ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ 〔2022〕 21 ᠳ᠋ᠦ᠋ᠭᠡᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ | ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠶᠡᠷᠦᠩᠬᠡᠶᠢᠯᠡᠨ | ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ | ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2022 ᠣᠨ ᠤ 7 ᠳ᠋ᠤᠭᠠᠷ ᠰᠠᠷ᠎ᠠ ᠶᠢᠨ 14 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ | ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ | ︽ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ᠤᠨ ᠱᠠᠭᠠᠷᠳᠠᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠲᠠᠢ | ᠪᠣᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠬᠠᠷᠠᠯᠲᠠ ᠡᠭᠦᠷᠭᠡ | ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ᠂ ᠦᠯᠡᠳᠡᠭᠡᠯ ᠡᠬᠢ ᠪᠠᠶᠠᠯᠢᠭ ᠢ ᠴᠢᠯᠦᠭᠡᠲᠡᠢ | ᠭᠦᠢᠯᠭᠡᠭᠡᠬᠦ᠂ ᠭᠠᠵᠠᠷ ᠤᠨ ᠦᠨ᠎ᠡ ᠶᠢᠨ ᠲᠣᠬᠢᠷᠠᠭᠤᠯᠭ᠎ᠠ ᠡᠵᠡᠮᠰᠢᠯ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠪᠥᠬᠦ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠥᠷᠲᠡᠭ ᠪᠠ ᠦᠨ᠎ᠡ ᠬᠠᠩᠰᠢ ᠶᠢᠨ | ᠳᠡᠭᠡᠭᠰᠢᠯᠡᠯᠲᠡ ᠶᠢ ᠠᠬᠢᠭᠤᠯᠵᠤ᠂ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠨᠢ ᠤᠯᠠᠮ ᠨᠢᠭᠡ ᠠᠯᠬᠤᠮ ᠲᠣᠳᠣᠷᠬᠠᠢ | ᠪᠣᠯᠭᠠᠨ᠂ ᠡᠬᠢ ᠪᠠᠶᠠᠯᠢᠭ ᠤᠨ ᠬᠦᠴᠦᠨ ᠵᠦᠢᠯ ᠤᠨ ᠢᠳᠡᠪᠬᠢ ᠴᠢᠨᠠᠷ ᠢ ᠦᠷᠭᠦᠯᠵᠢᠯᠡᠨ ᠴᠢᠩᠭᠠᠷᠠᠭᠤᠯᠵᠤ᠂ ᠮᠤᠵᠢ | ᠣᠷᠣᠨ ᠠᠯᠤᠰᠯᠠᠨ ᠠᠷᠠᠯᠵᠢᠶᠠᠯᠠᠬᠤ ᠠᠷᠭ᠎ᠠ ᠵᠠᠮ ᠢ ᠪᠥᠬᠦ ᠲᠠᠯ᠎ᠠ ᠪᠠᠷ ᠨᠠᠪᠲᠠᠷᠡᠭᠦᠯᠵᠦ᠂ ᠣᠯᠠᠨ ᠡᠰᠢᠵᠢᠭᠰᠡᠨ | ᠠᠷᠠᠯᠵᠢᠶᠠᠨ ᠤ ᠵᠠᠭᠪᠤᠷ ᠢ ᠪᠣᠶ ᠪᠣᠯᠭᠠᠬᠤ ᠶᠢᠨ ᠬᠠᠮᠲᠤ ᠪᠦᠲᠦᠮᠵᠢᠲᠡᠶ ᠬᠡᠷᠡᠭᠵᠢᠭᠦᠯᠦᠨ᠂ ᠣᠷᠣᠨ ᠨᠤᠲᠤᠭ ᠤᠨ | ᠡᠳ᠋ ᠤᠨ ᠬᠦᠴᠦᠨ ᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠦᠷ᠎ᠡ | ᠪᠦᠲᠦᠮᠵᠢ ᠪᠠᠨ ᠢᠯᠡᠳᠲᠡ ᠳᠡᠭᠡᠭᠰᠢᠯᠡᠭᠦᠯᠵᠦ᠂ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ | ᠴᠢᠯᠦᠭᠡᠲᠡᠢ ᠭᠦᠢᠯᠭᠡᠭᠡᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ | ᠴᠢᠳᠠᠪᠤᠷᠢ ᠶᠢ ᠨᠢ ᠤᠯᠠᠮ ᠨᠢᠭᠡ ᠠᠯᠬᠤᠮ ᠨᠡᠮᠡᠭᠳᠡᠭᠦᠯᠬᠦ ᠶᠢ ᠪᠠᠲᠤᠯᠠᠨ᠎ᠠ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠪᠠᠶᠢᠴᠠᠭᠠᠯᠲᠠ ᠬᠢᠵᠦ ᠪᠠᠶᠢᠳᠠᠯ ᠢ ᠨᠢ ᠣᠶᠢᠯᠠᠭᠠᠬᠤ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ | ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ | 1. ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠪᠠᠶᠢᠴᠠᠭᠠᠯᠲᠠ ᠵᠡᠷᠭᠡ ᠠᠵᠢᠯ ᠲᠠᠢ ᠤᠶᠠᠯᠳᠤᠭᠤᠯᠤᠨ | ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠳᠠᠯᠳᠠ ᠬᠦᠴᠦᠨ ᠪᠠ ᠠᠰᠢᠭᠯᠠᠭᠠᠳᠤᠢ ᠭᠠᠵᠠᠷ ᠰᠢᠷᠣᠢ ᠵᠡᠷᠭᠡ | ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ︔ ᠠᠶᠢᠯ ᠲᠣᠰᠬᠤᠨ ᠤ ᠲᠥᠷᠥᠯ ᠠᠩᠭᠢᠯᠠᠯ ᠵᠢᠴᠢ ᠠᠶᠢᠯ | ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠠᠢ ᠤᠶᠠᠯᠳᠤᠭᠤᠯᠤᠨ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠭᠰᠡᠨ ᠦᠷ᠎ᠡ ᠠᠰᠢᠭ ᠢᠶᠠᠷ ᠪᠠᠷᠤᠭᠲᠠᠢ ᠭᠠᠵᠠᠷ ᠰᠢᠷᠣᠢ᠂ ᠰᠤᠯᠠ | ᠲᠠᠯᠪᠢᠭᠳᠠᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠵᠡᠷᠭᠡ ᠪᠠᠶᠢᠳᠠᠯ ᠢ ᠲᠣᠳᠣᠷᠬᠠᠢ ᠣᠶᠢᠯᠠᠭᠠᠨ᠎ᠠ᠃ ᠭᠠᠵᠠᠷ | ᠰᠢᠷᠣᠢ ᠶᠢ ᠬᠢᠨᠠᠨ ᠵᠥᠪᠰᠢᠶᠡᠷᠡᠬᠦ ᠵᠢᠴᠢ ᠨᠡᠭᠡᠭᠡᠯᠲᠡ ᠶᠢᠨ ᠲᠣᠭᠤᠷᠢᠭ ᠢ ᠠᠷᠪᠢᠲᠠᠢ ᠡᠷᠴᠢᠮᠯᠢᠭ ᠠᠰᠢᠭᠯᠠᠭᠰᠠᠨ | ᠡᠰᠡᠬᠦ ᠶᠢ ᠦᠨᠡᠯᠡᠬᠦ ᠠᠵᠢᠯ ᠲᠠᠢ ᠤᠶᠠᠯᠳᠤᠭᠤᠯᠤᠨ᠂ ᠬᠤᠲᠠ ᠪᠠᠯᠭᠠᠰᠤ ᠶᠢᠨ ᠵᠥᠪᠰᠢᠶᠡᠷᠡᠭᠰᠡᠨ ᠪᠠᠶᠢᠲᠠᠯ᠎ᠠ ᠦᠯᠦ | ᠬᠠᠩᠭᠠᠭᠰᠠᠨ᠂ ᠬᠠᠩᠭᠠᠭᠰᠠᠨ ᠪᠠᠶᠢᠲᠠᠯ᠎ᠠ ᠦᠯᠦ ᠬᠡᠷᠡᠭᠯᠡᠭᠰᠡᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠵᠢᠴᠢ | ᠨᠡᠭᠡᠭᠡᠯᠲᠡ ᠶᠢᠨ ᠲᠣᠭᠤᠷᠢᠭ ᠤᠨ ᠦᠷ᠎ᠡ ᠪᠦᠲᠦᠮᠵᠢ ᠪᠠᠷ ᠪᠠᠷᠤᠭᠲᠠᠢ ᠬᠡᠷᠡᠭᠯᠡᠵᠦ ᠪᠠᠶᠢᠭ᠎ᠠ ᠭᠠᠵᠠᠷ ᠰᠢᠷᠣᠢ ᠵᠡᠷᠭᠡ ᠶᠢᠨ | ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃ ᠥᠩᠭᠡᠷᠡᠭᠰᠡᠨ ᠤ ᠦᠯᠡᠳᠡᠭᠳᠡᠵᠦ ᠪᠠᠶᠢᠭᠰᠠᠨ ᠠᠭᠤᠷᠬᠠᠢ ᠶᠢ | ᠬᠠᠷᠭᠤᠭᠤᠯᠤᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠠᠭᠤᠷᠬᠠᠢ ᠳᠤ ᠬᠡᠷᠡᠭᠯᠡᠭᠰᠡᠨ ᠭᠠᠵᠠᠷ ᠰᠢᠷᠣᠢ ᠬᠢᠭᠡᠳ | ᠳᠠᠬᠢᠨ ᠬᠠᠭᠠᠯᠪᠤᠷᠢᠯᠠᠭᠰᠠᠨ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ | ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ᠂ ᠡᠯ᠎ᠡ ᠱᠠᠲᠤᠨ ᠤ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ | 2. ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠱᠠᠨᠳᠦ᠋ᠩ᠂ ᠾᠧᠨᠠᠨ᠂ ᠾᠧᠪᠧᠢ ᠵᠡᠷᠭᠡ ᠮᠤᠵᠢ ︵ | ᠣᠷᠣᠨ᠂ ᠬᠤᠲᠠ︶ ᠶᠢᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠳᠠᠵᠤ᠂ ᠥᠪᠡᠷᠲᠡᠭᠡᠨ | ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ︵ᠬᠤᠶᠠᠷ︶ ᠬᠠᠮᠢᠶ᠎ᠠ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠡᠷᠡᠭᠴᠡᠭᠡ ᠶᠢᠨ | ᠵᠠᠬᠢᠷᠤᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ | 1. ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠨ᠂ | ᠬᠤᠲᠠ ᠪᠠᠯᠭᠠᠰᠤᠨ ᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠵᠠᠢ ᠶᠢ ᠣᠨᠢᠰᠤᠯᠠᠨ ᠲᠣᠭᠲᠠᠭᠠᠵᠤ᠂ | ᠬᠤᠲᠠ ᠪᠠᠯᠭᠠᠰᠤᠨ ᠤ ᠡᠮᠬᠢ ᠵᠢᠷᠤᠮ ᠦᠭᠡᠢ ᠥᠷᠭᠡᠵᠢᠬᠦ ᠶᠢ ᠬᠢᠵᠠᠭᠠᠷᠯᠠᠨ᠎ᠠ᠃ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ | ᠲᠥᠯᠦᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠦᠯᠡᠳᠡᠭᠡᠯ ᠢ ᠴᠢᠯᠦᠭᠡᠲᠡᠢ | ᠭᠦᠢᠯᠭᠡᠭᠡᠨ᠂ ᠨᠡᠮᠡᠭᠳᠡᠯ ᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠢᠶᠠᠷ ᠬᠢᠨᠠᠯᠲᠠ ᠲᠠᠯᠪᠢᠯᠲᠠ ᠶᠢ | ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠢ ᠵᠡᠷᠭᠡ ᠪᠠᠷ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ᠂ ︽ᠭᠤᠷᠪᠠᠨ ᠣᠷᠣᠨ ᠵᠠᠢ ᠭᠤᠷᠪᠠᠨ | ᠬᠢᠵᠠᠭᠠᠷ ᠱᠤᠭᠤᠮ︾ ᠵᠢᠴᠢ ᠣᠷᠣᠨ ᠵᠠᠢ ᠶᠢᠨ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠬᠤ ᠡᠯ᠎ᠡ ᠲᠥᠷᠥᠯ ᠤᠨ | ᠲᠤᠰᠬᠠᠢ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠭᠰᠡᠨ ᠤ ᠳᠠᠷᠠᠭ᠎ᠠ ᠵᠢᠷᠤᠭ ᠢᠶᠠᠷ ᠬᠥᠮᠥᠷᠭᠡ ᠳᠤ | ᠣᠷᠣᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠵᠠᠬᠢᠷᠤᠯᠲᠠ | ᠬᠠᠮᠢᠶᠠᠷᠤᠯᠲᠠ ᠶᠢ ᠨᠢᠭᠡᠳᠬᠡᠬᠦ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠴᠢᠩᠭᠠᠳᠬᠠᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠨ᠎ᠠ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ | 2. ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠢ ᠲᠤᠰᠬᠠᠶᠢᠯᠠᠨ ᠢᠯᠭᠠᠷᠠᠭᠤᠯᠵᠤ ᠴᠡᠭᠴᠡᠯᠡᠨ | ᠵᠠᠰᠠᠬᠤ ᠶᠢᠨ ︽ᠪᠤᠴᠠᠵᠤ ᠪᠠᠶᠢᠴᠠᠭᠠᠨ ᠦᠵᠡᠬᠦ︾ ᠵᠢᠴᠢ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ | ᠲᠤᠶᠢᠯᠪᠤᠷᠢᠲᠠᠢ ᠰᠢᠢᠳᠪᠦᠷᠢᠯᠡᠬᠦ ᠪᠠ ᠲᠥᠪᠯᠡᠷᠡᠭᠦᠯᠦᠨ ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭᠠᠨ ᠢ ᠪᠥᠬᠦ | ᠲᠠᠯ᠎ᠠ ᠪᠠᠷ ᠥᠷᠨᠢᠭᠦᠯᠵᠦ᠂ ᠪᠥᠬᠦ ᠣᠷᠣᠨ ᠤ ᠣᠶᠢᠷ᠎ᠠ ᠶᠢᠨ 5 ᠵᠢᠯ ᠳᠤ ᠬᠠᠤᠯᠢ ᠠᠴᠠ ᠵᠥᠷᠢᠴᠡᠨ ᠭᠠᠵᠠᠷ ᠰᠢᠷᠣᠢ | ᠬᠡᠷᠡᠭᠯᠡᠭᠰᠡᠨ ᠪᠠ ᠵᠤᠷᠰᠢᠯ ᠶᠣᠰᠣᠭᠠᠷ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠡᠷᠴᠢᠮᠲᠡᠢ | ᠶᠠᠪᠤᠭᠳᠠᠭᠤᠯᠤᠭᠰᠠᠨ ᠦᠭᠡᠢ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠬᠡᠪᠴᠢᠶᠡᠨ ᠳᠤ ᠪᠥᠬᠦ | ᠲᠠᠯ᠎ᠠ ᠪᠠᠷ ᠣᠷᠣᠭᠤᠯᠵᠤ᠂ ᠠᠰᠠᠭᠤᠳᠠᠯ ᠤᠨ ᠡᠬᠡ ᠲᠠᠩᠰᠠ ᠶᠢ ᠨᠥᠬᠦᠪᠦᠷᠢᠯᠡᠵᠦ ᠪᠦᠷᠢᠨ ᠭᠦᠢᠴᠡᠳ ᠪᠣᠯᠭᠠᠵᠤ᠂ | ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠴᠢᠩᠭᠠᠳᠬᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠤ᠂ ︽ᠣᠭᠲᠣ ᠠᠭᠤᠴᠢᠯᠠᠬᠤ ᠦᠭᠡᠢ︾ | ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠵᠦ ᠭᠠᠵᠠᠷ ᠰᠢᠷᠣᠢ ᠬᠡᠷᠡᠭᠯᠡᠭᠰᠡᠨ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠦᠯᠡᠳᠡᠭᠡᠯ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠬᠠᠷᠢᠭᠤᠴᠠᠯᠭᠠᠲᠤ ᠨᠢᠭᠡᠴᠢ᠄ ᠪᠥᠬᠦ ᠣᠷᠣᠨ ᠤ ᠬᠠᠤᠯᠢ ᠠᠴᠠ ᠵᠥᠷᠢᠴᠡᠵᠦ ᠭᠠᠵᠠᠷ ᠰᠢᠷᠣᠢ ᠬᠡᠷᠡᠭᠯᠡᠭᠰᠡᠨ ᠢ | ᠲᠤᠰᠬᠠᠶᠢᠯᠠᠨ ᠢᠯᠭᠠᠷᠠᠭᠤᠯᠵᠤ ᠴᠡᠭᠴᠡᠯᠡᠨ ᠵᠠᠰᠠᠬᠤ ᠶᠢᠨ ︽ᠪᠤᠴᠠᠵᠤ ᠪᠠᠶᠢᠴᠠᠭᠠᠨ ᠦᠵᠡᠬᠦ︾ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ | ︵ᠭᠤᠷᠪᠠ︶ ᠲᠤᠯᠭᠠᠭᠤᠷᠢᠯᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠳᠦᠬᠦᠷᠵᠢᠭᠦᠯᠬᠦ ᠠᠷᠭ᠎ᠠ | ᠬᠡᠮᠵᠢᠶ᠎ᠡ ᠶᠢ ᠲᠣᠭᠲᠠᠭᠠᠨ᠎ᠠ᠃ | 1. ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠨᠥᠭᠡᠴᠡᠯᠡᠬᠦ ᠲᠥᠪ ᠢ ᠵᠣᠬᠢᠶᠠᠨ ᠪᠠᠶᠢᠭᠤᠯᠵᠤ᠂ ᠪᠥᠬᠦ | ᠣᠷᠣᠨ ᠤ ᠭᠠᠵᠠᠷ ᠰᠢᠷᠣᠢ ᠨᠥᠭᠡᠴᠡᠯᠡᠬᠦ ᠠᠵᠢᠯ ᠢ ᠵᠢᠯᠤᠭᠤᠳᠴᠤ᠂ ᠡᠵᠡᠯᠡᠬᠦ ᠨᠥᠬᠦᠪᠦᠷᠢᠯᠡᠬᠦ ᠶᠢ | ᠲᠡᠩᠴᠡᠭᠦᠷᠢᠰᠢᠭᠦᠯᠬᠦ ᠶᠢᠨ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠯ | ᠭᠦᠢᠴᠡᠳᠬᠡᠬᠦ ᠲᠤᠭ᠎ᠠ ᠶᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ | ᠠᠷᠠᠯᠵᠢᠶᠠᠯᠠᠬᠤ ᠠᠵᠢᠯ ᠢ ᠡᠭᠦᠷᠭᠡᠯᠡᠨ᠎ᠡ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ | ᠣᠷᠣᠨ ᠲᠤᠭ᠎ᠠ ᠶᠢᠨ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | 2. ᠭᠠᠵᠠᠷ ᠰᠢᠷᠣᠢ ᠶᠢᠨ ᠶᠡᠷᠦᠩᠬᠡᠶᠢᠯᠡᠨ ᠴᠡᠭᠴᠡᠯᠡᠵᠦ ᠵᠠᠰᠠᠬᠤ ᠪᠠ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠪᠠᠷ ᠲᠥᠯᠥᠪᠯᠡᠵᠦ ᠪᠠᠶᠢᠭ᠎ᠠ ᠭᠠᠵᠠᠷ ᠤᠨ ᠬᠡᠪᠴᠢᠶ᠎ᠡ ᠶᠢᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠨ | ᠬᠠᠮᠢᠶᠠᠷᠬᠤ ᠠᠷᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ᠂ ᠭᠠᠵᠠᠷ ᠰᠢᠷᠣᠢ ᠶᠢᠨ ᠶᠡᠷᠦᠩᠬᠡᠶᠢᠯᠡᠨ | ᠴᠡᠭᠴᠡᠯᠡᠵᠦ ᠵᠠᠰᠠᠬᠤ ᠶᠢ ᠭᠦᠨᠵᠡᠭᠡᠶᠢᠷᠡᠭᠦᠯᠵᠦ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ | ᠠᠰᠢᠭᠯᠠᠬᠤ ᠶᠢ ᠴᠢᠩᠭᠠᠳᠬᠠᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ᠂ ᠬᠥᠳᠡᠭᠡ ᠲᠣᠰᠬᠤᠨ ᠤ ᠭᠠᠵᠠᠷ | ᠰᠢᠷᠣᠢ ᠶᠢᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ ᠶᠢ | ᠠᠬᠢᠭᠤᠯᠬᠤ ᠠᠵᠢᠯ ᠤᠨ ᠬᠡᠷᠡᠭᠵᠢᠭᠦᠯᠬᠦ ᠰᠠᠨᠠᠯ ᠵᠡᠷᠭᠡ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠪᠡᠯᠡ | ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ᠂ ᠮᠤᠵᠢ ᠣᠷᠣᠨ ᠠᠯᠤᠰᠯᠠᠨ ᠲᠠᠷᠢᠶᠠᠨ ᠭᠠᠵᠠᠷ ᠨᠥᠬᠦᠪᠦᠷᠢᠯᠡᠬᠦ | ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ᠂ ︽1+1+N︾ | ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ | ᠳᠠᠭᠤᠰᠬᠠᠨ᠎ᠠ | ︵ᠳᠥᠷᠪᠡ︶ ᠲᠥᠷᠥᠯ ᠬᠤᠪᠢᠶᠠᠨ ᠣᠨᠣᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ | ᠠᠵᠢᠯ ᠢ ᠠᠬᠢᠭᠤᠯᠤᠨ᠎ᠠ᠃ | 1. ᠬᠥᠳᠡᠭᠡ ᠲᠣᠰᠬᠤᠨ ᠤ ᠭᠠᠵᠠᠷ ᠰᠢᠷᠣᠢ ᠶᠢ ᠴᠡᠭᠴᠡᠯᠡᠨ ᠵᠠᠰᠠᠬᠤ ᠪᠠᠨ ᠴᠢᠩᠭᠠᠳᠬᠠᠨ᠎ᠠ᠃ ᠡᠵᠡᠯᠡᠬᠦ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ 100 ᠲᠦᠮᠡᠨ ᠮᠦ ᠶᠢᠨ ᠡᠵᠡᠯᠡᠬᠦ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠪᠠ 5 ᠲᠦᠮᠡᠨ ᠮᠦ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠠᠶᠢᠮᠠᠭ ᠬᠤᠲᠠ ᠳᠤ ᠣᠨ ᠢᠶᠠᠷ ᠬᠤᠪᠢᠶᠠᠷᠢᠯᠠᠬᠤ ᠶᠢᠨ ᠬᠠᠮᠲᠤ | ᠱᠠᠯᠠᠪᠳᠠᠨ ᠡᠬᠢᠯᠡᠭᠦᠯᠵᠦ ᠪᠦᠲᠦᠭᠡᠨ ᠪᠠᠶᠢᠭᠤᠯᠬᠤ ᠶᠢ ᠰᠢᠮᠳᠠᠭᠤᠯᠤᠨ᠎ᠠ᠃ ᠡᠭᠦᠨ ᠳᠤ᠂ 2022 ᠣᠨ ᠳᠤ ᠡᠵᠡᠯᠡᠬᠦ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ ᠶᠢ 25 ᠲᠦᠮᠡᠨ ᠮᠦ ᠰᠢᠨ᠎ᠡ ᠪᠠᠷ ᠨᠡᠮᠡᠭᠳᠡᠭᠦᠯᠬᠦ᠂ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ 1.29 ᠲᠦᠮᠡᠨ ᠮᠦ ᠰᠢᠨ᠎ᠡ ᠪᠠᠷ | ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠢᠳᠡᠪᠬᠢᠲᠡᠢ ᠪᠠᠷ | ᠵᠢᠭᠠᠪᠤᠷᠢ ᠠᠪᠴᠤ ᠬᠠᠷᠢᠭᠤ ᠮᠡᠳᠡᠭᠦᠯᠦᠨ᠂ ᠬᠤᠯᠪᠣᠭᠳᠠᠯ ᠪᠦᠬᠦᠢ ᠮᠤᠵᠢ ︵ᠣᠷᠣᠨ᠂ ᠬᠤᠳᠠ︶ ᠯᠤᠭ᠎ᠠ | ᠨᠡᠪᠲᠡᠷᠡᠯᠴᠡᠵᠦ ᠵᠠᠯᠭᠠᠯᠳᠤᠭᠤᠯᠬᠤ ᠪᠠᠨ ᠴᠢᠩᠭᠠᠳᠬᠠᠵᠤ᠂ ᠮᠤᠵᠢ ᠠᠯᠤᠰᠯᠠᠨ ᠠᠷᠠᠯᠵᠢᠶᠠᠯᠠᠬᠤ ᠵᠠᠮ ᠮᠥᠷ ᠢ | ᠨᠡᠪᠲᠡᠷᠡᠭᠦᠯᠦᠨ᠎ᠡ᠃ ᠣᠯᠠᠨ ᠡᠰᠢᠲᠦ ᠬᠠᠮ ᠭᠠᠵᠠᠷ ᠬᠡᠷᠡᠭᠯᠡᠬᠦ ᠵᠠᠭᠪᠤᠷ ᠢ ᠲᠦᠷᠭᠡᠳᠬᠡᠨ ᠪᠠᠶᠢᠭᠤᠯᠵᠤ᠂ ᠬᠡᠰᠡᠭᠯᠡᠯ | ᠬᠡᠯᠪᠡᠷᠢ ᠲᠠᠢ ᠭᠠᠵᠠᠷ ᠰᠢᠷᠣᠢ ᠬᠠᠩᠭᠠᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠵᠦ᠂ ᠬᠥᠳᠡᠭᠡ ᠲᠣᠰᠬᠤᠨ ᠤ | ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠬᠤ ᠶᠢ | ᠪᠡᠶᠡᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ | ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠥᠪ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 