ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ
ᠨᠡᠶᠢᠲᠡᠯᠡᠭᠰᠡᠨ ᠴᠠᠭ᠄
2022/9/8
      ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ᠂ ᠲᠢᠩᠬᠢᠮ ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ ᠄      ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ︵  ᠳᠣᠷᠣᠭᠰᠢ ᠵᠣᠯᠭᠠᠭᠤᠯᠬᠤ ᠪᠡᠯᠡ ᠮᠥᠩᠭᠦ ᠭᠡᠵᠦ ᠲᠣᠪᠴᠢᠯᠠᠨ᠎ᠠ︶ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠡᠳᠦᠭᠡ ᠲᠤᠤᠷᠠᠬᠢ ᠮᠡᠲᠦ ᠰᠠᠨᠠᠯ ᠢ ᠳᠤᠷᠠᠳᠪᠠ ᠃      ᠨᠢᠭᠡ ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠰᠢᠯᠵᠢᠯᠲᠡ ᠶᠢᠨ ᠬᠤᠭᠤᠴᠠᠭᠠᠨ ᠳᠤ 《 ᠳᠥᠷᠪᠡ ᠶᠢ ᠰᠠᠯᠭᠠᠬᠤ ᠦᠭᠡᠢ 》 ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠶᠢ ᠲᠣᠪᠣᠶᠢᠮ᠎ᠠ ᠪᠠᠶᠢᠷᠢᠨ ᠳᠤ ᠲᠠᠯᠪᠢᠵᠤ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ  ᠪᠠᠷ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ  ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠳᠤᠮᠳᠠ ᠦᠷ᠎ᠡ ᠠᠰᠢᠭ ᠢ ᠨᠢ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠃      ᠬᠤᠶᠠᠷ᠂ ᠦᠨᠳᠦᠰᠦᠨ ᠵᠠᠷᠴᠢᠮ      ︵  ᠨᠢᠭᠡ ︶ ᠲᠣᠭᠲᠠᠭᠤᠨ ᠢᠶᠠᠷ ᠰᠢᠯᠵᠢᠬᠦ ᠶᠢ ᠪᠠᠷᠢᠮᠲᠠᠯᠠᠨ᠎ᠠ ᠃ ᠰᠢᠯᠵᠢᠯᠲᠡ ᠶᠢᠨ ᠬᠤᠭᠤᠴᠠᠭᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠨᠡᠩ ᠤᠯᠠᠨ ᠦᠷᠭᠦᠯᠵᠢᠯᠡᠨ ᠬᠠᠪᠰᠤᠷᠤᠨ ᠲᠡᠳᠬᠦᠬᠦ ᠳᠡᠮᠵᠢᠯᠭᠡ ᠦᠵᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ᠂ ᠭᠠᠴᠠᠭ᠎ᠠ ᠲᠣᠰᠬᠤᠨ ᠳᠤ ᠵᠢᠭᠰᠠᠭᠠᠭᠳᠠᠬᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠨᠢᠭᠡ ᠠᠯᠬᠤᠮ ᠲᠡᠳᠬᠦᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠲᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ ᠲᠤᠬᠠᠢ  ᠳᠤᠨᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠡᠲᠡᠭᠡᠳ ᠲᠤ ᠬᠠᠨᠳᠤᠯᠭᠠᠲᠤ ᠴᠢᠨᠠᠷᠲᠠᠢ ᠤᠷᠢᠳᠴᠢᠯᠠᠨ ᠰᠡᠷᠭᠡᠶᠢᠯᠡᠬᠦ ᠴᠢᠨᠠᠷᠲᠠᠢ ᠪᠠ ᠬᠡᠷᠡᠭ ᠤᠨ ᠳᠠᠷᠠᠭᠠᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠤᠨ᠎ᠠ᠃      ︵  ᠬᠤᠶᠠᠷ ︶ ᠪᠦᠲᠦᠮᠵᠢᠲᠡᠶ ᠵᠣᠯᠭᠠᠭᠤᠯᠬᠤ ᠶᠢ ᠪᠠᠷᠢᠮᠲᠠᠯᠠᠨ᠎ᠠ ᠃ ᠰᠢᠯᠵᠢᠯᠲᠡ ᠶᠢᠨ ᠬᠤᠭᠤᠴᠠᠭᠠᠨ ᠳᠤ ᠂ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠡᠷᠦᠩᠬᠡᠢ ᠳᠡᠭᠡᠨ ᠲᠣᠭᠲᠠᠭᠤᠨ ᠪᠠᠶᠢᠬᠤ  ᠶᠢ ᠪᠠᠲᠤᠯᠠᠭᠰᠠᠨ ᠤᠷᠢᠲᠠᠯ ᠳᠣᠣᠷ᠎ᠠ ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠡᠷᠡᠭᠴᠡᠭᠡ ᠪᠠ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠬᠡᠪᠴᠢᠶ᠎ᠡ ᠶᠢ ᠵᠦᠢ ᠵᠣᠬᠢᠰᠲᠠᠢ ᠲᠣᠬᠢᠷᠠᠭᠤᠯᠵᠤ ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ ᠂ ᠳᠡᠮᠵᠢᠬᠦ  ᠭᠤᠣᠯᠳᠠᠯᠭ᠎ᠠ ᠶᠢ ᠲᠣᠬᠢᠷᠠᠭᠤᠯᠵᠤ ᠂ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠳᠡᠮᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠳᠠᠰᠢ ᠵᠣᠬᠢᠰᠲᠠᠢ ᠬᠡᠯᠪᠡᠶᠢᠯᠭᠡᠨ᠎ᠡ ᠃      ︵  ᠭᠤᠷᠪᠠ ︶ ᠡᠷᠬᠡ ᠬᠠᠷᠢᠭᠤᠴᠠᠯᠭ᠎ᠠ ᠶᠢ ᠨᠢᠭᠡᠳᠬᠡᠬᠦ ᠶᠢ ᠪᠠᠷᠢᠮᠲᠠᠯᠠᠨ᠎ᠠ ᠃ ᠥᠪᠡᠷᠲᠡᠭᠡᠨ ᠵᠠᠰᠠᠬᠤ ᠣᠷᠣᠨ ᠵᠢᠴᠢ ᠲᠡᠭᠦᠨ ᠠᠴᠠ ᠳᠣᠷᠣᠭᠰᠢᠬᠢ ᠵᠣᠯᠭᠠᠭᠤᠯᠤᠭᠰᠠᠨ ᠪᠡᠯᠡ ᠮᠥᠩᠭᠦ ᠶᠢᠨ ᠬᠠᠮᠢᠶᠠᠷᠤᠯᠲᠠ ᠶᠢᠨ ᠡᠷᠬᠡ ᠮᠡᠳᠡᠯ ᠳᠤ ᠂ ᠡᠷᠬᠡ ᠶᠢ ᠭᠦᠢᠴᠡᠳ ᠣᠯᠭᠤᠵᠤ ᠂ ᠴᠢᠯᠦᠭᠡᠲᠡᠢ ᠲᠠᠯᠪᠢᠵᠤ ᠪᠣᠯᠬᠤ ᠶᠢ ᠨᠢ ᠴᠢᠯᠦᠭᠡᠲᠡᠢ ᠪᠣᠯᠭᠠᠵᠤ ᠂ ᠴᠢᠯᠦᠭᠡᠲᠡᠢ ᠲᠠᠯᠪᠢᠬᠤ ᠶᠣᠰᠣᠲᠠᠢ ᠶᠢ ᠨᠢ ᠪᠦᠬᠦᠨ ᠢ ᠴᠢᠯᠦᠭᠡᠲᠡᠢ ᠪᠣᠯᠭᠠᠵᠤ ᠂ ᠢᠯᠡ ᠪᠠᠷ ᠴᠢᠯᠦᠭᠡᠲᠡᠢ ᠲᠠᠯᠪᠢᠵᠤ ᠳᠠᠯᠳᠠ ᠲᠠᠯᠪᠢᠬᠤ ᠦᠭᠡᠢ ᠂ ᠬᠡᠯᠪᠡᠷᠢ ᠶᠢ ᠨᠢ ᠥᠭᠡᠷᠡᠲᠦᠭᠦᠯᠦᠨ ᠥᠪᠡᠰᠦᠪᠡᠨ ᠲᠣᠬᠢᠷᠠᠭᠤᠯᠬᠤ ᠪᠤᠶᠤ ᠡᠷᠬᠡ ᠶᠢᠨ ᠬᠡᠪᠴᠢᠶ᠎ᠡ ᠪᠠᠨ ᠪᠤᠴᠠᠭᠠᠨ ᠠᠪᠬᠤ ᠶᠢ ᠴᠢᠩᠭ᠎ᠠ ᠴᠠᠭᠠᠵᠠᠯᠠᠨ᠎ᠠ ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ ᠂ ᠠᠶᠢᠮᠠᠭ ᠬᠤᠲᠠ ᠂ ᠬᠤᠰᠢᠭᠤ ᠰᠢᠶᠠᠨ ︵  ᠬᠤᠲᠠ ᠂ ᠲᠣᠭᠤᠷᠢᠭ ︶ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠪᠡᠯᠡ ᠮᠥᠩᠭᠦ ᠶᠢ ᠵᠣᠯᠭᠠᠭᠤᠯᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠶᠢ ᠴᠢᠩᠳᠠᠯᠠᠵᠤ ᠂ ᠪᠡᠯᠡ ᠮᠥᠩᠭᠦ ᠶᠢᠨ ᠬᠡᠷᠡᠭᠯᠡᠯᠲᠡ ᠶᠢᠨ ᠬᠠᠤᠯᠢ ᠶᠣᠰᠣᠴᠢ ᠴᠢᠨᠠᠷ ᠂ ᠵᠢᠷᠤᠮᠵᠢᠯᠳᠤ ᠴᠢᠨᠠᠷ ᠂ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ ᠪᠠᠲᠤᠯᠠᠨ᠎ᠠ ᠃      ᠭᠤᠷᠪᠠ ᠂ ᠵᠣᠯᠭᠠᠭᠤᠯᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠦᠨ᠎ᠡ      ︵  ᠨᠢᠭᠡ ︶ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ  ᠠᠴᠠ ᠲᠣᠬᠢᠷᠠᠭᠤᠯᠤᠨ ᠵᠣᠯᠭᠠᠭᠤᠯᠬᠤ ᠪᠡᠯᠡ ᠮᠥᠩᠭᠦ ᠶᠢ ᠬᠤᠰᠢᠭᠤ ᠰᠢᠶᠠᠨ ︵  ᠬᠤᠲᠠ ᠂ ᠲᠣᠭᠤᠷᠢᠭ ︶ ᠳᠤ ᠬᠡᠰᠡᠭᠯᠡᠨ ᠪᠠᠭᠤᠯᠭᠠᠵᠤ ᠂ ᠡᠯ᠎ᠡ ᠭᠠᠵᠠᠷ ᠣᠷᠣᠨ  