︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ︾ ︵ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 740 ᠳ᠋ᠦ᠋ᠭᠡᠷ ᠲᠣᠭᠠᠲᠤ ︶ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠮᠤ | ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠂ | ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ | ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ ︶︾ ︵ᠳᠣᠷᠣᠭᠰᠢ ︽ | ᠠᠷᠭ᠎ᠠ ︾ ᠭᠡᠵᠦ ᠲᠣᠪᠴᠢᠯᠠᠨ᠎ᠠ ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠳᠣᠣᠷᠠᠬᠢ ᠮᠡᠲᠦ ᠲᠠᠶᠢᠯᠪᠦᠷᠢᠯᠠᠪᠠ ᠃ | ᠨᠢᠭᠡ ᠂ ︽ᠠᠷᠭ᠎ᠠ ︾ ᠶᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠤᠢ ︖ | 2021 ᠣᠨ ᠤ 4 ᠳ᠋ᠦ᠋ᠭᠡᠷ ᠰᠠᠷ᠎ᠠ ᠳᠤ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ︾ ᠢ ᠨᠡᠶᠢᠲᠡᠯᠡᠨ ᠬᠡᠷᠡᠭᠵᠢᠭᠦᠯᠵᠦ ᠂ | ︽ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ | ᠪᠠ ᠨᠥᠭᠡᠴᠡᠯᠡᠯᠲᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠮᠤ ᠪᠤᠳᠠᠭ᠎ᠠ | ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ ᠂ ᠠᠮᠤ ᠪᠤᠳᠠᠭ᠎ᠠ ᠬᠤᠳᠠᠯᠳᠤᠨ ᠠᠪᠬᠤ | ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠂ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠮᠤᠵᠢ ᠂ ᠥᠪᠡᠷᠲᠡᠭᠡᠨ ᠵᠠᠰᠠᠬᠤ | ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ ︾ ᠭᠡᠵᠦ | ᠳᠤᠷᠠᠳᠤᠨ ᠭᠠᠷᠭᠠᠪᠠ ᠃ ︽ᠠᠷᠭ᠎ᠠ ︾ ᠨᠢ ᠮᠠᠨ ᠤ ᠣᠷᠣᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠤᠯᠤᠰ ᠲᠥᠷᠥ ᠶᠢᠨ ᠵᠣᠭᠰᠣᠴᠠ ᠳᠤ ᠰᠠᠭᠤᠷᠢᠯᠠᠵᠤ ᠂ ︽ᠠᠮᠤ ᠪᠤᠳᠠᠭᠠᠨ ᠤ ᠭᠦᠢᠯᠭᠡᠭᠡᠨ ᠤ | ᠬᠠᠮᠢᠶᠠᠷᠤᠯᠲᠠ ᠶᠢᠨ ᠳᠦᠷᠢᠮ ︾ ᠤᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠤ ