᠪᠣᠯᠣᠨ ᠲᠣᠭᠲᠠᠭᠠᠯ | ᠶᠣᠰᠣᠭᠠᠷ ᠬᠤᠷᠢᠶᠠᠬᠤ ᠶᠣᠰᠣᠲᠠᠢ ᠬᠠᠮᠢᠶ᠎ᠠ ᠪᠦᠬᠦᠢ ᠵᠠᠷᠤᠳᠠᠯ ᠤᠨ ᠨᠡᠶᠢᠯᠡᠪᠦᠷᠢ ᠠᠴᠠ ᠲᠤᠤᠷ᠎ᠠ ᠪᠠᠶᠢᠵᠤ ᠪᠣᠯᠬᠤ ᠦᠭᠡᠢ | ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠵᠦ ᠂ ᠬᠡᠷᠡᠭᠴᠡᠭᠡ ᠶᠢ | ᠥᠯᠥ ᠬᠤᠪᠢᠷᠠᠭᠤᠯᠬᠤ ᠤᠷᠢᠲᠠᠯ ᠲᠤᠤᠷ᠎ᠠ ᠂ ᠠᠵᠤ ᠠᠬᠤᠶᠢᠯᠠᠯ ᠨᠢ ᠣᠲᠣ ᠶᠢᠨ ᠪᠠᠶᠢᠭ᠎ᠠ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠳᠡᠭᠡᠷ᠎ᠡ ᠦᠢᠯᠡᠳᠪᠦᠷᠢ ᠶᠢᠨ ᠭᠡᠷ ᠪᠠᠶᠢᠰᠢᠩ ᠤᠨ ᠳᠠᠪᠬᠤᠷᠭ᠎ᠠ ᠶᠢ ᠨᠡᠮᠡᠭᠳᠡᠭᠦᠯᠬᠦ ᠂ | ᠦᠢᠯᠡᠳᠪᠦᠷᠢ ᠶᠢᠨ ᠲᠣᠭᠤᠷᠢᠭ ᠢ ᠥᠭᠡᠷᠡᠴᠢᠯᠡᠬᠦ ᠂ ᠳᠣᠲᠣᠭᠠᠳᠤ ᠳᠠᠭᠠᠨ ᠬᠡᠷᠡᠭᠯᠡᠬᠦ ᠭᠠᠵᠠᠷ ᠢ ᠡᠮᠬᠢᠯᠡᠬᠦ ᠵᠡᠷᠭᠡ ᠠᠷᠭ᠎ᠠ | ᠵᠠᠮ ᠢᠶᠠᠷ ᠳᠠᠮᠵᠢᠭᠤᠯᠤᠨ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠪᠠ ᠪᠠᠭᠲᠠᠭᠠᠮᠵᠢ ᠶᠢᠨ | ᠨᠣᠷᠮ᠎ᠠ ᠶᠢ ᠨᠡᠮᠡᠭᠳᠡᠭᠦᠯᠦᠭᠰᠡᠨ ᠪᠠᠶᠢᠪᠠᠯ ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠳᠠᠭᠢᠵᠤ ᠨᠡᠮᠡᠵᠦ ᠬᠤᠷᠢᠶᠠᠬᠤ | ᠦᠭᠡᠢ ᠃ ᠠᠵᠤ ᠠᠬᠤᠶᠢᠯᠠᠯ ᠤᠳ ᠦᠯᠡᠳᠡᠭᠡᠯ ᠭᠡᠷ ᠬᠥᠷᠥᠩᠭᠡ ᠂ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠨ | ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠮᠵᠢᠬᠦ ᠠᠵᠤ ᠦᠢᠯᠡᠰ ᠂ ᠠᠵᠢᠯ ᠲᠥᠷᠥᠯ ᠢ ᠬᠥᠭᠵᠢᠭᠦᠯᠪᠡᠯ ᠂ 5 | ᠵᠢᠯ ᠤᠨ ᠳᠣᠲᠣᠷ᠎ᠠ ᠭᠠᠵᠠᠷ ᠬᠡᠷᠡᠭᠯᠡᠬᠦ ᠭᠤᠣᠯ ᠴᠣᠭᠴᠠ ᠪᠠ ᠲᠥᠯᠦᠪᠵᠢᠭᠦᠯᠭᠡ ᠶᠢᠨ ᠨᠥᠬᠦᠴᠡᠯ ᠢ ᠥᠯᠥ | ᠬᠤᠪᠢᠷᠠᠭᠤᠯᠬᠤ ᠰᠢᠯᠵᠢᠯᠲᠡ ᠶᠢᠨ ᠬᠤᠭᠤᠴᠠᠭᠠᠨ ᠤ ᠳᠡᠮᠵᠢᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃ | ᠠᠵᠤ ᠠᠬᠤᠶᠢᠯᠠᠯ ᠤᠨ ᠭᠠᠵᠠᠷ ᠰᠢᠷᠣᠢ ᠬᠡᠷᠡᠭᠯᠡᠬᠦ ᠥᠮᠴᠢᠯᠡᠬᠦ ᠡᠷᠬᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠠᠵᠤ ᠠᠬᠤᠶᠢᠯᠠᠯ | ᠯᠤᠭ᠎ᠠ ᠬᠠᠤᠯᠢ ᠶᠣᠰᠣᠭᠠᠷ ᠭᠠᠷ ᠤᠨ ᠥᠰᠥᠭ ᠵᠢᠷᠤᠭᠰᠠᠨ ᠭᠠᠵᠠᠷ ᠰᠢᠷᠣᠢ ᠬᠡᠷᠡᠭᠯᠡᠬᠦ ᠬᠡᠯᠡᠯᠴᠡᠭᠡᠷ ᠢ ᠴᠢᠩᠭ᠎ᠠ | ᠬᠡᠷᠡᠭᠵᠢᠭᠦᠯᠵᠦ ᠂ ᠠᠵᠤ ᠠᠬᠤᠶᠢᠯᠠᠯ ᠤᠨ ᠭᠠᠵᠠᠷ ᠰᠢᠷᠣᠢ ᠬᠡᠷᠡᠭᠯᠡᠬᠦ ᠡᠷᠬᠡ ᠠᠰᠢᠭ ᠢ ᠪᠠᠲᠤᠯᠠᠬᠤ ᠬᠡᠷᠡᠭᠲᠡᠢ ᠃ | (ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠭᠤᠯᠤᠯᠲᠠ ᠶᠢᠨ ᠲᠢᠩᠬᠢᠮ) | ︵ ᠳᠥᠷᠪᠡ ︶ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠷᠠᠭᠤᠯᠤᠨ᠎ᠠ ᠃ ︽ ᠬᠦᠴᠦᠨ ᠵᠦᠢᠯ ᠨᠢ | ᠲᠥᠷᠥᠯ ᠵᠦᠢᠯ ᠢ ᠳᠠᠭᠠᠵᠤ ᠶᠠᠪᠤᠬᠤ ︾ ᠶᠢ ᠪᠠᠷᠢᠮᠲᠠᠯᠠᠵᠤ ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ | ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ ᠬᠡᠪ ᠳᠠᠭᠤᠷᠢᠶᠠᠯ ᠤᠨ ᠬᠥᠲᠥᠯᠥᠨ ᠵᠢᠯᠤᠭᠤᠳᠬᠤ | ᠲᠣᠭᠲᠠᠴᠠ ᠶᠢ ᠪᠠᠶᠢᠭᠤᠯᠵᠤ ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠪᠠᠷ ᠪᠠᠭ᠎ᠠ ᠴᠢᠨᠠᠷ ᠰᠠᠶᠢᠲᠠᠢ | ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠨ ᠂ ᠪᠦᠲᠦᠮᠵᠢᠲᠡᠶ | ᠪᠡᠯᠡ ᠣᠷᠣᠭᠤᠯᠤᠯᠲᠠ ᠶᠢᠨ ᠴᠢᠬᠤᠯᠠ ᠲᠥᠷᠥᠯ ᠵᠦᠢᠯ ᠳᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ ᠂ | ᠡᠨᠧᠷᠭᠢ ᠶᠢᠨ ᠰᠢᠯᠭᠠᠷᠠᠭᠤᠯᠤᠯᠲᠠ ᠶᠢᠨ ᠭᠠᠷᠳᠠᠮ ᠢ ᠲᠦᠷᠭᠡᠳᠬᠡᠨ ᠭᠦᠢᠴᠡᠳᠬᠡᠵᠦ ᠂ ᠡᠨᠧᠷᠭᠢ ᠶᠢᠨ | ᠬᠤᠷᠣᠭᠳᠠᠭᠤᠯᠤᠯ ᠤᠨ ᠬᠦᠴᠦᠨ ᠵᠦᠢᠯ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠳᠤᠯ ᠦᠭᠡᠢ | ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠴᠢᠨᠠᠷ ᠰᠠᠶᠢᠲᠠᠢ ᠲᠥᠷᠥᠯ ᠵᠦᠢᠯ ᠳᠠᠰᠢ ᠰᠢᠯᠵᠢᠬᠦ ᠶᠢ ᠬᠥᠲᠥᠯᠥᠨ | ᠵᠢᠯᠣᠭᠤᠳᠤᠨ᠎ᠠ ᠃ ᠪᠥᠬᠦ ᠣᠷᠣᠨ ᠤ ᠬᠡᠪᠴᠢᠶᠡᠨ ᠳᠤ ᠬᠡᠷᠡᠭᠯᠡᠬᠦ ᠴᠠᠬᠢᠯᠭᠠᠨ ᠤ ᠪᠠᠭᠲᠠᠭᠠᠮᠵᠢ ᠨᠢ 160 ᠺᠢᠯᠣᠸᠠᠲ | ᠵᠢᠴᠢ ᠲᠡᠭᠦᠨ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠤᠨ ᠴᠠᠬᠢᠯᠭᠠᠨ ᠮᠡᠳᠡᠭᠡ ᠪᠠᠷ ᠤᠭᠰᠠᠷᠠᠬᠤ ᠳᠤ | ︽ ᠪᠡᠯᠡ ᠣᠷᠣᠭᠤᠯᠬᠤ ᠦᠭᠡᠢ ︾ ᠪᠠᠶᠢᠬᠤ ᠶᠢ ᠪᠡᠶᠡᠯᠡᠭᠦᠯᠦᠨ᠎ᠡ ᠃ 2025 ᠣᠨ ᠤ 12 ᠰᠠᠷ᠎ᠠ ᠶᠢᠨ 31 ᠤ | ᠡᠳᠦᠷ ᠪᠣᠯᠲᠠᠯ᠎ᠠ ᠂ ᠬᠤᠶᠠᠷ ᠢᠵᠢ ᠳᠦᠷᠢᠮᠲᠦ ᠴᠠᠬᠢᠯᠭᠠᠨ ᠤ ᠦᠨ᠎ᠡ ᠶᠢ ᠬᠡᠷᠡᠭᠵᠢᠭᠦᠯᠵᠦ ᠪᠠᠶᠢᠭ᠎ᠠ ᠪᠣᠬᠢᠷ ᠤᠰᠤ ᠶᠢ | ᠰᠢᠢᠳᠪᠦᠷᠢᠯᠡᠬᠦ ᠠᠵᠤ ᠠᠬᠤᠶᠢᠯᠠᠯ ᠳᠤ ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠲᠥᠪᠯᠡᠷᠡᠩᠭᠦᠢ ᠮᠠᠶ᠋ᠢᠭ ᠤᠨ | ᠴᠡᠨᠡᠭᠯᠡᠵᠦ ᠰᠣᠯᠢᠬᠤ ᠲᠥᠬᠦᠭᠡᠷᠦᠮᠵᠢ ᠳᠤ ᠴᠠᠬᠢᠯᠭᠠᠨ ᠬᠡᠷᠡᠭᠯᠡᠬᠦ ᠳᠤ ᠬᠡᠷᠡᠭᠰᠡᠬᠦ ᠬᠡᠮᠵᠢᠶ᠎ᠡ ︵ ᠪᠠᠭᠲᠠᠭᠠᠮᠵᠢ ︶ ᠶᠢᠨ | ᠴᠠᠬᠢᠯᠭᠠᠨ ᠤ ᠰᠦᠢᠳᠬᠡᠯ ᠬᠤᠷᠢᠶᠠᠬᠤ ᠦᠭᠡᠢ ᠪᠠᠶᠢᠬᠤ ᠶᠢ ᠦᠷᠭᠦᠯᠵᠢᠯᠡᠨ ᠬᠡᠷᠡᠭᠵᠢᠭᠦᠯᠦᠨ᠎ᠡ ᠃ ᠰᠢᠨ᠎ᠡ ᠲᠢᠲᠢᠮ ᠤᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠲᠦᠷ ᠴᠠᠭ ᠦᠢᠯᠡᠳᠪᠦᠷᠢᠯᠡᠯ | ᠡᠵᠡᠩᠨᠡᠯᠲᠡ ᠨᠢ ᠬᠦᠴᠢᠷᠳᠡᠯ ᠲᠠᠢ ᠪᠣᠯᠤᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠤᠰᠤ ᠬᠡᠷᠡᠭᠯᠡᠬᠦ ᠂ | ᠴᠠᠬᠢᠯᠭᠠᠨ ᠬᠡᠷᠡᠭᠯᠡᠬᠦ ᠂ ᠬᠡᠢ ᠬᠡᠷᠡᠭᠯᠡᠬᠦ ᠂ ᠳᠤᠯᠠᠭᠠᠯᠠᠭ᠎ᠠ ᠬᠡᠷᠡᠭᠯᠡᠬᠦ ︽ ᠰᠦᠢᠳᠬᠡᠯ ᠳᠤᠲᠠᠭᠳᠠᠪᠠᠯ ᠲᠠᠰᠤᠷᠠᠯᠲᠠ | ᠦᠭᠡᠢ ᠬᠠᠩᠭᠠᠬᠤ ᠲᠥᠷᠥ ᠶᠢᠨ ᠪᠣᠳᠣᠯᠭ᠎ᠠ ︾ ᠶᠢ ᠬᠡᠷᠡᠭᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ | ᠴᠠᠬᠢᠯᠭᠠᠨ ᠬᠦᠴᠦᠨ ᠤ ᠺᠣᠮᠫᠠᠨᠢ) | ︵ ᠲᠠᠪᠤ ︶ ᠡᠵᠡᠩᠨᠡᠯᠲᠡ ᠶᠢᠨ ᠲᠦᠭᠰᠢᠭᠦᠷᠢ ᠶᠢ ᠪᠠᠭᠤᠷᠠᠭᠤᠯᠤᠨ᠎ᠠ ᠃ ᠭᠡᠨᠡᠳᠲᠡ ᠡᠭᠦᠰᠬᠦ ᠬᠢᠵᠢᠭ ᠤᠨ | ᠪᠠᠶᠢᠳᠠᠯ ᠢ ᠪᠠᠲᠤᠯᠠᠬᠤ ᠪᠡᠯᠡᠳᠬᠡᠯ ᠲᠥᠰᠥᠯ ᠢ ᠲᠣᠭᠲᠠᠭᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ | ᠴᠢᠬᠤᠯᠠ ᠶᠡᠭᠡ ᠵᠦᠢᠯᠡᠰ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠠᠵᠢᠯᠴᠢᠨ ᠬᠡᠷᠡᠭᠯᠡᠬᠦ᠂ | ᠡᠨᠧᠷᠭᠢ ᠬᠡᠷᠡᠭᠯᠡᠬᠦ᠂ ᠤᠰᠤ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ᠂ ᠬᠢᠵᠢᠭ ᠢ ᠰᠡᠷᠭᠡᠶᠢᠯᠡᠬᠦ ᠵᠡᠷᠭᠡ ᠲᠠᠯ᠎ᠠ ᠶᠢᠨ | ᠬᠡᠷᠡᠭᠴᠡᠭᠡ ᠶᠢ ᠪᠠᠲᠤᠯᠠᠨ᠎ᠠ᠃ ᠤᠯᠤᠰ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠲᠤᠬᠠᠢ ᠲᠥᠷᠥ ᠶᠢᠨ ᠪᠣᠳᠣᠯᠭ᠎ᠠ ᠪᠠ ︽ ᠶᠢᠰᠦ ᠶᠢ ᠥᠯᠥ ᠵᠥᠪᠰᠢᠶᠡᠷᠡᠬᠦ ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ | ᠳᠥᠭᠦᠮᠴᠢᠯᠡᠬᠦ ᠂ ︽ ᠨᠢᠭᠡ ᠯᠡ ᠠᠳᠠᠯᠢ ᠪᠠᠷ ᠱᠠᠭᠠᠷᠳᠠᠬᠤ ︾ ︽ ᠱᠠᠲᠤ ᠱᠠᠲᠤ ᠪᠠᠷ ᠲᠤᠭ᠎ᠠ ᠨᠡᠮᠡᠬᠦ ᠶᠢ ᠴᠢᠩᠭ᠎ᠠ | ᠴᠠᠭᠠᠵᠠᠯᠠᠨ᠎ᠠ ᠃ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠂ ᠲᠦᠷᠭᠡᠨ ᠬᠦᠷᠭᠡᠭᠴᠢ ᠣᠨᠳᠣᠣ | ᠭᠠᠵᠠᠷ ᠤᠨ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠨ ᠬᠡᠮᠵᠢᠬᠦ ᠴᠢᠭ᠋ ᠲᠤ ᠬᠦᠷᠴᠦ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠪᠠ ᠥᠳᠥᠭᠡᠭᠴᠢ ᠶᠢᠨ ᠪᠠᠶᠢᠴᠠᠭᠠᠨ ᠬᠡᠮᠵᠢᠯᠲᠡ ᠶᠢ ᠬᠢᠬᠦ ᠳᠤ ᠂ ᠲᠣᠰ ᠭᠠᠵᠠᠷ ᠤᠨ | ᠰᠠᠭᠤᠭᠠᠯᠢ ᠠᠷᠠᠳ ᠲᠠᠢ ᠠᠳᠠᠯᠢ ᠪᠠᠷ ᠪᠠᠶᠢᠴᠠᠭᠠᠨ ᠬᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠵᠤ ᠂ ᠠᠳᠠᠯᠢ | ᠲᠥᠷᠥ ᠶᠢᠨ ᠪᠣᠳᠣᠯᠭ᠎ᠠ ᠶᠢ ᠬᠦᠷᠲᠡᠵᠦ ᠂ ᠬᠡᠷᠡᠭᠰᠡᠬᠦ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠠᠴᠠ | ᠪᠠᠲᠤᠯᠠᠨ᠎ᠠ ᠃ ︵ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠡᠳ᠋ ᠤᠨ | ᠵᠠᠰᠠᠭ ᠤᠨ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠳᠣᠲᠣᠭᠠᠳᠤ ᠶᠢ ᠬᠠᠮᠠᠭᠠᠯᠠᠬᠤ ᠲᠢᠩᠬᠢᠮ | ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ︶ | ᠬᠤᠶᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢ | ᠴᠢᠩᠭᠠᠷᠠᠭᠤᠯᠬᠤ ᠬᠡᠷᠡᠭᠲᠡᠢ | ︵ ᠵᠢᠷᠭᠤᠭ᠎ᠠ ︶ ᠪᠡᠯᠡ ᠲᠣᠬᠢᠷᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ | ᠪᠠᠶᠢᠭᠤᠯᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠭ᠎ᠠ ᠬᠡᠮᠵᠢᠶ᠎ᠡ ᠨᠢ 20 ᠲᠦᠮᠡᠨ ᠲᠥᠭᠦᠷᠢᠭ ᠠᠴᠠ ᠬᠡᠲᠦᠷᠡᠬᠦ | ᠦᠭᠡᠢ ᠂ ᠬᠤᠭᠤᠴᠠᠭ᠎ᠠ ᠬᠢᠵᠠᠭᠠᠷ ᠨᠢ 3 ᠵᠢᠯ ᠠᠴᠠ ᠬᠡᠲᠦᠷᠡᠬᠦ ᠦᠭᠡᠢ ᠂ ᠵᠢᠵᠢᠭ ᠪᠢᠴᠢᠯ ᠠᠵᠤ ᠠᠬᠤᠶᠢᠯᠠᠯ ᠤᠨ | ᠲᠤᠭ᠎ᠠ ᠬᠡᠮᠵᠢᠶ᠎ᠡ ᠨᠢ 300 ᠲᠦᠮᠡᠨ ᠲᠥᠭᠦᠷᠢᠭ ᠠᠴᠠ ᠬᠡᠲᠦᠷᠡᠬᠦ ᠦᠭᠡᠢ ᠂ ᠬᠤᠭᠤᠴᠠᠭ᠎ᠠ ᠬᠢᠵᠠᠭᠠᠷ ᠨᠢ 2 | ᠵᠢᠯ ᠠᠴᠠ ᠬᠡᠲᠦᠷᠡᠬᠦ ᠦᠭᠡᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠬᠠᠮᠤᠭ ᠤᠨ | ᠥᠨᠳᠥᠷ ᠲᠡᠭᠡᠨ 4% ᠶᠢᠨ ᠳᠠᠮ ᠬᠦᠦ ᠣᠯᠭᠤᠵᠤ ᠂ ᠳᠠᠮ ᠬᠦᠦ ᠶᠢᠨ ᠪᠡᠯᠡ ᠮᠥᠩᠭᠦ ᠶᠢ ᠡᠯ᠎ᠡ ᠱᠠᠲᠤᠨ ᠤ | ᠡᠳ᠋ ᠤᠨ ᠵᠠᠰᠠᠭ ᠠᠴᠠ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠨ᠎ᠡ ᠃ 2023 ᠣᠨ ᠤ 6 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ ᠂ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠲᠠᠷᠬᠠᠭᠠᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠳᠤ ᠵᠢᠭᠡᠯᠡᠯᠭᠡ ᠶᠢᠨ ᠦᠯᠡᠳᠡᠪᠦᠷᠢ ᠶᠢᠨ | ᠨᠡᠮᠡᠭᠳᠡᠯ ᠤᠨ ᠬᠡᠮᠵᠢᠶᠡᠨ ᠤ 2% ᠢᠶᠠᠷ ᠤᠷᠮᠠᠰᠢᠭᠤᠯᠬᠤ ᠪᠡᠯᠡ ᠮᠥᠩᠭᠦ ᠣᠯᠭᠤᠨ᠎ᠠ ᠃ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ︽ 1+N ︾ ᠮᠥᠩᠭᠦᠨ ᠭᠦᠢᠯᠭᠡᠭᠡᠨ ᠤ | ᠦᠢᠯᠡᠴᠢᠯᠡᠭᠡᠨ ᠢ ᠥᠷᠨᠢᠭᠦᠯᠵᠦ ᠂ ᠠᠵᠤ ᠦᠢᠯᠡᠰ ᠤᠨ ᠬᠡᠯᠬᠢᠶᠡᠨ ᠤ ︽ ᠬᠡᠯᠬᠢᠶᠡᠨ ᠤ ᠡᠵᠡᠨ ︾ ᠠᠵᠤ | ᠠᠬᠤᠶᠢᠯᠠᠯ ᠤᠨ ᠠᠵᠤ ᠦᠢᠯᠡᠰ ᠤᠨ ᠬᠡᠯᠬᠢᠶᠡᠨ ᠳᠠᠬᠢ ᠪᠡᠯᠡ ᠮᠥᠩᠭᠦ ᠶᠢᠨ ᠳᠡᠮᠵᠢᠯᠭᠡ ᠶᠢᠨ ᠦᠢᠯᠡᠳᠦᠯ ᠢ | ᠪᠠᠳᠠᠷᠠᠭᠤᠯᠤᠨ ᠂ ︽ ᠬᠡᠯᠬᠢᠶᠡᠨ ᠤ ᠡᠵᠡᠨ ︾ ᠠᠵᠤ ᠠᠬᠤᠶᠢᠯᠠᠯ ᠤᠨ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠬᠤᠷᠢᠶᠠᠬᠤ ᠶᠣᠰᠣᠲᠠᠢ ᠲᠠᠩᠰᠠᠨ ᠵᠣᠭᠤᠰ ᠤᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ | ᠯᠤᠭ᠎ᠠ ᠰᠢᠰᠲ᠋ᠧᠮ ᠲᠠᠢ ᠵᠣᠯᠭᠠᠭᠤᠯᠬᠤ ᠂ ᠰᠦᠯᠵᠢᠶ᠎ᠡ ᠪᠠᠷ ᠡᠷᠬᠡ ᠶᠢ ᠨᠤᠲᠠᠯᠠᠨ ᠲᠣᠭᠲᠠᠭᠠᠬᠤ ᠶᠢ ᠠᠬᠢᠭᠤᠯᠵᠤ ᠂ | ᠬᠡᠯᠬᠢᠶᠡᠨ ᠳᠠᠬᠢ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠬᠥᠳᠡᠯᠬᠦ ᠬᠥᠷᠥᠩᠭᠡ ᠪᠠᠷ ᠳᠠᠨᠵᠢᠯᠠᠵᠤ ᠪᠡᠯᠡ | ᠲᠣᠬᠢᠷᠠᠭᠤᠯᠬᠤ ᠶᠢ ᠪᠡᠶᠡᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ | ᠤ ᠡᠬᠢ ᠪᠠᠶᠠᠯᠢᠭ ᠬᠢᠭᠡᠳ ᠨᠡᠶᠢᠭᠡᠮ ᠣᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠪᠠᠩᠬᠢ ᠬᠢᠭᠡᠳ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ) | ︵ ᠳᠣᠯᠤᠭ᠎ᠠ ︶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠦᠢᠯᠡᠴᠢᠯᠡᠭᠡ ᠶᠢ ᠴᠢᠩᠭᠠᠷᠠᠭᠤᠯᠬᠤ ᠬᠡᠷᠡᠭᠲᠡᠢ | ᠃ ᠥᠪᠡᠷᠲᠡᠭᠡᠨ ᠵᠠᠰᠠᠬᠤ ᠣᠷᠣᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠦᠯᠦᠭᠯᠡᠯ ᠢ ᠳᠠᠬᠢᠨ ᠳᠠᠭᠠᠭᠠᠯᠲᠠ | ᠬᠢᠬᠦ ᠲᠤᠬᠠᠶᠢᠯᠠᠭᠰᠠᠨ ᠠᠵᠢᠯ ᠥᠷᠨᠢᠭᠦᠯᠬᠦ ᠳᠤ ᠂ ᠭᠠᠭᠴᠠ ᠡᠷᠦᠬᠡ ᠶᠢᠨ ᠳᠠᠭᠠᠭᠠᠯᠲᠠ ᠬᠢᠬᠦ ᠵᠣᠭᠤᠰ ᠤᠨ ᠲᠤᠭ᠎ᠠ ᠨᠢ | 500 ᠲᠦᠮᠡᠨ ᠲᠥᠭᠦᠷᠢᠭ ᠠᠴᠠ ᠳᠡᠭᠡᠭᠰᠢᠬᠢ ᠰᠦᠢᠳᠬᠡᠯ ᠬᠤᠷᠢᠶᠠᠬᠤ ᠶᠢ ᠵᠠᠷᠴᠢᠮ ᠳᠡᠭᠡᠷ᠎ᠡ ᠪᠠᠨ ᠲᠦᠭᠰᠢᠭᠦᠷᠢ ᠶᠢᠨ | ᠬᠠᠷᠢᠭᠤᠴᠠᠯᠭ᠎ᠠ ᠡᠭᠦᠷᠭᠡᠯᠡᠬᠦ ᠶᠢᠨ 0.5% ᠠᠴᠠ ᠥᠨᠳᠥᠷ ᠪᠠᠶᠢᠯᠭᠠᠵᠤ ᠪᠣᠯᠬᠤ ᠦᠭᠡᠢ ᠂ ᠭᠠᠭᠴᠠ ᠡᠷᠦᠬᠡ ᠶᠢᠨ | ᠳᠠᠭᠠᠭᠠᠯᠲᠠ ᠬᠢᠬᠦ ᠵᠣᠭᠤᠰ ᠤᠨ ᠲᠤᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ | ᠰᠦᠢᠳᠬᠡᠯ ᠬᠤᠷᠢᠶᠠᠬᠤ ᠶᠢ ᠵᠠᠷᠴᠢᠮ ᠳᠡᠭᠡᠷ᠎ᠡ ᠪᠠᠨ ᠲᠦᠭᠰᠢᠭᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠶᠢᠨ 0.3% | ᠠᠴᠠ ᠥᠨᠳᠥᠷ ᠪᠠᠶᠢᠯᠭᠠᠵᠤ ᠪᠣᠯᠬᠤ ᠦᠭᠡᠢ ᠂ ᠭᠠᠭᠴᠠ ᠡᠷᠦᠬᠡ ᠶᠢᠨ ᠳᠠᠭᠠᠭᠠᠯᠲᠠ ᠬᠢᠬᠦ ᠵᠣᠭᠤᠰ ᠤᠨ ᠲᠤᠭ᠎ᠠ ᠨᠢ | 500 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠲᠤᠬᠠᠶᠢᠯᠠᠭᠰᠠᠨ ᠠᠵᠢᠯ ᠤᠨ ᠡᠵᠡᠯᠡᠬᠦ ᠬᠠᠷᠢᠴᠠᠯ ᠨᠢ | 50% ᠶᠢ ᠳᠠᠪᠠᠭᠰᠠᠨ ᠤᠤᠯ ᠤᠨ ᠳᠠᠭᠠᠭᠠᠯᠲᠠ ᠬᠢᠬᠦ ᠪᠠᠶᠢᠭᠤᠯᠤᠮᠵᠢ ᠨᠢ ᠳᠠᠬᠢᠨ ᠳᠠᠭᠠᠭᠠᠯᠲᠠ ᠬᠢᠬᠦ ᠰᠦᠢᠳᠬᠡᠯ ᠢ | ᠵᠣᠬᠢᠬᠤ ᠬᠡᠮᠵᠢᠶ᠎ᠡ ᠪᠠᠷ ᠪᠤᠴᠠᠭᠠᠨ ᠥᠭᠴᠦ ᠪᠣᠯᠣᠨ᠎ᠠ ᠃ (ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠤᠨ ᠲᠢᠩᠬᠢᠮ) | ︵ ᠨᠠᠢᠮᠠ ︶ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ ᠃ ᠠᠵᠤ ᠠᠬᠤᠶᠢᠯᠠᠯ ᠤᠨ | ᠵᠠᠬ᠎ᠠ ᠳᠡᠯᠭᠡᠭᠦᠷ ᠲᠤ ᠭᠠᠷᠬᠤ ᠲᠢᠶᠠᠨ ᠵᠢᠶᠦ᠋ᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠵᠦ᠂ ᠠᠵᠤ | ᠠᠬᠤᠶᠢᠯᠠᠯ ᠳᠤ ᠬᠠᠤᠯᠢ ᠴᠠᠭᠠᠵᠠ᠂ ᠮᠥᠩᠭᠦᠨ ᠭᠦᠢᠯᠭᠡᠭᠡ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ ᠂ | 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠂ ᠥᠪᠥᠷ ᠮᠣᠩᠭᠤᠯ ᠤᠨ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ ᠵᠢᠯᠤᠭᠤᠳᠬᠤ ᠶᠢᠨ | ᠳᠠᠩᠰᠠᠯᠠᠯᠲᠠ ᠬᠢᠯᠭᠡᠭᠰᠡᠨ ᠠᠵᠤ ᠠᠬᠤᠶᠢᠯᠠᠯ ᠳᠤ 100 ᠲᠦᠮᠡᠨ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠱᠠᠩᠬᠠᠢ᠂ ᠱᠧᠨᠵᠧᠨ᠂ ᠪᠡᠭᠡᠵᠢᠩ ᠤᠨ ᠦᠨᠡᠲᠦ ᠲᠡᠮᠳᠡᠭᠲᠦ ᠶᠢᠨ | ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠭᠠᠬᠤ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠲᠤᠰᠢᠶᠠᠭᠰᠠᠨ | ᠪᠥᠭᠡᠳ ᠭᠥᠯᠢᠶᠡᠨ ᠠᠪᠬᠤ ᠪᠠᠷ ᠭᠥᠯᠢᠶᠡᠨ ᠠᠪᠤᠭᠰᠠᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ | ᠱᠠᠩᠨᠠᠯ ᠨᠥᠬᠦᠪᠦᠷᠢ ᠣᠯᠭᠤᠨ᠎ᠠ︔ ᠱᠠᠩᠬᠠᠢ᠂ ᠱᠧᠨᠵᠧᠨ᠂ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ | ᠭᠠᠵᠠᠷ ᠲᠤ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ | ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ; ᠤᠯᠤᠰ ᠤᠨ ᠬᠤᠯᠪᠣᠭᠳᠠᠯ ᠪᠦᠬᠦᠢ ᠵᠠᠬ᠎ᠠ ᠳᠡᠯᠭᠡᠭᠦᠷ ᠲᠤ ᠭᠠᠷᠭᠠᠬᠤ | ᠱᠠᠭᠠᠷᠳᠠᠯᠭ᠎ᠠ ᠳᠤ ᠨᠡᠶᠢᠴᠡᠭᠰᠡᠨ ᠰᠢᠶᠠᠩᠭᠠᠩ ᠤᠨ ᠬᠠᠮᠲᠤᠷᠠᠭᠰᠠᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ | ᠭᠠᠷᠤᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 500 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠣᠯᠭᠤᠨ᠎ᠠ ᠃ (ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ) | ︵ ᠶᠢᠰᠦ ︶ ᠬᠥᠳᠡᠯᠦᠩᠭᠦᠢ ᠴᠢᠨᠠᠷᠲᠠᠢ ᠬᠦᠴᠢᠷᠳᠡᠯᠲᠦ ᠪᠠᠶᠢᠳᠠᠯ ᠢ ᠬᠦᠴᠦᠯᠡᠨ ᠰᠢᠢᠳᠪᠦᠷᠢᠯᠡᠨ᠎ᠡ ᠃ ᠰᠢᠨ᠎ᠡ | ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠵᠢᠭᠡᠯᠡᠯᠭᠡ ᠪᠠᠨ | ᠪᠤᠴᠠᠭᠠᠬᠤ ᠳᠤ ᠬᠦᠴᠢᠷᠲᠡᠢ ᠠᠵᠤ ᠠᠬᠤᠶᠢᠯᠠᠯ ᠳᠤ ᠦᠷᠭᠦᠯᠵᠢᠯᠡᠨ ᠵᠢᠭᠡᠯᠡᠯᠭᠡ ᠲᠠᠯᠪᠢᠬᠤ ᠂ ᠬᠤᠭᠤᠴᠠᠭ᠎ᠠ ᠶᠢ ᠨᠢ | ᠤᠷᠲᠤᠳᠬᠠᠬᠤ ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠵᠣᠬᠢᠰᠲᠠᠢ ᠪᠠᠭᠤᠷᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠲᠡᠳᠡᠨ ᠢ ᠬᠠᠪᠰᠤᠷᠤᠨ ᠪᠡᠷᠬᠡ ᠪᠣᠭᠤᠮᠲᠠ ᠶᠢ ᠳᠤᠭᠤᠯᠬᠤ ᠬᠡᠷᠡᠭᠲᠡᠢ ᠃ ᠥᠪᠡᠷᠲᠡᠭᠡᠨ | ᠵᠠᠰᠠᠬᠤ ᠣᠷᠣᠨ ᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠬᠥᠭᠵᠢᠯᠲᠡ ᠶᠢᠨ ᠰᠠᠭᠤᠷᠢ ᠮᠥᠩᠭᠦ ᠪᠠ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠥᠳᠡᠯᠦᠩᠭᠦᠢ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ | ᠺᠣᠮᠫᠠᠨᠢ ᠶᠢᠨ ᠰᠲ᠋ᠣᠺ ᠢᠶᠠᠨ ᠳᠠᠨᠵᠢᠯᠠᠬᠤ ᠲᠦᠭᠰᠢᠭᠦᠷᠢ ᠪᠠ ᠠᠵᠤ ᠠᠬᠤᠶᠢᠯᠠᠯ ᠤᠨ ᠬᠥᠳᠡᠯᠦᠩᠭᠦᠢ ᠴᠢᠨᠠᠷᠲᠠᠢ | ᠲᠦᠭᠰᠢᠭᠦᠷᠢ ᠶᠢ ᠠᠷᠢᠯᠭᠠᠨ᠎ᠠ ᠃ ᠥᠷᠢ ᠥᠭᠴᠡᠭᠡ ᠶᠢ ᠵᠣᠬᠢᠴᠠᠭᠤᠯᠬᠤ ᠂ ᠥᠷᠢ ᠥᠭᠴᠡᠭᠡ ᠶᠢ ᠳᠠᠬᠢᠨ ᠵᠣᠬᠢᠶᠠᠨ | ᠪᠠᠶᠢᠭᠤᠯᠬᠤ ᠂ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠂ ᠥᠷᠢ ᠥᠭᠴᠡᠭᠡ ᠶᠢ ᠰᠣᠯᠢᠬᠤ ᠵᠡᠷᠭᠡ | ᠣᠯᠠᠨ ᠡᠰᠢᠵᠢᠭᠰᠡᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠂ ᠠᠵᠤ ᠠᠬᠤᠶᠢᠯᠠᠯ ᠢ ᠬᠠᠪᠰᠤᠷᠤᠨ ᠥᠷᠢ | ᠥᠭᠴᠡᠭᠡ ᠶᠢᠨ ᠲᠦᠭᠰᠢᠭᠦᠷᠢ ᠶᠢ ᠠᠷᠢᠯᠭᠠᠨ᠎ᠠ ᠃ ︵ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠳ᠋ ᠤᠨ ᠵᠠᠰᠠᠭ ᠤᠨ ᠲᠢᠩᠬᠢᠮ ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ︶ | ᠭᠤᠷᠪᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ | ᠬᠥᠭᠵᠢᠯᠲᠡ ᠶᠢ | ︵ ᠠᠷᠪᠠ ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠪᠥᠬᠦ ᠲᠠᠯ᠎ᠠ ᠪᠠᠷ ᠠᠭᠤᠵᠢᠭᠤ ᠪᠣᠯᠭᠠᠨ᠎ᠠ | ᠃ ᠤᠯᠤᠰ ᠤᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠨᠠᠵᠠᠭᠠᠢ | ᠲᠠᠯ᠎ᠠ ᠶᠢᠨ ᠨᠠᠷᠢᠨ ᠬᠠᠭᠤᠳᠠᠰᠤ ᠶᠢ ᠬᠡᠷᠡᠭᠵᠢᠭᠦᠯᠦᠨ ᠂ ᠨᠠᠷᠢᠨ ᠬᠠᠭᠤᠳᠠᠰᠤ ᠠᠴᠠ ᠭᠠᠳᠠᠨᠠᠬᠢ ᠬᠦᠷᠢᠶ᠎ᠡ ᠪᠦᠬᠦᠨ ᠳᠤ | ︽ ᠬᠠᠤᠯᠢ ᠪᠠᠷ ᠴᠠᠭᠠᠵᠠᠯᠠᠬᠤ ᠦᠭᠡᠢ ᠪᠣᠯ ᠬᠢᠵᠦ ᠪᠣᠯᠬᠤ ︾ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠡᠷᠬᠡ ᠲᠡᠭᠰᠢ ᠪᠠᠷ ᠬᠠᠨᠳᠤᠬᠤ ᠬᠡᠷᠡᠭᠲᠡᠢ ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ ᠂ | ᠨᠡᠶᠢᠭᠡᠮ ᠤᠨ ᠬᠥᠷᠥᠩᠭᠡ ᠶᠢᠨ ᠰᠢᠯᠵᠢᠭᠦᠯᠦᠨ ᠥᠭᠬᠦ ︱ ᠡᠵᠡᠩᠨᠡᠬᠦ ︱ ᠰᠢᠯᠵᠢᠭᠦᠯᠦᠨ ᠲᠤᠰᠢᠶᠠᠬᠤ ︵ TOT ︶ | ᠂ ᠪᠦᠲᠦᠭᠡᠨ ᠪᠠᠶᠢᠭᠤᠯᠬᠤ ︱ ᠡᠵᠡᠩᠨᠡᠬᠦ ︱ ᠰᠢᠯᠵᠢᠭᠦᠯᠦᠨ ᠲᠤᠰᠢᠶᠠᠬᠤ ︵ BOT ︶ ᠵᠡᠷᠭᠡ ᠣᠨᠴᠠ | ᠵᠥᠪᠰᠢᠶᠡᠷᠡᠭᠰᠡᠨ ᠡᠵᠡᠩᠨᠡᠯᠲᠡ ᠶᠢᠨ ᠠᠷᠭ᠎ᠠ ᠮᠠᠶ᠋ᠢᠭ ᠠᠪᠬᠤ ᠶᠢ ᠬᠥᠲᠥᠯᠥᠨ ᠵᠢᠯᠤᠭᠤᠳᠴᠤ ᠪᠠᠶᠢᠭᠠᠳ ᠠᠬᠢᠭᠤᠯᠵᠤ ᠂ | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠬᠠᠮᠲᠤᠷᠠᠯᠴᠠᠬᠤ ︵ PPP ︶ ᠶᠢᠨ ᠵᠠᠭᠪᠤᠷ ᠢᠶᠠᠷ ᠰᠢᠨ᠎ᠡ | ᠡᠨᠧᠷᠭᠢ ᠶᠢᠨ ᠨᠡᠭᠡᠭᠡᠯᠲᠡ ᠂ ᠠᠮᠢ ᠠᠬᠤᠢ ᠶᠢᠨ ᠬᠠᠮᠠᠭᠠᠯᠠᠯᠲᠠ ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠂ | ᠣᠯᠠᠨ ᠨᠡᠶᠢᠲᠡ ᠶᠢᠨ ᠦᠢᠯᠡᠴᠢᠯᠡᠭᠡ ᠂ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠵᠡᠷᠭᠡ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠭᠤᠯᠤᠨ᠎ᠠ ᠃ ᠰᠠᠭᠤᠷᠢ | ᠪᠡᠯᠡᠳᠬᠡᠮᠵᠢ ᠶᠢᠨ ᠬᠦᠷᠢᠶᠡᠨ ᠳᠠᠬᠢ ᠥᠯᠥ ᠬᠥᠳᠡᠯᠬᠦ ᠬᠥᠷᠥᠩᠭᠡ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ | ᠮᠥᠩᠭᠦ ︵ REITs ︶ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ | ᠪᠣᠯᠭᠠᠵᠤ ᠂ ᠰᠢᠨ᠎ᠡ ᠪᠠᠷ ᠨᠡᠮᠡᠭᠳᠡᠬᠦ ᠪᠡᠯᠡ ᠣᠷᠣᠭᠤᠯᠤᠯᠲᠠ ᠶᠢ ᠪᠣᠶ ᠪᠣᠯᠭᠠᠨ᠎ᠠ ᠃ (ᠥᠪᠡᠷᠲᠡᠭᠡᠨ ᠵᠠᠰᠠᠬᠤ ᠣᠷᠣᠨ | ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠨᠧᠷᠭᠢ ᠶᠢᠨ ᠲᠣᠪᠴᠢᠶ᠎ᠠ) | ︵ ᠠᠷᠪᠠᠨ ᠨᠢᠭᠡ ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠤ ᠦᠢᠯᠡᠰ ᠤᠨ | ᠪᠥᠭᠡᠮᠨᠡᠷᠡᠯ ᠤᠨ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠰᠢᠨ᠎ᠡ | ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠂ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠂ ᠠᠮᠢᠳᠤ | ᠪᠣᠳᠠᠰ ᠤᠨ ᠡᠮ ᠡᠮᠨᠡᠯᠭᠡ ᠂ ᠲᠣᠭᠠᠴᠢᠯᠠᠭᠰᠠᠨ ᠠᠵᠤ ᠠᠬᠤᠢ ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ | ᠵᠡᠷᠭᠡ ᠠᠵᠤ ᠦᠢᠯᠡᠰ ᠤᠨ ᠰᠦᠷᠦᠭᠵᠢᠯ ᠤᠨ ᠲᠣᠭᠤᠷᠢᠨ ᠳᠤ ᠂ ᠵᠢᠴᠢ ᠰᠦ᠋ ᠶᠢᠨ ᠦᠢᠯᠡᠰ ᠂ ᠠᠯᠠᠰᠢᠨ ᠦᠬᠡᠷ ᠂ | ᠠᠯᠠᠰᠢᠨ ᠬᠤᠨᠢ ᠂ ᠲᠥᠮᠥᠰᠥ ᠂ ᠢᠮᠠᠭᠠᠨ ᠨᠣᠯᠤᠤᠷ ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠂ ᠥᠩᠭᠡᠲᠦ ᠲᠡᠮᠦᠷᠯᠢᠭ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠰᠠᠯᠬᠢᠨ ᠬᠦᠴᠦᠨ ᠤ | ᠴᠠᠬᠢᠯᠭᠠᠨ ᠤ ᠲᠥᠬᠦᠭᠡᠷᠦᠮᠵᠢ ᠂ ᠭᠡᠷᠡᠯ ᠴᠡᠨᠡᠭ ᠤᠨ ᠲᠥᠬᠦᠭᠡᠷᠦᠮᠵᠢ ᠂ ᠠᠮᠢᠳᠤ ᠪᠣᠳᠠᠰ ᠤᠨ ᠡᠮ ᠦᠢᠯᠡᠳᠬᠦ ᠂ | ᠬᠤᠪᠣᠷ ᠰᠢᠷᠣᠢ ᠵᠡᠷᠭᠡ ᠲᠦᠷᠦᠭᠦᠦ ᠪᠦᠯᠦᠭ ᠤᠨ 12 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠂ ᠠᠵᠤ | ᠦᠢᠯᠡᠰ ᠤᠨ ᠬᠡᠯᠬᠢᠶᠡᠨ ᠤ ᠪᠥᠬᠦ ᠦᠵᠡᠮᠵᠢ ᠶᠢᠨ ᠵᠢᠷᠤᠭ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠵᠤ ᠂ ᠬᠤᠳᠠᠯᠳᠤᠭᠠᠴᠢᠨ ᠤᠷᠢᠬᠤ ᠭᠠᠵᠠᠷ ᠤᠨ ᠵᠢᠷᠤᠭ ᠢ ᠵᠢᠷᠤᠵᠤ ᠂ | ᠳᠡᠭᠡᠳᠦ ᠲᠤᠤᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠢ ᠲᠦᠷᠭᠡᠳᠬᠡᠨ ᠣᠷᠣᠭᠤᠯᠵᠤ ᠂ ︽ | ᠬᠡᠯᠬᠢᠶᠡᠨ ᠤ ᠡᠵᠡᠨ ︾ ᠠᠵᠤ ᠠᠬᠤᠶᠢᠯᠠᠯ ᠢ ᠬᠦᠴᠦᠯᠡᠨ ᠪᠣᠶᠢᠵᠢᠭᠤᠯᠵᠤ ᠂ ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠪᠠᠬᠢᠵᠢᠭᠦᠯᠵᠦ ᠬᠡᠯᠬᠢᠶᠡᠰᠦ ᠶᠢ ᠴᠢᠩᠭᠠᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠤᠨ᠎ᠠ ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ | ᠂ ᠡᠨᠧᠷᠭᠢ ᠶᠢ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠂ ᠠᠵᠤ | ᠦᠢᠯᠡᠳᠪᠦᠷᠢ ᠪᠠᠷ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ᠎ᠡ ᠃ ᠨᠡᠭᠡᠭᠡᠯᠲᠡ ᠶᠢᠨ | ᠲᠣᠭᠤᠷᠢᠭ ᠤᠨ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠰᠢᠨ᠎ᠡ ᠶᠢ ᠡᠭᠦᠳᠬᠦ ᠡᠬᠢ ᠪᠠᠶᠠᠯᠢᠭ ᠪᠠ | ᠦᠢᠯᠡᠳᠪᠦᠷᠢᠯᠡᠯ ᠤᠨ ᠬᠦᠴᠦᠨ ᠵᠦᠢᠯ ᠢ ᠲᠥᠪᠯᠡᠷᠡᠭᠦᠯᠦᠨ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ | ᠬᠠᠪᠰᠤᠷᠤᠨ ᠭᠠᠵᠠᠷ ᠬᠡᠷᠡᠭᠯᠡᠬᠦ ᠂ ᠡᠨᠧᠷᠭᠢ ᠬᠡᠷᠡᠭᠯᠡᠬᠦ ᠂ ᠮᠡᠷᠭᠡᠵᠢᠯ ᠂ ᠲᠥᠬᠦᠭᠡᠷᠦᠮᠵᠢ ᠂ ᠪᠡᠯᠡ ᠮᠥᠩᠭᠦ ᠂ | ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠵᠡᠷᠭᠡ ᠲᠠᠯ᠎ᠠ ᠶᠢᠨ ᠪᠣᠳᠠᠲᠠᠢ ᠬᠦᠴᠢᠷᠳᠡᠯ ᠢ ᠰᠢᠢᠳᠪᠦᠷᠢᠯᠡᠨ᠎ᠡ ᠃ | ᠪᠣᠬᠢᠷᠳᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ | ᠠᠵᠢᠯᠯᠠᠭ᠎ᠠ ᠶᠢ ᠬᠡᠷᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠡᠮᠵᠢᠯᠲᠡ ᠂ ᠪᠠᠷᠢᠮᠵᠢᠶ᠎ᠠ ᠂ | ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠂ ᠭᠡᠷᠡᠴᠢᠯᠡᠬᠦ ᠵᠡᠷᠭᠡ ᠲᠠᠯ᠎ᠠ ᠶᠢᠨ ᠦᠢᠯᠡᠴᠢᠯᠡᠭᠡ ᠶᠢ ᠴᠢᠩᠭᠠᠳᠬᠠᠨ ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ ᠃ (ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤ ᠲᠢᠩᠬᠢᠮ᠂ ᠠᠮᠢ ᠠᠬᠤᠢ ᠶᠢᠨ | ᠣᠷᠴᠢᠨ ᠲᠣᠭᠤᠷᠢᠨ ᠤ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠤᠰᠤᠨ ᠠᠰᠢᠭᠯᠠᠯᠲᠠ ᠶᠢᠨ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ) | ︵ ᠠᠷᠪᠠᠨ ᠬᠤᠶᠠᠷ ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ | ᠬᠥᠭᠵᠢᠬᠦ ᠶᠢ ︽ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠮᠲᠤᠷᠠᠨ ᠦᠢᠯᠡᠳᠪᠦᠷᠢᠯᠡᠬᠦ ᠵᠢᠭᠠᠬᠤ ᠰᠤᠳᠤᠯᠬᠤ | ᠬᠡᠷᠡᠭᠯᠡᠬᠦ ᠬᠠᠮᠵᠢᠯᠴᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ ᠰᠢᠨᠵᠢᠯᠡᠬᠦ ᠤᠬᠠᠭᠠᠨ | ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠢ ᠵᠠᠯᠭᠠᠨ ᠵᠣᠯᠭᠠᠭᠤᠯᠬᠤ ᠶᠢ ᠵᠣᠷᠢᠭᠵᠢᠭᠤᠯᠵᠤ ᠂ ᠨᠡᠶᠢᠲᠡᠴᠢ | ᠴᠢᠨᠠᠷᠲᠠᠢ ᠮᠡᠷᠭᠡᠵᠢᠯ ᠤᠨ ᠰᠤᠳᠤᠯᠤᠨ ᠨᠡᠭᠡᠭᠡᠬᠦ ᠶᠢ ᠴᠢᠩᠭᠠᠳᠬᠠᠨ᠎ᠠ ᠃ ᠠᠷᠠᠳ ᠠᠴᠠ ᠡᠵᠡᠩᠨᠡᠭᠰᠡᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ᠂ ᠠᠩᠬ᠎ᠠ ᠤᠳᠠᠭ᠎ᠠ | ᠦᠨᠡᠮᠰᠢᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠤ ᠨᠢᠭᠡ ᠤᠳᠠᠭ᠎ᠠ ᠶᠢᠨ ᠴᠢᠨᠠᠷᠲᠠᠢ 30 | ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠱᠠᠩᠨᠠᠯ ᠣᠯᠭᠤᠨ᠎ᠠ᠃ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ | ᠵᠢᠯᠤᠭᠤᠳᠴᠤ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠳᠡᠭᠡᠷ᠎ᠡ ᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠳᠤ 1% ᠪᠠᠷ ᠪᠡᠯᠡ ᠮᠥᠩᠭᠦ ᠶᠢᠨ ᠱᠠᠩᠨᠠᠯ | ᠨᠥᠬᠦᠪᠦᠷᠢ ᠣᠯᠭᠤᠵᠤ ᠂ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠶᠢ 10% ᠠᠴᠠ | ᠥᠨᠳᠥᠷ ᠪᠠᠶᠢᠯᠭᠠᠬᠤ ᠦᠭᠡᠢ ᠪᠠᠷ ᠪᠡᠯᠡ ᠮᠥᠩᠭᠦ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠲᠦᠷᠦᠭᠦᠯᠡᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ ᠳᠡᠮᠵᠢᠵᠦ ᠂ ᠤᠯᠤᠰ ᠤᠨ | ᠵᠥᠪᠰᠢᠶᠡᠷᠡᠯ ᠢᠶᠠᠷ ᠪᠦᠲᠦᠭᠡᠨ ᠪᠠᠶᠢᠭᠤᠯᠤᠭᠰᠠᠨ ᠤ ᠳᠠᠷᠠᠭ᠎ᠠ ᠂ ︽ ᠨᠢᠭᠡ ᠬᠡᠷᠡᠭ ᠢ ᠨᠢᠭᠡ ᠵᠥᠪᠯᠡᠬᠦ ︾ ᠠᠷᠭ᠎ᠠ | ᠮᠠᠶ᠋ᠢᠭ ᠢᠶᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ ᠃ ᠠᠮᠵᠢᠯᠲᠠ ᠪᠦᠲᠦᠮᠵᠢ ᠶᠢᠨ ᠦᠨᠡᠯᠡᠯᠲᠡ ᠪᠠᠷ | ᠰᠢᠯᠢᠳᠡᠭ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠳᠤ ᠨᠡᠪᠴᠢᠭᠦᠯᠦᠭᠴᠢ ᠳᠤ ᠲᠣᠰ ᠲᠣᠰ 40 ᠲᠦᠮᠡᠨ | ᠲᠥᠭᠦᠷᠢᠭ ᠂ 50 ᠲᠦᠮᠡᠨ ᠲᠥᠭᠦᠷᠢᠭ ᠤᠨ ᠱᠠᠩᠨᠠᠯ ᠤᠨ ᠴᠢᠨᠠᠷᠲᠠᠢ ᠨᠥᠬᠦᠪᠦᠷᠢ ᠳᠡᠮᠵᠢᠯᠭᠡ ᠣᠯᠭᠤᠨ᠎ᠠ ᠃ ᠡᠯ᠎ᠡ | ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠲᠥᠷᠥᠯ ᠵᠦᠢᠯ ᠤᠨ | ᠬᠥᠮᠥᠷᠭᠡ ᠂ ᠳ᠋ᠠᠶᠢᠲ᠋ᠠ ᠶᠢᠨ ᠬᠥᠮᠥᠷᠭᠡ ᠶᠢ ᠳᠤᠮᠳᠠ ᠵᠢᠵᠢᠭ ᠠᠵᠤ ᠠᠬᠤᠶᠢᠯᠠᠯ ᠳᠤ ᠰᠦᠢᠳᠬᠡᠯ ᠬᠤᠷᠢᠶᠠᠬᠤ | ᠦᠭᠡᠢ ᠪᠠᠷ ᠨᠡᠭᠡᠭᠡᠬᠦ ᠶᠢ ᠠᠬᠢᠭᠤᠯᠵᠤ ᠂ ᠵᠠᠰᠠᠭ ᠤᠨ ᠣᠷᠳᠣᠨ ᠠᠴᠠ ᠳᠡᠮᠵᠢᠵᠦ ᠪᠠᠶᠢᠭ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠳᠤᠮᠳᠠ ᠵᠢᠵᠢᠭ ᠠᠵᠤ ᠠᠬᠤᠶᠢᠯᠠᠯ | ᠳᠠᠰᠢ ᠮᠡᠷᠭᠡᠵᠢᠯ ᠤᠨ ᠲᠣᠨᠣᠭᠯᠠᠯ ᠤᠨ ᠠᠩᠬᠠᠨ ᠤ ᠰᠠᠤᠷᠢ ︵ ᠢᠵᠢ ︶ ᠂ ᠵᠠᠩᠭᠢᠯᠠᠭ᠎ᠠ ᠶᠢᠨ ᠰᠡᠯᠪᠢᠭ ᠲᠣᠨᠤᠭ ᠤᠨ | ᠲᠦᠷᠦᠭᠦᠸ ᠪᠦᠯᠦᠭ ︵ ᠤᠳᠠᠭ᠎ᠠ ︶ ᠂ ᠰᠢᠨ᠎ᠡ ᠮᠠᠲ᠋ᠧᠷᠢᠶᠠᠯ ᠤᠨ ᠲᠦᠷᠦᠭᠦᠸ ᠪᠦᠯᠦᠭ ︵ ᠤᠳᠠᠭ᠎ᠠ ︶ ᠤᠨ | ᠦᠢᠯᠡᠳᠬᠦᠨ ᠳᠤ ᠦᠷᠭᠦᠯᠵᠢᠯᠡᠨ ᠳᠠᠭᠠᠳᠬᠠᠯ ᠤᠨ ᠨᠥᠬᠦᠪᠦᠷᠢ ᠣᠯᠭᠤᠨ᠎ᠠ ᠃ ᠰᠢᠨ᠎ᠡ ᠶᠢ ᠡᠭᠦᠳᠬᠦ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠂ ︽ ᠲᠤᠰᠬᠠᠢ ᠨᠠᠷᠢᠯᠢᠭ ᠣᠨᠴᠠ ᠰᠢᠨ᠎ᠡ ︾ ᠳᠤᠮᠳᠠ ᠵᠢᠵᠢᠭ ᠠᠵᠤ | ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ︽ ᠵᠢᠵᠢᠭ ᠠᠪᠤᠷᠭᠤ ᠬᠥᠮᠥᠨ ︾ ᠤ ᠠᠵᠤ ᠠᠬᠤᠶᠢᠯᠠᠯ ᠳᠤ | ᠲᠣᠰ ᠲᠣᠰ 20 ᠲᠦᠮᠡᠨ ᠲᠥᠭᠦᠷᠢᠭ ᠂ 50 ᠲᠦᠮᠡᠨ ᠲᠥᠭᠦᠷᠢᠭ ᠂ 100 ᠲᠦᠮᠡᠨ ᠲᠥᠭᠦᠷᠢᠭ ᠢ ᠨᠢᠭᠡ | ᠤᠳᠠᠭ᠎ᠠ ᠶᠢᠨ ᠴᠢᠨᠠᠷᠲᠠᠢ ᠪᠠᠷ ᠱᠠᠩᠨᠠᠨ᠎ᠠ ᠃ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ | ᠪᠠ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠢ ᠳᠡᠮᠵᠢᠵᠦ ᠂ ᠵᠠᠷᠤᠴᠠᠭᠤᠯᠤᠭᠰᠠᠨ | ᠨᠢᠭᠡ ᠤᠳᠠᠭ᠎ᠠ ᠶᠢᠨ ᠴᠢᠨᠠᠷᠲᠠᠢ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ᠂ ᠭᠡᠷ ᠪᠦᠯᠢ ᠪᠠᠨ ᠲᠥᠪᠬᠢᠨᠡᠭᠦᠯᠬᠦ | ᠵᠠᠷᠤᠳᠠᠯ ᠂ ᠰᠢᠨᠵᠢᠯᠡᠬᠦ ᠤᠬᠠᠭᠠᠨ ᠤ ᠰᠤᠳᠤᠯᠭᠠᠨ ᠢ ᠡᠬᠢᠯᠡᠭᠦᠯᠬᠦ ᠵᠠᠷᠤᠳᠠᠯ ᠵᠡᠷᠭᠡ ᠵᠠᠷᠤᠳᠠᠯ ᠢ ᠲᠣᠭᠲᠠᠭᠠᠯ ᠶᠣᠰᠣᠭᠠᠷ | ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠠᠴᠠ ᠡᠮᠦᠨ᠎ᠡ ᠰᠠᠭᠤᠯᠭᠠᠨ ᠠᠪᠴᠤ ᠪᠣᠯᠣᠨ᠎ᠠ ᠃ | (ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠭᠤᠯᠤᠯᠲᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ) | ︵ ᠠᠷᠪᠠᠨ ᠭᠤᠷᠪᠠ ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠬᠤᠯᠢᠮᠠᠭ ᠥᠮᠴᠢᠯᠡᠯᠲᠦ ᠥᠭᠡᠷᠡᠴᠢᠯᠡᠯᠲᠡ ᠳᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠡᠵᠡᠩᠨᠡᠯᠲᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠡᠳ᠋ ᠬᠥᠷᠥᠩᠭᠡ ᠶᠢ ᠦᠨᠡᠯᠡᠨ ᠵᠢᠱᠢᠬᠦ ᠂ ᠰᠲ᠋ᠣᠺ ᠤᠨ | ᠡᠷᠬᠡ ᠶᠢ ᠬᠤᠪᠢᠶᠠᠷᠢᠯᠠᠬᠤ ᠂ ᠡᠷᠬᠡ ᠠᠰᠢᠭ ᠢ ᠪᠠᠲᠤᠯᠠᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠪᠠ ᠠᠵᠢᠯᠯᠠᠬᠤ ᠨᠠᠷᠢᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠡᠷᠬᠡ ᠡᠭᠦᠷᠭᠡ ᠶᠢ | ᠬᠤᠯᠢᠯᠳᠤᠭᠤᠯᠤᠨ ᠥᠭᠡᠷᠡᠴᠢᠯᠡᠬᠦ ᠶᠢ ᠲᠣᠳᠣᠷᠬᠠᠶᠢᠯᠠᠨ᠎ᠠ ᠃ ᠬᠤᠯᠢᠮᠠᠭ ᠡᠵᠡᠩᠨᠡᠯᠲᠡ ᠶᠢᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠠᠵᠤ ᠠᠬᠤᠶᠢᠯᠠᠯ ᠤᠨ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠦᠷᠢᠨᠰᠢᠭᠦᠯᠵᠦ | ᠂ ᠰᠲ᠋ᠣᠺ ᠤᠨ ᠡᠷᠬᠡ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠂ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠤ ᠵᠠᠰᠠᠬᠤ ᠪᠦᠲᠦᠴᠡ ᠶᠢ (ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ | ᠳᠥᠷᠪᠡ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠦᠨ᠎ᠡ | ︵ ᠠᠷᠪᠠᠨ ᠳᠥᠷᠪᠡ ︶ ᠡᠷᠬᠡ ᠲᠡᠭᠰᠢ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ | ᠪᠣᠯᠭᠠᠨ᠎ᠠ ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠪᠠ ᠠᠶᠢᠮᠠᠭ ᠬᠤᠲᠠ ᠳᠤ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠬᠢᠨᠠᠨ ᠬᠡᠮᠵᠢᠵᠦ ᠦᠨᠡᠯᠡᠨ ᠵᠢᠱᠢᠬᠦ ᠶᠢ ᠥᠷᠨᠢᠭᠦᠯᠵᠦ ᠂ ᠠᠯᠪᠠᠲᠠᠨ ᠤ ᠦᠨᠡᠨᠴᠢ | ᠢᠲᠡᠭᠡᠮᠵᠢ ᠶᠢᠨ ᠲᠡᠮᠳᠡᠭᠯᠡᠯ ᠢ ᠬᠡᠷᠡᠭᠵᠢᠭᠦᠯᠦᠨ ᠂ ᠠᠯᠪᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ | ᠶᠠᠪᠤᠴᠠ ᠳᠠᠬᠢ ᠬᠥᠬᠢᠭᠦᠯᠦᠨ ᠱᠠᠩᠨᠠᠬᠤ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠂ ᠢᠲᠡᠭᠡᠯ ᠠᠯᠳᠠᠵᠤ | ᠭᠡᠷ᠎ᠡ ᠠᠴᠠ ᠵᠥᠷᠢᠴᠡᠭᠰᠡᠨ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠲᠡᠮᠳᠡᠭᠯᠡᠬᠦ ᠶᠢᠨ ᠬᠠᠮᠲᠤ ᠂ ᠰᠢᠯᠭᠠᠨ ᠬᠢᠨᠠᠵᠤ | ᠲᠣᠮᠢᠯᠠᠨ ᠬᠡᠷᠡᠭᠯᠡᠬᠦ ᠶᠢᠨ ᠱᠠᠩᠨᠠᠵᠤ ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ ᠃ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠦᠷᠭᠦᠯᠵᠢᠯᠡᠨ ᠢᠯᠭᠠᠷᠠᠭᠤᠯᠵᠤ᠂ ᠵᠥᠷᠢᠯᠳᠦᠭᠡᠨ ᠦᠭᠡᠢ | ᠳᠠᠩᠰᠠᠨ ᠵᠣᠭᠤᠰ ᠢ ᠬᠥᠳᠡᠯᠦᠩᠭᠦᠢ ᠪᠠᠷ ᠢᠯᠭᠠᠷᠠᠭᠤᠯᠤᠨ ᠲᠢᠭᠯᠡᠬᠦ ᠶᠢ ᠦᠨᠡᠨ ᠬᠦ ᠪᠠᠲᠤᠯᠠᠵᠤ᠂ ᠵᠥᠷᠢᠯᠳᠦᠭᠡᠨ ᠲᠠᠢ | ᠳᠠᠩᠰᠠᠨ ᠵᠣᠭᠤᠰ ᠢ ᠰᠢᠢᠳᠪᠦᠷᠢᠯᠡᠬᠦ ᠶᠢ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠪᠠ | ᠬᠤᠷᠢᠬᠤ ᠴᠢᠬᠤᠯᠠ ᠴᠢᠨᠠᠷ ᠢ ᠬᠢᠨᠠᠨ ᠪᠠᠶᠢᠴᠠᠭᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠪᠡᠶ᠎ᠡ ᠶᠢᠨ ᠡᠳ᠋ ᠬᠥᠷᠥᠩᠭᠡ ᠶᠢᠨ ᠡᠷᠬᠡ ᠳᠤ | ᠬᠠᠯᠳᠠᠭᠰᠠᠨ ᠬᠢᠯᠢᠰ ᠪᠤᠷᠤᠭᠤ ᠬᠡᠷᠡᠭ ᠢ ᠢᠯᠭᠠᠨ ᠲᠣᠳᠣᠯᠠᠵᠤ ᠵᠠᠯᠠᠷᠠᠭᠤᠯᠪᠠ᠃ ᠠᠵᠤ ᠠᠬᠤᠶᠢᠯᠠᠯ ᠤᠨ | ᠲᠣᠭᠲᠠᠭᠠᠯ ᠳᠤ ᠨᠡᠶᠢᠴᠡᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠶᠣᠰᠣᠭᠠᠷ ᠡᠷᠬᠡ | ᠲᠡᠭᠰᠢ ᠪᠠᠷ ᠬᠠᠮᠠᠭᠠᠯᠠᠬᠤ ᠶᠢ ᠪᠠᠷᠢᠮᠲᠠᠯᠠᠨ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠲᠣᠭᠲᠠᠭᠠᠯ ᠳᠤ ᠨᠡᠶᠢᠴᠡᠭᠰᠡᠨ | ᠡᠵᠡᠩᠨᠡᠯᠲᠡ ᠶᠢ ᠠᠬᠢᠭᠤᠯᠵᠤ᠂ ᠴᠥᠭᠡᠨ ᠪᠠᠷᠢᠪᠴᠢᠯᠠᠬᠤ ᠳᠤ ᠪᠣᠯᠭᠤᠮᠵᠢᠲᠠᠢ ᠪᠠᠷ ᠵᠠᠭᠠᠯᠳᠤᠬᠤ ᠳᠤ ᠪᠣᠯᠭᠤᠮᠵᠢᠲᠠᠢ ᠪᠠᠷ | ᠬᠤᠷᠢᠬᠤ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠡᠷᠡᠭ ᠲᠤ ᠬᠤᠯᠪᠣᠭᠳᠠᠭᠰᠠᠨ ᠬᠥᠮᠥᠨ ᠤ ᠪᠠᠷᠢᠪᠴᠢᠯᠠᠬᠤ ᠦᠭᠡᠢ ᠪᠠᠶᠢᠵᠤ ᠪᠣᠯᠬᠤ ᠶᠢ ᠨᠢ | ᠪᠠᠷᠢᠪᠴᠢᠯᠠᠬᠤ ᠦᠭᠡᠢ᠂ ᠵᠠᠭᠠᠯᠳᠤᠬᠤ ᠦᠭᠡᠢ ᠪᠠᠶᠢᠵᠤ ᠪᠣᠯᠬᠤ ᠶᠢ ᠨᠢ ᠵᠠᠭᠠᠯᠳᠤᠬᠤ ᠦᠭᠡᠢ᠂ ᠪᠣᠳᠠᠲᠤ ᠡᠷᠡᠭᠦᠦ ᠪᠠᠷ | ᠰᠢᠳᠬᠡᠬᠦ ᠦᠭᠡᠢ ᠪᠠᠶᠢᠵᠤ ᠪᠣᠯᠬᠤ ᠶᠢ ᠨᠢ ᠪᠣᠳᠠᠲᠤ ᠡᠷᠡᠭᠦᠦ ᠪᠠᠷ ᠰᠢᠳᠬᠡᠬᠦ ᠦᠭᠡᠢ; ᠦᠷᠭᠦᠯᠵᠢᠯᠡᠨ ᠬᠤᠷᠢᠬᠤ | ᠴᠢᠬᠤᠯᠠ ᠦᠭᠡᠢ ᠪᠠᠶᠢᠪᠠᠯ᠂ ᠴᠠᠭ ᠲᠤᠬᠠᠢ ᠳᠤᠨᠢ ᠰᠤᠯᠠᠯᠠᠬᠤ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠨᠢ | ᠬᠤᠪᠢᠷᠠᠭᠤᠯᠬᠤ; ᠨᠡᠶᠢᠭᠡᠮ ᠳᠤ ᠬᠤᠪᠢ ᠨᠡᠮᠡᠷᠢ ᠦᠵᠡᠭᠦᠯᠦᠭᠰᠡᠨ᠂ ᠭᠠᠪᠢᠶ᠎ᠠ ᠪᠠᠶᠢᠭᠤᠯᠬᠤ ᠪᠤᠶᠤ ᠴᠢᠬᠤᠯᠠ ᠶᠡᠭᠡ | ᠭᠠᠪᠢᠶ᠎ᠠ ᠪᠠᠶᠢᠭᠤᠯᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠬᠥᠩᠭᠡᠨ ᠢᠶᠠᠷ ᠰᠢᠳᠬᠡᠬᠦ᠂ | ᠬᠥᠩᠭᠡᠷᠡᠭᠦᠯᠦᠨ ᠰᠢᠳᠬᠡᠬᠦ ᠪᠤᠶᠤ ᠰᠢᠳᠬᠡᠯ ᠠᠴᠠ ᠬᠡᠯᠲᠦᠷᠢᠭᠦᠯᠦᠨ᠎ᠡ; ᠬᠡᠷᠡᠭ ᠲᠤ ᠬᠤᠯᠪᠣᠭᠳᠠᠭᠰᠠᠨ ᠠᠵᠤ | ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠦᠨᠡᠯᠡᠨ ᠵᠢᠱᠢᠭᠡᠳ ᠪᠠᠷᠢᠮᠵᠢᠶ᠎ᠠ ᠳᠤ | ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠪᠠᠷᠢᠪᠴᠢᠯᠠᠬᠤ ᠶᠢ ᠦᠯᠦ ᠵᠥᠪᠰᠢᠶᠡᠷᠡᠬᠦ᠂ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠶᠢ ᠬᠤᠪᠢᠷᠠᠭᠤᠯᠬᠤ᠂ ᠦᠯᠦ ᠵᠠᠭᠠᠯᠳᠤᠬᠤ ᠲᠣᠭᠲᠠᠭᠠᠯ ᠭᠠᠷᠭᠠᠵᠤ᠂ ᠡᠷᠡᠭᠦᠦ ᠰᠢᠳᠬᠡᠯ ᠣᠨᠣᠭᠳᠠᠭᠤᠯᠬᠤ ᠶᠢ | ᠬᠥᠩᠭᠡᠪᠲᠦᠷ ᠬᠤᠶᠢᠰᠢᠯᠠᠭᠤᠯᠬᠤ ᠰᠠᠨᠠᠭᠤᠯᠭ᠎ᠠ ᠪᠤᠶᠤ ᠠᠭᠤᠴᠢᠯᠠᠨ ᠰᠢᠳᠬᠡᠬᠦ᠂ ᠰᠢᠳᠬᠡᠯ ᠥᠭᠬᠦ ᠲᠤᠬᠠᠢ ᠪᠠᠶᠢᠴᠠᠭᠠᠬᠤ | ᠰᠠᠨᠠᠯ ᠢ ᠳᠤᠷᠠᠳᠤᠨ ᠭᠠᠷᠭᠠᠪᠠ; ᠡᠳ᠋ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭᠯᠡᠬᠦ | ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠪᠣᠯᠭᠤᠮᠵᠢᠲᠠᠢ ᠬᠡᠷᠡᠭᠯᠡᠵᠦ᠂ ᠶᠠᠯ᠎ᠠ ᠪᠠᠨ ᠮᠡᠳᠡᠷᠡᠵᠦ ᠰᠢᠳᠬᠡᠯ ᠢ | ᠮᠡᠳᠡᠷᠡᠭᠰᠡᠨ ᠢ ᠠᠭᠤᠴᠢᠯᠠᠨ ᠰᠢᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠯᠡᠵᠦ᠂ ᠠᠵᠤ ᠠᠬᠤᠶᠢᠯᠠᠯ ᠳᠤ | ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠠᠭᠤᠴᠢᠯᠠᠨ ᠳᠥᠭᠦᠮᠴᠢᠯᠡᠵᠦ᠂ ᠲᠦᠷᠭᠡᠨ ᠢᠶᠠᠷ ᠰᠢᠢᠳᠪᠦᠷᠢᠯᠡᠵᠦ᠂ | ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ ᠨᠥᠯᠥᠭᠡ ᠶᠢ | ᠪᠠᠭᠠᠰᠬᠠᠪᠠ; ᠨᠡᠶᠢᠭᠡᠮ ᠲᠣᠭᠤᠷᠢᠭ ᠤᠨ ᠵᠠᠯᠠᠷᠠᠭᠤᠯᠬᠤ ᠬᠤᠭᠤᠴᠠᠭᠠᠨ ᠳᠤ ᠪᠠᠶᠢᠭ᠎ᠠ ᠪᠤᠶᠤ ᠪᠠᠲᠤᠯᠠᠭ᠎ᠠ ᠠᠪᠴᠤ | ᠰᠢᠭᠦᠬᠦ ᠶᠢ ᠬᠦᠯᠢᠶᠡᠯᠭᠡᠵᠦ ᠪᠠᠶᠢᠭ᠎ᠠ ᠠᠵᠤ ᠠᠬᠤᠶᠢᠯᠠᠯ ᠤᠨ ᠠᠵᠢᠯᠲᠠᠨ ᠭᠠᠳᠠᠷ ᠣᠷᠣᠨ ᠳᠤ ᠣᠴᠢᠵᠤ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠴᠢᠬᠤᠯᠠᠲᠠᠢ ᠪᠠᠶᠢᠪᠠᠯ᠂ ᠵᠥᠪᠰᠢᠶᠡᠷᠡᠯ ᠤᠨ ᠵᠢᠷᠤᠮ ᠢ | ᠳᠥᠭᠦᠮᠴᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠴᠢᠬᠤᠯᠠ ᠪᠦᠬᠦᠢ | ᠲᠦᠬᠦᠮ ᠦᠵᠡᠭᠦᠯᠬᠦ ᠬᠡᠷᠡᠭᠲᠡᠢ᠃ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ | ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ 《96888》 ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠬᠠᠯᠠᠭᠤᠨ ᠤᠲᠠᠰᠤ ᠶᠢ ᠭᠠᠷᠭᠠᠵᠤ | ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ | ᠰᠢᠢᠳᠪᠦᠷᠢᠯᠡᠪᠡ᠃ ︵ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠂ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠂ ᠬᠠᠤᠯᠢ ᠴᠠᠭᠠᠵᠠ ᠶᠢᠨ ᠲᠢᠩᠬᠢᠮ ᠂ | ᠳᠣᠲᠣᠭᠠᠳᠤ ᠶᠢ ᠬᠠᠮᠠᠭᠠᠯᠠᠬᠤ ᠲᠢᠩᠬᠢᠮ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠪᠠᠶᠢᠭᠤᠯᠭ᠎ᠠ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠠᠷᠠᠳ ᠤᠨ ᠪᠠᠶᠢᠴᠠᠭᠠᠬᠤ | ᠬᠤᠷᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ︶ | ︵ ᠠᠷᠪᠠᠨ ᠲᠠᠪᠤ ︶ ᠡᠮᠬᠢ ᠵᠢᠷᠤᠮ ᠲᠠᠢ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ | ᠪᠣᠯᠭᠠᠨ᠎ᠠ ᠃ ᠵᠠᠬ᠎ᠠ ᠳᠡᠯᠭᠡᠭᠦᠷ ᠤᠨ ᠠᠵᠢᠯᠯᠠᠭᠠᠨ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠠᠵᠤ | ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ | ᠴᠢᠩᠳᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠲᠤᠰ ᠭᠠᠵᠠᠷ ᠣᠷᠣᠨ ᠤ ᠠᠵᠤ ᠠᠬᠤᠶᠢᠯᠠᠯ ᠪᠠ ᠣᠷᠣᠨ ᠤ ᠭᠠᠳᠠᠨᠠᠬᠢ ᠠᠵᠤ ᠠᠬᠤᠶᠢᠯᠠᠯ ᠳᠤ ᠡᠷᠬᠡ ᠠᠵᠤ | ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ ᠂ | ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠪᠠ ︽ ᠬᠤᠶᠠᠷ ᠢ | ᠲᠠᠰᠢᠷᠠᠮ ᠳᠠᠭᠠᠤ ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠪᠡᠶᠡᠯᠡᠭᠦᠯᠵᠦ ᠂ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ ᠃ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠶᠢ ᠪᠥᠬᠦ ᠲᠠᠯ᠎ᠠ ᠪᠠᠷ | ᠬᠡᠷᠡᠭᠵᠢᠭᠦᠯᠵᠦ ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠵᠦ ᠬᠠᠷᠢᠯᠴᠠᠨ ᠮᠡᠳᠡᠷᠡᠬᠦ ᠶᠢ | ᠠᠬᠢᠭᠤᠯᠤᠨ ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠂ ᠳᠠᠪᠬᠤᠷᠳᠠᠭᠤᠯᠤᠨ ᠪᠠᠶᠢᠴᠠᠭᠠᠬᠤ ᠠᠴᠠ | ᠵᠠᠶᠢᠯᠠᠰᠬᠢᠨ᠎ᠡ ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠤᠳᠠᠯᠳᠤᠭᠠᠨ ᠤ ᠨᠡᠷ᠎ᠡ ᠬᠦᠨᠳᠦ ᠶᠢ ᠬᠠᠮᠠᠭᠠᠯᠠᠬᠤ ᠶᠢ | ᠮᠠᠭᠠᠳᠯᠠᠨ ᠲᠣᠭᠲᠠᠭᠠᠵᠤ ᠬᠢᠨᠠᠨ ᠬᠠᠮᠢᠶᠠᠷᠴᠤ ᠰᠢᠳᠬᠡᠨ ᠲᠣᠷᠭᠠᠬᠤ ᠠᠷᠭ᠎ᠠ ᠶᠢ ᠲᠣᠭᠲᠠᠭᠠᠵᠤ ᠂ ᠥᠷᠢᠰᠦᠯᠳᠦᠭᠴᠢ | ᠡᠲᠡᠭᠡᠳ ᠤᠨ ᠬᠤᠳᠠᠯᠳᠤᠭᠠᠨ ᠤ ᠢᠲᠡᠭᠡᠯ ᠬᠦᠨᠳᠦ ᠂ ᠲᠠᠸᠠᠷ ᠤᠨ ᠨᠡᠷ᠎ᠡ ᠬᠦᠨᠳᠦ ᠶᠢ ᠬᠤᠬᠢᠷᠠᠭᠤᠯᠤᠭᠰᠠᠨ ᠵᠦᠢ | ᠪᠤᠰᠤ ᠥᠷᠢᠰᠦᠯᠳᠦᠭᠡᠨ ᠤ ᠠᠵᠢᠯᠯᠠᠭ᠎ᠠ ᠪᠠ ︽ ᠬᠠᠭᠤᠷᠮᠠᠭ ᠲᠤ ᠴᠣᠬᠢᠯᠲᠠ ᠥᠭᠬᠦ ︾ ᠪᠠᠷ ᠬᠠᠯᠬᠠᠪᠴᠢ ᠪᠣᠯᠭᠠᠭᠰᠠᠨ | ᠬᠢᠬᠠᠨ ᠮᠥᠯᠵᠢᠬᠦ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ ᠃ ︵ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠠᠵᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠬᠠᠤᠯᠢ ᠴᠠᠭᠠᠵᠠ ᠶᠢᠨ ᠲᠢᠩᠬᠢᠮ ︶ | ︵ ᠠᠷᠪᠠᠨ ᠵᠢᠷᠭᠤᠭ᠎ᠠ ︶ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ | ᠣᠷᠴᠢᠨ ᠲᠣᠭᠤᠷᠢᠨ ᠢ ᠪᠣᠶ ᠪᠣᠯᠭᠠᠨ᠎ᠠ ᠃ 《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ》 ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠨᠢᠭᠤᠴᠠ ᠳᠤ | ᠬᠤᠯᠪᠣᠭᠳᠠᠬᠤ ᠵᠡᠷᠭᠡ ᠣᠨᠴᠠᠭᠠᠶ ᠬᠦᠴᠦᠨ ᠵᠦᠢᠯ ᠢ ᠭᠠᠷᠭᠠᠪᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦ | ᠵᠦᠢᠯᠡᠰ ᠢ 《ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ》 ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠬᠦᠷᠲᠡᠵᠦ ᠰᠣᠯᠢᠯᠴᠠᠬᠤ | ᠲᠠᠪᠴᠠᠩ ᠢ ᠲᠠᠰ ᠳᠡᠪᠰᠢᠭᠦᠯᠵᠦ ᠂ ᠡᠯ᠎ᠡ ᠰᠠᠯᠠᠭ᠎ᠠ ᠮᠥᠴᠢᠷ ᠡᠯ᠎ᠡ ᠲᠠᠰ ᠳᠠᠪᠬᠤᠷᠭ᠎ᠠ ᠶᠢᠨ ᠮᠡᠳᠡᠭᠡ ᠵᠠᠩᠭᠢ ᠶᠢᠨ | ᠪᠠᠬᠢᠯᠡᠯᠲᠡ ᠶᠢ 《ᠦᠨᠡᠮᠯᠡᠯ ᠪᠠ ᠭᠡᠷᠡᠴᠢ ᠶᠢ ᠰᠠᠯᠭᠠᠬᠤ》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠯᠡᠵᠦ | ᠥᠭᠬᠦ ᠠᠮᠠᠯᠠᠯᠲᠠ ᠶᠢᠨ ᠳᠦᠷᠢᠮ ᠢ ᠶᠡᠭᠡ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢ | ᠪᠦᠲᠦᠮᠵᠢᠲᠡᠶ ᠪᠠᠷ ᠲᠣᠬᠢᠷᠠᠭᠤᠯᠵᠤ ᠴᠢᠳᠠᠬᠤ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠪᠤᠶᠤ ᠵᠠᠭᠤᠴᠢ | ᠪᠠᠶᠢᠭᠤᠯᠤᠮᠵᠢ ᠶᠢ ᠥᠪᠡᠷ ᠢ ᠪᠠᠨ ᠬᠢᠵᠠᠭᠠᠷᠯᠠᠨ ᠬᠠᠮᠢᠶᠠᠷᠴᠤ ᠴᠢᠳᠠᠬᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠪᠦᠲᠦᠮᠵᠢᠲᠡᠶ ᠵᠢᠷᠤᠮᠵᠢᠭᠤᠯᠵᠤ ᠴᠢᠳᠠᠬᠤ ᠶᠢ | ᠬᠢᠨᠠᠨ ᠵᠥᠪᠰᠢᠶᠡᠷᠡᠬᠦ ᠦᠭᠡᠢ ᠪᠣᠯᠭᠠᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ︽ ᠣᠷᠣᠨ ᠪᠦᠰᠡ ᠶᠢᠨ ᠦᠨᠡᠯᠡᠨ ᠵᠢᠱᠢᠯᠲᠡ + | ᠪᠠᠷᠢᠮᠵᠢᠶᠠᠲᠤ ᠭᠠᠵᠠᠷ + ᠠᠮᠠᠯᠠᠯᠲᠠ ᠶᠢᠨ ᠳᠦᠷᠢᠮ + ᠵᠠᠰᠠᠭ ᠤᠨ ᠣᠷᠳᠣᠨ ᠠᠴᠠ ᠬᠠᠪᠰᠤᠷᠤᠨ ᠣᠷᠣᠯᠠᠨ | ᠭᠦᠢᠴᠡᠳᠬᠡᠬᠦ ︾ ᠵᠠᠭᠪᠤᠷ ᠢ ᠠᠯᠬᠤᠮ ᠠᠯᠬᠤᠮ ᠢᠶᠠᠷ ᠬᠡᠷᠡᠭᠵᠢᠭᠦᠯᠵᠦ ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠠᠴᠠ ᠭᠠᠳᠠᠨᠠᠬᠢ ᠨᠥᠬᠦᠴᠡᠯ ᠲᠠᠢ ᠭᠠᠵᠠᠷ ᠣᠷᠣᠨ ᠳᠤ ᠣᠷᠣᠨ ᠪᠦᠰᠡ ᠶᠢᠨ ᠦᠨᠡᠯᠡᠨ ᠵᠢᠱᠢᠯᠲᠡ ᠶᠢ | ᠥᠷᠨᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠵᠤ | ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ | ᠬᠠᠤᠯᠢ ᠴᠠᠭᠠᠵᠠ ᠶᠢᠨ ᠲᠢᠩᠬᠢᠮ ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ ︶ | ᠲᠠᠪᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠵᠢᠷᠤᠮᠵᠢᠭᠰᠠᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ | ︵ ᠠᠷᠪᠠᠨ ᠳᠣᠯᠤᠭ᠎ᠠ ︶ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠮᠥᠰ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠤᠳᠤᠷᠢᠳᠤᠯᠭ᠎ᠠ ᠶᠢ ᠬᠦᠷᠢᠶᠡᠯᠡᠭᠦᠯᠵᠦ᠂ | ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠳᠡᠮᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ | ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠭᠡᠰᠢᠭᠦᠨ | ᠡᠯᠰᠡᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠰᠠᠶᠢᠲᠤᠷ ᠬᠢᠵᠦ᠂ ᠠᠷᠠᠳ ᠤᠨ ᠡᠵᠡᠩᠨᠡᠯᠲᠡ ᠶᠢᠨ ᠰᠢᠯᠢᠳᠡᠭ ᠠᠵᠤ | ᠠᠬᠤᠶᠢᠯᠠᠯᠲᠠᠨ ᠢ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠂ ᠤᠯᠤᠰ ᠲᠦᠷᠦ ᠶᠢᠨ ᠵᠥᠪᠯᠡᠯᠭᠡᠨ ᠤ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯᠲᠠᠨ ᠤ ᠤᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠳᠤ ᠲᠤᠰᠢᠶᠠᠯ ᠬᠠᠪᠰᠤᠷᠭᠠᠬᠤ ᠶᠢ ᠲᠡᠮᠵᠢᠨ᠎ᠠ᠃ ︵ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︶ | ︵ ᠠᠷᠪᠠᠨ ᠨᠠᠢᠮᠠ ︶ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠦᠨ᠎ᠡ ᠃ ᠤᠳᠤᠷᠢᠳᠬᠤ ᠺᠠᠳ᠋ᠷᠴᠤᠳ ᠤᠨ ᠴᠡᠭ ᠲᠣᠭᠲᠠᠭᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠲᠠᠢ ᠬᠠᠷᠢᠯᠴᠠᠬᠤ ᠳᠦᠷᠢᠮ ᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ︽ 12345 ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠂ ︽ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ | ︾ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ | ᠰᠢᠯᠢᠳᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠵᠢᠴᠢ ᠬᠦᠰᠡᠯ | ᠱᠠᠭᠠᠷᠳᠠᠯᠭ᠎ᠠ ᠶᠢᠨ ᠰᠠᠨᠠᠭᠤᠯᠭ᠎ᠠ ᠶᠢ ᠪᠥᠬᠦ ᠶᠠᠪᠤᠴᠠ ᠳᠤ ᠮᠥᠷᠳᠡᠵᠦ ᠂ ᠴᠠᠭ ᠬᠢᠵᠠᠭᠠᠷᠯᠠᠨ ᠰᠢᠢᠳᠪᠦᠷᠢᠯᠡᠵᠦ | ᠳᠠᠭᠤᠰᠬᠠᠨ ᠂ ᠴᠠᠭ ᠲᠤᠬᠠᠢ ᠳᠤᠨᠢ ᠬᠠᠷᠢᠭᠤ ᠲᠤᠰᠬᠠᠨ᠎ᠠ ᠃ ︵ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠠᠤᠯᠢ ᠴᠠᠭᠠᠵᠠ ᠶᠢᠨ ᠲᠢᠩᠬᠢᠮ ︶ | ︵ ᠠᠷᠪᠠ ᠶᠢᠰᠦ ︶ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠠᠬᠢᠭᠤᠯᠤᠨ᠎ᠠ ᠃ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠣᠨ ᠤ 100 ᠬᠦᠴᠦᠷᠬᠡᠭ ᠤᠨ ᠨᠡᠷᠡᠰ ᠤᠨ ᠵᠢᠭᠰᠠᠭᠠᠯᠲᠠ ᠶᠢ | ᠨᠡᠶᠢᠲᠡᠯᠡᠵᠦ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠨᠡᠶᠢᠲᠡᠯᠢᠭ ᠵᠢᠱᠢᠶ᠎ᠡ ᠶᠢ ᠢᠳᠡᠪᠬᠢᠲᠡᠢ ᠪᠠᠷ ᠰᠣᠩᠭᠤᠨ | ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠤᠯᠴᠠᠬᠤ ᠂ ᠪᠠᠴᠢᠮ ᠪᠠᠶᠢᠳᠠᠯ ᠢ ᠠᠷᠭᠠᠴᠠᠬᠤ | ᠴᠢᠬᠤᠯᠠ ᠶᠡᠭᠡ ᠭᠡᠨᠡᠳᠲᠡ ᠶᠢᠨ ᠬᠡᠷᠡᠭ ᠢ ᠠᠷᠭᠠᠴᠠᠬᠤ ᠵᠡᠷᠭᠡ ᠲᠠᠯ᠎ᠠ ᠪᠠᠷ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠂ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠲᠡᠭᠦᠨ ᠤ ᠨᠥᠬᠦᠴᠡᠯ ᠳᠤ ᠨᠡᠶᠢᠴᠡᠬᠦ ᠦᠢᠯᠡᠳᠬᠦᠨ ᠳᠤ ᠵᠣᠬᠢᠬᠤ ᠬᠠᠷᠢᠴᠠᠯ ᠤᠨ ᠦᠨ᠎ᠡ | ᠬᠠᠩᠰᠢ ᠶᠢ ᠰᠠᠭᠤᠯᠭᠠᠨ ᠠᠪᠴᠤ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤᠮᠳᠠ ᠰᠠᠭᠤᠯᠭᠠᠨ | ᠠᠪᠤᠭᠰᠠᠨ ᠤ ᠳᠠᠷᠠᠭᠠᠬᠢ ᠦᠨ᠎ᠡ ᠬᠠᠩᠰᠢ ᠶᠢ ᠬᠢᠨᠠᠨ ᠲᠣᠭᠲᠠᠭᠠᠬᠤ ᠳᠤ ᠣᠷᠣᠯᠴᠠᠭᠤᠯᠵᠤ ᠪᠣᠯᠣᠨ᠎ᠠ ᠃ ᠢᠲᠡᠭᠡᠮᠵᠢ ᠶᠢ | ᠰᠡᠷᠭᠦᠭᠡᠬᠦ ᠲᠣᠭᠲᠠᠴᠠ ᠶᠢ ᠪᠦᠷᠢᠨᠰᠢᠭᠦᠯᠵᠦ ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ ᠂ ᠢᠲᠡᠭᠡᠯ | ᠠᠯᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠳᠤ ᠲᠥᠬᠦᠮ ᠦᠢᠯᠡᠴᠢᠯᠡᠭᠡ | ᠬᠠᠩᠭᠠᠨ᠎ᠠ ᠃ | ᠵᠢᠷᠭᠤᠭ᠎ᠠ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ | ︵ ᠬᠤᠷᠢ ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠤᠭᠤᠳ ᠨᠠᠮ ᠤᠨ ᠲᠥᠪ ᠬᠤᠷᠢᠶᠠᠨ ᠤ 《ᠬᠤᠶᠠᠷ ᠥᠴᠥᠬᠡᠨ | ᠴᠦ ᠭᠤᠶᠢᠪᠢᠰᠢ ᠦᠭᠡᠢ》᠂ 《ᠬᠤᠶᠠᠷ ᠡᠷᠡᠭᠦᠯ ᠮᠡᠨᠳᠤ》 ᠶᠢ ᠠᠬᠢᠭᠤᠯᠬᠤ ᠲᠤᠬᠠᠢ ᠦᠨᠳᠦᠰᠦᠨ ᠪᠣᠳᠣᠯᠭ᠎ᠠ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ | ᠬᠡᠷᠡᠭᠲᠡᠢ᠃ ᠨᠢᠭᠡᠳᠦᠮᠡᠯ ᠹᠷᠣᠨᠲ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ | ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤᠮᠳᠠᠬᠢ ᠡᠭᠦᠷᠭᠡ ᠴᠢᠳᠠᠪᠬᠢ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠭᠦᠯ ᠢᠶᠠᠷ ᠬᠥᠭᠵᠢᠬᠦ ᠶᠢ | ᠦᠨᠡᠨᠬᠦ ᠠᠬᠢᠭᠤᠯᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠬᠤᠳᠠᠯᠳᠤᠭᠠᠨ ᠤ | ᠨᠡᠶᠢᠭᠡᠮᠯᠢᠭ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠢᠳᠡᠪᠬᠢᠲᠡᠢ ᠪᠠᠷ ᠲᠠᠪᠴᠠᠩ ᠪᠠᠶᠢᠭᠤᠯᠵᠤ᠂ ᠰᠠᠶᠢᠨ | ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠠᠶᠢᠮᠠᠭ ᠬᠤᠲᠠ ᠨᠤᠭᠤᠳ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ ᠂ ᠪᠣᠳᠠᠲᠠᠢ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠃ | ︵ ᠬᠤᠷᠢᠨ ᠨᠢᠭᠡ ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠳ ᠠᠵᠤ ᠠᠬᠤᠶᠢᠯᠠᠯᠲᠠᠨ ᠤ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ | ᠲᠣᠭᠲᠠᠭᠠᠬᠤ ᠳᠤ ᠣᠷᠤᠯᠴᠠᠬᠤ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠳᠤ | ᠬᠤᠯᠪᠣᠭᠳᠠᠬᠤ ᠲᠥᠷᠥ ᠶᠢᠨ ᠪᠣᠳᠣᠯᠭ᠎ᠠ ᠂ ᠠᠵᠢᠯ ᠲᠥᠷᠥᠯ ᠤᠨ ᠲᠥᠯᠦᠪᠵᠢᠭᠦᠯᠭᠡ ᠲᠣᠭᠲᠠᠭᠠᠬᠤ ᠳᠠᠭᠠᠨ | ᠭᠡᠷᠡᠴᠢᠯᠡᠭᠡ ᠰᠣᠨᠣᠰᠬᠤ ᠬᠤᠷᠠᠯ ᠂ ᠶᠠᠷᠢᠯᠴᠠᠬᠤ ᠬᠤᠷᠠᠯ ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠂ | ᠰᠦᠯᠵᠢᠶ᠎ᠡ ᠪᠠᠷ ᠪᠠᠶᠢᠴᠠᠭᠠᠨ ᠰᠤᠳᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠂ ᠠᠵᠤ ᠠᠬᠤᠶᠢᠯᠠᠯ ᠤᠨ ᠰᠠᠨᠠᠯ | ᠰᠠᠨᠠᠭᠤᠯᠭ᠎ᠠ ᠶᠢ ᠭᠦᠢᠴᠡᠳ ᠰᠣᠨᠣᠰᠬᠤ ᠬᠡᠷᠡᠭᠲᠡᠢ ᠃ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ ᠂ ᠣᠯᠠᠨ ᠨᠡᠶᠢᠲᠡ ᠶᠢᠨ ᠠᠰᠢᠭ | ᠲᠤᠰᠠ ᠳᠤ ᠰᠠᠭᠤᠷᠢᠯᠠᠨ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ ᠂ ᠰᠢᠯᠵᠢᠯᠲᠡ ᠶᠢᠨ ᠬᠤᠭᠤᠴᠠᠭ᠎ᠠ ᠶᠢ ᠵᠦᠢ | ᠵᠣᠬᠢᠰᠲᠠᠢ ᠲᠣᠬᠢᠷᠠᠭᠤᠯᠤᠨ ᠂ ᠠᠵᠤ ᠠᠬᠤᠶᠢᠯᠠᠯ ᠳᠤ ᠲᠣᠬᠢᠷᠠᠭᠤᠯᠤᠯᠲᠠ ᠬᠢᠬᠦ ᠳᠤ ᠵᠣᠬᠢᠴᠠᠬᠤ ᠴᠢᠬᠤᠯᠠ ᠪᠦᠬᠦᠢ | ᠴᠠᠭ ᠦᠯᠡᠳᠡᠭᠡᠨ ᠥᠭᠴᠦ ᠂ ︽ ᠨᠢᠭᠡ ᠯᠡ ᠠᠳᠠᠯᠢ ᠪᠠᠷ ᠱᠠᠭᠠᠷᠳᠠᠬᠤ ︾ ᠦᠭᠡᠢ ᠪᠠᠶᠢᠬᠤ ᠬᠡᠷᠡᠭᠲᠡᠢ ᠃ ᠣᠨ ᠤ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ ᠂ ᠦᠨᠡᠯᠡᠨ ᠵᠢᠱᠢᠭᠰᠡᠨ | ᠦᠷ᠎ᠡ ᠳ᠋ᠦᠩ ᠢ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠣᠳᠠᠲᠤ ᠠᠮᠵᠢᠯᠲᠠ ᠶᠢ ᠰᠢᠯᠭᠠᠨ | ᠬᠢᠨᠠᠬᠤ ᠶᠢᠨ ᠴᠢᠬᠤᠯᠠ ᠠᠭᠤᠯᠭ᠎ᠠ ᠪᠣᠯᠭᠠᠨ᠎ᠠ ᠃ | ︵ ᠬᠤᠷᠢᠨ ᠬᠤᠶᠠᠷ ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠳ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠂ ︽ | ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ︾ ᠂ ︽ ᠮᠣᠩᠭᠤᠯ ᠠᠵᠤ ᠠᠬᠤᠶᠢᠯᠠᠯ ᠳᠤ ᠨᠡᠪᠲᠡᠷᠡᠬᠦ ︾ | ᠵᠢᠴᠢ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠂ ᠵᠠᠰᠠᠭ ᠤᠨ ᠣᠷᠳᠣᠨ ᠤ ᠰᠦᠯᠵᠢᠶ᠎ᠡ ᠂ | ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠢ ᠪᠦᠲᠦᠮᠵᠢᠲᠡᠶ ᠬᠡᠷᠡᠭᠯᠡᠨ ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠤᠬᠠᠭᠤᠯᠤᠨ ᠲᠠᠶᠢᠯᠪᠤᠷᠢᠯᠠᠵᠤ ᠂ ᠠᠵᠤ | ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠵᠤ ᠂ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠭᠦᠯᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠤ | ᠦᠯᠢᠭᠡᠷ ᠢ ᠰᠠᠶᠢᠲᠤᠷ ᠶᠠᠷᠢᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ | ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠬᠢ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠶᠡᠬᠡᠪᠡᠷ ᠤᠬᠠᠭᠤᠯᠵᠤ᠂ | ᠪᠦᠬᠦ ᠨᠡᠶᠢᠭᠡᠮ ᠢᠶᠠᠷ ᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠲᠣᠰ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ︵ ᠥᠪᠥᠷ ᠨᠠᠮ | ᠲᠠᠷᠬᠠᠭᠠᠭᠰᠠᠨ ﹇2018﹈ 23 ᠳ᠋ᠤᠭᠠᠷ ᠲᠣᠭᠠᠲᠤ ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠲᠤᠬᠠᠢ ᠠᠷᠭ᠎ᠠ | ᠬᠡᠮᠵᠢᠶ᠎ᠡ ᠨᠦᠭᠦᠳ ︾ ︵ ᠥᠪᠥᠷ ᠨᠠᠮ ᠲᠠᠷᠬᠠᠭᠠᠭᠰᠠᠨ ﹇2020﹈ 16 ᠳ᠋ᠤᠭᠠᠷ ᠲᠣᠭᠠᠲᠤ ︶ ᠢ ᠬᠠᠮᠲᠤ ᠳᠤᠨᠢ | ᠬᠦᠴᠦᠨ ᠦᠭᠡᠢ ᠪᠣᠯᠭᠠᠨ᠎ᠠ ᠃ | |