ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ〔 2022 〕 17 ᠳ᠋ᠤᠭᠠᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ︾ ᠶᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ︾ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ | ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃ | 2022 ᠣᠨ ᠤ 2 ᠳ᠋ᠤᠭᠠᠷ ᠰᠠᠷ᠎ᠠ ᠶᠢᠨ 24 ᠤ ᠡᠳᠦᠷ | ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ ᠤᠳ ︾ ︵ ᠲᠥᠷᠥ ᠲᠠᠷᠬᠠᠭᠠᠭᠰᠠᠨ 〔 2020 〕 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ︵ᠳᠣᠷᠣᠭᠰᠢ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠭᠡᠵᠦ ᠲᠣᠪᠴᠢᠯᠠᠨ᠎ᠠ ︶ ᠢ ᠪᠠᠶᠢᠭᠤᠯᠬᠤ ᠪᠠ ᠬᠠᠮᠢᠶᠠᠷᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ | ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠤᠰᠠᠳᠠ ᠂ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︾ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠭᠦᠢᠴᠡᠳᠬᠡᠯ ᠲᠣᠭᠠᠨ ᠤ | ᠲᠣᠭᠲᠠᠯᠴᠠᠭ᠎ᠠ ︾ ᠪᠠᠷ ᠯᠠᠪᠯᠠᠯᠲᠠ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ | ᠲᠣᠰ ᠠᠷᠭ᠎ᠠ ᠶᠢ ᠲᠣᠭᠲᠠᠭᠠᠪᠠ ᠃ | ᠬᠤᠶᠠᠳᠤᠭᠠᠷ ᠵᠦᠢᠯ ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠮᠠᠭᠠᠳᠯᠠᠨ ᠲᠣᠭᠲᠠᠭᠠᠬᠤ ᠂ ᠦᠨᠡᠯᠡᠬᠦ ᠂ ᠬᠠᠮᠢᠶᠠᠷᠬᠤ ᠳᠤ ᠬᠡᠷᠡᠭᠯᠡᠭᠳᠡᠨ᠎ᠡ ᠃ | | ᠭᠤᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ ︾ ᠠᠵᠢᠯᠯᠠᠭ᠎ᠠ ᠪᠠᠷ ᠳᠠᠭᠠᠭᠤᠯᠤᠭᠴᠢ | ᠪᠣᠯᠭᠠᠵᠦ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠨ ᠂ | ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠠᠬᠤᠢ ᠶᠢ ᠢᠳᠡᠪᠬᠢᠲᠡᠢ ᠪᠣᠶ ᠪᠣᠯᠭᠠᠵᠤ ᠂ | ᠣᠲᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ ᠂ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠪᠠ ᠴᠢᠨᠠᠷ ᠰᠠᠶᠢᠲᠠᠢ ᠬᠥᠭᠵᠢᠯᠲᠡ ᠶᠢᠨ ᠤᠷᠢᠳᠠᠴᠢ ᠣᠷᠣᠨ | ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠃ | ᠬᠤᠶᠠᠳᠤᠭᠠᠷ ᠪᠦᠯᠦᠭ ᠮᠠᠭᠠᠳᠯᠠᠨ ᠲᠣᠭᠲᠠᠭᠠᠬᠤ | ᠳᠥᠷᠪᠡᠳᠦᠭᠡᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠳᠤ | ᠳᠣᠣᠷᠠᠬᠢ ᠨᠥᠬᠦᠴᠡᠯ ᠳᠤ ᠨᠡᠶᠢᠴᠡᠭᠦ ᠬᠡᠷᠡᠭᠲᠡᠢ᠄ | ︵ ᠨᠢᠭᠡ︶ ᠰᠠᠭᠤᠷᠢ ᠨᠥᠬᠦᠴᠡᠯ ᠨᠢ ᠪᠦᠷᠢᠨ ᠲᠡᠭᠦᠯᠳᠡᠷ ᠪᠠᠶᠢᠬᠤ ᠬᠡᠷᠡᠭᠲᠡᠢ ᠃ | 1. ᠠᠶᠢᠮᠠᠭ ᠬᠤᠲᠠ ᠶᠢᠨ ᠬᠡᠪᠴᠢᠶᠡᠨ ᠳᠠᠬᠢ ᠰᠢᠨ᠎ᠡ ᠶᠢ ᠡᠭᠦᠳᠬᠦ ᠡᠬᠢ ᠪᠠᠶᠠᠯᠢᠭ ᠂ ᠠᠵᠤ ᠦᠢᠯᠡᠰ ᠤᠨ | ᠬᠥᠭᠵᠢᠯᠲᠡ ᠪᠠᠷ ᠬᠠᠮᠤᠭ ᠤᠨ ᠰᠠᠶᠢᠨ ᠪᠣᠯᠬᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠠᠷᠢᠶᠠᠯᠠᠭᠳᠠᠭᠰᠠᠨ ᠪᠠᠶᠢᠬᠤ︔ | 2. ᠪᠠᠶᠢᠭ᠎ᠠ ᠠᠶᠢᠮᠠᠭ ᠬᠤᠲᠠ ᠶᠢᠨ ᠢᠶᠠᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠦᠪᠵᠢᠭᠦᠯᠭᠡ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ︔ | 3. ᠭᠠᠵᠠᠷ ᠰᠢᠷᠣᠢ ᠶᠢ ᠠᠷᠪᠢᠲᠠᠢ ᠪᠥᠭᠡᠳ ᠡᠷᠴᠢᠮᠯᠢᠭ ᠠᠰᠢᠭᠯᠠᠬᠤ ᠵᠡᠷᠭᠡ ᠶᠢᠨ ᠲᠤᠬᠠᠢ ᠤᠯᠤᠰ ᠤᠨ | ᠱᠠᠭᠠᠷᠳᠠᠯᠭ᠎ᠠ ᠳᠤ ᠨᠡᠶᠢᠴᠡᠵᠦ ᠂ ᠭᠠᠵᠠᠷ ᠬᠡᠷᠡᠭᠯᠡᠬᠦ ᠪᠠᠶᠢᠷᠢᠰᠢᠭᠤᠯᠤᠯ ᠨᠢ ᠲᠥᠪᠯᠡᠷᠡᠩᠭᠦᠢ ᠂ ᠬᠡᠪᠴᠢᠶ᠎ᠡ ᠪᠠ ᠭᠠᠵᠠᠷ | ᠰᠢᠷᠣᠢ ᠠᠰᠢᠭᠯᠠᠬᠤ ᠪᠦᠲᠦᠴᠡ ᠨᠢ ᠵᠦᠢ ᠵᠣᠬᠢᠰᠲᠠᠢ ᠂ ᠳᠥᠷᠪᠡᠨ ᠵᠠᠬ᠎ᠠ ᠶᠢᠨ ᠬᠡᠪᠴᠢᠶ᠎ᠡ ᠨᠢ ᠲᠣᠳᠣᠷᠬᠠᠢ ᠂ | ᠬᠥᠭᠵᠢᠯᠲᠡ ᠶᠢᠨ ᠣᠷᠣᠨ ᠵᠠᠢ ᠨᠢ ᠬᠠᠩᠭᠠᠯᠲᠠ ᠲᠠᠢ ᠂ ᠰᠠᠭᠤᠷᠢ ᠪᠡᠯᠡᠳᠬᠡᠮᠵᠢ ᠶᠢᠨ ᠲᠦᠬᠦᠷᠵᠢᠭᠦᠯᠦᠯᠲᠡ ᠨᠢ | ᠲᠡᠭᠦᠯᠳᠡᠷ ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠲᠥᠯᠦᠪᠵᠢᠭᠦᠯᠭᠡ ᠨᠢ ᠰᠢᠨᠵᠢᠯᠡᠬᠦ ᠤᠬᠠᠭᠠᠨᠴᠢ | ᠪᠠᠶᠢᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠭᠡᠢ ᠪᠠᠶᠢᠬᠤ︔ 4. ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯ ᠦᠭᠡᠢ ᠦᠢᠯᠡᠳᠪᠦᠷᠢᠯᠡᠯ ᠵᠡᠷᠭᠡ ᠶᠢᠨ | ᠱᠠᠭᠠᠷᠳᠠᠯᠭ᠎ᠠ ᠳᠤ ᠨᠡᠶᠢᠴᠡᠵᠦ ᠂ ᠣᠶᠢᠷ᠎ᠠ ᠶᠢᠨ ᠭᠤᠷᠪᠠᠨ ᠵᠢᠯ ᠳᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠂ | ᠦᠢᠯᠡᠳᠪᠦᠷᠢᠯᠡᠯ ᠤᠨ ᠠᠮᠤᠷ ᠲᠦᠪᠰᠢᠨ ᠤ ᠲᠠᠯ᠎ᠠ ᠪᠠᠷ ᠬᠦᠨᠳᠦ ᠣᠨᠴᠠ ᠶᠡᠭᠡ ᠠᠳᠡᠯ ᠭᠠᠷᠤᠭᠰᠠᠨ ᠦᠭᠡᠢ ᠪᠠᠶᠢᠬᠤ ᠃ | ︵ ᠬᠤᠶᠠᠷ︶ ᠠᠵᠤ ᠦᠢᠯᠡᠰ ᠤᠨ ᠳᠠᠪᠠᠭᠤᠯᠢᠭ ᠢᠶᠠᠷ ᠲᠣᠪᠣᠶᠢᠮ᠎ᠠ ᠪᠠᠶᠢᠬᠤ ᠬᠡᠷᠡᠭᠲᠡᠢ ᠃ | 1. ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠨᠢ ᠥᠪᠡᠷᠲᠡᠭᠡᠨ | ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠳᠡᠭᠡᠭᠦᠷ ᠪᠠᠶᠢᠬᠤ︔ | 2. ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠳᠠᠬᠢ ᠭᠤᠣᠯᠯᠠᠬᠤ ᠠᠵᠤ | ᠦᠢᠯᠡᠰ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠶᠢᠨ ᠡᠵᠡᠯᠡᠬᠦ ᠬᠠᠷᠢᠴᠠᠯ ᠨᠢ 70 % ᠠᠴᠠ ᠳᠣᠣᠷ᠎ᠠ ᠪᠢᠰᠢ ︔ | 3. ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠲᠣᠭᠲᠠᠭᠠᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠨᠢ | ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠶᠢᠨ 30 % ᠠᠴᠠ ᠳᠡᠭᠡᠭᠰᠢᠬᠢ ᠶᠢ | ᠡᠵᠡᠯᠡᠭᠰᠡᠨ ᠪᠥᠭᠡᠳ ᠵᠢᠯ ᠳᠠᠷᠠᠭᠠᠯᠠᠨ ᠨᠡᠮᠡᠭᠳᠡᠭᠰᠡᠨ ᠪᠠᠶᠢᠬᠤ ᠃ | ︵ ᠭᠤᠷᠪᠠ︶ ᠰᠢᠨ᠎ᠡ ᠶᠢ ᠡᠭᠦᠳᠬᠦ ᠲᠣᠭᠲᠠᠯᠴᠠᠭ᠎ᠠ ᠨᠢ ᠲᠡᠭᠦᠯᠳᠡᠷᠵᠢᠭᠰᠡᠨ ᠪᠠᠶᠢᠬᠤ ᠬᠡᠷᠡᠭᠲᠡᠢ ᠃ | 1.ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠨᠢ ᠪᠠᠶᠢᠭ᠎ᠠ ᠠᠶᠢᠮᠠᠭ | ᠬᠤᠲᠠ ᠶᠢᠨ ᠨᠡᠮᠡᠭᠳᠡᠯ ᠤᠨ ᠬᠢᠷᠢ ᠲᠦᠪᠰᠢᠨ ᠠᠴᠠ ᠳᠡᠭᠡᠭᠦᠷ ᠪᠠᠶᠢᠬᠤ ︔ | 2. ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠢ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠤᠨ ᠶᠡᠷᠦᠩᠬᠡᠢ ᠲᠣᠭᠠᠨ ᠤ 30 % ᠠᠴᠠ ᠳᠡᠭᠡᠭᠰᠢᠬᠢ ᠶᠢ ᠡᠵᠡᠯᠡᠭᠰᠡᠨ ᠪᠠᠶᠢᠬᠤ︔ | 3. ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠴᠢ ᠲᠡᠭᠦᠨ ᠠᠴᠠ ᠳᠡᠭᠡᠭᠰᠢᠬᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠤᠶᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ | ᠪᠠᠶᠢᠭᠤᠯᠤᠮᠵᠢ ᠨᠢ 20 ᠠᠴᠠ ᠢᠯᠡᠭᠦᠦ ᠪᠣᠯᠵᠤ ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠲᠠᠢ ᠂ ᠤᠯᠤᠰ ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠳᠠᠭᠠᠭᠠᠨ ᠡᠭᠦᠷᠭᠡᠯᠡᠬᠦ ᠴᠢᠳᠠᠪᠤᠷᠢ ᠲᠠᠢ ᠪᠠᠶᠢᠬᠤ | ︔ | 4. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠂ | ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠶᠢ ᠡᠭᠦᠳᠦᠨ ᠦᠢᠯᠡᠰ | ᠴᠣᠭᠴᠠᠯᠠᠵᠤ ᠨᠡᠪᠴᠢᠭᠦᠯᠬᠦ ᠠᠴᠢᠶᠠᠯᠠᠪᠤᠷᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ | ᠦᠢᠯᠡᠴᠢᠯᠡᠬᠦ ᠪᠡᠯᠡ ᠣᠷᠣᠭᠤᠯᠵᠤ ᠲᠣᠬᠢᠷᠠᠭᠤᠯᠬᠤ ᠪᠠᠶᠢᠭᠤᠯᠤᠮᠵᠢ ᠪᠠᠶᠢᠭᠤᠯᠤᠭᠰᠠᠨ ᠪᠠᠶᠢᠬᠤ︔ | 5. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠪᠠ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ ᠂ ᠲᠦᠮᠡᠨ ᠬᠥᠮᠥᠨ ᠪᠦᠷᠢ ᠶᠢᠨ ᠪᠦᠲᠦᠮᠵᠢᠲᠡᠶ ᠡᠭᠦᠳᠦᠯᠲᠡ ᠶᠢᠨ | ᠲᠤᠰᠬᠠᠢ ᠠᠰᠢᠭ ᠲᠠᠢ ᠪᠠᠶᠢᠬᠤ ᠬᠡᠮᠵᠢᠶ᠎ᠡ ᠨᠢ ᠪᠠᠶᠢᠭ᠎ᠠ ᠠᠶᠢᠮᠠᠭ ᠬᠤᠲᠠ ᠶᠢᠨ ᠳᠤᠮᠳᠠᠴᠢ ᠬᠡᠮᠵᠢᠭᠳᠡᠯ ᠠᠴᠠ ᠥᠨᠳᠥᠷ | ᠪᠠᠶᠢᠬᠤ ︔ | 6. ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠂ ᠶᠡᠭᠡ ᠳᠡᠭᠡᠳᠦ ᠰᠤᠷᠭᠠᠭᠤᠯᠢ ᠯᠤᠭ᠎ᠠ ᠤᠷᠳᠤ | ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ ᠂ | ᠭᠠᠳᠠᠨᠠᠬᠢ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠪᠠ ᠦᠢᠯᠡᠳᠪᠦᠷᠢᠯᠡᠯ ᠵᠢᠭᠠᠨ | ᠰᠤᠷᠭᠠᠯᠲᠠ ᠰᠤᠳᠤᠯᠤᠯ ᠤᠨ ᠬᠠᠮᠲᠤᠷᠠᠯᠴᠠᠭ᠎ᠠ ᠬᠥᠭᠵᠢᠶᠡᠨᠲᠡᠢ ᠪᠠᠶᠢᠬᠤ ᠃ | ︵ ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠬᠦᠴᠦᠨ ᠲᠡᠭᠦᠯᠳᠡᠷ ᠪᠠᠶᠢᠬᠤ ᠬᠡᠷᠡᠭᠲᠡᠢ ᠃ | 1. ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠤᠨ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠤᠭᠰᠠᠨ ᠪᠠᠶᠢᠬᠤ ᠬᠡᠷᠡᠭᠲᠡᠢ ᠃ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ ᠂ ᠵᠠᠰᠠᠭ ᠤᠨ ᠣᠷᠳᠣᠨ ᠲᠦᠷᠦᠭᠦᠯᠡᠨ ᠬᠠᠷᠢᠭᠤᠴᠠᠵᠤ ᠂ ᠰᠠᠯᠠᠭ᠎ᠠ ᠮᠥᠴᠢᠷ ᠤᠳ | ᠬᠠᠷᠢᠯᠴᠠᠨ ᠬᠠᠮᠵᠢᠯᠴᠠᠭᠰᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠠᠬᠢᠭᠤᠯᠬᠤ | ᠠᠵᠢᠯ ᠤᠨ ᠲᠣᠭᠲᠠᠴᠠ ᠶᠢ ᠪᠦᠷᠢᠯᠳᠦᠭᠦᠯᠵᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠡᠭᠦᠳᠦᠯᠲᠡ | ᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠪᠠᠶᠢᠭᠤᠯᠤᠯ | ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠰᠢᠨ᠎ᠡ ᠶᠢ ᠡᠭᠦᠳᠬᠦ ᠡᠬᠢ ᠪᠠᠶᠠᠯᠢᠭ ᠢ ᠪᠥᠭᠡᠮᠨᠡᠷᠡᠭᠦᠯᠦᠨ ᠂ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠤᠷᠢᠳ ᠢᠶᠠᠷ ᠪᠠᠶᠢᠷᠢᠰᠢᠭᠤᠯᠵᠤ ᠬᠥᠭᠵᠢᠭᠦᠯᠦᠭᠰᠡᠨ ᠪᠠᠶᠢᠬᠤ︔ | 2. ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠦᠷᠢᠨ ᠲᠥᠬᠦᠷ ᠂ | ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ ᠂ ᠴᠣᠮᠬᠠᠳᠬᠠᠭᠰᠠᠨ ᠪᠠ ᠥᠨᠳᠥᠷ ᠪᠦᠲᠦᠮᠵᠢᠲᠡᠶ ᠂ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠨᠢ ᠲᠣᠳᠣᠷᠬᠠᠢ ᠂ ᠥᠨᠳᠥᠷ ᠬᠡᠪ ᠪᠣᠯᠪᠠᠰᠤᠷᠠᠯ ᠲᠠᠢ ᠂ ᠲᠤᠰᠬᠠᠶᠢᠵᠢᠭᠰᠠᠨ | ᠬᠠᠮᠢᠶᠠᠷᠤᠯᠲᠠ ᠶᠢᠨ ᠡᠩᠨᠡᠭᠡ ᠲᠠᠢ ᠪᠠᠶᠢᠬᠤ ᠃ ᠬᠠᠮᠢᠶᠠᠷᠤᠯᠲᠠ ᠶᠢᠨ ᠳᠦᠷᠢᠮ ᠨᠢ ᠪᠦᠷᠢᠨ ᠲᠥᠬᠦᠷ ᠂ ᠤᠷᠮᠠᠰᠢᠭᠤᠯᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠪᠣᠳᠠᠲᠠᠶᠢᠵᠢᠭᠰᠠᠨ ᠂ ᠬᠠᠮᠢᠶᠠᠷᠤᠯᠲᠠ ᠶᠢᠨ ᠠᠵᠢᠯᠯᠠᠭᠠᠨ ᠨᠢ ᠥᠨᠳᠥᠷ | ᠪᠦᠲᠦᠮᠵᠢᠲᠡᠶ ᠪᠠᠶᠢᠵᠤ ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠭᠤᠣᠯ ᠴᠣᠭᠴᠠ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ ᠴᠢᠳᠠᠭᠰᠠᠨ ᠪᠠᠶᠢᠬᠤ︔ | 3. ︽ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︾ ︵ ᠥᠪᠥᠷ ᠵᠠᠰᠠᠭ ᠲᠠᠷᠬᠠᠭᠠᠭᠰᠠᠨ 〔 2021 〕 13 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠵᠣᠬᠢᠬᠤ ᠬᠠᠮᠢᠶᠠᠷᠤᠯᠲᠠ ᠶᠢᠨ ᠡᠷᠬᠡ ᠮᠡᠳᠡᠯ ᠢᠶᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ | ᠲᠠᠯᠪᠢᠨ ᠥᠭᠴᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠡᠶ᠎ᠡ ᠪᠠᠨ ᠳᠠᠭᠠᠭᠠᠭᠰᠠᠨ ᠬᠠᠮᠢᠶᠠᠷᠤᠯᠲᠠ ᠶᠢᠨ | ᠲᠣᠭᠲᠠᠴᠠ ᠪᠠᠶᠢᠭᠤᠯᠬᠤ ᠶᠢ ᠠᠬᠢᠭᠤᠯᠤᠨ ᠂ ᠰᠢᠨ᠎ᠡ ᠶᠢ ᠡᠭᠦᠳᠬᠦ ᠪᠠ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ | ᠣᠷᠴᠢᠨ ᠨᠥᠬᠦᠴᠡᠯ ᠢ ᠪᠣᠶ ᠪᠣᠯᠭᠠᠵᠤ ᠂ ︽ᠲᠠᠯᠪᠢᠬᠤ ᠬᠠᠮᠢᠶᠠᠷᠬᠤ ᠦᠢᠯᠡᠴᠢᠯᠡᠬᠦ ︾ ᠠᠵᠢᠯ ᠢ ᠪᠣᠳᠠᠲᠠᠶᠢᠵᠢᠭᠤᠯᠤᠭᠰᠠᠨ | ᠪᠠᠶᠢᠬᠤ ᠃ | ᠲᠠᠪᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠳᠤ ᠳᠣᠣᠷᠠᠬᠢ | ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | ︵ ᠨᠢᠭᠡ︶ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠪᠠᠶᠢᠭᠤᠯᠬᠤ ᠪᠠᠷ ᠭᠤᠶᠤᠴᠢᠯᠠᠭᠰᠠᠨ ᠪᠢᠴᠢᠭ ᠮᠠᠲ᠋ᠧᠷᠢᠶᠠᠯ ᠃ | ︵ ᠬᠤᠶᠠᠷ︶ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠦᠨᠳᠦᠰᠦᠨ ᠪᠠᠶᠢᠳᠠᠯ ᠂ ᠡᠭᠦᠨ ᠳᠤ | ᠦᠨᠳᠦᠰᠦᠨ ᠨᠥᠬᠦᠴᠡᠯ ᠂ ᠠᠵᠤ ᠦᠢᠯᠡᠰ ᠤᠨ ᠳᠠᠪᠠᠭᠤᠯᠢᠭ ᠂ ᠰᠢᠨ᠎ᠡ ᠶᠢ ᠡᠭᠦᠳᠬᠦ ᠲᠣᠭᠲᠠᠯᠴᠠᠭ᠎ᠠ ᠂ ᠪᠠᠲᠤᠯᠠᠭ᠎ᠠ ᠶᠢᠨ | ᠠᠷᠭ᠎ᠠ ᠬᠡᠮᠵᠢᠶ᠎ᠡ ᠵᠡᠷᠭᠡ ᠪᠠᠭᠲᠠᠨ᠎ᠠ ᠃ | ︵ ᠭᠤᠷᠪᠠ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠲᠥᠯᠦᠪᠵᠢᠭᠦᠯᠭᠡ ︵ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠪᠠᠭᠲᠠᠨ᠎ᠠ︶᠂ ᠡᠭᠦᠨ ᠳᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠂ ᠶᠡᠷᠦᠩᠬᠡᠢ | ᠰᠡᠳᠬᠢᠴᠡ ᠪᠠ ᠬᠠᠷᠠᠯᠲᠠ ᠶᠢᠨ ᠪᠠᠶᠢᠷᠢ ᠲᠣᠭᠲᠠᠭᠠᠯᠲᠠ ᠂ ᠭᠤᠣᠯᠳᠠᠯᠭ᠎ᠠ ᠲᠠᠢ ᠡᠭᠦᠷᠭᠡ ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ ᠪᠠᠭᠲᠠᠨ᠎ᠠ ᠃ | ︵ ᠳᠥᠷᠪᠡ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠥᠯ ᠳᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠂ ᠭᠤᠣᠯ ᠬᠠᠷᠠᠯᠲᠠ ᠂ ᠪᠦᠲᠦᠭᠡᠨ ᠪᠠᠶᠢᠭᠤᠯᠤᠯᠲᠠ ᠶᠢᠨ | ᠰᠡᠳᠬᠢᠮᠵᠢ ᠂ ᠪᠣᠳᠠᠲᠠᠢ ᠠᠷᠭ᠎ᠠ ᠬᠡᠮᠵᠢᠶ᠎ᠡ ᠂ ᠬᠠᠮᠢᠶᠠᠷᠤᠯᠲᠠ ᠶᠢᠨ ᠪᠠᠶᠢᠭᠤᠯᠤᠯ ᠂ ᠠᠵᠢᠯᠯᠠᠭᠠᠨ ᠤ ᠲᠣᠭᠲᠠᠴᠠ ᠂ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠪᠠᠭᠲᠠᠨ᠎ᠠ ᠃ | ︵ ᠲᠠᠪᠤ︶ ᠪᠤᠰᠤᠳ ᠬᠠᠮᠢᠶ᠎ᠠ ᠪᠦᠬᠦᠢ ᠳᠠᠭᠠᠯᠳᠤᠭᠤᠯᠤᠯ᠄ | 1. ᠬᠦᠷᠢᠶᠡᠯᠡᠩ ᠲᠣᠭᠤᠷᠢᠭ ᠪᠠᠶᠢᠭᠤᠯᠬᠤ ᠲᠠᠯ᠎ᠠ ᠶᠢᠨ ᠬᠤᠯᠪᠣᠭᠳᠠᠯ ᠪᠦᠬᠦᠢ ᠵᠥᠪᠰᠢᠶᠡᠷᠡᠭᠰᠡᠨ ᠪᠢᠴᠢᠭ | ᠮᠠᠲ᠋ᠧᠷᠢᠶᠠᠯ ︔ | 2. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵ ᠭᠤᠣᠯ ᠴᠣᠭᠴᠠ ᠶᠢᠨ | ᠴᠢᠳᠠᠮᠵᠢᠲᠤ ᠣᠷᠣᠨ ᠤ ᠲᠥᠯᠦᠪᠵᠢᠭᠦᠯᠭᠡ ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ | ᠪᠠ ᠬᠤᠲᠠ ᠶᠢᠨ ᠶᠡᠷᠦᠩᠬᠡᠢ ᠲᠥᠯᠦᠪᠵᠢᠭᠦᠯᠭᠡ︶᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠦᠪᠵᠢᠭᠦᠯᠭᠡ ᠳᠤ ᠨᠡᠶᠢᠴᠡᠭᠰᠡᠨ ᠭᠡᠷᠡᠴᠢ ᠮᠠᠲ᠋ᠧᠷᠢᠶᠠᠯ ᠢ ᠭᠠᠷᠭᠠᠵᠤ ᠦᠵᠡᠭᠦᠯᠭᠦ︔ | 3. ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ ᠂ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶᠡᠨ ᠤ ᠪᠢᠴᠢᠭ | ᠮᠠᠲ᠋ᠧᠷᠢᠶᠠᠯ ︔ | 4. ᠪᠠᠶᠢᠭᠤᠯᠬᠤ ᠪᠠᠷ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠠᠬᠢ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠂ ᠰᠢᠨ᠎ᠡ ᠶᠢ ᠡᠭᠦᠳᠬᠦ ᠲᠠᠪᠴᠠᠩ ᠂ ᠰᠤᠳᠤᠯᠤᠨ ᠨᠡᠭᠡᠭᠡᠬᠦ ᠪᠠᠶᠢᠭᠤᠯᠤᠮᠵᠢ ᠂ ᠰᠢᠨ᠎ᠡ ᠶᠢ ᠡᠭᠦᠳᠬᠦ | ᠨᠡᠪᠴᠢᠭᠦᠯᠦᠭᠡ ᠶᠢᠨ ᠠᠴᠢᠶᠠᠯᠠᠪᠤᠷᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠵᠡᠷᠭᠡ ᠶᠢᠨ ᠲᠣᠳᠣᠷᠬᠠᠢ ᠬᠠᠭᠤᠳᠠᠰᠤ ︔ 5. ᠬᠦᠷᠢᠶᠡᠯᠡᠩ ᠲᠣᠭᠤᠷᠢᠭ ᠤᠨ ᠣᠶᠢᠷ᠎ᠠ ᠶᠢᠨ | ᠭᠤᠷᠪᠠᠨ ᠵᠢᠯ ᠳᠠᠬᠢ ᠭᠤᠣᠯ ᠪᠣᠯᠬᠤ ᠠᠵᠤ ᠠᠬᠤᠢ ᠶᠢᠨ ᠬᠥᠭᠵᠢᠯᠲᠡ ᠪᠠ ᠰᠢᠨ᠎ᠡ ᠶᠢ ᠡᠭᠦᠳᠦᠭᠰᠡᠨ ᠭᠦᠢᠴᠡᠳᠬᠡᠯ | ᠲᠤᠭ᠎ᠠ ︔ | - 6. ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠃
| - ᠵᠢᠷᠭᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠮᠠᠭᠠᠳᠯᠠᠨ ᠲᠣᠭᠲᠠᠭᠠᠬᠤ ᠳᠡᠰ
| | - ︵ᠨᠢᠭᠡ︶ ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ
| - ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠂
| - ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ
| - ᠠᠷᠭ᠎ᠠ ᠬᠡᠮᠵᠢᠶ᠎ᠡ ᠨᠢ ᠨᠡᠯᠢᠶᠡᠳ ᠪᠦᠷᠢᠨ ᠲᠡᠭᠦᠯᠳᠡᠷ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ
| - ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠭᠰᠡᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ
| - ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠤ ᠪᠦᠲᠦᠭᠡᠨ ᠪᠠᠶᠢᠭᠤᠯᠬᠤ ᠰᠠᠨᠠᠮᠵᠢ ᠪᠠᠨ ᠳᠤᠷᠠᠳᠤᠨ᠎ᠠ ᠃
| - ︵ ᠬᠤᠶᠠᠷ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ
| - ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ
| - ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠠᠮᠢ ᠠᠬᠤᠢ ᠣᠷᠴᠢᠨ
| - ᠲᠣᠭᠤᠷᠢᠨ ᠤ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ
| - ᠰᠠᠯᠠᠭ᠎ᠠ ᠮᠥᠴᠢᠷ ᠲᠠᠢ ᠬᠠᠮᠲᠤᠷᠠᠨ ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠪᠠᠶᠢᠭᠠᠳ
| - ᠪᠦᠲᠦᠭᠡᠨ ᠪᠠᠶᠢᠭᠤᠯᠬᠤ ᠰᠠᠨᠠᠮᠵᠢ ᠳᠤᠷᠠᠳᠤᠭᠰᠠᠨ ᠬᠦᠷᠢᠶᠡᠯᠡᠩ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠯᠲᠠ
| - ᠪᠠ ᠨᠤᠲᠠᠯᠠᠯᠲᠠ ᠬᠢᠵᠦ ᠂ ᠪᠦᠲᠦᠭᠡᠨ ᠪᠠᠶᠢᠭᠤᠯᠬᠤ ᠰᠠᠨᠠᠭᠤᠯᠭ᠎ᠠ ᠳᠤᠷᠠᠳᠤᠨ᠎ᠠ ᠃ ᠠᠶᠢᠮᠠᠭ ᠤᠨ ᠵᠠᠬᠢᠷᠭ᠎ᠠ ᠂
| - ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠰᠢᠨᠵᠢᠯᠡᠨ ᠪᠠᠶᠢᠴᠠᠭᠠᠵᠤ ᠨᠤᠲᠠᠯᠠᠯᠲᠠ ᠬᠢᠭᠰᠡᠨ ᠰᠠᠨᠠᠯ ᠤᠨ
| - ᠶᠣᠰᠣᠭᠠᠷ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠬᠡᠷᠡᠭᠵᠢᠭᠦᠯᠬᠦ ᠲᠥᠰᠥᠯ ᠳᠤ
| - ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ
| - ᠲᠧᠭᠨᠢᠭ ᠮᠡᠷᠭᠡᠵᠢᠯ ᠤᠨ ᠲᠢᠩᠬᠢᠮ ᠳᠤ ᠮᠡᠳᠡᠭᠦᠯᠦᠨ᠎ᠡ ᠃
| - ︵ ᠭᠤᠷᠪᠠ︶ ᠪᠠᠶᠢᠭᠤᠯᠬᠤ ᠪᠠᠷ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢᠨ
| - ᠲᠥᠯᠦᠪᠵᠢᠭᠦᠯᠭᠡ ᠂ ᠬᠡᠷᠡᠭᠵᠢᠭᠦᠯᠬᠦ ᠲᠥᠰᠥᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ
| - ᠮᠡᠷᠭᠡᠵᠢᠯ ᠤᠨ ᠲᠢᠩᠬᠢᠮ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠂ ᠠᠶᠢᠮᠠᠭ ᠤᠨ ᠵᠠᠬᠢᠷᠭ᠎ᠠ ᠂ ᠬᠤᠲᠠ ᠶᠢᠨ
| - ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ
| - ᠲᠢᠩᠬᠢᠮ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠪᠦᠲᠦᠭᠡᠨ
| - ᠪᠠᠶᠢᠭᠤᠯᠬᠤ ᠭᠤᠶᠤᠴᠢᠯᠠᠯ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠨ
| - ᠬᠠᠷᠭᠤᠭᠤᠯᠵᠤ ᠪᠠᠲᠤᠯᠠᠬᠤ ᠶᠢᠨ ᠬᠠᠮᠲᠤ ᠴᠣᠬᠤᠯᠠᠪᠤᠷᠢᠯᠠᠨ᠎ᠠ ᠃
| - ᠭᠤᠷᠪᠠᠳᠤᠭᠠᠷ ᠪᠦᠯᠦᠭ ᠦᠨᠡᠯᠡᠯᠲᠡ ᠬᠢᠬᠦ
| - ᠳᠣᠯᠣᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠢ ᠬᠥᠭᠵᠢᠯᠲᠡ ᠶᠢᠨ
| - ᠪᠠᠶᠢᠳᠠᠯ ᠤᠨ ᠣᠨ ᠤ ᠶᠡᠷᠦᠩᠬᠡᠶᠢᠯᠡᠭᠰᠡᠨ ᠦᠨᠡᠯᠡᠯᠲᠡ ᠶᠢᠨ ᠳᠦᠷᠢᠮ ᠪᠠ ᠰᠢᠯᠢᠳᠡᠭ ᠢ ᠠᠬᠢᠭᠤᠯᠤᠨ ᠪᠣᠶᠢᠵᠢᠭᠤᠯᠬᠤ
| - ᠲᠣᠭᠲᠠᠴᠠ ᠶᠢ ᠪᠠᠶᠢᠭᠤᠯᠬᠤ ᠬᠡᠷᠡᠭᠲᠡᠢ ᠃
| - ᠨᠠᠢᠮᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠦᠨᠡᠯᠡᠬᠦ ᠠᠵᠢᠯ ᠢ ᠥᠪᠡᠷᠲᠡᠭᠡᠨ ᠵᠠᠰᠠᠬᠤ
| - ᠣᠷᠣᠨ ᠪᠠ ᠠᠶᠢᠮᠠᠭ ᠬᠤᠲᠠ ᠬᠠᠮᠲᠤ ᠪᠠᠷ ᠬᠠᠷᠢᠭᠤᠴᠠᠵᠤ ᠂ ᠲᠣᠰ ᠲᠣᠰ ᠲᠤ ᠪᠠᠨ ᠬᠡᠷᠡᠭᠵᠢᠭᠦᠯᠬᠦ ᠬᠡᠷᠡᠭᠲᠡᠢ ᠃
| - ᠥᠪᠡᠷᠲᠡᠭᠡᠨ ᠵᠠᠰᠠᠬᠤ ᠣᠷᠣᠨ ᠤ ᠦᠨᠡᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ
| - ᠮᠡᠷᠭᠡᠵᠢᠯ ᠤᠨ ᠲᠢᠩᠬᠢᠮ ᠢᠶᠠᠷ ᠲᠦᠷᠦᠭᠦᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ
| - ᠮᠥᠴᠢᠷ ᠲᠠᠢ ᠬᠠᠮᠲᠤᠷᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ
| - ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ
| - ᠲᠣᠪᠴᠢᠶ᠎ᠠ ᠲᠠᠢ ᠬᠠᠮᠲᠤᠷᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠲᠤ ᠦᠨᠡᠯᠡᠯᠲᠡ ᠬᠢᠯᠬᠡᠬᠦ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ
| - ᠦᠨᠡᠯᠡᠬᠦ ᠠᠵᠢᠯ ᠳᠠᠬᠢ ᠠᠶᠢᠮᠠᠭ ᠬᠤᠲᠠ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂
| - ᠠᠶᠢᠮᠠᠭ ᠬᠤᠲᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠲᠣᠰ ᠵᠠᠰᠠᠭ ᠵᠠᠬᠢᠷᠭᠠᠨ ᠤ ᠣᠷᠣᠨ ᠳᠠᠬᠢ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠲᠤ ᠦᠨᠡᠯᠡᠯᠲᠡ ᠬᠢᠬᠦ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ
| - ᠰᠢᠨ᠎ᠡ ᠶᠢ ᠡᠭᠦᠳᠬᠦ ᠵᠢᠭᠠᠯᠲᠠ ᠲᠣᠭᠠᠨ ᠤ ᠣᠨ ᠤ ᠨᠡᠮᠡᠭᠳᠡᠯ ᠤᠨ ᠪᠠᠶᠢᠳᠠᠯ ᠪᠠ ᠪᠠᠶᠢᠭ᠎ᠠ ᠠᠶᠢᠮᠠᠭ ᠬᠤᠲᠠ ᠶᠢᠨ ᠢᠶᠠᠨ
| - ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠣᠷᠣᠰᠢᠵᠤ ᠪᠠᠶᠢᠭ᠎ᠠ ᠣᠷᠣᠨ ᠪᠠᠶᠢᠷᠢ ᠶᠢᠨ
| - ᠬᠤᠪᠢᠷᠠᠯᠲᠠ ᠶᠢᠨ ᠲᠤᠬᠠᠢ ᠦᠨᠡᠯᠡᠯᠲᠡ ᠶᠢ ᠴᠢᠬᠤᠯᠠᠴᠢᠯᠠᠵᠤ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ
| - ᠲᠤᠬᠠᠢ ᠶᠢᠨ ᠭᠠᠵᠠᠷ ᠤᠨ ᠬᠦᠷᠢᠶᠡᠯᠡᠩ ᠲᠣᠭᠤᠷᠢᠭ ᠤᠨ ᠢᠶᠠᠨ ᠡᠮᠦᠨᠡᠭᠦᠷ ᠨᠢ ᠵᠢᠭᠰᠠᠵᠤ ᠂ ᠥᠯᠢᠭᠡᠷ ᠳᠠᠭᠤᠷᠢᠶᠠᠯ
| - ᠪᠣᠯᠬᠤ ᠶᠢ ᠠᠬᠢᠭᠤᠯᠬᠤ ᠬᠡᠷᠡᠭᠲᠡᠢ ᠃
| - ᠶᠢᠰᠦᠳᠦᠭᠡᠷ ᠵᠦᠢᠯ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠮᠡᠷᠭᠡᠵᠢᠯ ᠤᠨ ᠰᠢᠨ᠎ᠡ ᠶᠢ
| - ᠡᠭᠦᠳᠬᠦ ᠴᠢᠳᠠᠪᠤᠷᠢ ᠂ ᠪᠦᠲᠦᠴᠡ ᠶᠢ ᠰᠢᠯᠢᠳᠡᠭᠵᠢᠭᠦᠯᠬᠦ ᠴᠢᠳᠠᠪᠤᠷᠢ ᠬᠢᠭᠡᠳ ᠪᠣᠬᠢᠷᠳᠤᠯ ᠦᠭᠡᠢ ᠪᠠᠷ ᠬᠥᠭᠵᠢᠭᠦᠯᠬᠦ
| - ᠬᠢᠷᠢ ᠲᠦᠪᠰᠢᠨ ᠂ ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠶᠢ ᠡᠭᠦᠳᠬᠦ ᠴᠢᠳᠠᠪᠤᠷᠢ ᠂ ᠰᠢᠨᠵᠢᠯᠡᠬᠦ ᠤᠬᠠᠭᠠᠨ
| - ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠬᠡᠮᠡᠬᠦ ᠳᠥᠷᠪᠡᠨ ᠲᠠᠯ᠎ᠠ ᠪᠠᠭᠲᠠᠨ᠎ᠠ ᠂ ᠦᠨᠡᠯᠡᠬᠦ ᠭᠦᠢᠴᠡᠳᠬᠡᠯ
| - ᠲᠣᠭᠠᠨ ᠤ ᠶᠡᠷᠦᠩᠬᠡᠢ ᠡᠵᠡᠯᠡᠬᠦ ᠬᠤᠪᠢᠳᠠᠯ ᠨᠢ 100 ᠂ ᠵᠣᠬᠢᠴᠠᠯᠳᠤᠬᠤ ᠶᠡᠷᠦᠩᠬᠡᠢ ᠬᠤᠪᠢ ᠨᠢ 100 ᠬᠤᠪᠢ
| | - ᠠᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠭᠦᠢᠴᠡᠳᠬᠡᠯ ᠲᠣᠭᠠᠨ ᠤ ᠲᠤᠭ᠎ᠠ
| - ᠪᠠᠷᠢᠮᠲᠠ ᠳᠠᠬᠢ ᠡᠳᠦᠷ ᠲᠤᠲᠤᠮ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠵᠦ ᠂ ᠪᠦᠷᠢᠳᠬᠡᠬᠦ ᠣᠷᠣᠨ
| - ᠪᠦᠰᠡ ᠶᠢᠨ ᠬᠡᠪᠴᠢᠶ᠎ᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠣᠳᠠᠲᠠᠢ ᠬᠠᠷᠢᠶ᠎ᠠ ᠲᠠᠯᠠᠪᠠᠶ ᠪᠣᠯᠣᠨ᠎ᠠ ᠃
| - ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠭᠦᠢᠴᠡᠳᠬᠡᠯ ᠲᠣᠭᠠᠨ ᠤ ᠲᠤᠭ᠎ᠠ
| - ᠪᠠᠷᠢᠮᠲᠠ ᠶᠢ ᠴᠤᠭᠯᠠᠭᠤᠯᠬᠤ ᠂ ᠬᠤᠷᠢᠶᠠᠩᠭᠤᠶᠢᠯᠠᠬᠤ ᠂ ᠲᠥᠰᠥᠭᠡᠯᠡᠨ ᠪᠣᠳᠣᠬᠤ ᠶᠢ ᠬᠠᠷᠢᠭᠤᠴᠠᠵᠤ ᠂ ᠥᠪᠡᠷᠲᠡᠭᠡᠨ
| - ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠭᠤᠷᠪᠠᠳᠠᠭᠢ ᠡᠲᠡᠭᠡᠳ ᠤᠨ
| - ᠪᠠᠶᠢᠭᠤᠯᠤᠮᠵᠢ ᠳᠤ ᠨᠠᠶᠢᠳᠠᠨ ᠦᠨᠡᠯᠡᠨ ᠵᠢᠱᠢᠯᠲᠡ ᠬᠢᠯᠭᠡᠬᠦ ᠶᠢ ᠬᠠᠷᠢᠭᠤᠴᠠᠬᠤ ᠬᠡᠷᠡᠭᠲᠡᠢ ᠃ ᠡᠯ᠎ᠡ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ
| - ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠭᠦᠢᠴᠡᠳᠬᠡᠯ
| - ᠲᠣᠭᠠᠨ ᠤ ᠲᠤᠭ᠎ᠠ ᠪᠠᠷᠢᠮᠲᠠ ᠶᠢ ᠬᠠᠩᠭᠠᠬᠤ ᠶᠢᠨ ᠬᠠᠮᠲᠤ ᠂ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠬᠠᠷᠢᠭᠤᠴᠠᠬᠤ
| | - ᠠᠷᠪᠠᠨ ᠨᠢᠭᠡᠳᠦᠭᠡᠷ ᠵᠦᠢᠯ ᠦᠨᠡᠯᠡᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ
| - ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ
| - ᠲᠣᠪᠴᠢᠶ᠎ᠠ ᠲᠠᠢ ᠬᠠᠮᠲᠤᠷᠠᠨ ᠬᠢᠨᠠᠨ ᠬᠠᠷᠭᠤᠭᠤᠯᠬᠤ ᠶᠢᠨ ᠬᠠᠮᠲᠤ ᠨᠡᠶᠢᠲᠡᠯᠡᠬᠦ ᠬᠡᠷᠡᠭᠲᠡᠢ ᠃
| - ᠳᠥᠷᠪᠡᠳᠦᠭᠡᠷ ᠪᠦᠯᠦᠭ ᠬᠠᠮᠢᠶᠠᠷᠤᠯᠲᠠ
| - ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ
| - ᠲᠢᠩᠬᠢᠮ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠰᠲ᠋ᠧᠮᠵᠢᠭᠦᠯᠦᠨ ᠬᠠᠮᠢᠶᠠᠷᠬᠤ ᠪᠠ ᠵᠣᠬᠢᠴᠠᠭᠤᠯᠤᠨ
| - ᠵᠢᠯᠤᠭᠤᠳᠬᠤ ᠶᠢ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ
| - ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ
| - ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠲᠤᠭ᠎ᠠ
| - ᠪᠦᠷᠢᠳᠬᠡᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠡᠭᠦᠷᠭᠡ ᠴᠢᠳᠠᠪᠤᠷᠢ ᠡᠭᠦᠷᠭᠡ
| - ᠬᠠᠷᠢᠭᠤᠴᠠᠯᠭ᠎ᠠ ᠶᠢᠨ ᠶᠣᠰᠣᠭᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠢᠯᠣᠭᠤᠳᠤᠯᠭ᠎ᠠ ᠬᠢᠬᠦ ᠪᠠ
| - ᠳᠡᠮᠵᠢᠯᠭᠡ ᠦᠵᠡᠬᠦᠯᠬᠦ ᠬᠡᠷᠡᠭᠲᠡᠢ ᠃
| - ᠠᠷᠪᠠᠨ ᠭᠤᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠭ᠎ᠠ ᠠᠶᠢᠮᠠᠭ ᠤᠨ
| - ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ
| - ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠭᠤᠣᠯ ᠴᠣᠭᠴᠠ ᠪᠣᠯᠣᠨ᠎ᠠ ᠂ ᠳᠡᠭᠡᠳᠦ ᠰᠢᠨ᠎ᠡ ᠮᠡᠷᠭᠡᠵᠢᠯ ᠤᠨ
| - ᠲᠣᠭᠤᠷᠢᠭ ᠤᠨ ᠨᠡᠭᠡᠭᠡᠨ ᠬᠥᠭᠵᠢᠭᠦᠯᠦᠯᠲᠡ ᠂ ᠪᠦᠲᠦᠭᠡᠨ ᠪᠠᠶᠢᠭᠤᠯᠤᠯᠲᠠ ᠂ ᠬᠠᠮᠢᠶᠠᠷᠤᠯᠲᠠ ᠵᠡᠷᠭᠡ ᠠᠵᠢᠯ ᠢ ᠪᠣᠳᠠᠲᠠᠢ
| - ᠬᠠᠷᠢᠭᠤᠴᠠᠵᠤ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠠᠬᠢᠭᠤᠯᠬᠤ ᠪᠣᠳᠠᠲᠠᠢ
| - ᠬᠡᠷᠡᠭᠵᠢᠭᠦᠯᠬᠦ ᠲᠥᠰᠥᠯ ᠪᠠ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠂ ᠳᠡᠭᠡᠳᠦ ᠰᠢᠨ᠎ᠡ ᠮᠡᠷᠭᠡᠵᠢᠯ ᠤᠨ
| - ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠬᠢᠷᠢ ᠬᠡᠮᠵᠢᠶ᠎ᠡ ᠶᠢ
| - ᠳᠡᠭᠡᠭᠰᠢᠯᠡᠭᠦᠯᠬᠦ ᠬᠡᠷᠡᠭᠲᠡᠢ ᠃
| - ᠥᠪᠡᠷᠲᠡᠭᠡᠨ ᠵᠠᠰᠠᠬᠤ ᠣᠷᠣᠨ ᠨᠢ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ
| - ᠣᠷᠳᠣᠨ ᠤ ︽ᠨᠢᠭᠡ ᠲᠣᠭᠤᠷᠢᠭ ᠣᠯᠠᠨ ᠬᠦᠷᠢᠶᠡᠯᠡᠩ︾ ᠵᠡᠷᠭᠡ ᠵᠠᠭᠪᠤᠷ ᠢᠶᠠᠷ ᠂ ᠬᠤᠯᠪᠣᠭᠳᠠᠯ ᠪᠦᠬᠦᠢ ᠲᠣᠭᠲᠠᠭᠠᠯ
| - ᠶᠣᠰᠣᠭᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠷᠢᠶ᠎ᠠ ᠬᠡᠪᠴᠢᠶ᠎ᠡ ᠪᠠ ᠬᠥᠭᠵᠢᠯᠲᠡ ᠶᠢᠨ ᠣᠷᠣᠨ ᠵᠠᠢ ᠶᠢ
| - ᠥᠷᠭᠡᠳᠬᠡᠵᠦ ᠂ ᠬᠤᠯᠪᠤᠭᠠᠯᠠᠨ ᠬᠥᠳᠡᠯᠦᠯᠴᠡᠵᠦ ᠬᠥᠭᠵᠢᠬᠦ ᠲᠣᠭᠲᠠᠴᠠ ᠶᠢ ᠪᠠᠶᠢᠭᠤᠯᠬᠤ ᠳᠤ ᠳᠡᠮᠵᠢᠯᠭᠡ ᠦᠵᠡᠬᠦᠯᠬᠦ
| - ᠬᠡᠷᠡᠭᠲᠡᠢ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠬᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ
| - ᠲᠤᠷᠰᠢᠬᠤ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠬᠡᠷᠡᠭᠲᠡᠢ ᠃
| - ᠠᠷᠪᠠᠨ ᠳᠥᠷᠪᠡᠳᠦᠭᠡᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ
| - ᠪᠠᠶᠢᠭᠤᠯᠤᠮᠵᠢ ᠨᠢ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠱᠠᠭᠠᠷᠳᠠᠯᠭ᠎ᠠ ᠶᠣᠰᠣᠭᠠᠷ ᠣᠨ ᠤ ᠠᠵᠢᠯ ᠤᠨ
| - ᠮᠡᠳᠡᠭᠦᠯᠦᠯᠲᠡ ᠪᠠᠨ ᠨᠠᠶᠢᠷᠠᠭᠤᠯᠤᠨ ᠵᠣᠬᠢᠶᠠᠵᠤ ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ
| - ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ
| - ᠣᠨ ᠤ ᠲᠤᠭ᠎ᠠ ᠪᠦᠷᠢᠳᠬᠡᠯ ᠤᠨ ᠴᠢᠬᠤᠯᠠ ᠲᠤᠭ᠎ᠠ ᠪᠠᠷᠢᠮᠲᠠ ᠲᠠᠢ ᠬᠠᠮᠲᠤ ᠳᠤ ᠨᠢ ᠥᠪᠡᠷᠲᠡᠭᠡᠨ ᠵᠠᠰᠠᠬᠤ ᠣᠷᠣᠨ ᠤ
| - ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠬᠦ
| - ᠬᠡᠷᠡᠭᠲᠡᠢ ᠃ ᠣᠨ ᠤ ᠠᠵᠢᠯ ᠤᠨ ᠮᠡᠳᠡᠭᠦᠯᠦᠯᠲᠡ ᠳᠤ ᠶᠡᠷᠦᠩᠬᠡᠢ ᠠᠬᠢᠴᠠ ᠂ ᠴᠢᠬᠤᠯᠠ ᠶᠡᠭᠡ ᠰᠢᠨ᠎ᠡ ᠶᠢ ᠡᠭᠦᠳᠬᠦ
| - ᠠᠷᠭ᠎ᠠ ᠬᠡᠮᠵᠢᠶ᠎ᠡ ᠂ ᠠᠵᠢᠯᠯᠠᠭᠠᠨ ᠤ ᠠᠮᠵᠢᠯᠲᠠ ᠪᠦᠲᠦᠮᠵᠢ ᠂ ᠲᠤᠷᠰᠢᠯᠭ᠎ᠠ ᠬᠢᠭᠡᠳ ᠠᠰᠠᠭᠤᠳᠠᠯ ᠵᠢᠴᠢ ᠢᠷᠡᠬᠦ ᠵᠢᠯ ᠤᠨ
| - ᠭᠤᠣᠯᠳᠠᠯᠭ᠎ᠠ ᠪᠣᠯᠬᠤ ᠠᠵᠢᠯ ᠵᠡᠷᠭᠡ ᠪᠠᠭᠲᠠᠨ᠎ᠠ ᠃
| - ᠠᠷᠪᠠᠨ ᠲᠠᠪᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠥᠳᠡᠯᠦᠩᠭᠦᠢ
| - ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠦᠨᠡᠯᠡᠯᠲᠡ ᠶᠢᠨ ᠦᠷ᠎ᠡ
| - ᠳ᠋ᠦᠩ ᠶᠣᠰᠣᠭᠠᠷ ᠂ ᠨᠡᠷᠡᠰ ᠤᠨ ᠵᠢᠭᠰᠠᠭᠠᠯᠲᠠ ᠳᠤ ᠡᠮᠦᠨᠡᠭᠦᠷ ᠵᠢᠭᠰᠠᠭᠠᠭᠳᠠᠭᠰᠠᠨ ᠂ ᠰᠢᠨ᠎ᠡ ᠶᠢ ᠡᠭᠦᠳᠬᠦ ᠴᠢᠳᠠᠪᠤᠷᠢ
| - ᠴᠢᠩᠭ᠎ᠠ ᠂ ᠬᠥᠭᠵᠢᠯᠲᠡ ᠶᠢᠨ ᠶᠠᠰᠤ ᠴᠢᠨᠠᠷ ᠥᠨᠳᠥᠷ ᠂ ᠠᠵᠤ ᠦᠢᠯᠡᠰ ᠤᠨ ᠣᠨᠴᠠᠯᠢᠭ ᠢᠯᠡᠷᠬᠡᠢ ᠳᠡᠭᠡᠳᠦ ᠰᠢᠨ᠎ᠡ
| - ᠮᠡᠷᠭᠡᠵᠢᠯ ᠤᠨ ᠲᠣᠭᠤᠷᠢᠭ ᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠨ ᠲᠠᠰ
| - ᠲᠡᠪᠰᠢᠬᠦᠯᠬᠦ ᠬᠡᠷᠡᠭᠲᠡᠢ ᠃ ᠦᠨᠡᠯᠡᠭᠰᠡᠨ ᠦᠷ᠎ᠡ ᠳ᠋ᠦᠩ ᠨᠢ ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ ᠬᠤᠶᠢᠭᠤᠷ
| - ᠵᠢᠭᠰᠠᠭᠠᠭᠳᠠᠭᠰᠠᠨ ᠪᠥᠭᠡᠳ ᠬᠤᠪᠢ ᠨᠢ ᠨᠡᠯᠢᠶᠡᠳ ᠳᠣᠣᠷ᠎ᠠ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ
| - ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠦᠨᠡᠯᠡᠭᠰᠡᠨ ᠦᠷ᠎ᠡ
| - ᠳ᠋ᠦᠩ ᠨᠢ ᠵᠠᠯᠭᠠᠭ᠎ᠠ ᠪᠠᠷ ᠬᠤᠶᠠᠷ ᠤᠳᠠᠭ᠎ᠠ ᠪᠥᠬᠦ ᠣᠷᠣᠨ ᠤ ᠬᠠᠮᠤᠭ ᠤᠨ ᠰᠡᠭᠦᠯ ᠳᠤ ᠵᠢᠭᠰᠠᠭᠠᠭᠳᠠᠭᠰᠠᠨ ᠪᠥᠭᠡᠳ
| - ᠬᠤᠪᠢ ᠪᠠᠷ ᠨᠡᠯᠢᠶᠡᠳ ᠳᠣᠣᠷ᠎ᠠ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠪᠣᠯ ᠬᠤᠯᠪᠣᠭᠳᠠᠯ ᠪᠦᠬᠦᠢ
| - ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ
| - ᠲᠡᠭᠦᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠪᠠᠷ
| | - ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ
| - ᠠᠷᠪᠠᠨ ᠵᠢᠷᠭᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ
| - ᠬᠡᠷᠡᠭᠵᠢᠭᠦᠯᠦᠨ᠎ᠡ ᠃ ᠤᠤᠯ ᠤᠨ ︽ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ
| - ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ
| - ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ
| - ᠵᠠᠰᠠᠭ ᠠᠯᠪᠠᠨ ᠥᠰᠥᠭ ﹇2003﹈ 114 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃
| | | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠠᠶᠢᠯᠪᠤᠷᠢ | | ᠳᠠᠭᠠᠯᠳᠤᠭᠤᠯᠤᠯ 1 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ | | | | | | | | | ᠳᠠᠭᠠᠯᠳᠤᠭᠤᠯᠤᠯ 2 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠠᠶᠢᠯᠪᠤᠷᠢ | | | 1.1 ᠡᠵᠡᠩᠨᠡᠯᠲᠡ ᠶᠢᠨ ᠣᠷᠣᠯᠭ᠎ᠠ ᠳᠠᠬᠢ ᠰᠤᠳᠤᠯᠤᠨ ᠨᠡᠭᠡᠭᠡᠬᠦ ᠵᠠᠷᠤᠳᠠᠯ ᠤᠨ ᠳᠣᠲᠣᠭᠠᠳᠤ ᠵᠠᠷᠤᠯᠭ᠎ᠠ ᠶᠢᠨ | ᠡᠵᠡᠯᠡᠬᠦ ᠬᠠᠷᠢᠴᠠᠯ | ᠪᠤᠳᠤᠬᠤ ᠲᠣᠮᠢᠶ᠎ᠠ᠄ ᠠᠵᠤ ᠠᠬᠤᠶᠢᠯᠠᠯ ᠤᠨ R& D ᠵᠠᠷᠤᠳᠠᠯ ᠤᠨ ᠳᠣᠲᠣᠭᠠᠳᠤ ᠵᠠᠷᠤᠯᠭ᠎ᠠ ᠶᠢᠨ | ᠲᠣᠭᠠᠴᠠᠭ᠎ᠠ ᠬᠢᠭᠰᠡᠨ ᠥᠷᠲᠡᠭ / ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠳᠤ ᠣᠷᠣᠭᠤᠯᠤᠯᠲᠠ | ᠬᠢᠬᠦ ᠬᠦᠴᠦᠯᠡᠴᠡ ᠶᠢ ᠬᠡᠮᠵᠢᠬᠦ ᠨᠡᠶᠢᠳᠡᠮ ᠬᠡᠷᠡᠭᠯᠡᠬᠦ ᠭᠦᠢᠴᠡᠳᠬᠡᠯ ᠲᠤᠭ᠎ᠠ ᠂ ᠡᠨᠡ ᠨᠢ ᠬᠦᠷᠢᠶᠡᠯᠡᠩ ᠲᠣᠭᠤᠷᠢᠭ ᠤᠨ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠬᠤᠯᠠᠴᠢᠯᠠᠵᠤ ᠪᠠᠶᠢᠭ᠎ᠠ | ᠬᠡᠮᠵᠢᠶ᠎ᠡ ᠵᠢᠴᠢ ᠣᠷᠣᠭᠤᠯᠤᠯᠲᠠ ᠶᠢᠨ ᠴᠢᠳᠠᠪᠤᠷᠢ ᠶᠢ ᠲᠤᠰᠬᠠᠵᠤ ᠪᠠᠶᠢᠭ᠎ᠠ ᠶᠤᠮ ᠃ | 1.2 ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ | ᠪᠣᠳᠣᠬᠤ ᠲᠣᠮᠢᠶ᠎ᠠ᠄ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ / | ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ × 100 % | ᠭᠦᠢᠴᠡᠳᠬᠡᠯ ᠲᠣᠭᠠᠨ ᠤ ᠲᠠᠶᠢᠯᠪᠤᠷᠢ᠄ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠷᠤᠯᠭ᠎ᠠ ᠭᠡᠳᠡᠭ ᠨᠢ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢ ᠳᠡᠮᠵᠢᠬᠦ ᠳᠤ | ᠬᠡᠷᠡᠭᠯᠡᠭᠰᠡᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ ᠶᠢ ᠵᠢᠭᠠᠵᠤ ᠪᠤᠢ﹔ ᠡᠩ ᠤᠨ ᠣᠯᠠᠨ ᠨᠡᠶᠢᠲᠡ ᠶᠢᠨ | ᠲᠥᠰᠥᠪ ᠤᠨ ᠵᠠᠷᠤᠯᠭ᠎ᠠ ᠭᠡᠳᠡᠭ ᠨᠢ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠯᠠᠨ | ᠨᠡᠶᠢᠲᠡ ᠶᠢᠨ ᠦᠢᠯᠡᠳᠬᠦᠨ ᠪᠠ ᠦᠢᠯᠡᠴᠢᠯᠡᠭᠡ ᠬᠠᠩᠭᠠᠵᠤ ᠂ ᠨᠡᠶᠢᠭᠡᠮ ᠤᠨ ᠬᠠᠮᠲᠤ ᠶᠢᠨ ᠬᠡᠷᠡᠭᠴᠡᠭᠡ ᠶᠢ | ᠬᠠᠩᠭᠠᠬᠤ ᠶᠢᠨ ᠲᠥᠯᠥᠭᠡ ᠬᠢᠭᠰᠡᠨ ᠡᠳ᠋ ᠤᠨ ᠵᠠᠰᠠᠭ ᠤᠨ ᠪᠡᠯᠡ ᠮᠥᠩᠭᠦᠨ ᠤ ᠵᠠᠷᠤᠯᠭ᠎ᠠ ᠶᠢᠨ ᠲᠥᠰᠥᠪ ᠤᠨ | ᠭᠦᠢᠴᠡᠳᠬᠡᠯ ᠲᠤᠭ᠎ᠠ〔 ᠲᠤᠰᠠᠭᠠᠷ ᠨᠢᠭᠡ ᠱᠠᠲᠤᠨ ᠤ ᠡᠳ᠋ ᠤᠨ ᠵᠠᠰᠠᠭ ᠲᠤ ᠥᠯᠥ ᠬᠠᠷᠢᠶᠠᠯᠠᠭᠳᠠᠬᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠨᠢ ᠲᠡᠭᠦᠨ ᠤ ᠪᠠᠶᠢᠭ᠎ᠠ ᠬᠤᠰᠢᠭᠤ ᠰᠢᠶᠠᠨ ︵ ᠬᠤᠲᠠ ᠂ ᠲᠣᠭᠤᠷᠢᠭ︶ ᠤ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ ᠪᠠ | ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ 〕 ᠶᠢ ᠵᠢᠭᠠᠵᠤ | ᠪᠣᠶ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠪᠠ | ᠣᠷᠣᠭᠤᠯᠤᠯᠲᠠ ᠶᠢᠨ ᠡᠷᠴᠢᠮ ᠢ ᠲᠤᠰᠬᠠᠵᠤ ᠪᠠᠶᠢᠭ᠎ᠠ ᠶᠤᠮ ᠃ | 1.3 ᠨᠡᠪᠴᠢᠭᠦᠯᠬᠦ ᠲᠠᠯᠠᠪᠠᠶ ᠬᠢᠭᠡᠳ ᠮᠢᠩᠭᠠᠨ ᠲᠡᠭᠰᠢ ᠳᠥᠷᠪᠡᠯᠵᠢᠨ ᠮᠧᠲᠷ ᠪᠦᠷᠢ ᠶᠢᠨ ᠨᠡᠪᠴᠢᠭᠦᠯᠬᠦ | ᠲᠠᠯᠠᠪᠠᠶ ᠳᠠᠬᠢ ᠨᠡᠪᠴᠢᠭᠦᠯᠬᠦ ᠠᠵᠤ ᠠᠬᠤᠶᠢᠯᠠᠯ ᠤᠨ ᠲᠤᠭ᠎ᠠ | ᠪᠣᠳᠣᠬᠤ ᠲᠣᠮᠢᠶ᠎ᠠ᠄ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠤᠨ ᠲᠤᠭ᠎ᠠ / ︵ ᠨᠡᠪᠴᠢᠭᠦᠯᠬᠦ ᠲᠠᠯᠠᠪᠠᠶ / | 1000︶ | ᠭᠦᠢᠴᠡᠳᠬᠡᠯ ᠲᠣᠭᠠᠨ ᠤ ᠲᠠᠶᠢᠯᠪᠤᠷᠢ᠄ ᠨᠡᠪᠴᠢᠭᠦᠯᠬᠦ ᠲᠠᠯᠠᠪᠠᠶ ᠭᠡᠳᠡᠭ ᠨᠢ ᠮᠠᠭᠠᠳᠯᠠᠨ ᠲᠣᠭᠲᠠᠭᠠᠭᠰᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠪᠠᠷᠢᠯᠭ᠎ᠠ ᠶᠢᠨ ᠲᠠᠯᠠᠪᠠᠶ ᠶᠢ | ᠵᠢᠭᠠᠵᠤ ᠪᠤᠢ ᠃ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠤᠨ ᠲᠤᠭ᠎ᠠ ᠭᠡᠳᠡᠭ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠳᠣᠲᠣᠭᠠᠳᠤ ᠳᠤ ᠨᠢ ᠡᠵᠡᠩᠨᠡᠬᠦ ᠶᠢᠨ ᠬᠠᠮᠲᠤ ᠲᠣᠰ | ᠨᠡᠪᠴᠢᠭᠦᠯᠦᠭᠦᠷ ᠤᠨ ᠬᠠᠩᠭᠠᠭᠰᠠᠨ ᠨᠡᠪᠴᠢᠭᠦᠯᠬᠦ ᠦᠢᠯᠡᠴᠢᠯᠡᠭᠡ ᠶᠢ ᠭᠥᠯᠢᠶᠡᠨ ᠠᠪᠬᠤ ᠠᠵᠤ ᠠᠬᠤᠶᠢᠯᠠᠯ ᠤᠨ ᠲᠤᠭ᠎ᠠ | ᠬᠡᠮᠵᠢᠶ᠎ᠡ ᠶᠢ ᠵᠢᠭᠠᠵᠤ ᠪᠣᠶ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠴᠦ | ᠦᠢᠯᠡᠰ ᠴᠣᠭᠴᠠᠯᠠᠬᠤ ᠲᠠᠯ᠎ᠠ ᠪᠠᠷ ᠬᠢ ᠨᠡᠪᠴᠢᠭᠦᠯᠬᠦ ᠴᠢᠳᠠᠪᠤᠷᠢ ᠵᠢᠴᠢ ᠨᠡᠪᠴᠢᠭᠦᠯᠬᠦ ᠬᠦᠴᠦᠯᠡᠴᠡ ᠶᠢ ᠲᠤᠰᠬᠠᠵᠤ | ᠪᠠᠶᠢᠭ᠎ᠠ ᠶᠤᠮ ᠃ 1.4 ᠠᠵᠢᠯ ᠡᠷᠬᠢᠯᠡᠭᠰᠡᠳ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠲᠠᠨ ᠤ ᠪᠣᠳᠠᠲᠠᠢ | ᠠᠵᠢᠯᠯᠠᠭᠰᠠᠨ ᠴᠠᠭ ᠢᠶᠠᠷ ᠨᠤᠭᠤᠯᠤᠨ ᠪᠤᠳᠤᠨᠨᠰᠠᠨ ᠠᠵᠢᠯ ᠤᠨ ᠬᠡᠮᠵᠢᠶᠡᠨ ᠤ ᠡᠵᠡᠯᠡᠬᠦ ᠬᠠᠷᠢᠴᠠᠯ | ᠪᠤᠳᠤᠬᠤ ᠲᠣᠮᠢᠶ᠎ᠠ᠄ ᠠᠵᠤ ᠠᠬᠤᠶᠢᠯᠠᠯ ᠤᠨ R & D ᠠᠵᠢᠯᠲᠠᠨ ᠤ ᠪᠣᠳᠠᠲᠠᠢ ᠠᠵᠢᠯᠯᠠᠭᠰᠠᠨ ᠴᠠᠭ ᠢᠶᠠᠷ | ᠨᠤᠭᠤᠯᠤᠨ ᠪᠤᠳᠤᠭᠰᠠᠨ ᠠᠵᠢᠯ ᠤᠨ ᠬᠡᠮᠵᠢᠶ᠎ᠡ ᠪᠠᠷ ᠲᠣᠭᠠᠴᠠᠭᠠᠯᠠᠭᠰᠠᠨ ᠬᠡᠮᠵᠢᠭᠳᠡᠯ / ᠠᠵᠢᠯ ᠡᠷᠬᠢᠯᠡᠭᠰᠡᠳ ᠤᠨ | ᠬᠤᠭᠤᠴᠠᠭᠠᠨ ᠡᠴᠦᠰ ᠤᠨ ᠲᠤᠭ᠎ᠠ ᠃ | ᠭᠦᠢᠴᠡᠳᠬᠡᠯ ᠲᠣᠭᠠᠨ ᠤ ᠲᠠᠶᠢᠯᠪᠤᠷᠢ᠄ ᠡᠨᠡ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠠᠵᠢᠯᠲᠠᠨ ᠤ ᠪᠣᠳᠠᠲᠠᠢ ᠣᠷᠣᠭᠤᠯᠤᠯᠲᠠ ᠶᠢᠨ ᠡᠷᠴᠢᠮ ᠢ ᠬᠡᠮᠵᠢᠶᠡᠯᠡᠵᠦ ᠂ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠮᠥᠨ ᠤ ᠬᠦᠴᠦᠨ ᠤ ᠣᠷᠣᠭᠤᠯᠤᠯᠲᠠ ᠪᠠᠨ ᠴᠢᠩᠭᠠᠳᠬᠠᠬᠤ ᠶᠢ | ᠵᠣᠷᠢᠭᠵᠢᠭᠤᠯᠬᠤ ᠳᠤ ᠪᠤᠢ ᠃ | 1.5 ᠵᠠᠭᠤᠨ ᠡᠷᠦᠬᠡ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠦᠷᠢ ᠳᠤ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠲᠠᠢ ᠪᠠᠶᠢᠬᠤ ᠲᠤᠭ᠎ᠠ ᠬᠡᠮᠵᠢᠶ᠎ᠡ | ᠪᠤᠳᠤᠬᠤ ᠲᠣᠮᠢᠶ᠎ᠠ᠄ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠰᠤᠳᠤᠯᠤᠨ ᠨᠡᠭᠡᠭᠡᠬᠦ | ᠪᠠᠶᠢᠭᠤᠯᠤᠮᠵᠢ ᠶᠢᠨ ᠶᠡᠷᠦᠩᠬᠡᠢ ᠲᠤᠭ᠎ᠠ / ︵ ᠬᠦᠷᠢᠶᠡᠯᠡᠩ ᠲᠣᠭᠤᠷᠢᠭ ᠲᠠᠬᠢ ᠬᠠᠤᠯᠢ ᠶᠢᠨ ᠡᠷᠬᠡᠲᠡᠨ ᠤ ᠠᠵᠤ | ᠠᠬᠤᠶᠢᠯᠠᠯ ᠤᠨ ᠲᠤᠭ᠎ᠠ /100︶ | ᠭᠦᠢᠴᠡᠳᠬᠡᠯ ᠲᠣᠭᠠᠨ ᠤ ᠲᠠᠶᠢᠯᠪᠤᠷᠢ᠄ ᠰᠢᠨ᠎ᠡ ᠶᠢ ᠡᠭᠦᠳᠬᠦ ᠲᠠᠪᠴᠠᠩ ᠤᠨ ᠲᠤᠭ᠎ᠠ ᠬᠡᠮᠵᠢᠶ᠎ᠡ ᠭᠡᠳᠡᠭ ᠨᠢ | ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠠᠭᠠᠳᠯᠠᠨ | ᠲᠣᠭᠲᠠᠭᠠᠭᠰᠠᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠂ ᠬᠠᠮᠲᠤᠷᠠᠭᠰᠠᠨ ᠲᠤᠷᠰᠢᠯᠲᠠ ᠶᠢᠨ ᠲᠠᠰᠤᠭ ᠂ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ ᠢᠨᠵᠧᠨᠧᠷᠢᠩ ︵ ᠮᠡᠷᠭᠡᠵᠢᠯ︶ ᠤᠨ ᠰᠤᠳᠤᠯᠭᠠᠨ ᠤ ᠲᠥᠪ ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠂ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠂ | ᠬᠠᠮᠵᠢᠯᠴᠠᠨ ᠰᠢᠨ᠎ᠡ ᠶᠢ ᠡᠭᠦᠳᠬᠦ ᠲᠥᠪ ᠂ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠂ ᠦᠶᠯᠡᠳᠬᠦ | ᠦᠢᠯᠡᠰ ᠤᠨ ᠰᠢᠨ᠎ᠡ ᠶᠢ ᠡᠭᠦᠳᠬᠦ ᠲᠥᠪ ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠂ ᠠᠵᠤ ᠦᠢᠯᠡᠳᠪᠦᠷᠢ ᠶᠢᠨ | ᠵᠢᠷᠤᠭ ᠲᠥᠯᠥᠪᠯᠡᠭᠡᠨ ᠤ ᠲᠥᠪ ᠂ ᠶᠠᠰᠤ ᠴᠢᠨᠠᠷ ᠢ ᠪᠠᠶᠢᠴᠠᠭᠠᠬᠤ ᠲᠥᠪ ᠂ ᠮᠡᠷᠭᠡᠵᠢᠯ ᠤᠨ ᠪᠠᠷᠢᠮᠵᠢᠶᠠᠨ ᠤ ᠰᠢᠨ᠎ᠡ ᠶᠢ | ᠡᠭᠦᠳᠬᠦ ᠰᠠᠭᠤᠷᠢᠨ ᠭᠠᠵᠠᠷ ᠵᠡᠷᠭᠡ ᠶᠢᠨ ᠲᠤᠭ᠎ᠠ ᠬᠡᠮᠵᠢᠶ᠎ᠡ ᠶᠢ ᠵᠢᠭᠠᠵᠤ ᠪᠣᠶ ᠃ ᠲᠣᠰ ᠭᠦᠢᠴᠡᠳᠬᠡᠯ ᠲᠤᠭ᠎ᠠ ᠨᠢ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠢ | ᠲᠤᠰᠬᠠᠵᠤ ᠪᠠᠶᠢᠭ᠎ᠠ ᠶᠤᠮ ᠃ 1.6 ᠲᠦᠮᠡᠨ ᠠᠵᠢᠯ ᠡᠷᠬᠢᠯᠡᠭᠰᠡᠳ ᠪᠦᠷᠢ ᠶᠢᠨ ᠡᠭᠦᠳᠦᠨ ᠪᠦᠲᠦᠭᠡᠯᠲᠡ ᠶᠢᠨ | ᠲᠤᠰᠬᠠᠢ ᠠᠰᠢᠭ ᠲᠠᠢ ᠪᠠᠶᠢᠬᠤ ᠬᠡᠮᠵᠢᠶ᠎ᠡ | ᠪᠣᠳᠣᠬᠤ ᠲᠣᠮᠢᠶ᠎ᠠ᠄ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ / ︵ ᠠᠵᠤ | ᠠᠬᠤᠶᠢᠯᠠᠯ ᠤᠨ ᠠᠵᠢᠯ ᠡᠷᠬᠢᠯᠡᠭᠰᠡᠳ ᠤᠨ ᠲᠤᠭ᠎ᠠ / 10000︶ | ᠭᠦᠢᠴᠡᠳᠬᠡᠯ ᠲᠣᠭᠠᠨ ᠤ ᠲᠠᠶᠢᠯᠪᠤᠷᠢ ᠄ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ | ᠭᠡᠳᠡᠭ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠡᠪᠴᠢᠶᠡᠨ ᠳᠤ ᠪᠠᠶᠢᠭ᠎ᠠ ᠬᠦᠴᠦᠨ ᠪᠦᠬᠦᠢ ᠡᠭᠦᠳᠦᠨ | ᠪᠦᠲᠦᠭᠡᠯᠲᠡ ᠶᠢᠨ ᠲᠤᠰᠬᠠᠢ ᠠᠰᠢᠭ ᠤᠨ ᠲᠤᠭ᠎ᠠ ᠬᠡᠮᠵᠢᠶ᠎ᠡ ᠶᠢ ᠵᠢᠭᠠᠵᠤ ᠪᠤᠢ ᠃ ᠡᠨᠡ ᠨᠢ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ | ᠴᠢᠳᠠᠪᠤᠷᠢ ᠶᠢ ᠲᠤᠰᠬᠠᠵᠤ ᠪᠠᠶᠢᠭ᠎ᠠ ᠶᠤᠮ ᠃ | 1.7 ᠬᠥᠮᠥᠨ ᠳᠤᠮᠳᠠᠴᠢ ᠶᠢᠨ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ | ᠪᠤᠳᠤᠬᠤ ᠲᠣᠮᠢᠶ᠎ᠠ᠄ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ / ᠠᠵᠢᠯ ᠡᠷᠬᠢᠯᠡᠭᠰᠡᠳ ᠤᠨ | ᠬᠤᠭᠤᠴᠠᠭᠠᠨ ᠡᠴᠦᠰ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠮᠡᠷᠭᠡᠵᠢᠯ ᠤᠨ ᠠᠷᠠᠯᠵᠢᠶᠠᠨ ᠤ | ᠬᠥᠭᠵᠢᠶᠡᠨᠲᠦ ᠪᠠᠶᠢᠳᠠᠯ ᠢ ᠬᠡᠮᠵᠢᠶᠡᠯᠡᠵᠦ ᠂ ᠡᠨᠡ ᠨᠢ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠬᠦ ᠦᠢᠯᠡᠴᠢᠯᠡᠭᠡᠨ ᠤ ᠦᠢᠯᠡᠰ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠤᠭᠰᠠᠨ ᠬᠥᠭᠵᠢᠯᠲᠡ ᠶᠢᠨ ᠪᠠᠶᠢᠳᠠᠯ ᠢ ᠬᠠᠷᠠᠭᠤᠯᠵᠤ ᠪᠠᠶᠢᠭ᠎ᠠ ᠶᠤᠮ ᠃ | 2.1 ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠴᠡᠪᠡᠷ ᠨᠡᠮᠡᠭᠳᠡᠯ ᠤᠨ | ᠲᠤᠭ᠎ᠠ | ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ - | ᠳᠡᠭᠡᠷ᠎ᠡ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠳ ᠢ ᠬᠥᠲᠥᠯᠥᠨ ᠵᠢᠯᠤᠭᠤᠳᠴᠤ ᠪᠠᠶᠢᠭᠠᠳ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠡᠳᠡᠬᠦᠯᠦᠬᠦᠯᠵᠦ ᠂ ᠬᠦᠷᠢᠶᠡᠯᠡᠩ ᠲᠣᠭᠤᠷᠢᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠤᠭᠰᠠᠨ ᠪᠠᠶᠢᠳᠠᠯ ᠢ ᠬᠡᠮᠵᠢᠵᠦ ᠂ | ᠠᠵᠤ ᠦᠢᠯᠡᠰ ᠤᠨ ᠥᠷᠲᠡᠭ ᠤᠨ ᠬᠡᠮᠵᠢᠶᠡᠨ ᠤ ᠳᠡᠭᠡᠭᠰᠢᠯᠡᠯᠲᠡ ᠶᠢ ᠠᠬᠢᠭᠤᠯᠬᠤ ᠳᠤ ᠪᠤᠢ ᠃ | 2.2 ᠲᠤᠬᠠᠢ ᠶᠢᠨ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠤᠨ ᠴᠡᠪᠡᠷ ᠨᠡᠮᠡᠭᠳᠡᠯ ᠤᠨ ᠲᠤᠭ᠎ᠠ | ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ - ᠳᠡᠭᠡᠷ᠎ᠡ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠬᠥᠮᠥᠷᠭᠡᠯᠡᠨ | ᠳᠠᠩᠰᠠᠯᠠᠭᠤᠯᠵᠤ ᠂ ᠡᠨᠡ ᠨᠢ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠤᠨ ᠲᠠᠯ᠎ᠠ ᠪᠠᠷ ᠬᠢ ᠰᠢᠨ᠎ᠡ ᠬᠦᠴᠦᠨ ᠢ ᠪᠣᠶᠢᠵᠢᠭᠤᠯᠤᠭᠰᠠᠨ ᠪᠠᠶᠢᠳᠠᠯ ᠢ ᠲᠤᠰᠬᠠᠵᠤ | ᠪᠠᠶᠢᠭ᠎ᠠ ᠶᠤᠮ ᠃ | 2.3 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ | ᠬᠤᠪᠢ ᠶᠢᠨ ᠵᠢᠩ ᠵᠢᠴᠢ ᠵᠢᠯ ᠤᠨ ᠨᠡᠮᠡᠭᠳᠡᠯ ᠤᠨ ᠬᠡᠮᠵᠢᠶ᠎ᠡ | ᠪᠤᠳᠤᠬᠤ ᠲᠣᠮᠢᠶ᠎ᠠ᠄ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ | ᠡᠵᠡᠩᠨᠡᠯᠲᠡ ᠶᠢᠨ ᠪᠦᠬᠦ ᠣᠷᠣᠯᠭ᠎ᠠ / ᠨᠢᠭᠡᠳᠦᠯᠲᠡᠢ ᠲᠥᠯᠥᠪᠯᠡᠭᠡ ᠳᠤ ᠣᠷᠣᠭᠤᠯᠤᠭᠰᠠᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠡᠵᠡᠩᠨᠡᠯᠲᠡ ᠶᠢᠨ ᠪᠦᠬᠦ ᠣᠷᠣᠯᠭ᠎ᠠ × 100 % ×ᠵᠢᠴᠢ ᠲᠣᠰ ᠵᠢᠯ ᠤᠨ ᠬᠤᠪᠢ ᠶᠢᠨ | ᠵᠢᠩ - ᠳᠡᠭᠡᠷ᠎ᠡ ᠵᠢᠯ ᠤᠨ ᠬᠤᠪᠢ ᠶᠢᠨ ᠵᠢᠩ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠭᠡᠳᠡᠭ ᠨᠢ ᠤᠯᠤᠰ ᠠᠷᠠᠳ ᠤᠨ ᠠᠵᠤ ᠠᠬᠤᠢ ᠶᠢᠨ ᠠᠵᠢᠯ | ᠲᠥᠷᠥᠯ ᠳᠠᠬᠢ R & D ᠣᠷᠣᠭᠤᠯᠤᠯᠲᠠ ᠶᠢᠨ ᠡᠷᠴᠢᠮ ᠢᠶᠠᠷ ᠬᠠᠷᠢᠴᠠᠩᠭᠤᠢ ᠥᠨᠳᠥᠷ ᠦᠶᠯᠡᠳᠬᠦ ᠦᠢᠯᠡᠰ ᠤᠨ | ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠬᠡᠮᠵᠢᠭᠳᠡᠯ ᠢ ᠵᠢᠭᠠᠵᠤ ᠪᠤᠢ ᠃ ᠡᠨᠡ ᠨᠢ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠤᠰᠬᠠᠵᠤ ᠪᠠᠶᠢᠭ᠎ᠠ ᠶᠤᠮ ᠃ | 2.4 ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠵᠢᠴᠢ ᠵᠢᠯ ᠤᠨ ᠨᠡᠮᠡᠭᠳᠡᠯ ᠤᠨ ᠬᠡᠮᠵᠢᠶ᠎ᠡ | ᠪᠤᠳᠤᠬᠤ ᠲᠣᠮᠢᠶ᠎ᠠ᠄ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ | ᠡᠵᠡᠩᠨᠡᠯᠲᠡ ᠶᠢᠨ ᠪᠦᠭᠦ ᠣᠷᠣᠯᠭ᠎ᠠ / ᠠᠯᠢᠪᠠ ᠨᠢᠭᠡᠳᠦᠯᠲᠡᠢ ᠲᠥᠯᠥᠪᠯᠡᠭᠡ ᠳᠤ ᠣᠷᠣᠭᠤᠯᠤᠭᠰᠠᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠵᠢᠴᠢ ᠲᠣᠰ ᠵᠢᠯ ᠤᠨ ᠡᠵᠡᠯᠡᠬᠦ ᠬᠠᠷᠢᠴᠠᠯ ᠬᠡᠮᠵᠢᠭᠳᠡᠯ - ᠳᠡᠭᠡᠷ᠎ᠡ | ᠵᠢᠯ ᠤᠨ ᠡᠵᠡᠯᠡᠬᠦ ᠬᠠᠷᠢᠴᠠᠯ ᠬᠡᠮᠵᠢᠭᠳᠡᠯ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠪᠠᠶᠢᠳᠠᠯ ᠢ ᠲᠤᠰᠬᠠᠬᠤ ᠶᠢᠨ ᠬᠠᠮᠲᠤ ᠂ ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ | ᠦᠢᠯᠡᠰ ᠬᠥᠭᠵᠢᠭᠦᠯᠬᠦ ᠶᠢ ᠴᠢᠬᠤᠯᠠᠴᠢᠯᠠᠨ ᠵᠣᠷᠢᠭᠵᠢᠭᠤᠯᠬᠤ ᠳᠤ ᠪᠤᠢ ᠃ | 2.5 ᠲᠦᠭᠰᠢᠭᠦᠷᠢᠲᠦ ᠪᠡᠯᠡ ᠣᠷᠣᠭᠤᠯᠤᠯᠲᠠ ᠣᠯᠣᠭᠰᠠᠨ ᠠᠵᠤ ᠠᠬᠤᠶᠢᠯᠠᠯ ᠤᠨ ᠲᠤᠭ᠎ᠠ | ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠬᠦᠷᠢᠶᠡᠯᠡᠩ ᠲᠣᠭᠤᠷᠢᠭ ᠲᠠᠬᠢ ᠲᠦᠭᠰᠢᠭᠦᠷᠢᠲᠦ ᠪᠡᠯᠡ | ᠣᠷᠣᠭᠤᠯᠤᠯᠲᠠ ᠣᠯᠣᠭᠰᠠᠨ ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠳᠠᠬᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠮᠥᠩᠭᠦᠨ ᠭᠦᠢᠯᠭᠡᠭᠡ ᠪᠠ ᠲᠦᠭᠰᠢᠭᠦᠷᠢᠳᠦ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ | ᠲᠤᠰᠬᠠᠵᠤ ᠂ ︽ᠡᠬᠢᠯᠡᠬᠦ ᠳᠤ ᠮᠡᠷᠭᠡᠵᠢᠯ ᠂ ᠪᠦᠳᠦᠬᠦ ᠳᠤ ᠬᠥᠷᠥᠩᠭᠡ︾ ᠭᠡᠳᠡᠭ ᠢ ᠬᠠᠷᠠᠭᠤᠯᠤᠨ ᠂ ᠰᠢᠨ᠎ᠡ ᠠᠵᠤ | ᠦᠢᠯᠡᠰ ᠤᠨ ᠪᠦᠷᠢᠯᠳᠦᠬᠦ ᠶᠢ ᠠᠬᠢᠭᠤᠯᠵᠤ ᠂ ᠰᠲ᠋ᠣᠺ ᠤᠨ ᠵᠠᠬ᠎ᠠ ᠳᠤ ᠭᠠᠷᠤᠭᠠᠳᠤᠢ ᠠᠩᠬ᠎ᠠ ᠡᠭᠦᠳᠦᠭᠰᠡᠨ ᠠᠵᠤ | ᠠᠬᠤᠶᠢᠯᠠᠯ ᠢᠯᠡᠷᠡᠬᠦ ᠨᠢᠭᠤᠭᠳᠠᠮᠠᠯ ᠬᠦᠴᠦᠨ ᠢ ᠳᠡᠭᠡᠭᠰᠢᠯᠡᠬᠦᠯᠬᠦ ᠳᠤ ᠪᠤᠢ ᠃ | 2.6 ᠨᠢᠭᠡᠴᠢ ᠭᠠᠵᠠᠷ ᠰᠢᠷᠣᠢ ᠶᠢᠨ ᠭᠠᠷᠭᠠᠯᠲᠠ ᠶᠢᠨ ᠬᠦᠴᠦᠯᠡᠴᠡ ᠵᠢᠴᠢ ᠦᠯᠡᠳᠡᠭᠡᠯ ᠭᠠᠵᠠᠷ ᠰᠢᠷᠣᠢ ᠶᠢ | ᠴᠢᠯᠦᠭᠡᠲᠡᠢ ᠭᠦᠢᠯᠭᠡᠭᠡᠬᠦ ᠬᠠᠷᠢᠴᠠᠯ | ᠪᠤᠳᠤᠬᠤ ᠲᠣᠮᠢᠶ᠎ᠠ᠄ ᠨᠢᠭᠡᠴᠢ ᠭᠠᠵᠠᠷ ᠰᠢᠷᠣᠢ ᠶᠢᠨ ᠭᠠᠷᠭᠠᠯᠲᠠ ᠶᠢᠨ ᠬᠦᠴᠦᠯᠡᠴᠡ = ᠠᠵᠤ | ᠦᠢᠯᠡᠳᠪᠦᠷᠢ ᠶᠢᠨ ᠶᠡᠷᠦᠩᠬᠡᠢ ᠥᠷᠲᠡᠭ / ᠬᠦᠷᠢᠶᠡᠯᠡᠩ ᠲᠣᠭᠤᠷᠢᠭ ᠤᠨ ᠪᠣᠳᠠᠲᠠᠢ ᠨᠡᠭᠡᠭᠡᠨ ᠠᠰᠢᠭᠯᠠᠭᠰᠠᠨ | ᠲᠠᠯᠠᠪᠠᠶ﹔ ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠬᠦ ᠬᠠᠷᠢᠴᠠᠯ = ᠴᠢᠯᠦᠭᠡᠲᠡᠢ ᠭᠦᠢᠯᠭᠡᠭᠡᠬᠦ | ᠦᠯᠡᠳᠡᠭᠡᠯ ᠭᠠᠵᠠᠷ ᠰᠢᠷᠣᠢ ᠶᠢᠨ ᠲᠠᠯᠠᠪᠠᠶ / ᠦᠯᠡᠳᠡᠭᠡᠯ ᠭᠠᠵᠠᠷ ᠰᠢᠷᠣᠢ ᠶᠢᠨ ᠶᠡᠷᠦᠩᠬᠡᠢ ᠲᠠᠯᠠᠪᠠᠶ | ᠭᠦᠢᠴᠡᠳᠬᠡᠯ ᠲᠣᠭᠠᠨ ᠤ ᠲᠠᠶᠢᠯᠪᠤᠷᠢ᠄ ᠡᠨᠡ ᠬᠦ ᠭᠦᠢᠴᠡᠳᠬᠡᠯ ᠲᠤᠭ᠎ᠠ ᠨᠢ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠲᠤᠰᠬᠠᠵᠤ ᠪᠠᠶᠢᠭ᠎ᠠ ᠶᠤᠮ ᠃ | 2.7 ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ | ᠨᠡᠮᠡᠭᠳᠡᠯ ᠤᠨ ᠨᠣᠷᠮ᠎ᠠ | ᠪᠤᠳᠤᠬᠤ ᠲᠣᠮᠢᠶ᠎ᠠ᠄ ︵ ᠲᠤᠰ ᠵᠢᠯ ᠤᠨ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠭᠠᠳᠠᠭᠰᠢᠯᠠᠭᠤᠯᠬᠤ ᠬᠡᠮᠵᠢᠶ᠎ᠡ - ᠳᠡᠭᠡᠷ᠎ᠡ ᠵᠢᠯ ᠤᠨ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ︶ / ᠳᠡᠭᠡᠷ᠎ᠡ ᠵᠢᠯ ᠤᠨ ᠬᠦᠷᠢᠶᠡᠯᠡᠩ ᠲᠣᠭᠤᠷᠢᠭ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ | ᠭᠦᠢᠴᠡᠳᠬᠡᠯ ᠲᠤᠭ᠎ᠠ ᠶᠢᠨ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠬᠦᠯᠡᠮᠵᠢ ᠶᠢᠨ ᠬᠡᠢ ᠪᠡᠶᠡᠲᠦ | ᠭᠠᠳᠠᠭᠰᠢᠯᠠᠭᠤᠯᠬᠤ ᠶᠡᠷᠦᠩᠬᠡᠢ ᠬᠡᠮᠵᠢᠶᠡᠨ ᠤ ᠬᠤᠪᠢᠷᠠᠯᠲᠠ ᠶᠢᠨ ᠬᠠᠨᠳᠤᠰᠢ ᠶᠢ ᠬᠡᠮᠵᠢᠶᠡᠯᠡᠬᠦ ᠮᠥᠷᠲᠡᠭᠡᠨ ᠠᠵᠤ | ᠦᠢᠯᠡᠰ ᠤᠨ ᠪᠦᠲᠦᠴᠡ ᠶᠢ ᠲᠣᠬᠢᠷᠠᠭᠤᠯᠬᠤ ᠡᠷᠴᠢᠮ ᠢ ᠴᠦ ᠲᠤᠰᠬᠠᠵᠤ ᠪᠠᠶᠢᠭ᠎ᠠ ᠶᠤᠮ ᠃ | 2.8 ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠂ ᠬᠥᠭᠵᠢᠯᠲᠡ ᠶᠢ ᠬᠠᠮᠲᠤ ᠳᠤ ᠪᠠᠨ ᠭᠥᠷᠳᠡᠬᠦ ᠂ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠂ ᠪᠣᠬᠢᠷᠳᠤᠯ ᠦᠭᠡᠢ ᠬᠥᠭᠵᠢᠭᠦᠯᠬᠦ ᠂ ᠬᠥᠲᠥᠯᠥᠨ ᠳᠠᠭᠠᠭᠤᠯᠵᠤ | ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠬᠤ ᠶᠢ ᠠᠬᠢᠭᠤᠯᠬᠤ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ ᠂ ᠲᠤᠰᠬᠠᠢ | ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ ᠃ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠦᠢᠯᠡᠰ ᠪᠠ ᠬᠤᠲᠠ ᠶᠢ | ᠠᠭᠤᠰᠤᠯᠴᠠᠭᠤᠯᠤᠨ ᠬᠥᠭᠵᠢᠭᠦᠯᠬᠦ᠂ ᠪᠣᠬᠢᠷᠳᠤᠯ ᠦᠭᠡᠢ ᠬᠥᠭᠵᠢᠭᠦᠯᠬᠦ ᠶᠢ ᠠᠬᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ᠂ ᠣᠷᠣᠰᠢᠨ ᠰᠠᠭᠤᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠬᠤᠲᠠ ᠪᠦᠲᠦᠭᠡᠨ ᠪᠠᠶᠢᠭᠤᠯᠬᠤ ᠶᠢ ᠨᠢ ᠬᠡᠮᠵᠢᠶᠡᠯᠡᠵᠦ᠂ ᠬᠥᠮᠥᠨ ᠢᠶᠠᠷ ᠦᠨᠳᠦᠰᠦ | ᠪᠣᠯᠭᠠᠭᠰᠠᠨ᠂ ᠬᠥᠭᠵᠢᠯᠲᠡ ᠶᠢ ᠬᠠᠮᠲᠤ ᠳᠤ ᠪᠠᠨ ᠬᠦᠷᠲᠡᠬᠦ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠬᠦᠴᠦᠯᠡᠨ | ᠪᠠᠶᠢᠭᠤᠯᠬᠤ ᠳᠤ ᠪᠤᠢ᠃ | 3.1 ᠡᠵᠡᠩᠨᠡᠯᠲᠡ ᠶᠢᠨ ᠣᠷᠣᠯᠭ᠎ᠠ ᠳᠠᠬᠢ ᠠᠵᠤ ᠠᠬᠤᠶᠢᠯᠠᠯ ᠤᠨ ᠣᠷᠣᠨ ᠤ ᠳᠣᠲᠣᠷ᠎ᠠ ᠭᠠᠳᠠᠨᠠᠬᠢ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠤᠯ ᠤᠨ ᠲᠠᠯ᠎ᠠ ᠳᠤ ᠬᠠᠮᠲᠤᠷᠠᠯᠴᠠᠬᠤ ᠵᠠᠷᠤᠳᠠᠯ ᠤᠨ ᠵᠠᠷᠤᠯᠭ᠎ᠠ ᠶᠢᠨ | ᠶᠡᠷᠦᠩᠬᠡᠢ ᠲᠣᠭᠠᠨ ᠤ ᠡᠵᠡᠯᠡᠬᠦ ᠬᠠᠷᠢᠴᠠᠯ | ᠪᠤᠳᠤᠬᠤ ᠲᠣᠮᠢᠶ᠎ᠠ᠄ ᠠᠵᠤ ᠠᠬᠤᠶᠢᠯᠠᠯ ᠤᠨ ᠲᠤᠬᠠᠢ ᠶᠢᠨ ᠵᠢᠯ ︵ᠬᠢᠯᠢ ᠶᠢᠨ ᠳᠣᠲᠣᠷᠠᠬᠢ ᠰᠤᠳᠤᠯᠭᠠᠨ ᠤ | ᠬᠦᠷᠢᠶᠡᠯᠡᠩ ᠭᠠᠵᠠᠷ ᠲᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ ᠳᠣᠲᠣᠷᠠᠬᠢ | ᠳᠡᠭᠡᠳᠦ ᠵᠡᠷᠭᠡ ᠶᠢᠨ ᠰᠤᠷᠭᠠᠭᠤᠯᠢ ᠳᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ | ᠳᠣᠲᠣᠷᠠᠬᠢ ᠪᠤᠰᠤᠳ ᠠᠵᠤ ᠠᠬᠤᠶᠢᠯᠠᠯ ᠳᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ | ᠭᠠᠳᠠᠨᠠᠬᠢ ᠳᠤ ᠨᠠᠶᠢᠳᠠᠵᠤ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠵᠠᠷᠤᠳᠠᠯ ᠤᠨ ᠵᠠᠷᠤᠯᠭ᠎ᠠ + ᠬᠢᠯᠢ ᠶᠢᠨ | ᠭᠠᠳᠠᠨᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠵᠠᠷᠤᠳᠠᠯ ᠤᠨ ᠵᠠᠷᠤᠯᠭ᠎ᠠ + ᠬᠢᠯᠢ ᠶᠢᠨ ᠭᠠᠳᠠᠨᠠᠬᠢ ᠮᠡᠷᠭᠡᠵᠢᠯ ᠢ | ᠣᠷᠣᠭᠤᠯᠤᠨ ᠠᠪᠴᠢᠷᠠᠭᠠᠳ ᠰᠢᠩᠭᠡᠬᠡᠨ ᠡᠵᠡᠮᠰᠢᠬᠦ ᠵᠠᠷᠤᠳᠠᠯ ᠤᠨ ᠵᠠᠷᠤᠯᠭ᠎ᠠ︶ / ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠢᠯᠢ ᠶᠢᠨ | ᠭᠠᠳᠠᠨᠠᠬᠢ ᠳᠤ ᠨᠠᠶᠢᠳᠠᠵᠤ ᠰᠤᠳᠤᠯᠤᠨ ᠨᠡᠭᠡᠭᠡᠬᠦ᠂ ᠮᠡᠷᠭᠡᠵᠢᠯ ᠢ ᠣᠷᠣᠭᠤᠯᠤᠨ ᠠᠪᠴᠢᠷᠠᠬᠤ᠂ ᠰᠢᠩᠭᠡᠬᠡᠨ ᠡᠵᠡᠮᠰᠢᠵᠦ | ᠳᠠᠬᠢᠨ ᠰᠢᠨ᠎ᠡ ᠶᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠠᠶᠢᠭᠠᠳ ᠨᠡᠭᠡᠭᠡᠯᠲᠡᠲᠤ ᠮᠠᠶ᠋ᠢᠭ ᠤᠨ ᠰᠢᠨ᠎ᠡ | ᠡᠭᠦᠳᠦᠯᠲᠡ ᠬᠢᠭᠰᠡᠨ ᠪᠠᠶᠢᠳᠠᠯ ᠢ ᠬᠡᠮᠵᠢᠶᠡᠯᠡᠵᠦ ᠪᠠᠶᠢᠬᠤ ᠮᠥᠷᠲᠡᠭᠡᠨ ᠠᠵᠤ ᠠᠬᠤᠶᠢᠯᠠᠯ ᠤᠨ ᠭᠠᠳᠠᠷ ᠲᠠᠯ᠎ᠠ ᠶᠢᠨ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠤ ᠲᠤᠰᠬᠠᠵᠤ ᠪᠠᠶᠢᠭ᠎ᠠ ᠶᠤᠮ᠃ | 3.2 ᠣᠷᠣᠭᠤᠯᠤᠨ ᠠᠪᠴᠢᠷᠠᠬᠤ ᠪᠤᠶᠤ ᠬᠠᠮᠲᠤᠷᠠᠨ ᠪᠦᠲᠦᠭᠡᠨ ᠪᠠᠶᠢᠭᠤᠯᠤᠭᠰᠠᠨ ᠰᠢᠨ᠎ᠡ ᠶᠢ ᠡᠭᠦᠳᠬᠦ | ᠲᠠᠪᠴᠠᠩ ᠤᠨ ᠲᠤᠭ᠎ᠠ ᠬᠡᠮᠵᠢᠶ᠎ᠡ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠷᠣᠭᠤᠯᠤᠨ | ᠠᠪᠴᠢᠷᠠᠭᠰᠠᠨ ᠪᠤᠶᠤ ᠬᠠᠮᠲᠤᠷᠠᠨ ᠪᠠᠶᠢᠭᠤᠯᠤᠭᠰᠠᠨ ᠰᠤᠳᠤᠯᠤᠨ ᠨᠡᠭᠡᠭᠡᠬᠦ ᠂ ᠦᠷ᠎ᠡ ᠪᠦᠲᠦᠭᠡᠯ ᠢ ᠤᠯᠠᠷᠢᠭᠤᠯᠤᠨ | ᠬᠤᠪᠢᠷᠠᠭᠤᠯᠬᠤ ᠪᠠᠷ ᠭᠤᠣᠯ ᠴᠢᠳᠠᠮᠵᠢ ᠪᠣᠯᠭᠠᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ | ᠪᠠᠶᠢᠭᠤᠯᠤᠮᠵᠢ ᠶᠢ ᠵᠢᠭᠠᠵᠤ ᠪᠤᠢ ᠃ | 3.3 ᠣᠷᠣᠭᠤᠯᠤᠨ ᠠᠪᠴᠢᠷᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠣᠷᠣᠭᠤᠯᠤᠨ ᠠᠪᠴᠢᠷᠠᠭᠰᠠᠨ ᠪᠤᠰᠤᠳ | ᠮᠤᠵᠢ ︵ ᠣᠷᠣᠨ ᠂ ᠬᠤᠲᠠ︶ ᠳᠤ ᠨᠢᠭᠡᠨᠲᠡ ᠮᠠᠭᠠᠳᠯᠠᠨ ᠲᠣᠭᠲᠠᠭᠠᠭᠰᠠ ᠤ ᠬᠠᠮᠲᠤ ᠬᠦᠴᠦᠨ ᠲᠠᠢ | ᠬᠤᠭᠤᠴᠠᠭᠠᠨ ᠳᠤ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ ᠵᠢᠭᠠᠵᠤ | ᠪᠤᠢ ᠃ | 3.4 ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠤᠰᠤᠳ ᠮᠤᠵᠢ ︵ ᠣᠷᠣᠨ ᠂ ᠬᠤᠲᠠ︶ | ᠳᠤ ᠨᠢᠭᠡᠨᠲᠡ ᠮᠠᠭᠠᠳᠯᠠᠨ ᠲᠣᠭᠲᠠᠭᠠᠭᠰᠠᠨ ᠤ ᠬᠠᠮᠲᠤ ᠬᠥᠮᠥᠷᠭᠡᠯᠡᠨ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ ᠵᠢᠭᠠᠵᠤ ᠪᠤᠢ ᠃ | 3.5 ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ | ᠭᠠᠷᠭᠠᠯᠲᠠ ᠶᠢᠨ ᠶᠡᠷᠦᠩᠬᠡᠢ ᠲᠣᠭᠠᠨ ᠤ ᠡᠵᠡᠯᠡᠬᠦ ᠬᠠᠷᠢᠴᠠᠯ | ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ | ᠬᠡᠮᠵᠢᠶᠡᠨ ᠤ ᠨᠡᠶᠢᠲᠡ ᠲᠤᠭ᠎ᠠ / ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠪᠠᠷ ᠢᠶᠠᠨ ᠣᠯᠠᠨ ᠤᠯᠤᠰ ᠤᠨ ᠥᠷᠢᠰᠦᠯᠳᠦᠭᠡᠨ ᠳᠤ ᠣᠷᠤᠯᠴᠠᠬᠤ | ᠴᠢᠳᠠᠪᠤᠷᠢ ᠶᠢ ᠬᠡᠮᠵᠢᠶᠡᠯᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ | ᠬᠡᠮᠵᠢᠶ᠎ᠡ ᠨᠢ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠠᠴᠠ ᠨᠡᠩ | ᠢᠯᠡᠭᠦᠦ ᠨᠤᠲᠤᠭ ᠣᠰᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠣᠯᠠᠨ ᠤᠯᠤᠰ ᠤᠨ | ᠬᠤᠭᠤᠷᠣᠨᠳᠤᠬᠢ ᠥᠷᠢᠰᠦᠯᠳᠦᠬᠦ ᠬᠦᠴᠦᠨ ᠢ ᠲᠤᠰᠬᠠᠵᠤ ᠴᠢᠳᠠᠨ᠎ᠠ᠃ | 3.6 ᠣᠷᠣᠨ ᠤ ᠭᠠᠳᠠᠨᠠᠬᠢ ᠮᠡᠷᠭᠡᠵᠢᠯ ᠢ ᠰᠢᠩᠭᠡᠬᠡᠨ ᠠᠪᠬᠤ ᠭᠡᠷ᠎ᠡ ᠶᠢᠨ ᠠᠷᠠᠯᠵᠢᠶᠠᠨ ᠤ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠣᠷᠣᠨ ᠤ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠤᠯᠠᠷᠢᠭᠤᠯᠤᠭᠰᠠᠨ | ᠠᠷᠠᠯᠵᠢᠶᠠᠨ ᠤ ᠲᠤᠭ᠎ᠠ ᠶᠢ ᠵᠢᠭᠠᠵᠤ ᠪᠣᠶ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠥᠪᠡᠷᠲᠡᠭᠡᠨ ᠵᠠᠰᠠᠬᠤ | ᠣᠷᠣᠨ ᠠᠴᠠ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ | ᠬᠦᠴᠦᠨ ᠴᠢᠳᠠᠪᠤᠷᠢ ᠶᠢ ᠲᠤᠰᠬᠠᠵᠤ ᠪᠠᠶᠢᠭ᠎ᠠ ᠶᠤᠮ᠃ | 4.1 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠪᠦᠲᠦᠮᠵᠢᠲᠠᠢ ᠥᠷᠨᠢᠭᠦᠯᠦᠭᠰᠡᠨ | ᠪᠠᠶᠢᠭᠤᠯᠤᠮᠵᠢ ᠶᠢᠨ ᠲᠤᠭ᠎ᠠ | ᠭᠦᠢᠴᠡᠳᠬᠡᠯ ᠲᠣᠭᠠᠨ ᠤ ᠲᠠᠶᠢᠯᠪᠤᠷᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠭᠡᠳᠡᠭ ᠨᠢ ᠳᠣᠣᠷᠠᠬᠢ ᠦᠢᠯᠡᠴᠢᠯᠡᠭᠡ ᠶᠢ ᠡᠷᠭᠢᠯᠡᠬᠦ ᠪᠠᠶᠢᠭᠤᠯᠤᠮᠵᠢ ᠶᠢ ᠵᠢᠭᠠᠵᠤ ᠪᠣᠢ᠂ ᠡᠭᠦᠨ ᠳᠤ᠄ 1. | ᠰᠢᠨᠵᠢᠯᠡᠬᠦ ᠤᠬᠠᠭᠠᠨ ᠤ ᠰᠤᠳᠤᠯᠤᠯ ᠤᠨ ᠨᠡᠭᠡᠭᠡᠨ ᠬᠥᠭᠵᠢᠭᠦᠯᠦᠯᠲᠡ ᠪᠠ ᠦᠢᠯᠡᠴᠢᠯᠡᠭᠡ︔ 2. ᠮᠡᠷᠭᠡᠵᠢᠯ ᠢ | ᠰᠢᠯᠵᠢᠭᠦᠯᠬᠦ ᠦᠢᠯᠡᠴᠢᠯᠡᠭᠡᠨ︔ 3. ᠦᠢᠯᠡᠰ ᠴᠣᠭᠴᠠᠯᠠᠬᠤ ᠶᠢᠨ ᠨᠡᠪᠴᠢᠭᠦᠯᠬᠦ ᠦᠢᠯᠡᠴᠢᠯᠡᠭᠡᠨ︔ 4. ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠦᠢᠯᠡᠴᠢᠯᠡᠭᠡᠨ︔ 5. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠯᠠᠪᠯᠠᠭ᠎ᠠ ᠶᠢᠨ ᠦᠢᠯᠡᠴᠢᠯᠡᠭᠡᠨ︔ 6. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ | ᠦᠢᠯᠡᠴᠢᠯᠡᠭᠡᠨ︔ 7. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠭᠡᠨ︔ | 8. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠨᠡᠶᠢᠭᠡᠮᠴᠢᠯᠡᠭᠰᠡᠨ ᠦᠢᠯᠡᠴᠢᠯᠡᠭᠡᠨ︔ 9. | ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠵᠡᠷᠭᠡ ᠪᠠᠭᠲᠠᠨ᠎ᠠ᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2014﹈ 49 ᠳ᠋ᠦ᠋ᠭᠡᠷ | ᠲᠣᠭᠠᠲᠤ︶ ᠪᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 142 ᠳ᠋ᠤᠭᠠᠷ ᠲᠣᠭᠠᠲᠤ︶ ᠢᠶᠠᠷ ᠪᠣᠳᠠᠲᠠᠢ ᠯᠠᠪᠯᠠᠯᠲᠠ | ᠪᠣᠯᠭᠠᠨ᠎ᠠ᠃ | 4.2 ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠡᠷᠬᠡ ᠪᠠᠨ ᠲᠠᠯᠪᠢᠨ ᠥᠭᠴᠦ ᠬᠦᠴᠦᠨ ᠴᠢᠳᠠᠮᠵᠢ ᠶᠢ ᠡᠷᠴᠢᠮᠯᠡᠭᠰᠡᠨ ᠪᠠᠶᠢᠳᠠᠯ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ᠂ ᠲᠤᠰᠬᠠᠢ | ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ᠃ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠭ᠎ᠠ ᠭᠠᠵᠠᠷ ᠤᠨ | ᠵᠠᠰᠠᠭ ᠤᠨ ᠣᠷᠳᠣᠨ ᠠᠴᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠣᠬᠢᠴᠠᠩᠭᠤᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠠᠬᠢᠭᠤᠯᠬᠤ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ | ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠠᠶᠢᠮᠠᠭ ᠬᠤᠲᠠ ᠶᠢᠨ ᠱᠠᠲᠤᠨ ᠤ ᠠᠵᠤ ᠠᠬᠤᠢ ᠶᠢᠨ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠣᠯᠭᠤᠭᠰᠠᠨ ᠢ ᠬᠡᠮᠵᠢᠶᠡᠯᠡᠵᠦ᠂ ᠬᠦᠷᠢᠶᠡᠯᠡᠩ ᠲᠣᠭᠤᠷᠢᠭ ᠤᠨ | ᠴᠢᠨᠠᠷ ᠰᠠᠶᠢᠲᠠᠢ ᠬᠥᠭᠵᠢᠯᠲᠡ ᠶᠢᠨ ᠨᠢᠭᠤᠭᠳᠠᠮᠠᠯ ᠬᠦᠴᠦᠨ ᠢ ᠭᠦᠨ ᠲᠠᠰ ᠳᠠᠪᠬᠤᠷᠭ᠎ᠠ ᠠᠴᠠ ᠬᠥᠭᠵᠢᠭᠡᠬᠦ ᠳᠤ ᠪᠤᠢ᠃ | 4.3 ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ | ᠪᠠᠶᠢᠳᠠᠯ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ᠂ ᠲᠤᠰᠬᠠᠢ | ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ᠃ | ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠲᠦᠷᠦᠭᠦᠯᠡᠨ ᠥᠭᠡᠷᠡᠴᠢᠯᠡᠯᠲᠡ ᠬᠢᠵᠦ ᠰᠦᠪᠡᠭᠴᠢᠯᠡᠨ ᠂ ᠶᠡᠷᠦᠩᠬᠡᠶᠢᠯᠡᠭᠰᠡᠨ ᠬᠠᠮᠢᠶᠠᠷᠤᠯᠲᠠ ᠪᠠ ᠵᠠᠰᠠᠭ | ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠢ ᠬᠡᠮᠵᠢᠶᠡᠯᠡᠨ᠎ᠡ ᠃ | | 4.4 ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠵᠡᠮᠳᠡᠵᠦ ᠪᠣᠯᠬᠤ ᠡᠳ᠋ ᠤᠨ | ᠬᠦᠴᠦᠨ ᠤ ᠪᠠᠶᠢᠳᠠᠯ | ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ | ᠲᠤᠬᠠᠢ ᠶᠢᠨ ᠵᠢᠯ ᠤᠨ ᠡᠵᠡᠮᠳᠡᠵᠦ ᠪᠣᠯᠬᠤ ᠡᠳ᠋ ᠤᠨ ᠬᠦᠴᠦᠨ ︵ᠲᠤᠰᠠᠭᠠᠷ ᠨᠢᠭᠡ ᠱᠠᠲᠤᠨ ᠤ ᠡᠳ᠋ ᠤᠨ ᠵᠠᠰᠠᠭ | ᠦᠭᠡᠢ ᠳᠡᠭᠡᠳᠦ ᠰᠢᠨ᠎ᠡ ᠲᠣᠭᠤᠷᠢᠭ ᠨᠢ ︽ᠬᠠᠮᠢᠶᠠᠷᠤᠯᠲᠠ ᠶᠢᠨ ᠵᠥᠪᠯᠡᠯ ᠤᠨ ᠬᠠᠮᠢᠶᠠᠷᠴᠤ ᠪᠠᠶᠢᠭ᠎ᠠ ᠪᠥᠭᠡᠳ | ᠵᠠᠷᠤᠴᠠᠭᠤᠯᠤᠭᠰᠠᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ︾ ᠪᠠᠷ | ᠣᠷᠣᠯᠠᠭᠤᠯᠤᠨ᠎ᠠ︶ | ᠭᠦᠢᠴᠡᠳᠬᠡᠯ ᠲᠣᠭᠠᠨ ᠤ ᠲᠠᠶᠢᠯᠪᠤᠷᠢ᠄ ᠭᠤᠣᠯ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠪᠦᠬᠦᠯᠢ ᠴᠣᠭᠴᠠ ᠶᠢᠨ ᠡᠳ᠋ ᠤᠨ ᠵᠠᠰᠠᠭ ᠤᠨ ᠪᠣᠳᠠᠲᠤ ᠬᠦᠴᠦᠨ ᠢ ᠬᠡᠮᠵᠢᠶᠡᠯᠡᠵᠦ ᠂ ᠬᠦᠷᠢᠶᠡᠯᠡᠩ | ᠲᠣᠭᠤᠷᠢᠭ ᠤᠨ ᠡᠯ᠎ᠡ ᠲᠥᠷᠥᠯ ᠤᠨ ᠡᠬᠢ ᠪᠠᠶᠠᠯᠢᠭ ᠢ ᠶᠡᠷᠦᠩᠬᠡᠶᠢᠯᠡᠨ ᠨᠢᠭᠡᠳᠦᠯᠲᠡᠢ ᠲᠥᠯᠥᠪᠵᠢᠭᠦᠯᠦᠭᠰᠡᠨ ᠡᠳ᠋ ᠤᠨ | ᠵᠠᠰᠠᠭ ᠤᠨ ᠨᠥᠭᠡᠴᠡ ᠶᠢᠨ ᠪᠠᠶᠢᠳᠠᠯ ᠢ ᠢᠯᠡᠷᠡᠭᠦᠯᠵᠦ ᠂ ᠪᠠᠰᠠᠴᠤ ᠬᠦᠷᠢᠶᠡᠯᠡᠩ ᠲᠣᠭᠤᠷᠢᠭ ᠤᠨ ᠦᠷᠭᠦᠯᠵᠢᠯᠡᠨ | ᠬᠥᠭᠵᠢᠭᠦᠯᠬᠦ ᠶᠢ ᠪᠥᠬᠦ ᠲᠠᠯ᠎ᠠ ᠪᠠᠷ ᠵᠣᠬᠢᠴᠠᠭᠤᠯᠤᠭᠰᠠᠨ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠪᠣᠳᠠᠲᠤ ᠬᠦᠴᠦᠨ ᠢ | ᠲᠤᠰᠬᠠᠵᠤ ᠪᠠᠶᠢᠭ᠎ᠠ ᠶᠤᠮ ᠃ | 4.5 ᠬᠦᠷᠢᠶᠡᠯᠡᠩ ᠲᠣᠭᠤᠷᠢᠭ ᠤᠨ ᠲᠥᠷᠥ ᠶᠢᠨ ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ | ᠲᠤᠷᠰᠢᠬᠤ ᠠᠵᠢᠯ ᠢ ᠥᠷᠨᠢᠭᠦᠯᠦᠭᠰᠡᠨ ᠪᠠᠶᠢᠳᠠᠯ | ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ ᠂ ᠲᠤᠰᠬᠠᠢ | ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ ᠃ | ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠵᠤ ᠂ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ ᠪᠠᠲᠤ ᠶᠢ | ᠴᠢᠩᠭ᠎ᠠ ᠰᠠᠬᠢᠵᠤ ᠂ ᠡᠩ ᠲᠡᠷᠢᠭᠦᠨ ᠳᠤ ᠥᠭᠡᠷᠡᠴᠢᠯᠡᠯᠲᠡ ᠬᠢᠵᠦ ᠰᠦᠪᠡᠭᠴᠢᠯᠡᠨ ᠂ ᠶᠡᠷᠦᠩᠬᠡᠶᠢᠯᠡᠭᠰᠡᠨ ᠬᠠᠮᠢᠶᠠᠷᠤᠯᠲᠠ | ᠪᠠ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠢ | ᠬᠡᠮᠵᠢᠶᠡᠯᠡᠨ᠎ᠡ ᠃ | | —— —— —— —— —— —— —— —— —— —— | ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ | ᠴᠠᠭᠳᠠᠭᠠᠨ ᠤ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ | ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃ | —— —— —— —— —— —— —— —— —— —— | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 3 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ | —— —— —— —— —— —— —— —— —— —— | | | | | | | | | |