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠂ ᠠᠮᠤ ᠪᠤᠳᠠᠭ᠎ᠠ ᠦᠢᠯᠡᠳᠪᠦᠷᠢᠯᠡᠭᠴᠢᠳ ᠂ ᠬᠤᠳᠠᠯᠳᠤᠨ | ᠠᠪᠤᠭᠴᠢᠳ ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠳᠦᠷᠢᠮ ᠤᠨ ᠪᠠᠲᠤᠯᠠᠭ᠎ᠠ | ᠬᠠᠩᠭᠠᠵᠤ ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ | ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ ᠃ | ᠬᠤᠶᠠᠷ ᠂ ︽ᠠᠷᠭ᠎ᠠ ︾ ᠶᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ ︖ | ︵ᠨᠢᠭᠡ ︶ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ︾ ︵ᠲᠦᠷᠦ ᠶᠢᠨ | ᠶᠠᠪᠤᠳᠠᠯ ᠤᠨ ᠬᠤᠷᠢᠶᠠᠨ ᠤ ᠵᠠᠷᠯᠢᠭ 740 ᠳ᠋ᠦ᠋ᠭᠡᠷ ᠲᠣᠭᠠᠲᠤ ︶ ︵ᠬᠤᠶᠠᠷ ︶ ︽ᠠᠮᠤ ᠪᠤᠳᠠᠭᠠᠨ ᠤ | ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ︾ ᠤᠨ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠤᠨ | ᠵᠥᠪᠰᠢᠶᠡᠷᠡᠯ ᠢ ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ ᠵᠦᠢᠯᠡᠰ ᠢ ᠬᠢᠨᠠᠮᠠᠭᠠᠢ ᠨᠠᠶᠢᠳᠠᠪᠤᠷᠢᠵᠢᠭᠤᠯᠬᠤ | ᠲᠤᠬᠠᠢ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ ︵ | ᠲᠦᠷᠦ ᠠᠮᠤ ᠪᠤᠳᠠᠭ᠎ᠠ ᠠᠯᠪᠠᠨ ᠠᠮᠤ 〔2021〕 100 ᠳ᠋ᠤᠭᠠᠷ ᠲᠣᠭᠠᠲᠤ ︶ ᠢᠶᠠᠷ ᠦᠨᠳᠦᠰᠦᠯᠡᠯ ᠪᠣᠯᠭᠠᠨ᠎ᠠ ᠃ | ᠭᠤᠷᠪᠠ ᠂ ︽ᠠᠷᠭ᠎ᠠ ︾ ᠶᠢᠨ ᠭᠤᠣᠯ ᠠᠭᠤᠯᠭ᠎ᠠ ᠨᠢ ᠶᠠᠭᠤ ᠪᠤᠢ ︖ | ︽ᠠᠷᠭ᠎ᠠ ︾ ᠳᠤ ᠲᠤᠯᠤᠭᠠᠨ ᠪᠦᠯᠦᠭ ᠳᠥᠴᠢᠨ ᠲᠠᠪᠤᠨ ᠵᠦᠢᠯ ᠪᠠᠭᠲᠠᠨ᠎ᠠ ᠃ ᠨᠢᠭᠡᠳᠦᠭᠡᠷ ᠪᠦᠯᠦᠭ ᠨᠢ | ᠶᠡᠷᠦᠩᠬᠡᠢ ᠳᠦᠷᠢᠮ ᠂ ᠨᠡᠶᠢᠲᠡ 6 ᠵᠦᠢᠯ ᠪᠠᠶᠢᠵᠤ ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠭᠤᠣᠯ | ᠴᠣᠭᠴᠠ ᠂ ᠵᠢᠷᠤᠮᠯᠠᠬᠤ ᠵᠠᠷᠴᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ ᠃ ᠬᠤᠶᠠᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ | ᠠᠵᠤ ᠠᠬᠤᠶᠢᠯᠠᠯ ᠢ ᠪᠦᠷᠢᠳᠬᠡᠨ ᠳᠠᠩᠰᠠᠯᠠᠭᠤᠯᠬᠤ ᠂ ᠨᠡᠶᠢᠳᠡ 11 ᠵᠦᠢᠯ ᠪᠠᠶᠢᠵᠤ ᠂ ᠬᠤᠳᠠᠯᠳᠤᠨ ᠠᠪᠬᠤ ᠠᠵᠤ | ᠠᠬᠤᠶᠢᠯᠠᠯ ᠤᠨ ᠳᠠᠩᠰᠠᠯᠠᠭᠤᠯᠬᠤ ᠠᠷᠭ᠎ᠠ ᠮᠠᠶ᠋ᠢᠭ ᠂ ᠳᠠᠩᠰᠠᠯᠠᠭᠤᠯᠬᠤ ᠮᠠᠲ᠋ᠧᠷᠢᠶᠠᠯ ᠂ ᠳᠠᠩᠰᠠᠯᠠᠭᠤᠯᠬᠤ ᠶᠠᠪᠤᠴᠠ ᠵᠢᠴᠢ | ᠳᠠᠩᠰᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ ᠃ ᠭᠤᠷᠪᠠᠳᠤᠭᠠᠷ ᠪᠦᠯᠦᠭ ᠨᠢ ᠠᠮᠤ | ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠵᠢᠷᠤᠮᠵᠢᠯ ᠂ ᠨᠡᠶᠢᠳᠡ 9 ᠵᠦᠢᠯ ᠪᠠᠶᠢᠵᠤ ᠂ ᠬᠤᠳᠠᠯᠳᠤᠨ | ᠠᠪᠤᠭᠴᠢ ᠶᠢᠨ ᠪᠦᠷᠢᠯᠳᠦᠭᠦᠯᠪᠡᠰᠦ ᠵᠣᠬᠢᠬᠤ ᠨᠥᠬᠦᠴᠡᠯ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢᠨ ᠵᠢᠷᠤᠮᠵᠢᠯ ᠳᠤ | ᠲᠣᠳᠣᠷᠬᠠᠢ ᠱᠠᠭᠠᠷᠳᠠᠯᠭ᠎ᠠ ᠳᠤᠷᠠᠳᠪᠠ ᠃ ᠳᠥᠷᠪᠡᠳᠦᠭᠡᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠶᠠᠰᠤ | ᠴᠢᠨᠠᠷ ᠤᠨ ᠬᠠᠮᠢᠶᠠᠷᠤᠯᠲᠠ ᠂ ᠨᠡᠶᠢᠳᠠ 5 ᠵᠦᠢᠯ ᠪᠠᠶᠢᠵᠤ ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠂ | ᠰᠢᠯᠭᠠᠨ ᠪᠠᠶᠢᠴᠠᠭᠠᠯᠲᠠ ᠂ ᠬᠠᠮᠢᠶᠠᠷᠤᠯᠲᠠ ᠶᠢᠨ ᠲᠤᠶᠢᠷᠢᠮ ᠵᠡᠷᠭᠡ ᠶᠢ ᠲᠣᠳᠣᠷᠬᠠᠶᠢᠯᠠᠪᠠ ᠃ ᠲᠠᠪᠤᠳᠤᠭᠠᠷ ᠪᠦᠯᠦᠭ ᠨᠢ | ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠪᠠᠲᠤᠯᠠᠭ᠎ᠠ ᠂ ᠨᠡᠶᠢᠳᠡ 6 ᠵᠦᠢᠯ ᠪᠠᠶᠢᠵᠤ᠂ᠠᠮᠤ ᠪᠤᠳᠠᠭ᠎ᠠ | ᠪᠣᠯᠣᠨ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠵᠣᠬᠢᠴᠠᠭᠤᠯᠵᠤ ᠪᠠᠶᠢᠭᠠᠳ ᠲᠣᠬᠢᠷᠠᠭᠤᠯᠤᠨ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠶᠢ ᠴᠢᠩᠭᠠᠳᠬᠠᠵᠤ ᠂ | ᠠᠮᠤ ᠪᠤᠳᠠᠭ᠎ᠠ ᠬᠤᠷᠢᠶᠠᠬᠤ ᠬᠥᠮᠥᠨ ᠲᠠᠢ ᠂ ᠠᠮᠤ ᠪᠤᠳᠠᠭ᠎ᠠ ᠬᠤᠷᠢᠶᠠᠬᠤ ᠮᠦᠩᠬᠦ ᠲᠠᠢ ᠂ ᠠᠮᠤ ᠪᠤᠳᠠᠭ᠎ᠠ | ᠲᠡᠭᠡᠭᠡᠪᠦᠷᠢᠯᠡᠬᠦ ᠮᠠᠰᠢᠨ ᠲᠠᠢ ᠪᠠᠶᠢᠬᠤ ᠶᠢ ᠦᠨᠡᠨ ᠬᠦ ᠪᠠᠲᠤᠯᠠᠵᠤ ᠂ ᠱᠠᠲᠤᠴᠢ ᠴᠢᠨᠠᠷᠲᠠᠢ ︽ᠠᠮᠤ ᠪᠤᠳᠠᠭ᠎ᠠ | ᠬᠤᠳᠠᠯᠳᠤᠬᠤ ᠳᠤ ᠬᠦᠴᠢᠷᠳᠡᠬᠦ ︾ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ ᠃ | ᠵᠢᠷᠭᠤᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠶᠢ ᠬᠢᠨᠠᠯᠲᠠ ᠲᠠᠯᠪᠢᠵᠤ ᠪᠠᠶᠢᠴᠠᠭᠠᠬᠤ ᠂ ᠨᠡᠶᠢᠳᠡ 5 | ᠵᠦᠢᠯ ᠪᠠᠶᠢᠵᠤ ᠂ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ | ᠶᠣᠰᠣᠭᠠᠷ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ ᠂ ᠠᠮᠤ ᠪᠤᠳᠠᠭᠠᠨ ᠤ | ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠶᠢ ᠲᠣᠳᠣᠷᠬᠠᠶᠢᠯᠠᠪᠠ ᠃ ᠳᠣᠯᠣᠳᠤᠭᠠᠷ ᠪᠦᠯᠦᠭ ᠨᠢ | ᠳᠠᠭᠠᠯᠳᠤᠭᠤᠯᠤᠭᠰᠠᠨ ᠳᠦᠷᠢᠮ ᠂ ᠨᠡᠶᠢᠲᠡ 3 ᠵᠦᠢᠯ ᠪᠠᠶᠢᠵᠤ ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠨᠥᠬᠦᠪᠦᠷᠢᠯᠡᠨ ᠳᠤᠷᠠᠳᠪᠠ ᠃ | ᠳᠥᠷᠪᠡ ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠬᠡᠵᠢᠶ᠎ᠠ ᠳᠠᠩᠰᠠᠯᠠᠭᠤᠯᠬᠤ ᠪᠤᠢ ︖ | ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠠᠴᠠ | ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ ᠳᠠᠩᠰᠠᠯᠠᠭᠤᠯᠤᠯᠲᠠ ᠬᠢᠬᠦ ᠬᠡᠷᠡᠭᠲᠡᠢ ᠃ ᠠᠮᠤ ᠪᠤᠳᠠᠭ᠎ᠠ ᠬᠤᠳᠠᠯᠳᠤᠨ | ᠠᠪᠬᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠠᠯᠢ ᠨᠢᠭᠡ ᠵᠦᠢᠯ ᠳᠤ ᠬᠤᠪᠢᠷᠠᠯᠲᠠ | ᠭᠠᠷᠪᠠᠯ ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠠᠴᠠ ᠡᠮᠦᠨ᠎ᠡ ᠬᠤᠪᠢᠷᠠᠯᠲᠠ ᠪᠠᠨ | ᠳᠠᠩᠰᠠᠯᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ ᠃ | ᠲᠠᠪᠤ ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠶᠠᠮᠠᠷ ᠠᠷᠭ᠎ᠠ ᠮᠠᠶ᠋ᠢᠭ ᠢᠶᠠᠷ | ᠳᠠᠩᠰᠠᠯᠠᠭᠤᠯᠬᠤ ᠪᠤᠢ ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠮᠤ | ᠪᠤᠳᠠᠭ᠎ᠠ ᠬᠤᠳᠠᠯᠳᠤᠨ ᠠᠪᠬᠤ ᠶᠢ ᠡᠷᠭᠢᠯᠡᠵᠦ ᠪᠠᠶᠢᠭ᠎ᠠ ᠠᠵᠤ ᠠᠬᠤᠶᠢᠯᠠᠯ ᠨᠢ ᠲᠤᠬᠠᠢ ᠶᠢᠨ ᠲᠠᠯᠠᠪᠤᠷ ᠪᠠ ᠰᠦᠯᠵᠢᠶᠡᠨ | ᠳᠡᠭᠡᠷ᠎ᠡ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠳᠠᠩᠰᠠᠯᠠᠭᠤᠯᠵᠤ ᠪᠣᠯᠣᠨ᠎ᠠ ᠃ ᠪᠠᠰᠠ ᠵᠠᠬᠢᠳᠠᠯ ᠂ ᠹᠠᠺᠰ ᠂ | ᠢᠮᠧᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠮᠤ ᠪᠤᠳᠠᠭ᠎ᠠ ᠬᠤᠳᠠᠯᠳᠤᠨ ᠠᠪᠬᠤ ᠪᠠᠷ ᠳᠠᠩᠰᠠᠯᠠᠭᠤᠯᠬᠤ ᠪᠠ | ᠬᠤᠪᠢᠷᠠᠭᠤᠯᠬᠤ ᠠᠵᠢᠯ ᠢ ᠥᠷᠨᠢᠭᠦᠯᠵᠦ ᠪᠣᠯᠣᠨ᠎ᠠ ᠃ | | | | | |