ᠠᠴᠠ ᠪᠣᠳᠠᠲᠠᠢ ᠪᠠᠶᠢᠳᠠᠯ ᠢᠶᠠᠨ ᠦᠨᠳᠦᠰᠦᠯᠡᠨ ᠂ ︽  ᠬᠤᠶᠠᠷ ᠲᠤ ᠵᠣᠪᠠᠭ᠋ᠤ ᠦᠭᠡᠢ ᠂ ᠭᠤᠷᠪᠠ ᠶᠢ ᠪᠠᠲᠤᠯᠠᠬᠤ ︾ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠬᠡᠷᠡᠭᠯᠡᠵᠦ ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠬᠦ ᠠᠵᠢᠯ ᠢ ᠰᠠᠶᠢᠲᠤᠷ ᠬᠢᠵᠦ ᠂ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠲᠣᠭᠲᠠᠭᠤᠨ ᠢᠶᠠᠷ ᠠᠵᠢᠯ ᠣᠯᠬᠤ ᠶᠢ ᠠᠬᠢᠭᠤᠯᠤᠨ ᠂ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠰᠠᠭᠤᠷᠢ ᠪᠡᠯᠡᠳᠬᠡᠮᠵᠢ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ ᠂ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠬᠥᠭᠵᠢᠯᠲᠡ ᠪᠠᠷ ᠠᠨᠠᠢ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢᠨ ᠬᠠᠮᠲᠤ ᠵᠣᠯᠭᠠᠭᠤᠯᠬᠤ ᠪᠡᠯᠡ ᠮᠥᠩᠭᠦ ᠶᠢᠨ ᠡᠵᠡᠯᠡᠬᠦ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠵᠦ ᠂ 2022 ︱ 2025 ᠣᠨ ᠳᠤ ᠂ ᠡᠯ᠎ᠡ ᠠᠶᠢᠮᠠᠭ ᠬᠤᠲᠠ ᠶᠢᠨ ᠬᠤᠷᠢᠶᠠᠨ ᠣᠯᠣᠭᠰᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢᠨ ᠠᠵᠤ ᠦᠢᠯᠡᠰ ᠲᠤ ᠬᠡᠷᠡᠭᠯᠡᠬᠦ ᠬᠠᠷᠢᠴᠠᠯ ᠨᠢ ᠲᠣᠰ ᠲᠣᠰ 55% ᠂ 60% ᠂ 65% ᠪᠠ 70% ᠶᠢ ᠳᠠᠪᠠᠭᠰᠠᠨ ᠪᠠᠶᠢᠬᠤ ᠬᠡᠷᠡᠭᠲᠡᠢ ᠪᠥᠭᠡᠳ ᠳᠡᠭᠡᠷ᠎ᠡ ᠵᠢᠯ ᠤᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠪᠡᠯᠡ ᠮᠥᠩᠭᠦ ᠶᠢᠨ ᠡᠵᠡᠯᠡᠬᠦ ᠬᠠᠷᠢᠴᠠᠯ  ᠠᠴᠠ ᠲᠤᠤᠷ᠎ᠠ ᠪᠠᠶᠢᠵᠤ ᠪᠣᠯᠬᠤ ᠦᠭᠡᠢ ᠃ ᠬᠤᠰᠢᠭᠤ ᠰᠢᠶᠠᠨ ︵  ᠬᠤᠲᠠ ᠂ ᠲᠣᠭᠤᠷᠢᠭ ︶  ᠨᠢ 30%  ᠠᠴᠠ ᠥᠯᠥ ᠬᠡᠲᠦᠷᠡᠬᠦ ᠰᠢᠶᠠᠨ ᠳᠤ ᠬᠦᠷᠲᠡᠯ᠎ᠡ ᠵᠣᠯᠭᠠᠭᠤᠯᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠶᠠᠳᠠᠭᠤ ᠬᠦᠴᠢᠷᠳᠡᠯᠲᠡᠢ ᠪᠤᠰᠤ ᠭᠠᠴᠠᠭ᠎ᠠ ᠲᠣᠰᠬᠤᠨ ᠤ ᠠᠵᠤ ᠦᠢᠯᠡᠰ ᠢ ᠬᠥᠭᠵᠢᠭᠦᠯᠬᠦ ᠶᠢ ᠳᠡᠮᠵᠢᠬᠦ ᠂ ᠴᠢᠬᠤᠯᠠ ᠪᠦᠬᠦᠢ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠵᠢᠴᠢ ᠬᠤᠰᠢᠭᠤ ᠰᠢᠶᠠᠨ ︵  ᠬᠤᠲᠠ ᠂ ᠲᠣᠭᠤᠷᠢᠭ ︶ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠲᠥᠷᠥᠯ ᠵᠦᠢᠯ ᠳᠤ ᠬᠡᠷᠡᠭᠯᠡᠵᠦ ᠪᠣᠯᠣᠨ᠎ᠠ ᠃      ︵  ᠬᠤᠶᠠᠷ ︶ ᠰᠢᠯᠵᠢᠯᠲᠡ ᠶᠢᠨ ᠬᠤᠭᠤᠴᠠᠭᠠᠨ ᠳᠠᠬᠢ ᠨᠡᠶᠢᠭᠡᠮ ᠤᠨ ᠲᠡᠩᠬᠡᠷᠡᠭᠦᠯᠦᠨ ᠲᠤᠰᠠᠯᠠᠵᠤ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠨ᠎ᠠ᠃ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠤᠶᠤ ᠬᠥᠳᠡᠯᠮᠦᠷᠢᠯᠡᠬᠦ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠮᠥᠷᠲᠡᠭᠡᠨ ᠠᠵᠤ ᠦᠢᠯᠡᠰ ᠤᠨ ᠠᠵᠢᠯ ᠣᠯᠭᠤᠯᠲᠠ ᠪᠠᠷ ᠳᠡᠮᠵᠢᠨ ᠲᠣᠭᠲᠠᠪᠤᠷᠢᠲᠠᠢ ᠣᠷᠣᠯᠭ᠎ᠠ ᠣᠯᠬᠤ ᠶᠢᠨ ᠠᠷᠭ᠎ᠠ ᠦᠭᠡᠢ ᠬᠥᠮᠥᠨ ᠠᠮᠠ ᠶᠢ ᠲᠣᠭᠲᠠᠭᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠬᠤ ᠶᠢᠨ ᠬᠠᠮᠲᠤ ᠬᠦᠴᠢᠷᠳᠡᠯᠲᠡᠢ ᠲᠥᠷᠥᠯ ᠬᠡᠯᠪᠡᠷᠢ ᠪᠠᠷ ᠨᠢ ᠴᠠᠭ ᠲᠤᠬᠠᠢ ᠳᠤᠨᠢ ᠲᠤᠰᠬᠠᠢ ᠵᠦᠢᠯ ᠤᠨ ᠲᠡᠩᠬᠡᠷᠡᠭᠦᠯᠦᠨ ᠲᠤᠰᠠᠯᠠᠬᠤ ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠵᠡᠷᠭᠡ ᠶᠢ ᠣᠯᠭᠤᠨ᠎ᠠ ᠃      ︵  ᠭᠤᠷᠪᠠ ︶ ᠪᠦᠲᠦᠮᠵᠢᠲᠡᠶ ᠵᠣᠯᠭᠠᠭᠤᠯᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠪᠡᠯᠡ ᠮᠥᠩᠭᠦ ᠶᠢ ᠵᠣᠯᠭᠠᠭᠤᠯᠬᠤ ᠤᠷᠮᠠᠰᠢᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠬᠢᠨᠠᠨ ᠰᠢᠯᠭᠠᠵᠤ ᠦᠨᠡᠯᠡᠬᠦ ᠲᠣᠭᠲᠠᠴᠠ ᠶᠢᠨ ᠲᠠᠯ᠎ᠠ ᠪᠠᠷ ᠬᠢ ᠵᠣᠯᠭᠠᠭᠤᠯᠬᠤ ᠡᠷᠴᠢᠮ ᠢ ᠴᠢᠩᠭᠠᠷᠠᠭᠤᠯᠵᠤ ᠂ ᠭᠤᠣᠯᠳᠠᠯᠭ᠎ᠠ ᠶᠢ ᠳᠣᠪᠤᠶᠢᠯᠭᠠᠵᠤ ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠵᠤ ᠂ ᠪᠠᠬᠢᠵᠢᠭᠦᠯᠬᠦ ᠂ ᠥᠷᠭᠡᠳᠬᠡᠬᠦ ᠂ ᠵᠣᠯᠭᠠᠭᠤᠯᠬᠤ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠦᠯ ᠬᠤᠪᠢᠶᠠᠨ ᠬᠢᠨᠠᠨ ᠰᠢᠯᠭᠠᠵᠤ ᠦᠨᠡᠯᠡᠨ ᠵᠢᠱᠢᠬᠦ ᠶᠢ ᠪᠦᠬᠦ ᠲᠠᠯ᠎ᠠ ᠪᠠᠷ ᠠᠬᠢᠭᠤᠯᠬᠤ ᠲᠤᠰᠬᠠᠢ ᠵᠦᠢᠯ ᠤᠨ ᠤᠷᠮᠠᠰᠢᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ ᠂ ᠰᠢᠯᠭᠠᠨ ᠬᠢᠨᠠᠵᠤ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠰᠠᠶᠢᠨ ᠠᠶᠢᠮᠠᠭ ᠬᠤᠲᠠ ᠵᠢᠴᠢ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠭᠰᠠᠨ ᠦᠷ᠎ᠡ ᠪᠦᠲᠦᠮᠵᠢ ᠪᠠᠷ ᠢᠯᠡᠳᠲᠡ ᠬᠤᠰᠢᠭᠤ ᠰᠢᠶᠠᠨ ︵  ᠬᠤᠲᠠ ᠂ ᠲᠣᠭᠤᠷᠢᠭ ︶ ᠳᠤ ᠪᠡᠯᠡ ᠮᠥᠩᠭᠦ ᠶᠢᠨ ᠱᠠᠩᠨᠠᠯ ᠣᠯᠭᠤᠵᠤ ᠂ ᠲᠥᠪ ᠤᠨ ᠲᠥᠰᠥᠪ ᠤᠨ ᠳᠣᠲᠣᠷᠠᠬᠢ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ ᠲᠣᠬᠢᠷᠠᠭᠤᠯᠬᠤ ᠳᠠᠭᠠᠨ ᠤᠷᠢᠳᠠᠪᠠᠷ ᠪᠣᠳᠣᠯᠬᠢᠯᠠᠵᠤ ᠂ ᠰᠢᠯᠭᠠᠨ ᠬᠢᠨᠠᠵᠤ ᠦᠨᠡᠯᠡᠨ ᠵᠢᠱᠢᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠂ ᠬᠠᠨᠳᠤᠯᠭᠠᠲᠤ ᠴᠢᠨᠠᠷ ᠂ ᠪᠣᠳᠠᠲᠤ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠤᠨ᠎ᠠ ᠃      ᠳᠥᠷᠪᠡ ᠂ ᠪᠡᠯᠡ ᠮᠥᠩᠭᠦ ᠶᠢᠨ ᠣᠷᠣᠭᠤᠯᠤᠯᠲᠠ ᠬᠡᠷᠡᠭᠯᠡᠯᠲᠡ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ      ︵  ᠨᠢᠭᠡ ︶ ᠵᠣᠯᠭᠠᠭᠤᠯᠬᠤ ᠪᠡᠯᠡ ᠮᠥᠩᠭᠦ ᠶᠢᠨ ᠲᠥᠰᠥᠪ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠎ᠠ ᠃ ᠶᠠᠳᠠᠭᠤ  ᠠᠴᠠ ᠠᠩᠭᠢᠵᠢᠷᠠᠭᠤᠯᠬᠤ ᠬᠤᠰᠢᠭᠤ ᠰᠢᠶᠠᠨ ᠢ ᠦᠷᠭᠦᠯᠵᠢᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠳᠡᠮᠵᠢᠬᠦ ᠭᠤᠣᠯᠳᠠᠯᠭ᠎ᠠ ᠪᠣᠯᠭᠠᠵᠤ ᠂ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭᠠᠨ ᠳᠤ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠢᠭᠡ ᠬᠤᠭᠤᠴᠠᠭ᠎ᠠ ᠪᠠᠷᠢᠮᠲᠠᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠯᠤᠭ᠎ᠠ ᠵᠣᠯᠭᠠᠭᠤᠯᠬᠤ ᠶᠢ ᠴᠢᠩᠭᠠᠳᠬᠠᠨ᠎ᠠ ᠃ ᠰᠢᠯᠵᠢᠯᠲᠡ ᠶᠢᠨ ᠬᠤᠭᠤᠴᠠᠭᠠᠨ ᠳᠤ ᠂ ᠡᠯ᠎ᠡ ᠠᠶᠢᠮᠠᠭ ᠬᠤᠲᠠ ᠂ ᠬᠤᠰᠢᠭᠤ ᠰᠢᠶᠠᠨ ︵  ᠬᠤᠲᠠ ᠂ ᠲᠣᠭᠤᠷᠢᠭ ︶  ᠨᠢ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠡᠭᠦᠷᠭᠡ ᠶᠢᠨ ᠬᠡᠷᠡᠭᠴᠡᠭᠡ ᠵᠢᠴᠢ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ ᠂ ᠵᠢᠯ ᠪᠦᠷᠢ ᠶᠢᠨ ᠲᠥᠰᠥᠪ ᠲᠤ ᠵᠣᠬᠢᠬᠤ ᠬᠡᠪᠴᠢᠶᠡᠨ ᠤ ᠲᠣᠰ ᠱᠠᠲᠤᠨ ᠤ ᠵᠣᠯᠭᠠᠭᠤᠯᠬᠤ ᠪᠡᠯᠡ ᠮᠥᠩᠭᠦ ᠶᠢ ᠲᠣᠬᠢᠷᠠᠭᠤᠯᠵᠤ ᠂ ᠣᠷᠣᠭᠤᠯᠤᠯᠲᠠ ᠶᠢᠨ ᠡᠷᠴᠢᠮ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ ᠃ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠶᠢ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠳᠤ ᠨᠠᠩ ᠣᠯᠠᠨ ᠣᠷᠣᠭᠤᠯᠬᠤ ᠶᠢ ᠳᠠᠶᠢᠴᠢᠯᠠᠵᠤ ᠂ ᠶᠠᠳᠠᠭᠤ  ᠠᠴᠠ ᠠᠩᠭᠢᠵᠢᠷᠠᠭᠤᠯᠬᠤ ᠬᠤᠰᠢᠭᠤ ᠰᠢᠶᠠᠨ ᠤ ᠲᠥᠷᠥᠯ ᠵᠦᠢᠯ ᠯᠦᠭᠡ ᠵᠣᠯᠭᠠᠭᠤᠯᠬᠤ ᠶᠢ ᠲᠦᠷᠭᠡᠳᠬᠡᠨ ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠬᠡᠷᠡᠭᠵᠢᠭᠦᠯᠦᠨ᠎ᠡ ᠃      ︵  ᠬᠤᠶᠠᠷ ︶ ᠪᠡᠯᠡ ᠮᠥᠩᠭᠦ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠨ᠎ᠠ ᠃ ᠡᠭᠦᠷᠭᠡ᠂ ᠬᠠᠷᠢᠭᠤᠴᠠᠯᠭ᠎ᠠ᠂ ᠡᠷᠬᠡ ᠶᠢ ᠬᠠᠷᠢᠯᠴᠠᠨ ᠨᠢᠭᠡᠳᠬᠡᠬᠦ ᠵᠠᠷᠴᠢᠮ ᠦᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ ᠵᠣᠯᠭᠠᠭᠤᠯᠬᠤ ᠪᠡᠯᠡ ᠮᠥᠩᠭᠦ ᠳᠤ 《ᠬᠦᠴᠦᠨ ᠵᠦᠢᠯ ᠢ ᠬᠤᠪᠢᠶᠠᠷᠢᠯᠠᠬᠤ᠂ ᠬᠡᠰᠡᠭᠯᠡᠨ ᠪᠠᠭᠤᠯᠭᠠᠬᠤ᠂ ᠰᠢᠶᠠᠨ ᠤ ᠱᠠᠲᠤᠨ ᠠᠴᠠ ᠬᠢᠨᠠᠨ ᠵᠥᠪᠰᠢᠶᠡᠷᠡᠬᠦ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠳᠠ ᠠᠴᠠ ᠳᠠᠩᠰᠠᠯᠠᠬᠤ》 ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ ᠵᠣᠯᠭᠠᠭᠤᠯᠬᠤ ᠪᠡᠯᠡ ᠮᠥᠩᠭᠦ ᠶᠢ ᠬᠢᠨᠠᠨ ᠵᠥᠪᠰᠢᠶᠡᠷᠡᠬᠦ ᠡᠷᠬᠡ ᠶᠢ ᠦᠨᠡᠨᠬᠦ ᠦᠨᠳᠦᠰᠦᠨ ᠱᠠᠲᠤᠨ ᠳᠤ ᠪᠠᠭᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠯ᠎ᠡ ᠬᠤᠰᠢᠭᠤ ᠰᠢᠶᠠᠨ ︵  ᠬᠤᠲᠠ ᠂ ᠲᠣᠭᠤᠷᠢᠭ ︶ ᠤ ᠬᠠᠮᠢᠶ᠎ᠠ ᠪᠦᠬᠦᠢ ᠬᠥᠮᠥᠰ ᠤᠨ ᠲᠤᠭ᠎ᠠ ᠬᠡᠮᠵᠢᠶ᠎ᠡ ᠵᠢᠴᠢ ᠪᠦᠲᠦᠴᠡ ᠂ ᠬᠠᠮᠢᠶ᠎ᠠ ᠪᠦᠬᠦᠢ ᠬᠥᠮᠥᠰ ᠤᠨ ᠣᠷᠣᠯᠭ᠎ᠠ ᠂ ᠣᠶᠢᠵᠢᠭᠤᠯᠤᠯᠲᠠ ᠶᠢᠨ ᠰᠠᠶᠢᠨ ᠡᠭᠦᠯᠳᠡᠷ ᠤᠨ ᠬᠡᠷᠡᠭᠯᠡᠯᠲᠡ ᠶᠢᠨ ᠨᠣᠷᠮ᠎ᠠ ᠂ ᠲᠥᠷᠥ ᠶᠢᠨ ᠪᠣᠳᠣᠯᠭ᠎ᠠ ᠶᠢᠨ ᠬᠦᠴᠦᠨ ᠵᠦᠢᠯ ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠂ ᠠᠵᠢᠯ ᠤᠨ ᠠᠮᠵᠢᠯᠲᠠ ᠪᠦᠲᠦᠮᠵᠢ ᠵᠡᠷᠭᠡ ᠰᠢᠯᠭᠠᠨ ᠬᠢᠨᠠᠭᠰᠠᠨ ᠦᠷ᠎ᠡ ᠳ᠋ᠦᠩ ᠤᠨ ᠬᠦᠴᠦᠨ ᠵᠦᠢᠯ ᠢ ᠦᠨᠳᠦᠰᠦᠯᠡᠵᠦ ᠂ ᠬᠡᠰᠡᠭᠯᠡᠨ ᠬᠤᠪᠢᠶᠠᠷᠢᠯᠠᠬᠤ ᠶᠢ ᠡᠯ᠎ᠡ ᠠᠶᠢᠮᠠᠭ ᠬᠤᠲᠠ ᠂ ᠬᠤᠰᠢᠭᠤ ᠰᠢᠶᠠᠨ ︵  ᠬᠤᠲᠠ ᠂ ᠲᠣᠭᠤᠷᠢᠭ ︶ ᠳᠤ ᠬᠦᠷᠦᠭᠦᠯᠵᠦ ᠂ ᠬᠤᠰᠢᠭᠤ ᠰᠢᠶᠠᠨ ︵  ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ  ᠠᠴᠠ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃      ︵  ᠭᠤᠷᠪᠠ ︶ ᠵᠣᠯᠭᠠᠭᠤᠯᠬᠤ ᠪᠡᠯᠡ ᠮᠥᠩᠭᠦ ᠶᠢᠨ ᠲᠥᠰᠥᠪ ᠢ ᠪᠠᠭᠤᠯᠭᠠᠬᠤ ᠴᠠᠭ ᠤᠨ ᠬᠢᠵᠠᠭᠠᠷ ᠢ ᠴᠢᠩᠭ᠎ᠠ ᠬᠡᠷᠡᠭᠵᠢᠭᠦᠯᠦᠨ᠎ᠡ ᠃ ᠲᠥᠪ ᠤᠨ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠪᠣᠯ ᠡᠩ ᠤᠨ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠪᠣᠯᠣᠨ᠎ᠠ ᠂ ︽  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠂ ᠥᠪᠡᠷᠲᠡᠭᠡᠨ ᠵᠠᠰᠠᠬᠤ ᠣᠷᠣᠨ  ᠠᠴᠠ ᠡᠷᠬᠡᠪᠰᠢ 30 ᠡᠳᠦᠷ ᠤᠨ ᠳᠣᠲᠣᠷ᠎ᠠ ᠬᠤᠰᠢᠭᠤ ᠰᠢᠶᠠᠨ ︵  ᠬᠤᠲᠠ ᠂ ᠲᠣᠭᠤᠷᠢᠭ ︶ ᠳᠤ ᠰᠢᠯᠵᠢᠭᠦᠯᠦᠨ ᠥᠭᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︵  ᠳᠣᠷᠣᠭᠰᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ ︶ ᠨᠢ ᠣᠨ ᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢ ᠤᠷᠢᠳᠴᠢᠯᠠᠨ ᠰᠤᠳᠤᠯᠵᠤ ᠂ ᠲᠥᠪ ᠤᠨ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢᠨ ᠭᠦᠢᠴᠡᠳᠬᠡᠯ ᠲᠤᠭ᠎ᠠ ᠶᠢ ᠭᠥᠯᠢᠶᠡᠨ ᠠᠪᠤᠭᠰᠠᠨ 10 ᠡᠳᠦᠷ ᠤᠨ ᠳᠣᠲᠣᠷ᠎ᠠ ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠰᠠᠨᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠬᠦᠷᠭᠡᠵᠦ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠭᠰᠠᠨ ᠤ ᠳᠠᠷᠠᠭ᠎ᠠ 10 ᠡᠳᠦᠷ ᠤᠨ ᠳᠣᠲᠣᠷ᠎ᠠ ᠠᠶᠢᠮᠠᠭ ᠬᠤᠲᠠ ᠳᠤ ᠠᠶᠢᠮᠠᠭ ᠬᠤᠲᠠ ᠨᠢ 