ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/1/4

       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ

ᠲᠢᠩᠬᠢᠮ ᠤᠨ ᠪᠢᠴᠢᠭ ᠮᠠᠲ᠋ᠧᠷᠢᠶᠠᠯ

                  ᠥᠪᠥᠷ ᠵᠠᠰᠠᠭ ᠠᠯᠪᠠᠨ ᠲᠠᠷᠬᠠᠭᠠᠭᠰᠠᠨ 〔2022〕 57 ᠳ᠋ᠤᠭᠠᠷ ᠲᠣᠭᠠᠲᠤ

 

       ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ

ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ

       ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ

ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ 

ᠲᠣᠪᠴᠢᠶ᠎ᠠ ᠂ ᠡᠯ᠎ᠡ ᠠᠵᠢᠯ ᠦᠢᠯᠡᠰ ᠤᠨ ᠨᠢᠭᠡᠴᠢ ᠳᠤ᠄      

      ︽ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ

ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ︵

ᠲᠥᠪ ᠲᠠᠷᠬᠠᠭᠠᠭᠰᠠᠨ 〔2018〕 34 ᠳ᠋ᠦ᠋ᠭᠡᠷ ᠲᠣᠭᠠᠲᠤ ︶   ᠤᠨ ᠵᠣᠷᠢᠭ ᠰᠠᠨᠠᠭ᠎ᠠ ᠶᠢ ᠭᠦᠨᠵᠡᠭᠡᠢ 

ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠬᠤᠲᠠ ᠬᠥᠳᠡᠭᠡ ᠶᠢᠨ

ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ  ᠶᠢ ᠲᠡᠩᠴᠡᠭᠦᠷᠢ ᠲᠠᠢ ᠪᠣᠯᠭᠠᠬᠤ ᠶᠢ 

ᠠᠬᠢᠭᠤᠯᠬᠤ ᠶᠢᠨ ᠲᠤᠰᠠᠳᠠ ᠂ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ

ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ

ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ 〔 2015〕 67 ᠳ᠋ᠤᠭᠠᠷ ᠲᠣᠭᠠᠲᠤ︶ ᠂ ︽ᠰᠤᠷᠭᠠᠨ

ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ

ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ

ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵

ᠲᠥᠷᠥ ᠠᠯᠪᠠᠨ ᠲᠠᠷᠬᠠᠭᠠᠭᠰᠠᠨ 〔2019〕 27 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ

ᠱᠠᠭᠠᠷᠳᠠᠯᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ

ᠵᠥᠪᠰᠢᠶᠡᠷᠡᠭᠦᠯᠦᠭᠡᠳ ᠂ ᠡᠳᠦᠭᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ 

ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ

ᠮᠡᠳᠡᠭᠳᠡᠪᠡ ᠃

      ᠨᠢᠭᠡ ᠂ ᠶᠡᠷᠦᠩᠬᠡᠢ ᠱᠠᠭᠠᠷᠳᠠᠯᠭ᠎ᠠ

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ

ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ

ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠂ ᠲᠥᠷᠥ ᠶᠢᠨ

ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ 

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ ᠪᠠᠲᠤᠵᠢᠭᠤᠯᠵᠤ ᠂ ᠡᠷᠬᠡ

ᠲᠡᠭᠰᠢ ᠪᠠᠶᠢᠬᠤ ᠶᠢ ᠠᠬᠢᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠡᠬᠢᠯᠡᠴᠡ ᠪᠠ ᠲᠤᠰᠤᠯᠲᠠ ᠪᠣᠯᠭᠠᠨ ᠂ 

ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ

ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ ᠂ ᠦᠨᠳᠦᠰᠦᠨ ᠣᠯᠠᠨ

ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠤᠯᠠᠮ ᠨᠢᠭᠡ ᠠᠯᠬᠤᠮ

ᠠᠬᠢᠭᠤᠯᠤᠨ᠎ᠠ ᠃

      ᠬᠤᠶᠠᠷ ᠂ ᠭᠤᠣᠯ ᠠᠭᠤᠯᠭ᠎ᠠ

      ( ᠨᠢᠭᠡ ) ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ

ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠃

      ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ

ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ︵ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠰᠤᠷᠤᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠂ ᠰᠦᠢᠳᠬᠡᠯ ᠬᠤᠷᠢᠶᠠᠬᠤ ᠦᠭᠡᠢ ᠪᠠᠷ ᠰᠤᠷᠬᠤ

