2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ ᠪᠠᠶᠢᠳᠠᠯ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/2/16
      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ‌ᠵᠡᠷᠭᠡ ᠵᠢᠷᠭᠤᠭᠠᠨ ᠰᠠᠯᠠᠭ᠎ᠠ ᠮᠥᠴᠢᠷ ᠤᠨ ︽2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ︵ᠬᠥᠭᠵᠢᠭᠦᠯᠦᠯᠲᠡ ᠪᠠ ᠥᠭᠡᠷᠡᠴᠢᠯᠡᠯᠲᠡ ᠭᠠᠵᠠᠷ ᠣᠷᠣᠨ ﹇2022﹈ 1041 ᠳ᠋ᠦ᠋ᠭᠡᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ﹇2022﹈ 1286 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠰᠢᠯᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠲᠦᠷᠦᠭᠦᠯᠡᠨ ᠬᠢᠨᠠᠨ ᠬᠠᠮᠢᠶᠠᠷᠴᠤ ᠪᠠᠶᠢᠭ᠎ᠠ ︽ᠪᠤᠭᠤᠲᠤ ᠬᠤᠲᠠ ᠶᠢᠨ ᠬᠥᠨᠳᠡᠯᠡᠨ ᠭᠤᠣᠯ ᠳᠤ 12 ᠲᠠᠰ ᠤᠨ ᠤᠰᠤ ᠬᠠᠰᠢᠬᠤ ᠬᠠᠰᠢᠯᠭ᠎ᠠ ᠪᠠᠶᠢᠭᠤᠯᠵᠤ᠂ ᠲᠡᠭᠦᠨ ᠢ ᠱᠠᠲᠤ ᠱᠠᠲᠤ ᠪᠠᠷ ᠬᠠᠰᠢᠵᠤ᠂ ᠭᠤᠣᠯ ᠤᠨ ᠵᠠᠮ ᠳᠤ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢ ᠣᠪᠣᠭᠠᠯᠠᠨ ᠦᠯᠡᠳᠡᠭᠳᠡᠭᠰᠡᠨ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠨᠢ ᠳ᠋ᠤᠭᠠᠷ ᠢ ᠬᠠᠰᠤᠬᠤ ᠨᠥᠬᠦᠴᠡᠯ ᠳᠤ ᠨᠡᠶᠢᠴᠡᠪᠡ᠂ ᠡᠳᠦᠭᠡ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠢᠯᠡ ᠨᠡᠶᠢᠲᠡᠯᠡᠨ᠎ᠡ᠃      ᠵᠠᠷᠯᠠᠨ ᠨᠡᠶᠢᠲᠡᠯᠡᠭᠰᠡᠨ ᠴᠠᠭ᠄ 2023 ᠣᠨ ᠤ 2 ᠳ᠋ᠤᠭᠠᠷ ᠰᠠᠷ᠎ᠠ ᠶᠢᠨ 14 ᠤ ᠡᠳᠦᠷ ᠠᠴᠠ 2023 ᠣᠨ ᠤ 2 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ      ᠵᠠᠷᠯᠠᠨ ᠨᠡᠶᠢᠲᠡᠯᠡᠵᠦ ᠭᠥᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ      ᠬᠠᠷᠢᠯᠴᠠᠬᠤ ᠬᠡᠯᠪᠡᠷᠢ᠄ 0471-5259441      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠪᠤᠶᠢᠷ ᠡᠮᠦᠨ᠎ᠡ ᠵᠠᠮ ᠤᠨ 119 ᠳ᠋ᠦ᠋ᠭᠡᠷ ᠨᠣᠮᠧᠷ      ᠰᠢᠤᠳᠠᠨ ᠳ᠋ᠤᠭᠠᠷ᠄ 010020ᠳᠠᠭᠠᠯᠳᠤᠭᠤᠯᠤᠯ᠄ ᠪᠤᠭᠤᠲᠤ ᠬᠤᠲᠠ ᠶᠢᠨ ᠬᠥᠨᠳᠡᠯᠡᠨ ᠭᠤᠣᠯ ᠳᠤ 12 ᠲᠠᠰ ᠤᠨ ᠤᠰᠤᠨ ᠬᠠᠰᠢᠯᠭ᠎ᠠ ᠪᠠᠶᠢᠭᠤᠯᠵᠤ ᠲᠡᠭᠦᠨ ᠢ ᠱᠠᠲᠤ ᠱᠠᠲᠤ ᠪᠠᠷ ᠬᠠᠰᠢᠵᠤ᠂ ᠭᠤᠣᠯ ᠤᠨ ᠵᠠᠮ ᠳᠤ ᠣᠪᠣᠭᠠᠯᠠᠨ ᠦᠯᠡᠳᠡᠭᠳᠡᠭᠰᠡᠨ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ ᠪᠠᠶᠢᠳᠠᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号