ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠪᠢᠴᠢᠭ ᠮᠡᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇ 2022 ﹈ 72 ᠳ᠋ᠤᠭᠠᠷ ᠲᠣᠭᠠᠲᠤ | | | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ | ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ | ᠨᠢᠭᠡᠴᠢ ᠳᠤ ᠄ | ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾ ︵ᠲᠦᠷᠦ ᠠᠯᠪᠠᠨ ᠲᠠᠷᠬᠠᠭᠠᠭᠰᠠᠨ | ﹇ 2019 ﹈ 50 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ | ︵ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠷ ᠪᠠᠶᠢᠭᠤᠯᠬᠤ ᠂ | ᠥᠭᠡᠷᠡᠴᠢᠯᠡᠨ ᠪᠠᠶᠢᠭᠤᠯᠵᠤ ᠰᠠᠶᠢᠵᠢᠷᠠᠭᠤᠯᠬᠤ ᠪᠠ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠢ | ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ ᠪᠠᠭᠲᠠᠭᠠᠨ᠎ᠠ ︶ ᠶᠢ ᠲᠦᠷᠭᠡᠨ ᠠᠬᠢᠭᠤᠯᠵᠤ ᠂ ᠠᠮᠤ ᠪᠤᠳᠠᠭᠠᠨ ᠤ ᠶᠡᠷᠦᠩᠬᠡᠢ | ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠬᠦ ᠪᠠ ᠳᠡᠭᠡᠭᠰᠢᠯᠡᠭᠦᠯᠵᠦ ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠶ᠎ᠡ ᠃ | | ᠨᠢᠭᠡ ᠂ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ | ᠵᠠᠰᠠᠭ ᠤᠨ ᠰᠢᠯᠵᠢᠭᠦᠯᠦᠨ ᠲᠥᠯᠦᠬᠦ ᠬᠤᠶᠠᠷ ᠠᠷᠭ᠎ᠠ ᠵᠠᠮ ᠤᠨ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ | ᠡᠮᠬᠢᠯᠡᠨ ᠨᠡᠶᠢᠯᠡᠭᠦᠯᠬᠦ ᠬᠡᠷᠡᠭᠲᠡᠢ ᠃ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠡᠳ᠋ ᠤᠨ ᠵᠠᠰᠠᠭ ᠬᠠᠷᠢᠭᠤᠴᠠᠵᠤ ᠂ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ ︶ | ᠲᠠᠬᠢᠵᠤ ᠲᠦᠬᠦᠷᠵᠢᠭᠦᠯᠬᠦ ᠦᠭᠡᠢ ᠃ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠮᠦ ᠪᠦᠷᠢ ᠶᠢᠨ ᠲᠡᠭᠰᠢᠳᠬᠡᠭᠰᠡᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠨᠢ ᠤᠰᠤᠨ ᠲᠠᠷᠢᠶ᠎ᠠ ᠶᠢ 1700 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠬᠠᠭᠤᠷᠠᠢ | ᠲᠠᠷᠢᠶ᠎ᠠ ᠶᠢ 1200 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ 2023 ᠣᠨ ᠠᠴᠠ ᠡᠬᠢᠯᠡᠨ | ᠤᠯᠤᠰ ᠤᠨ ᠱᠠᠭᠠᠷᠳᠠᠯᠭ᠎ᠠ ᠶᠣᠰᠣᠭᠠᠷ ᠬᠥᠳᠡᠯᠦᠩᠭᠦᠢ ᠲᠣᠬᠢᠷᠠᠭᠤᠯᠤᠯᠲᠠ ᠬᠢᠵᠦ ᠂ ᠪᠠᠲᠤᠯᠠᠭ᠎ᠠ ᠶᠢᠨ ᠡᠷᠴᠢᠮ ᠢᠶᠠᠨ | ᠴᠢᠩᠭᠠᠳᠬᠠᠬᠤ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ︶ | ᠬᠤᠶᠠᠷ ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠢ ᠃ | ᠵᠠᠷᠴᠢᠮ ᠳᠡᠭᠡᠷ᠎ᠡ ᠪᠠᠨ ᠪᠠᠷᠢᠯᠭ᠎ᠠ ᠪᠠᠷᠢᠬᠤ ᠨᠢᠭᠡᠴᠢ ᠶᠢᠨ ᠳᠠᠭᠠᠭᠠᠴᠢᠯᠠᠯᠲᠠ ᠬᠦᠯᠢᠶᠡᠬᠦ ᠳᠠᠭᠠᠭᠠᠴᠢᠯᠠᠯᠲᠠ ᠶᠢᠨ | ᠬᠡᠰᠡᠭ ᠤᠨ ᠲᠠᠯᠠᠪᠠᠢ ᠶᠢ 5000 ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠬᠠᠮᠲᠤᠷᠠᠭᠰᠠᠨ ᠴᠣᠭᠴᠠ | ᠳᠠᠭᠠᠭᠠᠴᠢᠯᠠᠯᠲᠠ ᠬᠦᠯᠢᠶᠡᠬᠦ ᠶᠢ ᠵᠥᠪᠰᠢᠶᠡᠷᠡᠬᠦ ᠦᠭᠡᠢ ᠃ ᠪᠦᠬᠦ ᠶᠠᠪᠤᠴᠠ ᠳᠤ ᠡᠯᠧᠺᠲᠷᠣᠨ ᠢᠶᠠᠷ ᠳᠠᠭᠠᠭᠠᠴᠢᠯᠠᠯᠲᠠ | ᠵᠠᠷᠯᠠᠵᠤ ᠂ ᠳᠠᠭᠠᠭᠠᠴᠢᠯᠠᠯᠲᠠ ᠬᠦᠯᠢᠶᠡᠬᠦ ᠪᠠ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ | ᠬᠡᠷᠡᠭᠵᠢᠭᠦᠯᠬᠦ ᠬᠡᠷᠡᠭᠲᠡᠢ ᠃ ᠪᠠᠷᠢᠯᠭ᠎ᠠ ᠪᠠᠷᠢᠬᠤ ᠭᠡᠷ᠎ᠡ ᠶᠢ ᠢᠯᠡ ᠪᠠᠷ ᠨᠡᠶᠢᠲᠡᠯᠡᠨ ᠂ ︽ᠦᠨᠡᠨ ᠬᠤᠳᠠᠯ ᠭᠡᠷ᠎ᠡ︾ ︽ | ᠬᠢᠮᠳᠠ ᠪᠠᠷ ᠣᠯᠵᠤ ᠥᠨᠳᠥᠷ ᠦᠨ᠎ᠡ ᠪᠠᠷ ᠳ᠋ᠦᠩᠨᠡᠨ ᠪᠣᠳᠤᠬᠤ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠨᠤᠭᠤᠳ ᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠲᠦᠷᠢᠶᠡᠰᠦᠯᠡᠭᠦᠯᠦᠨ ᠵᠢᠭᠡᠯᠡᠭᠦᠯᠬᠦ ᠂ | ᠲᠦᠰᠢᠭᠯᠡᠬᠦ ᠂ ᠰᠢᠯᠵᠢᠭᠦᠯᠦᠨ ᠳᠠᠭᠠᠭᠠᠴᠢᠯᠠᠭᠤᠯᠬᠤ ᠂ ᠠᠵᠢᠯ ᠤᠨ ᠪᠦᠲᠦᠮᠵᠢ ᠪᠠᠨ ᠬᠤᠳᠠᠯ ᠢᠶᠠᠷ ᠮᠡᠳᠡᠭᠦᠯᠬᠦ ᠵᠡᠷᠭᠡ | ᠬᠡᠯᠪᠡᠷᠢ ᠮᠠᠶ᠋ᠢᠭ ᠢᠶᠠᠷ ᠬᠤᠳᠠᠯ ᠬᠠᠭᠤᠷᠮᠠᠭ ᠵᠣᠬᠢᠶᠠᠭᠰᠠᠨ ᠢ ᠪᠠᠶᠢᠴᠠᠭᠠᠨ ᠢᠯᠡᠷᠡᠭᠦᠯᠦᠮᠡᠭᠴᠡ ᠳᠠᠭᠠᠭᠠᠴᠢᠯᠠᠯᠲᠠ | ᠬᠦᠯᠢᠶᠡᠬᠦ | ︵ᠳᠠᠭᠠᠭᠠᠴᠢᠯᠠᠯᠲᠠ ᠣᠯᠬᠤ︶ ᠬᠢᠷᠢ ᠬᠡᠮ ᠢ ᠨᠢ ᠬᠦᠴᠦᠨ ᠦᠭᠡᠢ ᠪᠣᠯᠭᠠᠵᠤ ᠂ 3 ᠵᠢᠯ ᠤᠨ ᠳᠣᠲᠣᠷ᠎ᠠ ᠥᠪᠡᠷᠲᠡᠭᠡᠨ | ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠤᠯᠴᠠᠬᠤ ᠶᠢ ᠨᠢ ᠴᠠᠭᠠᠵᠠᠯᠠᠨ᠎ᠠ ᠃ ︵ᠬᠠᠷᠢᠭᠤᠴᠠᠬᠤ ᠨᠢᠭᠡᠴᠢ ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ︶ | ᠭᠤᠷᠪᠠ ᠂ ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠬᠦ ᠬᠡᠷᠡᠭᠲᠡᠢ ᠃ ᠨᠥᠬᠦᠴᠡᠯ ᠳᠤ ᠨᠡᠶᠢᠴᠡᠭᠰᠡᠨ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠴᠥᠮ ᠠᠯᠬᠤᠮ ᠠᠯᠬᠤᠮ ᠢᠶᠠᠷ ᠲᠥᠷᠥᠯ ᠵᠦᠢᠯ ᠤᠨ ᠨᠥᠭᠡᠴᠡ | ᠬᠥᠮᠥᠷᠭᠡ ᠳᠤ ᠳᠠᠩᠰᠠᠯᠠᠨ ᠣᠷᠣᠭᠤᠯᠵᠤ ᠂ ᠲᠤᠬᠠᠢ ᠶᠢᠨ ᠵᠢᠯ ᠤᠨ ᠪᠦᠲᠦᠭᠡᠨ ᠪᠠᠶᠢᠭᠤᠯᠬᠤ ᠡᠭᠦᠷᠭᠡ ᠶᠢ ᠡᠮᠦᠨᠡᠬᠢ | ᠵᠢᠯ ᠤᠨ 9 ᠳ᠋ᠦ᠋ᠭᠡᠷ ᠰᠠᠷ᠎ᠠ ᠳᠤ ᠳᠠᠩᠰᠠᠯᠠᠨ ᠣᠷᠣᠭᠤᠯᠵᠤ ᠳᠠᠭᠤᠰᠬᠠᠬᠤ ᠬᠡᠷᠡᠭᠲᠡᠢ ᠂ 2022 ᠣᠨ ᠠᠴᠠ ᠬᠤᠶᠢᠰᠢ | ᠨᠥᠭᠡᠴᠡ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠤᠭᠠᠳᠤᠢ ᠲᠥᠷᠦᠯ ᠵᠦᠢᠯ ᠢ ᠣᠨ ᠤ ᠪᠦᠲᠦᠭᠡᠨ ᠪᠠᠶᠢᠭᠤᠯᠬᠤ | ᠡᠭᠦᠷᠭᠡ ᠳᠤ ᠵᠢᠭᠰᠠᠭᠠᠬᠤ ᠦᠭᠡᠢ ᠃ ᠬᠤᠰᠢᠭᠤ ᠰᠢᠶᠠᠨ ︵ᠬᠤᠲᠠ ᠂ ᠲᠣᠭᠤᠷᠢᠭ ︶ ᠤ ᠵᠢᠷᠤᠭᠯᠠᠨ ᠲᠥᠯᠥᠪᠯᠡᠵᠦ | ᠳᠠᠭᠠᠭᠠᠴᠢᠯᠠᠯᠲᠠ ᠵᠠᠷᠯᠠᠬᠤ ᠂ ᠠᠩᠬ᠎ᠠ ᠠᠯᠬᠤᠮ ᠵᠢᠷᠤᠭᠯᠠᠨ ᠲᠥᠯᠥᠪᠯᠡᠬᠦ ᠂ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ | ᠵᠡᠷᠭᠡ ᠡᠮᠦᠨᠡᠬᠢ ᠬᠤᠭᠤᠴᠠᠭᠠᠨ ᠤ ᠠᠵᠢᠯ ᠤᠳ ᠢᠶᠠᠨ ᠤᠷᠢᠳᠴᠢᠯᠠᠨ ᠥᠷᠨᠢᠭᠦᠯᠬᠦ ᠶᠢ ᠠᠬᠢᠭᠤᠯᠵᠤ ᠂ ᠲᠤᠬᠠᠢ ᠶᠢᠨ | ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠢᠶᠠᠨ ᠪᠦᠷᠢᠳᠦᠭᠦᠯᠬᠦ ᠶᠢ | ᠪᠠᠲᠤᠯᠠᠵᠤ ᠂ ︽ᠵᠣᠭᠤᠰ ᠨᠢ ᠲᠥᠷᠥᠯ ᠵᠦᠢᠯ ᠢᠶᠠᠨ ᠬᠦᠯᠢᠶᠡᠬᠦ ︾ ᠠᠴᠠ ᠵᠠᠶᠢᠯᠠᠰᠬᠢᠬᠤ ᠬᠡᠷᠡᠭᠲᠡᠢ ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠳᠤᠮᠳᠠ ᠣᠶᠢᠲᠤ ᠭᠠᠵᠠᠷ ᠡᠪᠡᠰᠦ ᠪᠡᠯᠴᠢᠭᠡᠷ ᠢ ᠡᠵᠡᠯᠡᠨ | ᠬᠡᠷᠡᠭᠯᠡᠬᠦ ᠶᠢ ᠬᠢᠨᠠᠨ ᠵᠥᠪᠰᠢᠶᠡᠷᠡᠬᠦ ᠂ ᠬᠠᠶᠢᠷ ᠴᠢᠯᠠᠭᠤᠨ ᠮᠠᠲ᠋ᠧᠷᠢᠶᠠᠯ ᠢ ᠠᠪᠴᠤ ᠬᠡᠷᠡᠭᠯᠡᠬᠦ ᠵᠥᠪᠰᠢᠶᠡᠷᠡᠯ ᠂ ᠤᠰᠤ | ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠵᠡᠷᠭᠡ ᠳᠤ ᠰᠠᠭᠠᠳ ᠦᠭᠡᠢ ᠨᠡᠪᠲᠡᠷᠡᠬᠦ ᠵᠠᠮ ᠤᠨ ᠬᠠᠮᠢᠶᠠᠷᠤᠯᠲᠠ | ᠬᠡᠷᠡᠭᠵᠢᠭᠦᠯᠬᠦ ᠬᠡᠷᠡᠭᠲᠡᠢ ᠃ ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ | ᠤᠰᠤᠨ ᠠᠰᠢᠭᠯᠠᠯᠲᠠ ᠶᠢᠨ ᠲᠢᠩᠬᠢᠮ ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︶ | ᠳᠥᠷᠪᠡ ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦᠨ ᠳᠤ ᠲᠤᠰᠬᠠᠢ ᠲᠠᠩᠰᠠ ᠡᠷᠦᠬᠡ ᠶᠢᠨ | ᠬᠠᠮᠢᠶᠠᠷᠤᠯᠲᠠ ᠬᠡᠷᠡᠭᠵᠢᠭᠦᠯᠵᠦ ᠂ ᠪᠠᠷᠢᠯᠭ᠎ᠠ ᠶᠢᠨ ᠠᠬᠢᠴᠠ ᠪᠠᠷ ᠪᠡᠯᠡ ᠮᠥᠩᠭᠦᠨ ᠲᠣᠭᠠᠴᠠᠭ᠎ᠠ ᠬᠢᠵᠦ ᠂ ᠪᠠᠷᠢᠯᠭ᠎ᠠ ᠶᠢᠨ | ᠠᠬᠢᠴᠠ ᠪᠠᠷ ᠲᠣᠭᠠᠴᠠᠭ᠎ᠠ ᠬᠢᠬᠦ ᠵᠣᠭᠤᠰᠤᠨ ᠤ ᠬᠠᠷᠢᠴᠠᠯ ᠢ ᠨᠢᠭᠡᠨᠲᠡ ᠳᠠᠭᠤᠰᠤᠭᠰᠠᠨ ᠪᠠᠷᠢᠯᠭ᠎ᠠ ᠶᠢᠨ ᠦᠨ᠎ᠡ | ᠮᠥᠩᠭᠦᠨ ᠤ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠪᠤᠰᠤᠳ ᠲᠣᠭᠠᠴᠠᠬᠤ ᠶᠣᠰᠣᠲᠠᠢ ᠪᠠᠷᠢᠯᠭ᠎ᠠ ᠶᠢᠨ | ᠵᠣᠭᠤᠰ ᠢ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭᠠᠬᠢ 30 | ᠡᠳᠦᠷ ᠤᠨ ᠳᠣᠲᠣᠷ᠎ᠠ ᠲᠣᠭᠠᠴᠠᠭ᠎ᠠ ᠬᠢᠬᠦ ᠬᠡᠷᠡᠭᠲᠡᠢ ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠵᠤ | ᠬᠠᠰᠤᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠴᠥᠮ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ ᠃ ᠪᠠᠷᠢᠯᠭ᠎ᠠ ᠶᠢᠨ | ᠠᠬᠢᠴᠠ ᠨᠢ ᠤᠳᠠᠭᠠᠨ ᠂ ᠡᠭᠦᠷᠭᠡ ᠪᠠᠨ ᠦᠯᠦ ᠪᠡᠶᠡᠯᠡᠭᠦᠯᠦᠭᠰᠡᠨ ᠂ ᠲᠤᠰᠬᠠᠢ ᠵᠦᠢᠯ ᠤᠨ ᠪᠡᠯᠡ ᠮᠥᠩᠭᠦ ᠶᠢ ᠰᠢᠬᠠᠨ | ᠡᠵᠡᠯᠡᠵᠦ ᠰᠢᠯᠵᠢᠭᠦᠯᠦᠨ ᠬᠡᠷᠡᠭᠯᠡᠭᠰᠡᠨ ᠂ ᠪᠠᠷᠢᠯᠭ᠎ᠠ ᠶᠢᠨ ᠵᠣᠭᠤᠰ ᠢ ᠬᠤᠭᠤᠴᠠᠭ᠎ᠠ ᠬᠡᠲᠦᠷᠡᠭᠡᠳ ᠲᠣᠭᠠᠴᠠᠭ᠎ᠠ ᠬᠢᠭᠡᠳᠦᠢ | ᠬᠤᠰᠢᠭᠤ ᠰᠢᠶᠠᠨ ︵ᠬᠤᠲᠠ ᠂ ᠲᠣᠭᠤᠷᠢᠭ ︶ ᠤ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ | ᠮᠥᠩᠭᠦ ᠶᠢ ᠨᠢ ᠪᠤᠴᠠᠭᠠᠨ ᠠᠪᠴᠤ ᠂ ᠳᠠᠷᠠᠭ᠎ᠠ ᠵᠢᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢ ᠲᠣᠬᠢᠷᠠᠭᠤᠯᠤᠨ | ᠪᠠᠭᠠᠰᠬᠠᠬᠤ ᠪᠥᠭᠡᠳ ᠪᠠᠶᠢᠳᠠᠯ ᠢ ᠦᠨᠳᠦᠰᠦᠯᠡᠨ ᠬᠤᠯᠪᠣᠭᠳᠠᠯ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶ | ᠲᠠᠪᠤ ᠂ ᠭᠠᠵᠠᠷ ᠰᠢᠷᠣᠢ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠬᠤ ᠬᠡᠷᠡᠭᠲᠡᠢ ᠃ ︽ᠭᠤᠷᠪᠠ ᠶᠢ | ᠡᠪᠳᠡᠨ ᠂ ᠲᠠᠪᠤ ᠶᠢ ᠨᠢᠭᠡᠳᠬᠡᠵᠦ ᠂ ᠨᠢᠭᠡ ᠶᠢ ᠲᠠᠬᠢᠨ ᠬᠤᠪᠢᠶᠠᠷᠢᠯᠠᠬᠤ ︾ ᠴᠡᠭᠴᠡᠯᠡᠨ ᠵᠠᠰᠠᠬᠤ ᠵᠠᠭᠪᠤᠷ ᠢ | ᠶᠠᠪᠤᠭᠳᠠᠭᠤᠯᠵᠤ ᠂ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠡᠪᠳᠡᠨ ᠂ ᠡᠮᠬᠢ ᠵᠠᠮᠪᠠᠷᠠᠭ᠎ᠠ | ᠦᠭᠡᠢ ᠲᠠᠷᠢᠶᠠᠨ ᠭᠠᠵᠠᠷ ᠤᠨ ᠵᠠᠭᠠᠭ ᠬᠢᠵᠠᠭᠠᠷ ᠢ ᠡᠪᠳᠡᠵᠦ ᠡᠮᠬᠢ ᠳᠢᠭᠯᠢᠮ ᠦᠭᠡᠢ ᠭᠤᠤ ᠰᠤᠪᠠᠭ ᠤᠨ ᠵᠠᠮ | ᠱᠤᠭᠤᠮ ᠤᠨ ᠪᠠᠶᠢᠷᠢᠰᠢᠭᠤᠯᠤᠯᠲᠠ ᠶᠢ ᠡᠪᠳᠡᠬᠦ ᠬᠡᠷᠡᠭᠲᠡᠢ ︔ ᠰᠢᠨ᠎ᠡ ᠲᠥᠯᠦᠪᠵᠢᠭᠦᠯᠭᠡ ᠶᠢᠨ ᠶᠣᠰᠣᠭᠠᠷ ᠂ ᠭᠤᠤ | ᠰᠤᠪᠠᠭ ᠢ ᠨᠢᠭᠡᠳᠦᠯᠲᠡᠢ ᠮᠠᠯᠲᠠᠵᠤ ᠂ ᠵᠠᠮ ᠢ ᠨᠢᠭᠡᠳᠦᠯᠲᠡᠢ ᠵᠠᠰᠠᠵᠤ ᠂ ᠮᠣᠳᠣ ᠲᠠᠷᠢᠵᠤ ᠣᠶᠢᠵᠢᠭᠤᠯᠬᠤ ᠶᠢ ᠨᠢᠭᠡᠳᠦᠯᠲᠡᠢ | ᠬᠢᠵᠦ ᠂ ᠭᠠᠵᠠᠷ ᠬᠥᠷᠥᠰᠥ ᠶᠢ ᠨᠢᠭᠡᠳᠦᠯᠲᠡᠢ ᠲᠡᠭᠰᠢᠯᠡᠵᠦ ᠂ ᠭᠠᠵᠠᠷ ᠬᠡᠰᠡᠭ ᠢ ᠨᠢᠭᠡᠳᠦᠯᠲᠡᠢ ᠬᠤᠪᠢᠶᠠᠷᠢᠯᠠᠬᠤ ᠬᠡᠷᠡᠭᠲᠡᠢ ︔ | ᠴᠡᠭᠴᠡᠯᠡᠨ ᠵᠠᠰᠠᠵᠤ ᠳᠠᠭᠤᠰᠤᠭᠰᠠᠨ ᠤ ᠳᠠᠷᠠᠭ᠎ᠠ ᠲᠠᠬᠢᠨ ᠬᠤᠪᠢᠶᠠᠷᠢᠯᠠᠨ ᠡᠵᠡᠩᠨᠡᠭᠦᠯᠵᠦ ᠂ ᠲᠠᠷᠢᠶᠠᠯᠠᠬᠤ ᠭᠠᠵᠠᠷ ᠤᠨ | ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠪᠴᠢᠶ᠎ᠡ ᠪᠠᠷ ᠨᠡᠮᠡᠭᠳᠡᠭᠦᠯᠬᠦ ᠬᠡᠷᠡᠭᠲᠡᠢ ᠃ ︵ᠬᠠᠷᠢᠭᠤᠴᠠᠬᠤ ᠨᠢᠭᠡᠴᠢ ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ︶ | ᠵᠢᠷᠭᠤᠭ᠎ᠠ ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ ᠃ ︽ᠬᠤᠶᠠᠷ ᠢ | ᠲᠠᠰᠢᠷᠠᠮ ᠢᠶᠠᠷ ᠰᠤᠭᠤᠴᠢᠨ ᠂ ᠨᠢᠭᠡ ᠶᠢ ᠢᠯᠡ ᠪᠣᠯᠭᠠᠬᠤ︾ ᠲᠥᠷᠥᠯ ᠵᠦᠢᠯ ᠤᠨ ᠰᠤᠭᠤᠴᠢᠨ ᠪᠠᠶᠢᠴᠠᠭᠠᠬᠤ | ᠲᠣᠭᠲᠠᠴᠠ ᠶᠢ ᠪᠠᠶᠢᠭᠤᠯᠤᠨ ᠂ ᠠᠰᠠᠭᠤᠳᠠᠯ ᠢᠯᠡᠷᠡᠭᠦᠯᠪᠡᠯ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ | ᠰᠢᠰᠲ᠋ᠧᠮ ᠳᠤ ᠲᠡᠮᠳᠡᠭᠯᠡᠨ ᠣᠷᠣᠭᠤᠯᠵᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ | ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠳ ᠤᠨ ᠢᠲᠡᠭᠡᠮᠵᠢ ᠶᠢᠨ ᠦᠨᠡᠯᠡᠯᠲᠡ ᠶᠢ | ᠥᠷᠨᠢᠭᠦᠯᠵᠦ ᠂ ᠢᠲᠡᠭᠡᠯ ᠠᠯᠳᠠᠭᠰᠠᠳ ᠪᠠ ᠢᠲᠡᠭᠡᠮᠵᠢᠲᠡᠢ ᠳᠠᠩᠰᠠ ᠶᠢ ᠪᠠᠶᠢᠭᠤᠯᠤᠨ ᠂ ᠢᠲᠡᠭᠡᠯ ᠠᠯᠳᠠᠭᠰᠠᠳ ᠢ | ᠲᠣᠷᠭᠤᠨ ᠰᠢᠢᠳᠬᠡᠬᠦ ᠪᠠᠨ ᠴᠢᠩᠭᠠᠳᠬᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠬᠤᠶᠠᠷ | ᠱᠠᠲᠤᠨ ᠤ ᠲᠠᠷᠢᠶᠠᠯᠠᠩ ᠤᠨ ᠪᠡᠯᠡ ᠣᠷᠣᠭᠤᠯᠤᠯᠲᠠ ᠂ ᠨᠡᠭᠡᠭᠡᠨ ᠬᠥᠭᠵᠢᠭᠦᠯᠦᠯᠲᠡ ᠂ ᠪᠦᠲᠦᠭᠡᠨ ᠪᠠᠶᠢᠭᠤᠯᠤᠯᠲᠠ ᠶᠢᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠪᠡᠭᠴᠢᠯᠡᠨ ᠪᠠᠶᠢᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠪᠠᠶᠢᠭᠤᠯᠤᠨ ᠬᠦᠴᠦᠷᠬᠡᠭᠵᠢᠭᠦᠯᠵᠦ ᠂ ᠮᠡᠷᠭᠡᠵᠢᠯ ᠤᠨ ᠲᠤᠯᠭᠠᠭᠤᠷᠢᠯᠠᠬᠤ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠢ ᠃ | ᠥᠪᠡᠷᠲᠡᠭᠡᠨ ᠵᠠᠰᠠᠬᠤ ᠣᠷᠣᠨ ᠠᠴᠠ ᠬᠢᠨᠠᠯᠲᠠ ᠲᠠᠯᠪᠢᠬᠤ ᠬᠠᠯᠠᠮᠰᠢᠯ ᠤᠲᠠᠰᠤ ᠲᠣᠬᠢᠷᠠᠭᠤᠯᠤᠨ ᠂ ᠬᠤᠰᠢᠭᠤ ᠰᠢᠶᠠᠨ | ︵ᠬᠤᠲᠠ ᠂ ᠲᠣᠭᠤᠷᠢᠭ︶ ᠠᠴᠠ ᠬᠢᠨᠠᠯᠲᠠ ᠲᠠᠯᠪᠢᠭᠴᠢ ᠲᠠᠷᠢᠶᠠᠴᠢᠨ ᠮᠠᠯᠴᠢᠨ ᠤ ᠨᠡᠶᠢᠲᠡ ᠶᠢᠨ ᠠᠰᠢᠭᠲᠤ ᠠᠵᠢᠯ ᠤᠨ | ᠪᠠᠶᠢᠷᠢ ᠲᠣᠬᠢᠷᠠᠭᠤᠯᠵᠤ ᠂ ᠵᠠᠭᠤᠴᠢᠯᠠᠭᠤᠷ ᠤᠨ ᠬᠢᠨᠠᠯᠲᠠ ᠲᠠᠯᠪᠢᠬᠤ ᠶᠢ ᠴᠢᠩᠭᠠᠷᠠᠭᠤᠯᠵᠤ ᠂ ᠠᠰᠠᠭᠤᠳᠠᠯ ᠢ ᠳᠠᠷᠤᠶᠢᠬᠠᠨ | ᠢᠯᠡᠷᠡᠭᠦᠯᠵᠦ ᠂ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠃ ︵ᠬᠠᠷᠢᠭᠤᠴᠠᠬᠤ | ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ | ᠭᠡᠷ ︶ | ᠳᠣᠯᠤᠭ᠎ᠠ ᠂ ᠰᠢᠯᠭᠠᠨ ᠬᠤᠷᠢᠶᠠᠵᠤ ᠬᠥᠮᠥᠷᠭᠡᠯᠡᠬᠦ ᠶᠢ ᠵᠢᠷᠤᠮᠵᠢᠭᠤᠯᠬᠤ ᠬᠡᠷᠡᠭᠲᠡᠢ ᠃ ᠠᠶᠢᠮᠠᠭ ᠬᠤᠲᠠ ᠶᠢᠨ | ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠭᠰᠠᠨ ᠲᠥᠷᠥᠯ ᠵᠦᠢᠯ ᠤᠨ ᠬᠠᠷᠢᠴᠠᠯ ᠢ 100% ᠬᠦᠷᠦᠭᠦᠯᠵᠦ ᠂ | ᠥᠪᠡᠷᠲᠡᠭᠡᠨ ᠵᠠᠰᠠᠬᠤ ᠣᠷᠣᠨ ᠠᠴᠠ ᠰᠤᠭᠤᠴᠢᠨ ᠪᠠᠶᠢᠴᠠᠭᠠᠭᠰᠠᠨ ᠬᠠᠷᠢᠴᠠᠯ ᠢ 10% ᠠᠴᠠ ᠳᠣᠣᠷ᠎ᠠ ᠪᠠᠶᠢᠯᠭᠠᠵᠤ | ᠪᠣᠯᠬᠤ ᠦᠭᠡᠢ ᠃ ᠪᠦᠲᠦᠭᠡᠨ ᠪᠠᠶᠢᠭᠤᠯᠤᠭᠰᠠᠨ ᠶᠠᠰᠤ ᠴᠢᠨᠠᠷ ᠨᠢ ᠪᠠᠷᠢᠮᠵᠢᠶᠠᠨ ᠳᠤ ᠡᠰᠡ ᠬᠦᠷᠦᠭᠰᠡᠨ ᠪᠣᠯ ᠂ | ᠬᠤᠰᠢᠭᠤ ᠰᠢᠶᠠᠨ | ︵ᠬᠤᠲᠠ ᠂ ᠲᠣᠭᠤᠷᠢᠭ ︶ ᠠᠴᠠ ᠥᠪᠡᠰᠦᠪᠡᠨ ᠪᠡᠯᠡ ᠭᠠᠷᠭᠠᠨ ᠲᠤᠰ ᠪᠦᠲᠦᠭᠡᠨ ᠪᠠᠶᠢᠭᠤᠯᠬᠤ ᠬᠤᠭᠤᠴᠠᠭᠠᠨ ᠳᠤ | ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠷᠢᠭᠤᠯᠬᠤ ᠪᠠᠨ ᠪᠡᠶᠡᠯᠡᠭᠦᠯᠵᠦ ᠂ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠨᠢ ᠪᠤᠴᠠᠭᠠᠨ ᠠᠪᠬᠤ | ᠬᠡᠷᠡᠭᠲᠡᠢ ᠃ ᠲᠥᠷᠥᠯ ᠵᠦᠢᠯ ᠲᠣᠭᠲᠠᠭᠠᠬᠤ ᠂ ᠪᠠᠷᠢᠯᠭ᠎ᠠ ᠪᠠᠷᠢᠵᠤ ᠳᠠᠭᠤᠰᠬᠠᠬᠤ ᠂ ᠪᠠᠷᠢᠯᠭ᠎ᠠ ᠶᠢᠨ ᠠᠵᠢᠯ ᠳᠠᠭᠤᠰᠴᠤ | ᠰᠢᠯᠭᠠᠨ ᠬᠤᠷᠢᠶᠠᠬᠤ ᠭᠤᠷᠪᠠᠨ ᠱᠠᠲᠤ ᠦᠶ᠎ᠡ ᠳᠤ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠴᠠ ᠪᠥᠬᠦ ᠤᠯᠤᠰ ᠤᠨ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠢᠨᠠᠨ ᠰᠢᠯᠭᠠᠵᠤ ᠬᠢᠨᠠᠨ ᠬᠠᠮᠢᠶᠠᠷᠬᠤ | ᠲᠠᠪᠴᠠᠩ ᠢᠶᠠᠷ ᠳᠠᠮᠵᠢᠭᠤᠯᠤᠨ ᠴᠠᠭ ᠲᠤᠬᠠᠢ ᠳᠤ ᠨᠢ ᠮᠡᠳᠡᠭᠡ ᠵᠠᠩᠭᠢ ᠶᠢ ᠨᠢ ᠲᠡᠮᠳᠡᠭᠯᠡᠨ ᠣᠷᠣᠭᠤᠯᠬᠤ ᠶᠢᠨ ᠬᠠᠮᠲᠤ | ᠵᠢᠷᠤᠭ ᠢ ᠨᠢ ᠬᠥᠮᠥᠷᠭᠡ ᠳᠤ ᠣᠷᠣᠭᠤᠯᠬᠤ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ︶ | ᠨᠠᠢᠮᠠ ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ ᠃ | ᠪᠠᠷᠢᠯᠭ᠎ᠠ ᠶᠢ ᠬᠠᠮᠢᠶᠠᠷᠤᠨ ᠬᠠᠮᠠᠭᠠᠯᠠᠬᠤ ᠣᠯᠠᠨ ᠡᠰᠢᠲᠦ ᠲᠣᠭᠲᠠᠴᠠ ᠶᠢ ᠪᠦᠷᠢᠨᠰᠢᠭᠦᠯᠵᠦ ᠂ ᠬᠤᠰᠢᠭᠤ ᠰᠢᠶᠠᠨ ︵ | ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ ᠂ ᠭᠠᠴᠠᠭ᠎ᠠ | ᠲᠤᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠪᠠᠶᠢᠵᠤ ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠬᠢᠨᠠᠯᠲᠠ | ᠲᠠᠯᠪᠢᠬᠤ ᠶᠢ ᠬᠠᠷᠢᠭᠤᠴᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠨ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠤᠯᠤᠰ ᠤᠨ ᠥᠮᠴᠢᠯᠡᠯ ᠠᠴᠠ | ᠪᠤᠰᠤᠳ ᠢ ᠨᠢ ᠴᠥᠮ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠬᠠᠮᠢᠶᠠᠷᠤᠯᠲᠠ ᠳᠤ ᠬᠤᠷᠢᠶᠠᠨ | ᠣᠷᠣᠭᠤᠯᠵᠤ ᠂ ᠣᠯᠣᠭᠰᠠᠨ ᠠᠰᠢᠭ ᠣᠷᠣᠯᠭ᠎ᠠ ᠶᠢ ᠨᠢ ᠳᠠᠷᠠᠭᠠᠴᠢ ᠶᠢᠨ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠬᠦ | ᠬᠡᠷᠡᠭᠲᠡᠢ ︔ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠪᠠ ᠰᠢᠨ᠎ᠡ ᠪᠠᠷ ᠨᠡᠮᠡᠭᠳᠡᠭᠰᠡᠨ ᠠᠮᠤ ᠪᠤᠳᠠᠭᠠᠨ ᠤ | ᠤᠨᠠᠯᠲᠠ ᠶᠢᠨ ᠭᠦᠢᠴᠡᠳᠬᠡᠯ ᠲᠤᠭ᠎ᠠ ᠶᠢ ᠬᠠᠷᠭᠤᠭᠤᠯᠤᠨ ᠲᠣᠭᠲᠠᠭᠠᠬᠤ ᠠᠵᠢᠯ ᠢ ᠴᠠᠭ ᠲᠤᠬᠠᠢ ᠳᠤ ᠨᠢ ᠰᠠᠶᠢᠲᠤᠷ | ᠬᠢᠵᠦ ᠂ ᠨᠥᠬᠦᠪᠦᠷᠢᠯᠡᠬᠦ ᠲᠠᠷᠢᠶᠠᠨ ᠭᠠᠵᠠᠷ ᠤᠨ ᠭᠦᠢᠴᠡᠳᠬᠡᠯ ᠲᠣᠭᠠᠨ ᠤ ᠬᠥᠮᠥᠷᠭᠡ ᠳᠤ ᠬᠠᠮᠤᠷᠤᠨ ᠣᠷᠣᠭᠤᠯᠤᠭᠠᠳ | ᠬᠡᠷᠡᠭᠯᠡᠭᠰᠡᠨ ᠭᠠᠵᠠᠷ ᠢᠶᠠᠷ ᠨᠥᠬᠦᠪᠦᠷᠢᠯᠡᠨ ᠲᠡᠩᠴᠡᠭᠦᠷᠢᠰᠢᠭᠦᠯᠬᠦ ᠳᠤ ᠬᠡᠷᠡᠭᠯᠡᠵᠦ ᠂ ᠣᠯᠣᠭᠰᠠᠨ ᠠᠰᠢᠭ ᠣᠷᠣᠯᠭ᠎ᠠ ᠶᠢ | ᠨᠢ ᠶᠠᠭᠤᠨ ᠤ ᠤᠷᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠬᠢᠨ | ᠣᠷᠣᠭᠤᠯᠤᠯᠲᠠ ᠪᠠ ᠵᠢᠭᠡᠯᠡᠯᠭᠡ ᠶᠢᠨ ᠲᠡᠮᠳᠡᠭᠲᠦ ᠶᠢ ᠲᠥᠯᠥᠬᠦ ᠳᠤ ᠬᠡᠷᠡᠭᠯᠡᠬᠦ ᠬᠡᠷᠡᠭᠲᠡᠢ ᠃ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠶᠢ ᠰᠦᠪᠡᠭᠴᠢᠯᠡᠨ ᠬᠡᠷᠡᠭᠯᠡᠵᠦ ᠂ ᠭᠤᠷᠪᠠᠳᠠᠭᠴᠢ ᠡᠲᠡᠭᠡᠳ ᠤᠨ | ᠪᠠᠶᠢᠭᠤᠯᠤᠮᠵᠢ ᠪᠠᠷ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠬᠡᠷᠡᠭᠲᠡᠢ ᠃ ᠪᠠᠷᠢᠯᠭ᠎ᠠ ᠶᠢᠨ ᠶᠠᠰᠤ | ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠬᠡᠷᠡᠭᠲᠡᠢ ᠃ ︵ | ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ | ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶ | ᠶᠢᠰᠦ ᠂ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠃ ᠤᠷᠢᠳ ᠢᠶᠠᠷ ᠰᠢᠯᠵᠢᠭᠦᠯᠦᠨ | ᠡᠷᠭᠢᠯᠳᠦᠭᠦᠯᠵᠦ ᠳᠠᠷᠠᠭ᠎ᠠ ᠨᠢ ᠲᠥᠷᠥᠯ ᠵᠦᠢᠯ ᠲᠣᠭᠲᠠᠭᠠᠬᠤ ᠪᠠ ᠤᠷᠢᠳ ᠢᠶᠠᠷ ᠲᠡᠭᠰᠢᠯᠡᠨ ᠳᠠᠷᠠᠭ᠎ᠠ ᠨᠢ ᠪᠦᠲᠦᠭᠡᠨ | ᠪᠠᠶᠢᠭᠤᠯᠬᠤ ᠶᠢ ᠵᠣᠷᠢᠭᠵᠢᠭᠤᠯᠵᠤ ᠂ ᠪᠦᠬᠦ ᠲᠤᠰᠬᠤᠨ ᠪᠦᠬᠦ ᠳᠤᠭᠤᠶᠢᠯᠠᠩ ᠪᠦᠬᠦᠯᠢ ᠬᠡᠰᠡᠭ ᠤᠨ ᠲᠠᠷᠢᠶᠠᠯᠠᠬᠤ | ᠭᠠᠵᠠᠷ ᠢ ᠪᠦᠬᠦᠯᠢ ᠪᠠᠷ ᠨᠢ ᠰᠢᠯᠵᠢᠭᠦᠯᠦᠨ ᠡᠷᠭᠢᠯᠳᠦᠭᠦᠯᠬᠦ ᠶᠢ ᠠᠬᠢᠭᠤᠯᠬᠤ ᠬᠡᠷᠡᠭᠲᠡᠢ ᠃ ᠲᠠᠷᠢᠶᠠᠴᠢᠳ ᠮᠠᠯᠴᠢᠳ ᠤᠨ | ᠬᠤᠷᠰᠢᠨ ᠡᠵᠡᠩᠨᠡᠬᠦ ᠶᠢ ᠬᠥᠭᠵᠢᠭᠦᠯᠬᠦ ᠶᠢ ᠵᠣᠷᠢᠭᠵᠢᠭᠤᠯᠵᠤ ᠂ ᠪᠦᠬᠦᠯᠢ ᠪᠠᠶᠢᠭᠤᠯᠤᠮᠵᠢᠲᠤ ᠳᠦᠷᠢᠮ ᠤᠨ | ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠳᠡᠯᠭᠡᠷᠡᠭᠦᠯᠬᠦ ᠬᠡᠷᠡᠭᠲᠡᠢ ᠃ ᠤᠷᠢᠳ ᠢᠶᠠᠷ ᠪᠠᠶᠢᠭᠤᠯᠤᠨ ᠳᠠᠷᠠᠭ᠎ᠠ ᠨᠢ | ᠨᠥᠬᠦᠵᠦ ᠪᠠᠶᠢᠭᠤᠯᠬᠤ ᠵᠠᠭᠪᠤᠷ ᠢ ᠵᠣᠷᠢᠭᠵᠢᠭᠤᠯᠬᠤ ᠬᠡᠷᠡᠭᠲᠡᠢ ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠵᠤ ᠂ | ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠨ ᠂ ᠪᠦᠬᠦ ᠬᠤᠰᠢᠭᠤ ᠰᠢᠶᠠᠨ ︵ᠬᠤᠲᠠ ᠂ ᠲᠣᠭᠤᠷᠢᠭ ︶ ᠢᠶᠠᠷ | ᠠᠬᠢᠭᠤᠯᠬᠤ ᠶᠢ ᠨᠢ ᠡᠩ ᠲᠡᠷᠢᠭᠦᠨ ᠳᠤ ᠳᠡᠮᠵᠢᠵᠦ ᠂ ᠪᠦᠬᠦ ᠬᠡᠪᠴᠢᠶᠡᠨ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠦᠲᠦᠭᠡᠨ ᠪᠠᠶᠢᠭᠤᠯᠵᠤ ᠂ ᠨᠢᠭᠡ ᠨᠢᠭᠡ ᠤᠴᠢᠷ ᠢᠶᠠᠷ ᠵᠥᠪᠯᠡᠬᠦ ᠠᠷᠭ᠎ᠠ ᠪᠠᠷ ᠬᠥᠬᠢᠭᠦᠯᠬᠦ ᠬᠡᠷᠡᠭᠲᠡᠢ ᠃ | ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ︶ | ᠠᠷᠪᠠ ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ ᠃ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠶᠡᠷᠦᠩᠬᠡᠢ ᠳᠤ ᠨᠢ ᠬᠠᠷᠢᠭᠤᠴᠠᠵᠤ ᠂ ᠬᠤᠪᠢᠳᠠᠨ ᠬᠠᠮᠢᠶᠠᠷᠬᠤ ᠤᠳᠤᠷᠢᠳᠤᠯᠭ᠎ᠠ | ᠰᠢᠭᠤᠳ ᠬᠠᠷᠢᠭᠤᠴᠠᠬᠤ ᠶᠢ ᠪᠠᠷᠢᠮᠲᠠᠯᠠᠬᠤ ᠬᠡᠷᠡᠭᠲᠡᠢ ︔ ᠬᠤᠰᠢᠭᠤ ᠰᠢᠶᠠᠨ ︵ᠬᠤᠲᠠ ᠂ ᠲᠣᠭᠤᠷᠢᠭ ︶ ᠤ | ᠠᠷᠠᠳ ᠤᠨ ᠵᠠᠰᠠᠭ ᠤᠨ ᠣᠷᠳᠣᠨ ᠨᠢ ᠲᠥᠷᠦᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ ︔ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ | ᠮᠥᠴᠢᠷ ᠨᠢ ᠠᠵᠢᠯ ᠲᠥᠷᠥᠯ ᠢ ᠬᠠᠮᠢᠶᠠᠷᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ︔ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠨᠢ ᠲᠥᠷᠦᠯ | ᠵᠦᠢᠯ ᠢ ᠬᠢᠨᠠᠨ ᠬᠠᠮᠢᠶᠠᠷᠬᠤ ᠰᠢᠭᠤᠳ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠃ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠢ ᠢᠳᠡᠪᠬᠢᠲᠡᠢ ᠵᠣᠬᠢᠶᠠᠨ ᠪᠠᠶᠢᠭᠤᠯᠵᠤ | ᠣᠷᠣᠯᠴᠠᠭᠤᠯᠬᠤ ᠂ ᠵᠥᠷᠢᠴᠡᠯ ᠮᠥᠷᠭᠦᠯᠳᠦᠭᠡᠨ ᠢ ᠵᠣᠬᠢᠴᠠᠭᠤᠯᠤᠨ ᠰᠢᠢᠳᠪᠦᠷᠢᠯᠡᠬᠦ ᠂ ᠪᠠᠶᠢᠴᠠᠭᠠᠵᠤ ᠰᠢᠯᠭᠠᠨ | ᠬᠤᠷᠢᠶᠠᠬᠤ ᠳᠤ ᠣᠷᠣᠯᠴᠠᠭᠤᠯᠬᠤ ᠬᠡᠷᠡᠭᠲᠡᠢ ᠃ ︵ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶ | ᠠᠷᠪᠠᠨ ᠨᠢᠭᠡ ᠂ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠦᠨᠡᠯᠡᠨ ᠬᠦᠬᠢᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ ᠂ ᠡᠮᠦᠨᠡᠬᠢ ᠬᠤᠭᠤᠴᠠᠭᠠᠨ ᠤ ᠠᠵᠢᠯ ᠂ ᠪᠦᠲᠦᠭᠡᠨ ᠪᠠᠶᠢᠭᠤᠯᠤᠭᠰᠠᠨ ᠲᠠᠯᠠᠪᠠᠢ ᠬᠢᠭᠡᠳ | ᠶᠠᠰᠤ ᠴᠢᠨᠠᠷ ᠂ ᠪᠡᠯᠡ ᠮᠥᠩᠭᠦᠨ ᠤ ᠣᠷᠣᠭᠤᠯᠤᠯᠲᠠ ᠪᠠ ᠵᠠᠷᠤᠯᠭ᠎ᠠ ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ | ᠬᠤᠷᠢᠶᠠᠬᠤ ᠪᠠ ᠵᠢᠷᠤᠭ ᠢ ᠬᠥᠮᠥᠷᠭᠡ ᠳᠤ ᠣᠷᠣᠭᠤᠯᠬᠤ ᠂ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠪᠠ | ᠳᠦᠷᠢᠮ ᠤᠨ ᠪᠦᠲᠦᠭᠡᠨ ᠪᠠᠶᠢᠭᠤᠯᠤᠯᠲᠠ ᠵᠡᠷᠭᠡ ᠶᠢ ᠶᠡᠷᠦᠩᠬᠡᠶᠢᠯᠡᠨ ᠦᠨᠡᠯᠡᠵᠦ ᠂ ᠬᠥᠬᠢᠭᠦᠯᠬᠦ ᠬᠡᠪᠴᠢᠶᠡᠨ ᠳᠤ | ᠣᠷᠣᠭᠰᠠᠨ ᠭᠠᠵᠠᠷ ᠣᠷᠣᠨ ᠪᠣᠯ ᠢᠷᠡᠬᠦ ᠵᠢᠯ ᠳᠤ ᠨᠢ ᠲᠥᠷᠥᠯ ᠵᠦᠢᠯ ᠤᠨ ᠪᠡᠯᠡ ᠮᠥᠩᠭᠦ ᠬᠤᠪᠢᠶᠠᠷᠢᠯᠠᠬᠤ ᠳᠤ ᠪᠠᠨ | ᠢᠯᠡᠭᠦᠦ ᠪᠣᠳᠣᠯᠬᠢᠯᠠᠬᠤ ᠬᠡᠷᠡᠭᠲᠡᠢ ᠃ ᠡᠭᠦᠨ ᠤ ᠬᠠᠮᠲᠤ ᠂ ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ 1000 | ᠲᠦᠮᠡᠨ ᠲᠥᠭᠦᠷᠢᠭ ᠲᠣᠬᠢᠷᠠᠭᠤᠯᠵᠤ ᠲᠤᠬᠠᠢ ᠶᠢᠨ ᠵᠢᠯ ᠤᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ᠬᠤᠲᠠ ᠂ ᠲᠣᠭᠤᠷᠢᠭ ︶ ᠢ ᠬᠥᠬᠢᠭᠦᠯᠦᠨ ᠂ 1000 ᠲᠦᠮᠡᠨ | ᠲᠥᠭᠦᠷᠢᠭ ᠲᠣᠬᠢᠷᠠᠭᠤᠯᠤᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠢ ᠬᠠᠮᠢᠶᠠᠷᠤᠨ ᠬᠠᠮᠠᠭᠠᠯᠠᠭᠰᠠᠨ ᠦᠷ᠎ᠡ | ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠬᠥᠬᠢᠭᠦᠯᠬᠦ ᠬᠡᠷᠡᠭᠲᠡᠢ ᠃ ︵ᠬᠠᠷᠢᠭᠤᠴᠠᠬᠤ | ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ︶ | 2022 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ | ︶ | ᠬᠠᠭᠤᠯᠤᠨ ᠢᠯᠡᠭᠡᠬᠦ ᠨᠢ ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ | ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ | 2022 ᠣᠨ ᠤ 9 ᠳ᠋ᠦ᠋ᠭᠡᠷ ᠰᠠᠷ᠎ᠠ ᠶᠢᠨ 28 ᠤ ᠡᠳᠦᠷ | ᠳᠠᠷᠤᠮᠠᠯᠯᠠᠨ ᠲᠠᠷᠬᠠᠭᠠᠪᠠ | |