ᠪᠢᠴᠢᠭ ᠬᠠᠩᠭᠠᠬᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ

ᠬᠦᠴᠢᠷᠳᠡᠯᠲᠡᠢ ᠰᠤᠷᠤᠭᠴᠢ ᠪᠠ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ

ᠰᠤᠷᠤᠭᠴᠢ ᠳᠤ ᠠᠮᠢᠳᠤᠷᠠᠯ ᠤᠨ ᠵᠠᠷᠤᠳᠠᠯ ᠨᠥᠬᠦᠪᠦᠷᠢᠯᠡᠬᠦ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠪᠠᠶᠢᠷᠢ ᠳᠤ ᠰᠠᠭᠤᠭ᠎ᠠ ᠰᠤᠷᠤᠭᠴᠢ ᠳᠤ ᠬᠤᠨᠤᠭ ᠤᠨ ᠵᠠᠷᠤᠳᠠᠯ ᠨᠥᠬᠦᠪᠦᠷᠢᠯᠡᠬᠦ ︶ ᠶᠢ ᠨᠢᠭᠡᠳᠦᠯᠲᠡᠢ ᠬᠡᠷᠡᠭᠵᠢᠭᠦᠯᠬᠦ

ᠬᠡᠷᠡᠭᠲᠡᠢ ᠃ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ

ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠥᠬᠦᠪᠦᠷᠢᠯᠡᠬᠦ ᠪᠠᠷ ᠳᠠᠮᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔

ᠤᠯᠤᠰ ᠠᠴᠠ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠪᠠᠭ᠎ᠠ

ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ

ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ

ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠳᠤ

ᠬᠡᠷᠡᠭᠯᠡᠬᠦ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠦᠨᠳᠦᠰᠦᠲᠡᠨ ᠤ ᠬᠡᠯᠡ ᠪᠢᠴᠢᠭ

ᠰᠤᠷᠴᠤ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ︽

ᠰᠤᠷᠤᠭᠴᠢ ᠶᠢᠨ ᠮᠣᠩᠭᠤᠯ ᠬᠡᠯᠡᠨ ᠤ ᠲᠣᠯᠢ︾ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ

ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔

ᠠᠶᠢᠮᠠᠭ ᠬᠤᠲᠠ ᠶᠢᠨ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ

ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ ᠃ 

      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ 

ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ

ᠪᠠᠶᠢᠷᠢ ᠳᠤ ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠰᠠᠭᠤᠭ᠎ᠠ ᠰᠤᠷᠤᠭᠴᠢ ᠶᠢᠨ

60 % ᠪᠠᠷ ᠲᠥᠰᠥᠭᠡᠯᠡᠨ ᠪᠣᠳᠣᠵᠤ ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ  ᠥᠯᠥ

ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠥᠯᠥ ᠰᠠᠭᠤᠭ᠎ᠠ ᠰᠤᠷᠤᠭᠴᠢ ᠶᠢᠨ 20

% ᠪᠠᠷ ᠲᠥᠰᠥᠭᠡᠯᠡᠨ ᠪᠣᠳᠣᠨ᠎ᠠ ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠰᠢᠭᠤ

ᠰᠢᠶᠠᠨ ( ᠬᠤᠲᠠ ᠂ ᠲᠣᠭᠤᠷᠢᠭ ) ᠂ ᠰᠤᠷᠭᠠᠭᠤᠯᠢ ᠬᠤᠪᠢᠶᠠᠵᠤ ᠪᠠᠶᠢᠭᠠᠳ ᠲᠥᠰᠥᠭᠡᠯᠡᠨ ᠪᠤᠳᠤᠬᠤ ᠬᠡᠷᠡᠭᠲᠡᠢ ᠃ ᠭᠡᠷ

ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ

ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1000

ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 1250 ᠲᠥᠭᠦᠷᠢᠭ ᠢᠶᠠᠷ ᠬᠡᠷᠡᠭᠵᠢᠭᠦᠯᠵᠦ ᠂ ᠭᠡᠷ

ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ ᠰᠠᠭᠤᠭ᠎ᠠ ᠰᠤᠷᠤᠭᠴᠢᠳ ᠤᠨ ᠠᠮᠢᠳᠤᠷᠠᠯ ᠤᠨ

ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ

500 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 625 ᠲᠥᠭᠦᠷᠢᠭ ᠢᠶᠠᠷ ᠬᠡᠷᠡᠭᠵᠢᠭᠦᠯᠬᠦ

ᠬᠡᠷᠡᠭᠲᠡᠢ ᠃ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 5᠄ 5  ᠶᠢᠨ ᠬᠠᠷᠢᠴᠠᠯ ᠢᠶᠠᠷ ᠬᠤᠪᠢᠳᠠᠨ

