ᠥᠪᠡᠷᠲᠡᠭᠡᠨ ᠵᠠᠰᠠᠬᠤ ᠣᠷᠣᠨ ᠤ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠸᠠᠨ ᠱᠦᠢ ᠴᠢᠤᠸᠠᠨ ᠪᠠᠯᠭᠠᠰᠤᠨ ᠳᠤ ᠣᠷᠣᠪᠠ
ᠨᠡᠶᠢᠲᠡᠯᠡᠭᠰᠡᠨ ᠴᠠᠭ᠄
2022/9/8
      9 ᠰᠠᠷ᠎ᠠ ᠶᠢᠨ 6 ᠤ ᠡᠳᠦᠷ᠂ ︽ᠣᠳᠣᠳ ᠰᠠᠷᠠ ᠶᠢ ᠳᠠᠭᠠᠵᠤ ᠂ ᠨᠡᠷᠡᠨ ᠬᠤᠸᠠᠷ ᠨᠠᠷᠠ ᠶᠢ ᠳᠠᠭᠠᠵᠤ ᠂ ᠪᠢᠳᠡ ᠰᠢᠨ᠎ᠡ ᠴᠠᠭ ᠦᠶ᠎ᠡ ᠶᠢ ᠳᠠᠭᠠᠵᠤ ᠂ ᠵᠣᠯ ᠵᠢᠷᠭᠠᠯᠲᠤ ᠰᠠᠶᠢᠨ ᠰᠠᠶᠢᠬᠠᠨ ᠢ ᠳᠠᠭᠠᠵᠤ ᠬᠠᠮᠲᠤ ᠶᠠᠪᠤᠨ᠎ᠠ ᠁ ᠵᠣᠯ ᠵᠢᠷᠭᠠᠯᠲᠤ ᠳᠤᠮᠳᠠᠳᠤ ᠤᠯᠤᠰ ᠬᠠᠮᠲᠤ ᠶᠠᠪᠤᠨ᠎ᠠ ︾ ᠭᠡᠵᠦ ᠣᠯᠠᠨ ᠤ ᠴᠢᠬᠢᠨ ᠳᠤ ᠬᠠᠳᠠᠩᠰᠢᠭᠰᠠᠨ ᠬᠥᠭ ᠠᠶᠠᠰ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠸᠠᠨ ᠱᠦᠢ ᠴᠢᠤᠸᠠᠨ ᠪᠠᠯᠭᠠᠰᠤᠨ ᠤ ᠠᠭᠤᠯᠵᠠᠷ ᠶᠢᠩᠽᠢ ᠲᠣᠰᠬᠤᠨ ᠳᠤ ᠴᠤᠤᠷᠢᠶᠠᠲᠤᠨ᠎ᠠ ᠃ ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠸᠠᠨ ᠱᠦᠢ ᠴᠢᠤᠸᠠᠨ ᠪᠠᠯᠭᠠᠰᠤᠨ ᠳᠤ ᠬᠦᠷᠴᠦ᠂ ᠲᠣᠰᠬᠤᠨ ᠤ ᠠᠷᠠᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ᠰᠢᠨ᠎ᠡ ᠴᠠᠭ ᠦᠶ᠎ᠡ ᠶᠢᠨ ᠲᠠᠷᠢᠶᠠᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠣᠮᠤᠭ ᠪᠠᠭ᠋ᠠᠳᠤᠯᠲᠤ ᠲᠥᠷᠥᠭᠳᠡᠯ ᠢ ᠢᠯᠡᠷᠡᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠥᠵᠢᠭ︽ᠯᠠᠵᠤᠤ ᠤᠯᠠᠶᠢᠯᠠᠵᠠᠢ︾ᠰᠠᠶᠢᠬᠠᠨ ᠡᠬᠢᠯᠡᠯᠲᠡ ᠲᠠᠢ ᠪᠣᠯᠵᠤ᠂ ᠤᠯᠠᠭᠠᠨᠮᠥ᠋ᠴᠢᠷ ᠤᠨ ᠭᠡᠰᠢᠭᠦᠳ ᠭᠤᠶᠤ ᠰᠠᠶᠢᠬᠠᠨ ᠬᠤᠪᠴᠠᠰᠤ ᠵᠠᠰᠠᠯ ᠢᠶᠠᠷ ᠢᠶᠠᠨ ᠪᠠᠶᠠᠷ ᠬᠦᠷ ᠲᠠᠢ ᠪᠠᠷ ᠪᠥᠵᠢᠭᠯᠡᠵᠡᠢ︔ ᠤᠯᠠᠭᠠᠨᠮᠥ᠋ᠴᠢᠷ ᠤᠨ ᠬᠢᠨ ᠭᠤᠶᠤ ᠰᠠᠶᠢᠬᠠᠨ ᠬᠤᠪᠴᠠᠰᠤ ᠵᠠᠰᠠᠯ ᠢᠶᠠᠨ ᠡᠮᠦᠰᠴᠦ᠂ ᠪᠠᠶᠠᠷ ᠬᠦᠷ ᠲᠠᠢ ᠪᠠᠷ ᠪᠥᠵᠢᠭᠯᠡᠨ᠎ᠡ︔ ᠲᠡᠳᠡ ᠬᠤᠶᠠᠭᠤᠯᠠ  ᠶᠢᠨ 《 ᠴᠡᠯᠡᠭᠡᠷ ᠲᠠᠯ᠎ᠠ  ᠶᠢᠨ ᠢᠨᠠᠭ ᠤᠨ ᠳᠠᠭᠤᠤ 》 《 ᠤᠯᠠᠭᠠᠨ ᠳ᠋ᠧᠩ ᠡᠯᠭᠦᠵᠦ ᠴᠠᠭᠠᠨ ᠰᠠᠷ᠎ᠠ ᠳᠤ ᠵᠣᠯᠭᠠᠭᠰᠠᠨ ᠨᠢ 》 ᠪᠣᠯᠣᠨ ᠲᠡᠳᠡ ᠬᠤᠶᠠᠭᠤᠯᠠ  ᠶᠢᠨ 《 ᠰᠢᠨ᠎ᠡ ᠬᠡᠪ ᠨᠠᠮᠪᠠ ᠰᠢᠨ᠎ᠡ ᠳᠦᠷᠰᠦ ᠪᠠᠶᠢᠳᠠᠯ 》 ᠨᠢ ᠲᠤᠬᠠᠢ  ᠶᠢᠨ ᠲᠠᠯᠠᠪᠠᠶ  ᠶᠢᠨ ᠦᠵᠡᠭᠴᠢᠳ ᠲᠤ ᠬᠤᠶᠠᠭᠤᠯᠠ  ᠶᠢᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠪᠠ᠃ ︽ᠬᠤᠷᠢᠳᠤᠭᠠᠷ ᠶᠡᠭᠡ ᠬᠤᠷᠠᠯ ᠤᠨ ᠥᠷᠨᠢᠯᠲᠡ ᠶᠢ ᠪᠠᠶᠠᠷᠯᠠᠨ ᠤᠭᠲᠤᠶ᠎ᠠ︾ᠭᠡᠬᠦ ᠳᠠᠭᠤᠯᠠᠯ ᠢ ᠳᠠᠭᠤᠯᠠᠬᠤ ᠳᠠᠭᠠᠨ ᠸᠠᠨ ᠱᠦᠢ ᠴᠢᠤᠸᠠᠨ ᠪᠠᠯᠭᠠᠰᠤ ᠶᠢᠨ ᠥᠷᠭᠡᠨ ᠤᠯᠠᠨ ᠮᠠᠯᠴᠢᠨ ᠲᠠᠷᠢᠶᠠᠴᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠭᠤᠶᠢᠪᠢᠰᠢ ᠦᠭᠡᠢ ᠮᠡᠳᠡᠷᠡᠵᠦ᠂ ᠨᠠᠮ ᠢᠶᠠᠨ ᠭᠤᠶᠢᠪᠢᠰᠢ ᠦᠭᠡᠢ ᠳᠠᠭᠠᠬᠤ ᠢᠲᠡᠭᠡᠯ ᠵᠣᠷᠢᠭ ᠢ ᠬᠥᠪᠴᠢᠯᠡᠪᠡ᠃ ᠬᠠᠮᠤᠭ ᠰᠡᠭᠦᠯ ᠳᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ᠪᠥᠵᠢᠭ ᠨᠢ ᠥᠪᠥᠷ ᠮᠣᠩᠭᠤᠯᠴᠤᠳ ᠤᠨ ᠴᠤᠭ ᠰᠦᠯᠳᠡ ᠶᠢ ᠪᠠᠳᠠᠷᠠᠭᠤᠯᠪᠠ ᠁ ᠤᠯᠠᠭᠠᠨᠮᠥ᠋ᠴᠢᠷ ᠤᠨ ᠭᠡᠰᠢᠭᠦᠳ ᠪᠣᠯᠣᠨ ᠲᠣᠰᠬᠤᠨ ᠤ ᠠᠷᠠᠳ ᠤᠨ ᠲᠣᠭᠯᠠᠯᠲᠠ ᠶᠢᠨ ᠠᠩᠬᠢ ᠶᠢᠨ ᠲᠣᠭᠯᠠᠯᠲᠠ ᠨᠢ ᠨᠠᠮ ᠳᠠᠭᠠᠨ ᠬᠠᠨᠳᠤᠭᠤᠯᠤᠭᠰᠠᠨ ᠴᠢᠩ ᠦᠨᠡᠨᠴᠢ ᠬᠠᠶᠢᠷ᠎ᠠ ᠰᠡᠳᠬᠢᠯᠭᠡ ᠂ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠳᠬᠡᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠪᠥᠷ ᠮᠣᠩᠭᠤᠯ ᠤᠨ ᠰᠢᠷᠠᠭᠰᠠᠨ ᠪᠦᠬᠦᠯᠢ ᠬᠤᠨᠢ᠂ ᠵᠢᠩᠬᠢᠨᠢ ᠬᠠᠲᠠᠭᠠᠭᠰᠠᠨ ᠦᠬᠡᠷ ᠤᠨ ᠮᠢᠬ᠎ᠠ᠂ ᠵᠢᠮᠢᠰ ᠨᠣᠭᠤᠭ᠎ᠠ ᠶᠢ ᠠᠮᠲᠠᠯᠠᠬᠤ ᠵᠡᠷᠭᠡ ᠶᠢᠨ ᠦᠵᠡᠭᠦᠯᠦᠯᠭᠡ ᠨᠢ ᠦᠵᠡᠭᠴᠢᠳ ᠤᠨ ᠠᠩᠬᠠᠷᠤᠯ ᠢ ᠲᠠᠲᠠᠵᠤ᠂ ︽ᠡᠨᠡ ᠰᠢᠷᠠᠭᠰᠠᠨ ᠪᠦᠬᠦᠯᠢ ᠬᠤᠨᠢ ᠶᠢᠨ ᠵᠢᠩᠬᠢᠨᠢ ᠠᠮᠲᠠᠲᠠᠢ᠂ ᠵᠢᠩᠬᠢᠨᠢ ᠠᠮᠲᠠᠲᠠᠢ᠂ ᠰᠠᠶᠢᠨ ᠠᠮᠲᠠᠲᠠᠢ᠂ ᠸᠠᠩ ᠰᠠᠨ ᠪᠠᠭᠠᠲᠤᠷ ᠵᠢᠭᠠᠰᠤ ᠶᠢᠨ ᠨᠡᠷ᠎ᠡ ᠨᠢᠳᠡᠷ ᠲᠡᠭᠡᠨ ᠦᠯᠦ ᠨᠡᠶᠢᠴᠡᠨ᠎ᠡ ᠁  ︾ᠭᠡᠵᠦ ᠣᠪᠣᠭᠠᠷᠠᠨ ᠦᠵᠡᠵᠦ ᠪᠠᠶᠢᠭ᠎ᠠ ᠤᠯᠠᠨ ᠲᠦᠮᠡᠨ ᠦᠵᠡᠭᠦᠯᠦᠯᠭᠡ ᠶᠢᠨ ᠲᠦᠷᠦᠯ ᠵᠦᠢᠯ ᠢ ᠮᠠᠭᠲᠠᠭᠠᠳ ᠪᠠᠷᠠᠰᠢ ᠦᠭᠡᠢ ᠪᠠᠶᠢᠯ᠎ᠠ᠃      ᠪᠤᠭᠤᠲᠤ ᠬᠤᠳᠠ ᠶᠢᠨ ᠦᠷ᠎ᠡ ᠶᠢᠨ ᠬᠠᠮᠢᠶᠠᠷᠤᠯᠲᠠ ᠶᠢᠨ ᠦᠷᠳᠡᠭᠡ ᠶᠢᠨ ᠳᠡᠭᠡᠳᠦ ᠳᠡᠰ ᠤᠨ ᠲᠠᠷᠢᠶᠠᠯᠠᠩ ᠤᠨ ᠮᠡᠷᠭᠡᠵᠢᠯᠲᠡᠨ ᠸᠠᠩ ᠯᠢ ᠵᠢᠶᠦ᠋ᠨ ᠲᠠᠷᠢᠶᠠᠯᠠᠬᠤ ᠴᠠᠭ ᠲᠠᠢ ᠪᠠᠨ ᠤᠶᠠᠯᠳᠤᠭᠤᠯᠤᠨ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ ᠲᠤ ᠢᠳᠡᠰᠢᠨ ᠨᠣᠭᠤᠭ᠎ᠠ ᠲᠠᠷᠢᠬᠤ᠂ ᠲᠠᠷᠢᠬᠤ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠬᠤ ᠶᠢᠨ ᠬᠠᠮᠲᠤ ᠲᠣᠰᠬᠤᠨ ᠤ ᠠᠷᠠᠳ ᠲᠠᠢ ᠱᠠᠩᠨᠠᠯ ᠲᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠦᠢᠯᠡᠳᠦᠯᠴᠡᠯ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠮᠠᠯ ᠤᠨ ᠮᠡᠳᠡᠯᠭᠡ ᠪᠠᠷ ᠳᠦᠭᠦᠷᠡᠩ ᠪᠠᠶᠢᠵᠤ᠂ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ ᠲᠤ ᠡᠯᠪᠡᠭ ᠬᠤᠷᠢᠶᠠᠯᠲᠠ ᠣᠯᠭᠤᠵᠠᠢ᠃      ᠸᠠᠨ ᠱᠦᠢ ᠴᠢᠤᠸᠠᠨ ᠪᠠᠯᠭᠠᠰᠤᠨ ᠤ ᠳᠡᠳ᠋ ᠳᠠᠷᠤᠭ᠎ᠠ ᠯᠢ ᠬᠤᠢ ᠲᠤᠬᠠᠢ ᠶᠢᠨ ᠲᠠᠯᠠᠪᠠᠢ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠭ᠎ᠠ ᠪᠠᠨ ᠤᠯᠠᠨ ᠲᠠᠢ ᠬᠤᠪᠢᠶᠠᠯᠴᠠᠬᠤ ᠳᠠᠭᠠᠨ᠂ ᠣᠶᠢᠷ᠎ᠠ ᠶᠢᠨ ᠵᠢᠯ ᠠᠴᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠸᠠᠨ ᠱᠦᠢ ᠴᠢᠤᠸᠠᠨ ᠪᠠᠯᠭᠠᠰᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠵᠤ᠂ ᠲᠠᠷᠢᠶᠠᠯᠠᠩ ᠤᠨ ᠲᠦᠷᠦᠯ ᠵᠦᠢᠯ ᠲᠣᠭᠲᠠᠭᠤᠨ ᠢᠶᠠᠷ ᠠᠬᠢᠵᠤ᠂ ᠲᠠᠷᠢᠶᠠᠴᠢᠳ ᠤᠨ ᠠᠮᠢᠳᠤᠷᠠᠯ ᠨᠡᠩ ᠪᠠᠶᠠᠨ ᠴᠢᠨᠡᠭᠡᠯᠢᠭ ᠪᠣᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠠᠶᠢᠬᠠᠨ ᠨᠡᠷ᠎ᠡ ᠠᠯᠳᠠᠷᠰᠢᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号