10 ᠡᠳᠦᠷ ᠤᠨ ᠳᠣᠲᠣᠷ᠎ᠠ ᠬᠤᠰᠢᠭᠤ ᠰᠢᠶᠠᠨ ︵  ᠬᠤᠲᠠ ᠂ ᠲᠣᠭᠤᠷᠢᠭ ︶ ᠳᠤ ᠵᠢᠩᠬᠢᠨᠢ ᠪᠠᠷ ᠪᠠᠭᠤᠯᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠤᠭᠰᠠᠨ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠠᠴᠠ ᠲᠥᠰᠥᠪ ᠢ ᠵᠥᠪᠰᠢᠶᠡᠷᠡᠭᠰᠡᠨ ᠤ ᠳᠠᠷᠠᠭ᠎ᠠ 60 ᠡᠳᠦᠷ ᠤᠨ ᠳᠣᠲᠣᠷ᠎ᠠ ᠠᠶᠢᠮᠠᠭ ᠬᠤᠲᠠ ᠳᠤ ᠵᠢᠩᠬᠢᠨᠢ ᠪᠠᠷ ᠪᠠᠭᠤᠯᠭᠠᠨ᠎ᠠ ︔ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠰᠠᠨᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠬᠦᠷᠭᠡᠵᠦ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ ᠂ 30 ᠡᠳᠦᠷ ᠤᠨ ᠳᠣᠲᠣᠷ᠎ᠠ ᠠᠶᠢᠮᠠᠭ ᠠᠶᠢᠮᠠᠭ ᠬᠤᠳᠠ ᠨᠤᠭᠤᠳ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠪᠡᠯᠡ ᠮᠥᠩᠭᠦ ᠶᠢ ᠣᠯᠣᠭᠰᠠᠨ ᠤ ᠲᠠᠷᠠᠭ᠎ᠠ 30 ᠡᠳᠦᠷ ᠤᠨ ᠳᠣᠲᠣᠷ᠎ᠠ ᠬᠤᠰᠢᠭᠤ ᠰᠢᠶᠠᠨ (ᠬᠤᠳᠠ ᠂ ᠲᠣᠭᠤᠷᠢᠭ) ᠳᠤ ᠪᠠᠭᠤᠯᠭᠠᠬᠤ ᠬᠡᠷᠡᠭᠲᠡᠢ᠃ ᠬᠤᠰᠢᠭᠤ ᠰᠢᠶᠠᠨ ︵  ᠬᠤᠲᠠ ᠂ ᠲᠣᠭᠤᠷᠢᠭ ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠵᠣᠯᠭᠠᠭᠤᠯᠤᠭᠰᠠᠨ ᠪᠡᠯᠡ ᠮᠥᠩᠭᠦ ︵  ᠲᠥᠷᠥᠯ ᠵᠦᠢᠯ ᠢ ᠲᠣᠳᠣᠷᠬᠠᠶᠢᠯᠠᠭᠰᠠᠨ ᠦᠭᠡᠢ ︶ ᠶᠢ ᠣᠯᠣᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠪᠡᠯᠡ ᠮᠥᠩᠭᠦ ᠶᠢ ᠵᠠᠳᠠᠯᠤᠨ ᠪᠠᠭᠤᠯᠭᠠᠵᠤ ᠲᠥᠷᠥᠯ ᠵᠦᠢᠯ ᠢ ᠪᠣᠳᠠᠲᠠᠢ ᠬᠡᠷᠡᠭᠵᠢᠭᠦᠯᠬᠦ ᠰᠠᠯᠠᠭ᠎ᠠ ᠮᠥᠴᠢᠷ ︵  ᠨᠢᠭᠡᠴᠡ ︶ ᠪᠣᠯᠣᠨ ᠰᠤᠮᠤ ᠰᠢᠶᠠᠩ ᠪᠠᠯᠭᠠᠰᠤ ᠳᠤ ᠬᠦᠷᠦᠭᠦᠯᠬᠦ ᠬᠡᠷᠡᠭᠲᠡᠢ ᠃      ︵  ᠳᠥᠷᠪᠡ ︶ ᠲᠥᠷᠥᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠡᠯᠡ ᠮᠥᠩᠭᠦ ᠶᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ ᠪᠣᠯᠣᠨ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠥᠷᠥᠯ ᠵᠦᠢᠯ ᠂ ᠠᠬᠢᠴᠠ ᠬᠤᠪᠢᠶᠠᠨ ᠵᠣᠭᠤᠰ ᠰᠠᠯᠭᠠᠨ ᠥᠭᠬᠦ ᠂ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠂ ᠪᠠᠷᠢᠯᠭ᠎ᠠ ᠳᠠᠭᠤᠰᠤᠭᠰᠠᠨ ᠲᠥᠰᠥᠪ ᠤᠨ ᠭᠦᠢᠴᠡᠳᠬᠡᠯ ᠢ ᠬᠢᠭᠰᠡᠨ ᠤ ᠳᠠᠷᠠᠭ᠎ᠠ ᠂ ᠤᠷᠢᠳᠴᠢᠯᠠᠨ ᠦᠯᠡᠳᠡᠭᠡᠭᠰᠡᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠠᠴᠠ ᠭᠠᠳᠠᠨ᠎ᠠ ᠂ ᠪᠤᠰᠤᠳ ᠪᠡᠯᠡ ᠮᠥᠩᠭᠦ ᠶᠢ ᠪᠦᠬᠦᠨ ᠢ ᠰᠠᠯᠭᠠᠨ ᠥᠭᠬᠦ ᠬᠡᠷᠡᠭᠲᠡᠢ ᠂ ᠲᠥᠷᠥᠯ ᠵᠦᠢᠯ ᠤᠨ ᠪᠠᠷᠢᠯᠭ᠎ᠠ ᠶᠢᠨ ᠵᠣᠭᠤᠰ ᠪᠠ ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠵᠤ ᠪᠣᠯᠬᠤ ᠦᠭᠡᠢ ᠃ ᠬᠠᠮᠢᠶ᠎ᠠ ᠪᠦᠬᠦᠢ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠵᠦ ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠵᠢᠴᠢ ᠭᠠᠷᠳᠠᠮ ᠢ ᠳᠥᠭᠦᠮᠴᠢᠯᠡᠨ ᠪᠠᠬᠢᠵᠢᠭᠦᠯᠵᠦ ᠂ ︽  ᠣᠯᠠᠨ ᠦᠨᠡᠯᠡᠬᠦ ︵  ᠬᠢᠨᠠᠬᠤ ᠂ ᠲᠣᠭᠲᠠᠭᠠᠬᠤ ︶ ᠶᠢ ᠨᠢᠭᠡᠳᠬᠡᠬᠦ ︾ ︽  ᠣᠯᠠᠨ ᠵᠢᠷᠤᠭ ᠢ ᠬᠠᠮᠲᠤᠷᠠᠨ ᠬᠢᠨᠠᠬᠤ ︾ ᠥᠭᠡᠷᠡᠴᠢᠯᠡᠯᠲᠡ ᠶᠢ ᠠᠬᠢᠭᠤᠯᠵᠤ ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ︽  ᠳᠠᠷᠤᠶᠢᠬᠠᠨ ᠭᠦᠢᠴᠡᠳᠬᠡᠬᠦ ᠂ ᠣᠶᠢᠷ᠎ᠠ ᠬᠠᠪᠢ ᠳᠠᠭᠠᠨ ᠭᠦᠢᠴᠡᠳᠬᠡᠬᠦ ᠂ ᠨᠢᠭᠡ ᠯᠡ ᠤᠳᠠᠭ᠎ᠠ ᠳᠤ ᠭᠦᠢᠴᠡᠳᠬᠡᠬᠦ ︾ ᠶᠢ ᠬᠡᠷᠡᠭᠵᠢᠭᠦᠯᠦᠨ᠎ᠡ ᠃ ︽  ᠡᠳ᠋ ᠤᠨ ᠵᠠᠰᠠᠭ  ᠠᠴᠠ ᠶᠠᠳᠠᠭᠤ ᠬᠦᠴᠢᠷᠳᠡᠯᠲᠡᠢ ᠲᠣᠰᠬᠤᠨ ᠢ ᠳᠡᠮᠵᠢᠬᠦ ᠪᠢᠴᠢᠯ ᠵᠢᠵᠢᠭ ᠬᠡᠯᠪᠡᠷᠢ ᠶᠢᠨ ᠲᠥᠷᠥᠯ ᠵᠦᠢᠯ ᠢ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ  ᠠᠴᠠ ᠥᠪᠡᠰᠦᠪᠡᠨ ᠪᠠᠶᠢᠭᠤᠯᠵᠤ ᠥᠪᠡᠰᠦᠪᠡᠨ ᠡᠵᠡᠩᠨᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ︾ ︵  ᠡᠳ᠋ ᠤᠨ ᠵᠠᠰᠠᠭ ᠠᠯᠪᠠᠨ ᠬᠥᠮᠥᠷᠭᠡ ﹇2019﹈ 75 ᠳ᠋ᠤᠭᠠᠷ ᠲᠣᠭᠠᠲᠤ ︶ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ ᠶᠠᠳᠠᠭᠤ  ᠠᠴᠠ ᠠᠩᠭᠢᠵᠢᠷᠠᠭᠤᠯᠬᠤ ᠭᠠᠴᠠᠭ᠎ᠠ ᠲᠣᠰᠬᠤᠨ ᠳᠤ ᠬᠤᠯᠪᠣᠭᠳᠠᠬᠤ ᠪᠢᠴᠢᠯ ᠵᠢᠵᠢᠭ ᠬᠡᠯᠪᠡᠷᠢ ᠶᠢᠨ ᠲᠥᠷᠥᠯ ᠵᠦᠢᠯ ᠢ ᠲᠣᠰᠬᠤᠨ ᠤ ᠠᠷᠠᠳ ᠤᠨ ᠠᠷᠠᠳᠴᠢᠯᠠᠯ ᠢᠶᠠᠷ ᠬᠡᠷᠡᠭ ᠵᠥᠪᠯᠡᠬᠦ ᠠᠷᠭ᠎ᠠ ᠮᠠᠶ᠋ᠢᠭ ᠢᠶᠠᠷ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠳᠤ ᠰᠢᠭᠤᠳ ᠨᠠᠶᠢᠳᠠᠵᠤ ᠥᠪᠡᠰᠦᠪᠡᠨ ᠪᠠᠶᠢᠭᠤᠯᠵᠤ ᠥᠪᠡᠰᠦᠪᠡᠨ ᠡᠵᠡᠩᠨᠡᠭᠦᠯᠵᠦ ᠪᠣᠯᠣᠨ᠎ᠠ ᠃      ᠲᠠᠪᠤ ᠂ ᠵᠣᠯᠭᠠᠭᠤᠯᠤᠭᠰᠠᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠦᠨ᠎ᠡ      ︵  ᠨᠢᠭᠡ ︶ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ ᠃ ︽  ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠰᠢᠶᠠᠨ ᠤ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠲᠤᠬᠠᠢ ᠮᠡᠳᠡᠭᠳᠡᠯ ︾ ︵  ᠤᠯᠤᠰ ᠰᠢᠶᠠᠩ ᠵᠧᠨ ᠲᠠᠷᠬᠠᠭᠠᠭᠰᠠᠨ ﹇2021﹈ 3 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠣᠰᠣᠭᠠᠷ ᠂ ᠰᠢᠯᠵᠢᠯᠲᠡ ᠶᠢᠨ ᠬᠤᠭᠤᠴᠠᠭᠠᠨ ᠳᠠᠬᠢ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠠᠷᠴᠢᠮ ᠳᠡᠭᠡᠷ᠎ᠡ ᠪᠠᠨ ᠣ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号