ᠡᠭᠦᠷᠭᠡᠯᠡᠬᠦ ᠬᠡᠷᠡᠭᠲᠡᠢ ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50 %  ᠶᠢᠨ ᠬᠡᠰᠡᠭ ᠪᠠ ᠥᠪᠡᠷᠲᠡᠭᠡᠨ

ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠭᠴᠢ ᠶᠢᠨ ᠬᠡᠷᠡᠭᠰᠡᠬᠦ ᠵᠠᠷᠤᠳᠠᠯ ᠪᠦᠬᠦᠨ ᠢ

ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠵᠦ ᠂ ᠪᠤᠰᠤᠳ

ᠰᠤᠷᠤᠭᠴᠢᠳ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ

ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠠᠷᠢᠴᠠᠯ ᠶᠣᠰᠣᠭᠠᠷ ᠬᠤᠪᠢᠳᠠᠨ

ᠡᠭᠦᠷᠭᠡᠯᠡᠬᠦ ᠬᠡᠷᠡᠭᠲᠡᠢ ᠃ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ

ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ

 ᠪᠠᠨ ᠪᠠᠭ᠎ᠠ ᠰᠤᠷᠭᠠᠭᠤᠯᠢ ᠳᠤ ᠪᠣᠯ 1350 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ

1620 ᠲᠥᠭᠦᠷᠢᠭ ᠢᠶᠠᠷ ᠬᠡᠷᠡᠭᠵᠢᠭᠦᠯᠵᠦ ᠂ ᠬᠡᠷᠡᠭᠰᠡᠬᠦ ᠪᠡᠯᠡ ᠮᠥᠩᠭᠦᠨ ᠤ ᠲᠥᠪ ᠤᠨ ᠨᠥᠬᠦᠪᠦᠷᠢ ᠶᠢᠨ

ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ

ᠳᠠᠭᠠᠭᠠᠨ ᠡᠭᠦᠷᠭᠡᠯᠡᠬᠦ ᠬᠡᠷᠡᠭᠲᠡᠢ ᠃ ᠪᠠᠶᠢᠷᠢ ᠳᠤ ᠰᠠᠭᠤᠭ᠎ᠠ ᠰᠤᠷᠤᠭᠴᠢ ᠶᠢᠨ ᠬᠤᠨᠤᠭ ᠤᠨ ᠵᠠᠷᠤᠳᠠᠯ ᠤᠨ

ᠨᠥᠬᠦᠪᠦᠷᠢ ᠶᠢᠨ ᠪᠠᠷᠢᠮᠵᠢᠶ᠎ᠠ ᠨᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 100

ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 120 ᠲᠥᠭᠦᠷᠢᠭ ᠪᠠᠶᠢᠵᠤ ᠂ ᠬᠡᠷᠡᠭᠰᠡᠬᠦ ᠪᠡᠯᠡ

ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ

ᠬᠡᠷᠡᠭᠲᠡᠢ ᠃

      ( ᠬᠤᠶᠠᠷ ) ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ  

ᠵᠠᠷᠤᠳᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠃

      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠨᠡᠶᠢᠲᠡ ᠶᠢᠨ

ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠨᠢ᠄ ᠰᠤᠷᠤᠭᠴᠢ ᠨᠢᠭᠡᠪᠦᠷᠢ ᠳᠤ

ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 650 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ

ᠪᠣᠯ 850 ᠲᠥᠭᠦᠷᠢᠭ ᠪᠣᠯᠣᠨ᠎ᠠ ᠃ ᠡᠭᠦᠨ ᠤ ᠰᠠᠭᠤᠷᠢᠨ ᠳᠡᠭᠡᠷ᠎ᠡ ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ

 ᠳᠤ ᠪᠣᠯ ᠪᠠᠶᠢᠷᠢ ᠳᠤ ᠰᠠᠭᠤᠬᠤ ᠰᠣᠷᠣᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 200 ᠲᠥᠭᠦᠷᠢᠭ ᠤᠨ

ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ ᠨᠢ ᠨᠡᠮᠡᠭᠳᠡᠭᠦᠯᠬᠦ ᠬᠡᠷᠡᠭᠲᠡᠢ︔ ᠲᠠᠷᠢᠶᠠᠯᠠᠬᠤ

ᠮᠠᠯᠵᠢᠬᠤ ᠣᠷᠣᠨ ᠤ 100 ᠬᠥᠮᠥᠨ ᠬᠦᠷᠬᠦ ᠦᠭᠡᠢ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠶᠢᠨ

ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ 100 ᠬᠥᠮᠥᠨ ᠢᠶᠠᠷ ᠬᠠᠷᠭᠤᠭᠤᠯᠤᠨ ᠲᠣᠭᠲᠠᠭᠠᠬᠤ

ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠣᠨᠴᠠᠭᠠᠢ ᠰᠤᠷᠭᠠᠨ

ᠬᠥᠮᠦᠵᠢᠯ ᠤᠨ ᠰᠤᠷᠭᠠᠭᠤᠯᠢ ᠶᠢᠨ ᠰᠣᠷᠣᠨᠨᠴᠢ ᠪᠠ ᠠᠩᠭᠢ ᠳᠠᠭᠠᠵᠤ ᠰᠤᠷᠤᠯᠴᠠᠵᠤ ᠪᠠᠶᠢᠭ᠎ᠠ ᠵᠡᠮᠳᠡᠭ ᠰᠤᠷᠤᠭᠴᠢ

ᠨᠢᠭᠡᠪᠦᠷᠢ ᠳᠤ ᠵᠢᠯ ᠳᠤ ᠪᠠᠨ 6000 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ

ᠨᠥᠬᠦᠪᠦᠷᠢ ᠣᠯᠭᠤᠬᠤ ᠬᠡᠷᠡᠭᠲᠡᠢ ᠃ ᠥᠨᠳᠦᠷᠯᠢᠭ ᠬᠦᠢᠲᠡᠨ ᠣᠷᠣᠨ ( ᠬᠥᠯᠥᠨ ᠪᠤᠶᠢᠷ ᠬᠤᠲᠠ ᠂ ᠬᠢᠩᠭᠠᠨ ᠠᠶᠢᠮᠠᠭ ᠂

 ᠰᠢᠯᠢ ᠶᠢᠨ ᠭᠤᠣᠯ ᠠᠶᠢᠮᠠᠭ ᠂ ᠮᠠᠨᠵᠤᠤᠷ ᠬᠤᠲᠠ ᠂ ᠡᠷᠢᠶᠡᠨ ᠬᠤᠲᠠ ) ᠪᠠ ᠪᠤᠰᠤᠳ ᠭᠠᠵᠠᠷ ᠣᠷᠣᠨ ᠳᠤ ᠲᠤᠰ

ᠲᠤᠰ ᠰᠤᠷᠤᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 235 ᠲᠥᠭᠦᠷᠢᠭ ᠪᠠ 215 ᠲᠥᠭᠦᠷᠢᠭ  ᠢᠶᠠᠷ

ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ ᠃ ᠰᠤᠷᠤᠭᠴᠢ ᠶᠢᠨ ᠳᠤᠮᠳᠠᠴᠢ ᠨᠡᠶᠢᠲᠡ ᠶᠢᠨ

ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠪᠠ ᠳᠤᠯᠠᠭᠠᠯᠠᠭ᠎ᠠ ᠶᠢᠨ ᠵᠠᠷᠤᠳᠠᠯ ᠤᠨ

ᠨᠥᠬᠦᠪᠦᠷᠢ ᠳᠤ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 8᠄ 2  ᠤᠨ ᠬᠠᠷᠢᠴᠠᠯ ᠢᠶᠠᠷ ᠬᠤᠪᠢᠳᠠᠨ

ᠡᠭᠦᠷᠭᠡᠯᠡᠵᠦ ᠂ ᠥᠪᠡᠷᠲᠡᠭᠡᠨ ᠵᠠᠰᠠᠬᠤ ᠣᠷᠣᠨ 20 %  ᠶᠢᠨ ᠬᠡᠰᠡᠭ ᠢ ᠨᠢ ᠬᠤᠪᠢᠳᠠᠨ ᠡᠭᠦᠷᠭᠡᠯᠡᠨ᠎ᠡ ᠂ ᠥᠪᠡᠷᠲᠡᠭᠡᠨ

ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ ᠵᠠᠰᠠᠬᠤ

ᠣᠷᠣᠨ ᠤ ᠲᠤᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠤᠷᠭᠠᠭᠤᠯᠢ ᠶᠢᠨ ᠬᠡᠷᠡᠭᠰᠡᠬᠦ

ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ

ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ

ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠬᠦ ᠬᠡᠷᠡᠭᠲᠡᠢ ᠃ 

      ᠲᠠᠷᠢᠶᠠᠯᠠᠬᠤ ᠮᠠᠯᠵᠢᠬᠤ ᠣᠷᠣᠨ ᠂ ᠬᠢᠯᠢ ᠬᠢᠵᠠᠭᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠱᠠᠲᠤᠨ ᠤ ᠰᠤᠷᠭᠠᠭᠤᠯᠢ ᠶᠢᠨ ᠣᠳᠣ ᠶᠢᠨ ᠬᠡᠷᠡᠭᠵᠢᠭᠦᠯᠵᠦ ᠪᠠᠶᠢᠭ᠎ᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ

ᠨᠥᠬᠦᠪᠦᠷᠢ ᠶᠢᠨ ᠪᠠᠷᠢᠮᠵᠢᠶ᠎ᠠ ᠨᠢ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠠᠴᠠ ᠳᠡᠭᠡᠭᠦᠷ ᠪᠠᠶᠢᠪᠠᠯ ᠂ 

ᠲᠦᠪᠰᠢᠨ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠂ ᠡᠯ᠎ᠡ ᠭᠠᠵᠠᠷ ᠣᠷᠣᠨ

ᠪᠣᠳᠠᠲᠠᠢ ᠲᠠᠢ ᠪᠠᠨ ᠤᠶᠠᠯᠳᠤᠭᠤᠯᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠪᠠᠨ 

ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠢ ᠃

      ( ᠭᠤᠷᠪᠠ ) ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ

ᠲᠦᠪᠰᠢᠨ ᠤ ᠪᠠᠲᠤᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ ᠃

      ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠵᠢᠴᠢ

ᠲᠡᠭᠦᠨ ᠤ ᠳᠠᠭᠠᠯᠲᠠ ᠪᠡᠯᠡᠳᠬᠡᠮᠵᠢ ᠪᠠᠨ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ ᠂ ᠭᠠᠵᠠᠷ ᠬᠥᠳᠡᠯᠦᠯᠲᠡ ᠶᠢ

ᠳᠠᠭᠠᠭᠠᠯᠭᠠᠬᠤ ᠪᠠᠷ ᠪᠠᠬᠢᠵᠢᠭᠦᠯᠬᠦ ᠂ ᠰᠢᠨᠡᠳᠬᠡᠵᠦ ᠥᠷᠭᠡᠳᠬᠡᠨ ᠪᠠᠶᠢᠭᠤᠯᠬᠤ ᠶᠢ ᠲᠡᠮᠵᠢᠬᠦ ᠬᠡᠷᠡᠭᠲᠡᠢ ᠃ ᠲᠠᠷᠢᠶᠠᠯᠠᠬᠤ

ᠮᠠᠯᠵᠢᠬᠤ ᠣᠷᠣᠨ ᠤ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ 

ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ  ᠳᠤ ᠨᠥᠬᠦᠪᠦᠷᠢ ᠣᠯᠭᠤᠵᠤ ᠂ ᠨᠥᠬᠦᠪᠦᠷᠢ ᠶᠢᠨ

ᠪᠠᠷᠢᠮᠵᠢᠶ᠎ᠠ ᠶᠢ ᠤᠯᠤᠰ ᠤᠨ ᠨᠢᠭᠡᠳᠦᠯᠲᠡᠢ ᠪᠠᠷᠢᠮᠵᠢᠶ᠎ᠠ ᠪᠠᠷ ᠬᠡᠷᠡᠭᠵᠢᠭᠦᠯᠦᠨ ᠂ ᠬᠡᠷᠡᠭᠰᠡᠬᠦ ᠪᠡᠯᠡ ᠮᠥᠩᠭᠦ ᠶᠢ ᠲᠥᠪ ᠪᠠ

ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ 8᠄ 2  ᠤᠨ ᠬᠠᠷᠢᠴᠠᠯ ᠢᠶᠠᠷ ᠬᠤᠪᠢᠳᠠᠨ

ᠡᠭᠦᠷᠭᠡᠯᠡᠬᠦ ᠬᠡᠷᠡᠭᠲᠡᠢ ᠃ ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ

ᠪᠠᠶᠢᠭᠤᠯᠵᠤ ᠂ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ

ᠬᠡᠷᠡᠭᠲᠡᠢ ᠃

      ( ᠳᠥᠷᠪᠡ ) ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ

ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ ᠃

      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠦᠷᠭᠦᠯᠵᠢᠯᠡᠨ ᠡᠩ ᠤᠨ ᠴᠢᠨᠠᠷᠲᠠᠢ ᠰᠢᠯᠵᠢᠭᠦᠯᠦᠨ

ᠥᠭᠬᠦ ᠪᠠᠷ ᠳᠠᠮᠵᠢᠭᠤᠯᠤᠨ ᠠᠶᠢᠮᠠᠭ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ

ᠴᠠᠯᠢᠩ ᠤᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠳᠤ ᠳᠡᠮᠵᠢᠯᠭᠡ ᠦᠵᠡᠭᠦᠯᠬᠦ ᠬᠡᠷᠡᠭᠲᠡᠢ ᠃ ᠠᠶᠢᠮᠠᠭ ᠬᠤᠲᠠ ᠶᠢᠨ

ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠣᠰ ᠱᠠᠲᠤᠨ ᠤ ᠡᠳ᠋ ᠤᠨ

ᠬᠦᠴᠦᠨ ᠢ ᠨᠢᠭᠡᠳᠦᠯᠲᠡᠢ ᠲᠥᠯᠥᠪᠯᠡᠨ ᠬᠡᠷᠡᠭᠯᠡᠵᠦ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠪᠠᠭᠰᠢ ᠶᠢᠨ ᠴᠠᠯᠢᠩ ᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ

ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ

ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠳᠤ ᠦᠷᠭᠦᠯᠵᠢᠯᠡᠨ ᠠᠮᠢᠳᠤᠷᠠᠯ ᠤᠨ ᠨᠥᠬᠦᠪᠦᠷᠢ ᠣᠯᠭᠤᠵᠤ ᠂ 

ᠨᠥᠬᠦᠪᠦᠷᠢ ᠶᠢᠨ ᠪᠠᠷᠢᠮᠵᠢᠶ᠎ᠠ ᠨᠢ ᠰᠤᠮᠤ ᠰᠢᠶᠠᠩ ᠪᠠᠯᠭᠠᠰᠤᠨ ᠤ ᠰᠤᠷᠭᠠᠭᠤᠯᠢ ᠶᠢᠨ ᠪᠠᠭᠰᠢ ᠪᠦᠷᠢ ᠳᠤ ᠰᠠᠷ᠎ᠠ ᠳᠤ ᠪᠠᠨ

300 ᠲᠥᠭᠦᠷᠢᠭ ᠂ ᠲᠣᠰᠬᠤᠨ ᠤ ᠪᠠᠭ᠎ᠠ ᠰᠤᠷᠭᠠᠭᠤᠯᠢ ᠵᠢᠴᠢ ᠵᠢᠭᠠᠨ ᠰᠤᠷᠭᠠᠯᠲᠠ ᠶᠢᠨ ᠴᠡᠭ ᠤᠨ ᠪᠠᠭᠰᠢ ᠪᠦᠷᠢ ᠳᠤ

ᠰᠠᠷ᠎ᠠ ᠳᠤ ᠪᠠᠨ 400 ᠲᠥᠭᠦᠷᠢᠭ ᠪᠠᠶᠢᠵᠤ ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠣᠰ

ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ ᠃  

      ᠬᠤᠶᠢᠰᠢᠳᠠ ᠶᠢᠨ ᠣᠨ ᠵᠢᠯ ᠤᠳ ᠳᠤ ᠂ ᠲᠥᠪ ᠤᠨ ᠲᠥᠷᠥ ᠶᠢᠨ ᠪᠣᠳᠣᠯᠭ᠎ᠠ ᠪᠠ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ ᠂ ᠰᠢᠨ᠎ᠡ ᠠᠰᠠᠭᠤᠳᠠᠯ ᠢ

ᠦᠨᠳᠦᠰᠦᠯᠡᠨ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ

ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤ ᠨᠢ ᠲᠣᠬᠢᠷᠠᠭᠤᠯᠤᠨ ᠲᠡᠭᠦᠯᠳᠡᠷᠵᠢᠭᠦᠯᠬᠦ

ᠬᠡᠷᠡᠭᠲᠡᠢ ᠃

      ᠭᠤᠷᠪᠠ ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ

      ( ᠨᠢᠭᠡ ) ᠬᠡᠷᠡᠭᠵᠢᠭᠦᠯᠬᠦ ᠬᠡᠪᠴᠢᠶ᠎ᠡ᠄ ᠪᠦᠬᠦ ᠣᠷᠣᠨ ᠤ ᠪᠤᠶ ᠪᠦᠬᠦᠢ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠰᠤᠷᠭᠠᠭᠤᠯᠢ ( ᠠᠷᠠᠳ ᠠᠴᠠ ᠡᠷᠬᠢᠯᠡᠭᠰᠡᠨ ᠰᠤᠷᠭᠠᠭᠤᠯᠢ ᠪᠠᠭᠲᠠᠨ᠎ᠠ ) ᠃

      ( ᠬᠤᠶᠠᠷ ) ᠬᠡᠷᠡᠭᠵᠢᠭᠦᠯᠬᠦ ᠴᠠᠭ ᠬᠤᠭᠤᠴᠠᠭ᠎ᠠ᠄ 2022 ᠣᠨ ᠤ ᠨᠠᠮᠤᠷ ᠤᠨ ᠤᠯᠠᠷᠢᠯ ᠤᠨ

ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ ᠃      ᠳᠥᠷᠪᠡ ᠂ ᠪᠠᠲᠤᠯᠠᠭ᠎ᠠ ᠶᠢᠨ ᠠᠷᠭ᠎ᠠ

ᠬᠡᠮᠵᠢᠶ᠎ᠡ

      ( ᠨᠢᠭᠡ ) ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ ᠃ ᠡᠯ᠎ᠡ ᠭᠠᠵᠠᠷ ᠣᠷᠣᠨ ᠨᠢ

ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂

 ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ

ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ ᠢ ᠡᠳᠦᠷ ᠲᠤᠲᠤᠮ ᠤᠨ ᠴᠢᠬᠤᠯᠠ

ᠵᠥᠪᠯᠡᠬᠦ ᠵᠦᠢᠯ ᠳᠤ ᠪᠠᠨ ᠣᠷᠣᠭᠤᠯᠵᠤ ᠂ ᠦᠨᠡᠨ ᠬᠦ ᠬᠡᠷᠡᠭᠵᠢᠭᠦᠯᠦᠭᠦᠰᠢᠲᠡᠢ ᠲᠥᠰᠥᠯ ᠢ ᠲᠣᠭᠲᠠᠭᠠᠬᠤ ᠬᠡᠷᠡᠭᠲᠡᠢ ᠃

      ( ᠬᠤᠶᠠᠷ ) ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ ᠡᠯ᠎ᠡ ᠱᠠᠲᠤᠨ ᠤ

ᠠᠷᠠᠳ ᠤᠨ ᠵᠠᠰᠠᠭ ᠤᠨ ᠣᠷᠳᠣᠨ ᠨᠢ ᠵᠠᠷᠤᠳᠠᠯ ᠢ ᠬᠤᠪᠢᠳᠠᠨ ᠡᠭᠦᠷᠭᠡᠯᠡᠬᠦ ᠬᠠᠷᠢᠭᠤᠴᠠᠯᠭ᠎ᠠ ᠶᠢᠨ ᠶᠣᠰᠣᠭᠠᠷ

ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠲᠤᠭ᠎ᠠ ᠶᠣᠰᠣᠭᠠᠷ ᠨᠢ ᠭᠦᠢᠴᠡᠳ ᠨᠠᠶᠢᠳᠠᠪᠤᠷᠢᠵᠢᠭᠤᠯᠵᠤ ᠂ ᠪᠡᠯᠡ

ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ

ᠬᠦ ᠪᠠᠲᠤᠯᠠᠬᠤ ᠬᠡᠷᠡᠭᠲᠡᠢ ᠃ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ

ᠬᠤᠰᠢᠭᠤ ᠰᠢᠶᠠᠨ ( ᠬᠤᠲᠠ ᠂ ᠲᠣᠭᠤᠷᠢᠭ )  ᠤ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ

ᠣᠷᠣᠨ ᠤ ᠪᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ ᠂

 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ

ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠥᠰᠥᠪ ᠤᠨ ᠬᠠᠮᠢᠶᠠᠷᠤᠯᠲᠠ ᠶᠢ

ᠴᠢᠩᠭᠠᠳᠬᠠᠨ ᠂ ᠲᠥᠰᠥᠪ ᠢ ᠨᠠᠷᠢᠯᠢᠭᠵᠢᠭᠤᠯᠤᠨ ᠨᠠᠶᠢᠷᠠᠭᠤᠯᠤᠨ ᠵᠣᠬᠢᠶᠠᠵᠤ ᠂ ᠲᠥᠰᠥᠪ ᠤᠨ ᠬᠡᠷᠡᠭᠵᠢᠭᠦᠯᠦᠯᠲᠡ ᠶᠢ

ᠴᠢᠩᠳᠠᠯᠠᠵᠤ ᠂ ᠲᠥᠰᠥᠪ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠂ ᠬᠠᠮᠢᠶᠠᠷᠤᠯᠲᠠ ᠶᠢᠨ

