ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠲᠤ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/17
      1 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᠶᠦᠩ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠴᠧᠨ ᠯᠢ ᠪᠧᠨ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠸ ᠯᠢ ᠪᠠᠨ ᠪᠠᠯᠭᠠᠰᠤᠨ ᠤ ᠭᠦᠸᠧ ᠭᠤᠸᠠᠩ ᠭᠠᠴᠠᠭ᠎ᠠ ᠳᠤ ᠭᠦᠨᠵᠡᠭᠡᠶᠢᠷᠡᠨ᠂ ᠬᠥᠮᠥᠨ ᠮᠠᠯ ᠢ ᠰᠠᠯᠭᠠᠬᠤ ᠲᠤᠷᠰᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠡᠷᠡᠭᠯᠡᠯᠲᠡ᠂ ᠠᠵᠤ ᠦᠢᠯᠡᠰ ᠤᠨ ᠬᠥᠭᠵᠢᠯᠲᠡ᠂ ᠬᠠᠪᠰᠤᠷᠤᠨ ᠲᠡᠳᠬᠦᠬᠦ ᠠᠵᠢᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠲᠤ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠪᠡ᠃
ͼ1.17.2.jpg 
      ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠣᠪᠴᠢᠶᠠᠨ ᠳᠠᠷᠤᠭ᠎ᠠ ᠰᠢᠤᠸᠠᠢ ᠶᠦᠩ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠡᠶᠢᠭᠡᠮᠯᠢᠭ ᠤᠨ ᠳᠡᠳ᠋ ᠳᠠᠷᠤᠭ᠎ᠠ ᠴᠧᠨ ᠯᠢ ᠪᠧᠨ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠵᠡᠷᠭᠡ ᠤᠳᠤᠷᠢᠳᠤᠯᠭ᠎ᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠰᠠᠭᠤᠭ᠎ᠠ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ 19 ᠲᠣᠰᠬᠤᠨ ᠳᠤ ᠰᠠᠭᠤᠭ᠎ᠠ ᠺᠠᠳ᠋ᠷᠴᠤᠳ ᠲᠤ ︽ᠬᠠᠶᠢᠷ᠎ᠠ ᠬᠠᠯᠠᠮᠵᠢ ᠬᠦᠷᠭᠡᠬᠦ︾ ᠡᠳ᠋ ᠪᠣᠳᠠᠰ ᠲᠦᠭᠡᠭᠡᠵᠦ᠂ ᠲᠣᠰᠬᠤᠨ ᠳᠤ ᠰᠠᠭᠤᠭ᠎ᠠ ᠥᠷᠭᠡᠨ ᠤᠯᠠᠨ ᠺᠠᠳ᠋ᠷᠴᠤᠳ ᠤᠨ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠤᠯᠠᠮ ᠴᠢᠨᠠᠭᠰᠢᠳᠠ ᠵᠣᠷᠢᠭᠵᠢᠭᠤᠯᠪᠠ᠃      ᠲᠠᠷᠠᠭ᠎ᠠ ᠳᠤᠨᠢ᠂ ᠴᠧᠨ ᠯᠢ ᠪᠧᠨ ᠪᠣᠯᠣᠨ ᠠᠶᠢᠮᠠᠭ᠂ ᠬᠤᠰᠢᠭᠤ᠂ ᠪᠠᠯᠭᠠᠰᠤ ᠭᠤᠷᠪᠠᠨ ᠱᠠᠲᠤᠨ ᠤ ᠤᠳᠤᠷᠢᠳᠤᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠭᠠᠭᠠᠴᠢᠯᠠᠨ ᠬᠤᠯᠪᠣᠭᠠᠯᠠᠬᠤ ᠴᠡᠭ ᠤᠨ ᠭᠦᠸᠧ ᠭᠤᠸᠠᠩ ᠭᠠᠴᠠᠭ᠎ᠠ ᠶᠢᠨ ︽ᠬᠤᠶᠠᠷ ᠵᠥᠪᠯᠡᠯ︾  ᠤᠨ ᠪᠠᠭ ᠤᠨ ᠪᠦᠷᠢᠯᠳᠦᠭᠦᠨ᠂ ᠨᠠᠮ ᠤᠨ ᠭᠡᠰᠢᠭᠦᠨ᠂ ᠤᠯᠠᠨ ᠲᠦᠮᠡᠨ ᠤ ᠲᠥᠯᠥᠭᠡᠯᠡᠭᠴᠢ ᠲᠠᠢ ᠶᠠᠷᠢᠯᠴᠠᠵᠤ᠂ ᠭᠠᠴᠠᠭ᠎ᠠ ᠶᠢᠨ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠥᠯᠥᠪᠯᠡᠭᠡ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠭᠠᠴᠠᠭ᠎ᠠ ᠶᠢᠨ ᠠᠬᠠᠮᠠᠳ ᠨᠠᠮ ᠤᠨ ᠭᠡᠰᠢᠭᠦᠨ ᠪᠣᠯᠣᠨ ᠬᠦᠴᠢᠷᠳᠡᠯᠲᠡᠢ ᠤᠯᠠᠨ ᠲᠦᠮᠡᠨ ᠳᠤ ᠲᠣᠬᠤᠨᠢᠭᠤᠯᠬᠤ ᠮᠥᠩᠭᠦ ᠲᠠᠷᠬᠠᠭᠠᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号