ᠣᠨᠣᠯᠵᠢᠬᠤᠨ ᠳᠤ ᠰᠢᠨ᠎ᠡ ᠶᠢ ᠡᠭᠦᠳᠴᠦ ᠂ ᠠᠮᠵᠢᠯᠲᠠ ᠪᠦᠲᠦᠮᠵᠢ ᠶᠢᠨ ᠲᠥᠰᠥᠪ ᠢ ᠵᠠᠷᠤᠳᠠᠯ ᠤᠨ ᠬᠡᠷᠡᠭᠯᠡᠯᠲᠡ

ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ

ᠦᠨᠡᠨ ᠬᠦ ᠳᠡᠭᠡᠭᠰᠢᠯᠡᠭᠦᠯᠬᠦ ᠬᠡᠷᠡᠭᠲᠡᠢ ᠃

      ( ᠭᠤᠷᠪᠠ ) ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ ᠃ ᠡᠯ᠎ᠡ ᠭᠠᠵᠠᠷ ᠣᠷᠣᠨ

ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ

ᠪᠠᠲᠤᠯᠠᠭ᠎ᠠ ᠶᠢᠨ ᠲᠣᠭᠲᠠᠴᠠ ᠶᠢ ᠤᠬᠠᠭᠤᠯᠬᠤ ᠠᠵᠢᠯ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠡᠯ᠎ᠡ

ᠵᠦᠢᠯ ᠤᠨ ᠤᠬᠠᠭᠤᠯᠭ᠎ᠠ ᠶᠢᠨ ᠵᠠᠭᠤᠴᠢ ᠶᠢ ᠥᠷᠭᠡᠨ ᠢᠶᠠᠷ ᠠᠰᠢᠭᠯᠠᠨ ᠂ ᠣᠯᠠᠨ ᠵᠦᠢᠯ ᠤᠨ ᠠᠷᠭ᠎ᠠ ᠬᠡᠯᠪᠡᠷᠢ ᠶᠢ

ᠠᠪᠴᠤ ᠪᠠᠶᠢᠭᠠᠳ ᠨᠡᠶᠢᠭᠡᠮ ᠳᠤ ᠭᠦᠨᠵᠡᠭᠡᠢ ᠤᠬᠠᠭᠤᠯᠤᠨ ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ

ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ ᠂ ᠬᠥᠮᠥᠰ ᠤᠨ ᠰᠡᠳᠬᠢᠯ ᠳᠤ

ᠬᠠᠳᠠᠩᠰᠢᠭᠤᠯᠤᠨ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ

ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃

      ᠲᠤᠰ ᠮᠡᠳᠡᠭᠳᠡᠯ ᠢ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ

ᠬᠡᠷᠡᠭᠵᠢᠭᠦᠯᠦᠨ᠎ᠡ ᠃ ᠤᠤᠯ ᠤᠨ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ

ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ( ᠥᠪᠥᠷ ᠵᠠᠰᠠᠭ ᠠᠯᠪᠠᠨ ᠲᠠᠷᠬᠠᠭᠠᠭᠰᠠᠨ 〔 2016

〕 32 ᠳ᠋ᠤᠭᠠᠷ ᠲᠣᠭᠠᠲᠤ )  ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

              2022 ᠣᠨ ᠤ 8 ᠳ᠋ᠤᠭᠠᠷ ᠰᠠᠷ᠎ᠠ ᠶᠢᠨ 1 ᠤ ᠡᠳᠦᠷ

              ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 —— —— —— —— —— —— —— —— —— —— —— —— —— —

— ——

      ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂

 

      ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ

ᠶᠡᠷᠦᠩᠬᠡᠢ ᠠᠩᠭᠢ ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ

ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ ᠂ 

      ᠥᠪᠡᠷᠲᠡᠭᠡᠨ ᠵᠠᠰᠠᠬᠤ ᠣᠷᠣᠨ ᠤ ᠬᠢᠨᠠᠨ  ᠪᠠᠶᠢᠴᠠᠭᠠᠬᠤ ᠵᠥᠪᠯᠡᠯ ᠂ ᠠᠷᠠᠳ ᠤᠨ ᠥᠨᠳᠥᠷ ᠵᠡᠷᠭᠡ ᠶᠢᠨ ᠰᠢᠭᠦᠬᠦ

ᠬᠤᠷᠢᠶ᠎ᠠ ᠂ ᠪᠠᠶᠢᠴᠠᠭᠠᠬᠤ ᠬᠤᠷᠢᠶ᠎ᠠ ᠃

      ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃

  —— —— —— —— —— —— —— —— —— —— —— —— —— —

— ——

            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ

ᠲᠢᠩᠬᠢᠮ

                                                       2022 ᠣᠨ ᠤ 8 ᠳ᠋ᠤᠭᠠᠷ ᠰᠠᠷ᠎ᠠ ᠶᠢᠨ 1

 ᠤ ᠡᠳᠦᠷ ᠳᠠᠷᠤᠮᠠᠯᠯᠠᠨ ᠲᠠᠷᠬᠠᠭᠠᠪᠠ

 

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号