2. ᠬᠤᠲᠠ ᠪᠠᠯᠭᠠᠰᠤᠨ ᠤ ᠦᠯᠡᠳᠡᠭᠡᠯ ᠭᠠᠵᠠᠷ ᠢ ᠴᠢᠯᠦᠭᠡᠲᠡᠢ ᠭᠦᠢᠯᠭᠡᠭᠡᠨᠠ᠃ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠬᠦᠴᠦᠯᠡᠨ ᠴᠢᠯᠦᠭᠡᠲᠡᠢ ᠪᠣᠯᠭᠠᠵᠤ᠂ ᠭᠠᠵᠠᠷ ᠰᠢᠷᠣᠢ ᠬᠠᠩᠭᠠᠬᠤ | ᠶᠡᠷᠦᠩᠬᠡᠢ ᠬᠡᠮᠵᠢᠶ᠎ᠡ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠤᠨ ᠬᠠᠷᠢᠴᠠᠯ ᠢ | ᠳᠡᠭᠡᠭᠰᠢᠯᠡᠭᠦᠯᠦᠨ᠎ᠡ᠃ ᠭᠠᠵᠠᠷ ᠬᠠᠩᠭᠠᠬᠤ ᠪᠣᠳᠠᠲᠠᠢ ᠨᠣᠷᠮ᠎ᠠ ᠶᠢ ᠰᠢᠨ᠎ᠡ ᠪᠠᠷ ᠨᠡᠮᠡᠭᠳᠡᠭᠦᠯᠬᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠯᠡᠭᠡ ᠶᠢ ᠲᠣᠬᠢᠷᠠᠭᠤᠯᠬᠤ ᠪᠠ ᠭᠠᠵᠠᠷ ᠰᠢᠷᠣᠢ ᠬᠡᠷᠡᠭᠯᠡᠬᠦ | ᠬᠡᠪᠴᠢᠶ᠎ᠡ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ | ᠮᠠᠭᠠᠳᠯᠠᠨ ᠲᠣᠭᠲᠠᠭᠠᠬᠤ᠂ ᠨᠡᠶᠢᠲᠡᠯᠡᠬᠦ ᠪᠠ ᠰᠢᠢᠳᠪᠦᠷᠢᠯᠡᠬᠦ ᠪᠠᠨ ᠲᠦᠷᠭᠡᠳᠬᠡᠨ᠂ ᠠᠵᠤ ᠠᠬᠤᠶᠢᠯᠠᠯ ᠤᠨ | ᠰᠢᠯᠲᠠᠭᠠᠨ ᠠᠴᠠ ᠪᠣᠯᠤᠭᠰᠠᠨ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠴᠠᠭ ᠲᠤᠬᠠᠢ ᠳᠤ ᠨᠢ | ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠵᠤ᠂ ᠭᠠᠵᠠᠷ ᠰᠢᠷᠣᠢ ᠶᠢ ᠰᠤᠯᠠ ᠲᠠᠯᠪᠢᠬᠤ ᠰᠦᠢᠳᠬᠡᠯ ᠢ ᠭᠠᠵᠠᠷ | ᠰᠢᠷᠣᠢ ᠶᠢ ᠪᠤᠴᠠᠭᠠᠨ ᠠᠪᠲᠠᠯ᠎ᠠ ᠬᠠᠤᠯᠢ ᠶᠣᠰᠣᠭᠠᠷ ᠬᠤᠷᠢᠶᠠᠵᠤ ᠠᠪᠤᠨ᠎ᠠ︔ ᠠᠵᠤ ᠠᠬᠤᠶᠢᠯᠠᠯ ᠤᠨ ᠪᠤᠰᠤ | ᠰᠢᠯᠲᠠᠭᠠᠨ ᠠᠴᠠ ᠪᠣᠯᠤᠭᠰᠠᠨ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠠᠴᠠ ᠬᠠᠷᠢᠭᠤᠴᠠᠯᠭ᠎ᠠ ᠪᠠᠨ ᠢᠯᠭᠠᠨ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠭᠠᠵᠠᠷ | ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ᠂ ︽ᠰᠤᠯᠠ ᠲᠠᠯᠪᠢᠭᠳᠠᠵᠤ ᠪᠠᠶᠢᠭ᠎ᠠ ᠪᠠ ᠨᠥᠭᠡᠴᠡᠯᠡᠵᠦ ᠪᠠᠶᠢᠭ᠎ᠠ ᠶᠢ ᠨᠢ | ᠦᠨ᠎ᠡ ᠬᠠᠶᠠᠯᠴᠠᠨ ᠥᠷᠢᠰᠦᠯᠳᠦᠨ ᠰᠣᠯᠢᠬᠤ︾᠂ ᠬᠡᠷᠡᠭᠴᠡᠭᠡ ᠳᠤ ᠨᠢ ᠲᠣᠬᠢᠷᠠᠭᠤᠯᠤᠯᠲᠠ ᠬᠢᠬᠦ ᠵᠡᠷᠭᠡ ᠠᠷᠭ᠎ᠠ | ᠮᠠᠶ᠋ᠢᠭ ᠢ ᠠᠪᠴᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠵᠥᠪᠰᠢᠶᠡᠷᠡᠭᠡᠳ ᠦᠯᠦ ᠬᠠᠩᠭᠠᠬᠤ | ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠬᠡᠨ ᠰᠢᠢᠳᠪᠦᠷᠢᠯᠡᠬᠦ ᠰᠢᠪᠲᠤᠯᠤᠯᠲᠠ ᠶᠢᠨ | ᠠᠵᠢᠯᠯᠠᠭᠠᠨ ᠢ ᠲᠦᠷᠭᠡᠬᠡᠨ ᠡᠬᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ | ᠵᠥᠪᠰᠢᠶᠡᠷᠡᠭᠡᠳ ᠦᠯᠦ ᠬᠠᠩᠭᠠᠭᠰᠠᠨ 52.02 ᠲᠦᠮᠡᠨ ᠮᠦ ᠭᠠᠵᠠᠷ ᠰᠢᠷᠣᠢ᠂ ᠰᠤᠯᠠ ᠲᠠᠯᠪᠢᠭᠳᠠᠵᠤ ᠪᠠᠶᠢᠭ᠎ᠠ 15. | 92 ᠲᠦᠮᠡᠨ ᠮᠦ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠬᠦ ᠪᠠᠷ ᠴᠢᠷᠮᠠᠶᠢᠨ᠎ᠠ᠂ ᠡᠭᠦᠨ ᠳᠤ 2022 ᠣᠨ ᠳᠤ | ᠲᠣᠰ ᠲᠣᠰ 10.2 ᠲᠦᠮᠡᠨ ᠮᠦ ᠪᠠ 3.2 ᠲᠦᠮᠡᠨ ᠮᠦ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠨᠠ᠃ ᠡᠯ᠎ᠡ | ᠠᠶᠢᠮᠠᠭ ᠬᠤᠲᠠ ᠨᠢ 2022 ᠣᠨ ᠤ ᠰᠡᠭᠦᠯᠴᠢ ᠠᠴᠠ ᠡᠮᠦᠨ᠎ᠡ ᠭᠠᠵᠠᠷ ᠰᠢᠷᠣᠢ ᠶᠢᠨ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠷᠠᠯᠵᠢᠶᠠᠨ ᠤ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠷ᠎ᠡ ᠠᠰᠢᠭ ᠢᠶᠠᠷ ᠪᠠᠷᠤᠭᠲᠠᠢ ᠬᠡᠷᠡᠭᠯᠡᠭᠡᠨ ᠤ ᠭᠠᠵᠠᠷ ᠢ ᠳᠠᠬᠢᠨ | ᠠᠰᠢᠭᠯᠠᠬᠤ ᠪᠠᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ | ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ | ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ | ᠰᠡᠭᠦᠯᠴᠢ ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠨ᠎ᠠ | 3. ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠤᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃ | ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠶᠢ | ᠲᠦᠷᠭᠡᠳᠬᠡᠨ ᠠᠬᠢᠭᠤᠯᠵᠤ᠂ ︽ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ︿ | ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ ︵ᠲᠤᠷᠰᠢᠨ | ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ 〔2022〕 27 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠨᠢ 2022 ᠣᠨ ᠤ ᠰᠡᠭᠦᠯᠴᠢ ᠠᠴᠠ ᠡᠮᠦᠨ᠎ᠡ ᠬᠡᠷᠡᠭᠵᠢᠭᠦᠯᠬᠦ | ᠨᠠᠷᠢᠨ ᠳᠦᠷᠢᠮ ᠨᠡᠶᠢᠲᠡᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠴᠢᠮ᠂ ᠡᠵᠡᠯᠡᠬᠦᠨ ᠤ | ᠨᠣᠷᠮ᠎ᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ | ᠨᠠᠷᠢᠯᠢᠭᠵᠢᠭᠤᠯᠤᠨ᠂ ︽ᠪᠠᠷᠢᠮᠵᠢᠶᠠᠲᠤ ᠭᠠᠵᠠᠷ︾ ᠢ ᠲᠥᠯᠥᠪᠦᠷᠢᠲᠡᠢ ᠰᠢᠯᠵᠢᠭᠦᠯᠬᠦ ᠶᠢᠨ ᠬᠠᠮᠲᠤ᠂ ᠲᠡᠭᠦᠨ ᠤ | ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠲᠥᠯᠥᠪᠦᠷᠢᠲᠡᠢ ᠰᠢᠯᠵᠢᠭᠦᠯᠬᠦ ᠳᠠᠬᠢ ᠡᠵᠡᠯᠡᠬᠦ | ᠬᠠᠷᠢᠴᠠᠯ ᠢ ᠠᠯᠬᠤᠮ ᠠᠯᠬᠤᠮ ᠢᠶᠠᠷ ᠥᠷᠭᠡᠳᠬᠡᠨ᠎ᠡ᠃ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ ᠠᠷᠪᠢᠲᠠᠢ | ᠡᠷᠴᠢᠮᠯᠢᠭ ᠬᠡᠷᠡᠭᠯᠡᠭᠰᠡᠨ ᠢ ᠦᠨᠡᠯᠡᠬᠦ ᠠᠵᠢᠯ ᠢᠶᠠᠨ ᠪᠡᠶᠡᠯᠡᠭᠦᠯᠵᠦ᠂ ᠦᠷ᠎ᠡ ᠠᠰᠢᠭ ᠢᠶᠠᠷ ᠳᠣᠣᠷ᠎ᠠ ᠴᠢᠨᠠᠷ ᠮᠠᠭᠤᠲᠠᠢ | ᠲᠥᠷᠥᠯ ᠵᠦᠢᠯ ᠳᠤ ᠬᠡᠷᠡᠭᠯᠡᠬᠦ ᠭᠠᠵᠠᠷ ᠢ ᠰᠤᠯᠠᠯᠠᠵᠤ ᠪᠤᠴᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢᠨ ᠭᠠᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ | ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ | ᠰᠡᠭᠦᠯᠴᠢ ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠨ᠎ᠠ | 4. ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠤᠨ᠎ᠠ᠃ ᠡᠯ᠎ᠡ ᠭᠠᠵᠠᠷ | ᠣᠷᠣᠨ ᠤ ᠰᠠᠯᠬᠢᠨ ᠬᠦᠴᠦᠨ ᠪᠠ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢᠨ ᠲᠥᠷᠥᠯ ᠵᠦᠢᠯ᠂ | ᠨᠡᠭᠦᠷᠡᠰᠦ ᠪᠠ ᠲᠣᠰᠣ ᠬᠡᠢ ᠵᠡᠷᠭᠡ ᠡᠨᠧᠷᠭᠢ ᠶᠢᠨ ᠲᠥᠷᠥᠯ ᠵᠦᠢᠯ᠂ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ | ᠢᠨᠵᠧᠨᠧᠷᠢᠩ ᠤᠨ ᠲᠥᠷᠥᠯ ᠵᠦᠢᠯ ᠤᠳ ᠲᠤ ᠭᠠᠵᠠᠷ ᠰᠢᠷᠣᠢ ᠶᠢ ᠪᠦᠬᠦ ᠲᠠᠯ᠎ᠠ ᠪᠠᠷ ᠲᠥᠯᠦᠪᠦᠷᠢᠲᠡᠢ ᠬᠠᠩᠭᠠᠬᠤ ᠶᠢ | ᠰᠢᠮᠳᠠᠭᠤᠯᠤᠨ ᠵᠢᠯᠣᠭᠤᠳᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠬᠢᠨ ᠠᠵᠤ | ᠦᠢᠯᠡᠰ ᠲᠤ ᠬᠡᠷᠡᠭᠯᠡᠬᠦ ᠭᠠᠵᠠᠷ ᠰᠢᠷᠣᠢ ᠶᠢ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠠᠩᠭᠠᠬᠤ ᠶᠢ ᠨᠢ ᠳᠠᠮᠵᠢᠵᠤ᠂ | ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠳᠤ ᠭᠠᠵᠠᠷ ᠰᠢᠷᠣᠢ ᠬᠡᠷᠡᠭᠯᠡᠬᠦ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠰᠢᠯᠠᠵᠤ ᠪᠡᠯᠡ ᠭᠠᠷᠭᠠᠬᠤ᠂ ᠬᠤᠪᠢ ᠣᠷᠣᠭᠤᠯᠬᠤ ᠵᠡᠷᠭᠡ ᠠᠷᠭ᠎ᠠ | ᠮᠠᠶ᠋ᠢᠭ ᠢᠶᠠᠷ᠂ ᠬᠤᠪᠢᠶᠠᠷᠢᠯᠠᠨ ᠰᠠᠯᠭᠠᠵᠤ ᠥᠭᠭᠦᠭᠰᠡᠨ ᠭᠠᠵᠠᠷ ᠰᠢᠷᠣᠢ ᠶᠢ ᠬᠡᠷᠡᠭᠯᠡᠵᠦ ᠪᠣᠯᠬᠤ ᠣᠷᠴᠢᠨ ᠲᠣᠭᠤᠷᠢᠨ ᠤ | ᠬᠠᠮᠠᠭᠠᠯᠠᠯᠲᠠ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ᠂ ᠨᠠᠰᠤᠵᠢᠯ᠂ | ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ ᠵᠢᠴᠢ ᠤᠰᠤ ᠬᠠᠩᠭᠠᠬᠤ᠂ ᠰᠢᠲᠠᠮᠠᠬᠠᠢ ᠬᠡᠢ ᠬᠠᠩᠭᠠᠬᠤ᠂ ᠢᠯᠴᠢ | ᠬᠠᠩᠭᠠᠬᠤ ᠪᠡᠯᠡᠳᠬᠡᠮᠵᠢ ᠵᠡᠷᠭᠡ ᠲᠥᠷᠥᠯ ᠵᠦᠢᠯ ᠳᠤ ᠨᠢ ᠭᠠᠵᠠᠷ ᠰᠢᠷᠣᠢ ᠬᠠᠩᠭᠠᠵᠤ᠂ ᠭᠠᠵᠠᠷ ᠰᠢᠷᠣᠢ ᠶᠢᠨ ᠡᠬᠢ | ᠪᠠᠶᠠᠯᠢᠭ ᠤᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ | ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 5.ᠳᠣᠣᠷ᠎ᠠ ᠠᠰᠢᠭᠯᠠᠮᠵᠢ ᠲᠠᠢ ᠬᠡᠷᠡᠭᠯᠡᠬᠦ ᠭᠠᠵᠠᠷ ᠰᠢᠷᠣᠢ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ᠃ | ᠰᠠᠯᠬᠢᠨ ᠬᠦᠴᠦᠨ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠣᠮᠣ ᠬᠡᠯᠪᠡᠷᠢ ᠶᠢᠨ ᠲᠥᠷᠥᠯ ᠵᠦᠢᠯ ᠳᠤ ᠡᠯᠡᠰᠦ | ᠮᠠᠩᠬ᠎ᠠ᠂ ᠭᠤᠪᠢ ᠴᠥᠯ᠂ ᠡᠵᠡᠭᠦᠢ ᠲᠠᠯ᠎ᠠ ᠵᠡᠷᠭᠡ ᠠᠰᠢᠭᠯᠠᠭᠠᠳᠤᠢ ᠭᠠᠵᠠᠷ ᠢ ᠬᠡᠷᠡᠭᠯᠡᠬᠦ ᠶᠢ ᠵᠣᠷᠢᠭᠵᠢᠭᠤᠯᠵᠤ᠂ ︽ | ᠳᠡᠭᠡᠷ᠎ᠡ ᠪᠠᠨ ᠰᠠᠯᠬᠢᠨ ᠬᠦᠴᠦᠨ ᠳᠣᠣᠷ᠎ᠠ ᠨᠢ ᠭᠡᠷᠡᠯ ᠴᠡᠨᠡᠭ︾ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠤᠨ | ᠬᠠᠮ ᠬᠡᠯᠪᠡᠷᠢ ᠶᠢᠨ ᠭᠠᠵᠠᠷ ᠰᠢᠷᠣᠢ ᠬᠡᠷᠡᠭᠯᠡᠬᠦ ᠶᠢ ᠠᠬᠢᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠤᠶᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠦᠷᠢᠶᠡᠰᠦᠯᠡᠬᠦ ᠪᠤᠶᠤ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠭᠠᠵᠠᠷ | ᠰᠢᠷᠣᠢ ᠬᠠᠩᠭᠠᠬᠤ ᠶᠢ ᠵᠣᠷᠢᠭᠵᠢᠭᠤᠯᠤᠨ ᠵᠢᠯᠣᠭᠤᠳᠤᠨ᠎ᠠ᠃ ︽ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ | ᠨᠡᠶᠢᠭᠡᠮ ᠤᠨ ᠬᠥᠷᠥᠩᠭᠡ ᠶᠢᠨ ᠣᠷᠤᠯᠴᠠᠬᠤ ᠶᠢ ᠵᠣᠷᠢᠭᠵᠢᠭᠤᠯᠤᠨ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ 〔2021〕 40 ᠳ᠋ᠦ᠋ᠭᠡᠷ | ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠮᠴᠢᠯᠡᠯ ᠤᠨ ᠡᠷᠬᠡ ᠶᠢᠨ ᠬᠤᠯᠪᠣᠭᠳᠠᠬᠤ | ᠡᠷᠬᠡ ᠠᠰᠢᠭ ᠢ ᠢᠯᠭᠠᠷᠠᠭᠤᠯᠵᠤ᠂ ᠦᠢᠯᠡᠳᠪᠦᠷᠢ ᠠᠭᠤᠷᠬᠠᠢ ᠶᠢᠨ ᠬᠡᠷᠡᠭᠯᠡᠬᠦ ᠭᠠᠵᠠᠷ ᠢ ᠥᠨᠳᠥᠷ ᠦᠷ᠎ᠡ | ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ | ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 6. ᠭᠠᠵᠠᠷ ᠰᠢᠷᠣᠢ ᠶᠢᠨ ᠦᠨ᠎ᠡ ᠬᠠᠩᠰᠢ ᠶᠢᠨ ᠲᠣᠬᠢᠷᠠᠭᠤᠯᠭ᠎ᠠ ᠡᠵᠡᠮᠰᠢᠯ ᠢ ᠴᠢᠩᠭᠠᠷᠠᠭᠤᠯᠤᠨ᠎ᠠ᠃ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠰᠠᠭᠤᠷᠢ ᠪᠠᠷᠢᠮᠵᠢᠶᠠᠲᠤ ᠭᠠᠵᠠᠷ ᠤᠨ | ᠦᠨ᠎ᠡ ᠶᠢ 2 ᠵᠢᠯ ᠠᠴᠠ 3 ᠵᠢᠯ ᠪᠣᠯᠬᠤ ᠪᠦᠷᠢ ᠨᠢᠭᠡ ᠤᠳᠠᠭ᠎ᠠ ᠲᠣᠬᠢᠷᠠᠭᠤᠯᠵᠤ ᠰᠢᠨᠡᠳᠬᠡᠬᠦ ᠬᠡᠷᠡᠭᠲᠡᠢ᠃ ᠬᠤᠷᠸ᠎ᠠ | ᠲᠣᠬᠢᠷᠠᠭᠤᠯᠭ᠎ᠠ ᠡᠵᠡᠮᠰᠢᠯ ᠳᠠᠬᠢ ᠭᠠᠵᠠᠷ ᠰᠢᠷᠣᠢ ᠶᠢᠨ ᠦᠨ᠎ᠡ ᠬᠠᠩᠰᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠡᠩ ᠲᠡᠷᠢᠭᠦᠨ ᠳᠤ ᠬᠥᠭᠵᠢᠭᠦᠯᠬᠦ ᠠᠵᠤ ᠦᠢᠯᠡᠰ ᠪᠣᠯᠬᠤ | ᠮᠥᠷᠲᠡᠭᠡᠨ ᠭᠠᠵᠠᠷ ᠰᠢᠷᠣᠢ ᠶᠢ ᠡᠷᠴᠢᠮᠯᠢᠭ ᠠᠰᠢᠭᠯᠠᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠳᠤ ᠭᠠᠵᠠᠷ | ᠰᠢᠷᠣᠢ ᠶᠢ ᠲᠥᠯᠥᠪᠦᠷᠢᠲᠡᠢ ᠰᠢᠯᠵᠢᠭᠦᠯᠬᠦ ᠰᠠᠭᠤᠷᠢ ᠦᠨ᠎ᠡ ᠶᠢ ᠨᠢ ᠲᠣᠭᠲᠠᠭᠠᠬᠤ ᠳᠤ ᠪᠠᠨ ᠪᠠᠶᠢᠭ᠎ᠠ ᠭᠠᠵᠠᠷ ᠤᠨ | ᠭᠠᠵᠠᠷ ᠰᠢᠷᠣᠢ ᠶᠢᠨ ᠳᠡᠰ ᠢᠯᠭᠠᠯ ᠤᠨ ᠬᠠᠷᠢᠴᠠᠩᠭᠤᠢ ᠪᠠᠷᠢᠮᠵᠢᠶ᠎ᠠ ᠶᠢᠨ 70 % ᠠᠴᠠ ᠳᠣᠣᠷ᠎ᠠ ᠪᠠᠶᠢᠯᠭᠠᠬᠤ | ᠦᠭᠡᠢ ᠪᠠᠷ ᠬᠡᠷᠡᠭᠵᠢᠭᠦᠯᠵᠦ᠂ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠵᠥᠷᠢᠴᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠬᠦ ᠶᠢ | ᠴᠢᠩᠭ᠎ᠠ ᠴᠠᠭᠠᠵᠠᠯᠠᠨ᠎ᠠ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ | ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 7. ᠭᠠᠵᠠᠷ ᠰᠢᠷᠣᠢ ᠨᠥᠭᠡᠴᠡᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠭᠠᠵᠠᠷ ᠰᠢᠷᠣᠢ ᠶᠢᠨ ᠡᠬᠢ | ᠪᠠᠶᠠᠯᠢᠭ ᠤᠨ ᠮᠡᠳᠡᠭᠡ ᠵᠠᠩᠭᠢ ᠶᠢᠨ ᠨᠥᠭᠡᠴᠡᠯᠡᠬᠦ ᠲᠠᠪᠴᠠᠩ ᠢ ᠪᠠᠶᠢᠭᠤᠯᠵᠤ᠂ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ | ᠮᠡᠳᠡᠭᠡ ᠵᠠᠩᠭᠢ ᠶᠢᠨ ᠨᠥᠭᠡᠴᠡᠯᠡᠬᠦ ᠲᠠᠪᠴᠠᠩ ᠳᠤ ᠣᠷᠣᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠭᠠᠵᠠᠷ ᠰᠢᠷᠣᠢ ᠶᠢᠨ ᠨᠥᠭᠡᠴᠡ ᠪᠡᠯᠡ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠭᠠᠵᠠᠷ | ᠰᠢᠷᠣᠢ ᠨᠥᠭᠡᠴᠡᠯᠡᠬᠦ ᠬᠡᠪᠴᠢᠶ᠎ᠡ ᠪᠠᠨ ᠥᠷᠭᠡᠳᠬᠡᠨ᠂ ᠵᠠᠰᠠᠭ ᠤᠨ ᠣᠷᠳᠣᠨ ᠠᠴᠠ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠲᠣᠬᠢᠷᠠᠭᠤᠯᠤᠨ ᠡᠵᠡᠮᠳᠡᠬᠦ ᠪᠠ ᠪᠠᠲᠤᠯᠠᠬᠤ ᠴᠢᠳᠠᠪᠤᠷᠢ ᠪᠠᠨ | ᠨᠡᠮᠡᠭᠳᠡᠭᠦᠯᠬᠦ ᠬᠡᠷᠡᠭᠲᠡᠢ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ | ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ | ᠰᠡᠭᠦᠯᠴᠢ ᠠᠴᠠ ᠡᠮᠦᠨ᠎ᠡ ᠭᠠᠵᠠᠷ ᠰᠢᠷᠣᠢ ᠶᠢᠨ ᠡᠬᠢ ᠪᠠᠶᠠᠯᠢᠭ ᠢ ᠨᠥᠭᠡᠴᠡᠯᠡᠬᠦ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠤᠨ᠎ᠠ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠰᠢᠮᠳᠠᠭᠤᠯᠤᠨ ᠵᠢᠯᠤᠭᠤᠳᠴᠤ ᠪᠠᠶᠢᠭᠠᠳ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠱᠠᠯᠠᠪᠳᠠᠨ ᠥᠷᠨᠢᠭᠦᠯᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠷᠢᠯᠠᠭᠤᠯᠤᠨ᠎ᠠ︶ ᠨᠢ ᠠᠵᠢᠯ ᠢᠶᠠᠨ ᠨᠢᠭᠡᠳᠦᠯᠲᠡᠢ | ᠲᠥᠯᠥᠪᠯᠡᠬᠦ ᠪᠠᠨ ᠴᠢᠩᠭᠠᠷᠠᠭᠤᠯᠵᠤ᠂ ᠬᠢᠨᠠᠮᠠᠭᠠᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠶᠢᠨ | ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠴᠢᠬᠤᠯᠠ ᠶᠡᠭᠡ ᠠᠰᠠᠭᠤᠳᠠᠯ ᠢ ᠤᠳᠤᠷᠢᠳᠬᠤ | ᠳᠤᠭᠤᠶᠢᠯᠠᠩ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠡᠯ᠎ᠡ | ᠵᠦᠢᠯ ᠤᠨ ᠡᠭᠦᠷᠭᠡ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ | ︵ᠬᠤᠶᠠᠷ︶ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠭᠠᠵᠠᠷ ᠰᠢᠷᠣᠢ ᠶᠢᠨ ᠡᠬᠢ | ᠪᠠᠶᠠᠯᠢᠭ ᠤᠨ ᠮᠡᠳᠡᠭᠡ ᠵᠠᠩᠭᠢ ᠶᠢ ᠨᠥᠭᠡᠴᠡᠯᠡᠬᠦ ᠲᠠᠪᠴᠠᠩ ᠢ ᠪᠠᠶᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠦᠯᠡᠳᠡᠯ ᠭᠦᠢᠴᠡᠳᠬᠡᠯ ᠲᠤᠭ᠎ᠠ ᠶᠢᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠥᠯᠥᠪᠯᠡᠬᠦ ᠨᠡᠪᠲᠡᠷᠡᠯ ᠵᠠᠮ ᠢ | ᠨᠠᠪᠲᠠᠷᠡᠭᠦᠯᠵᠦ᠂ ᠮᠡᠳᠡᠭᠡ ᠵᠠᠩᠭᠢ ᠶᠢᠨ ᠲᠦᠭᠵᠢᠷᠡᠯ ᠢ ᠠᠷᠢᠯᠭᠠᠨ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠭᠤᠷᠪᠠ︶ ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠤᠯᠤᠰ ᠤᠨ ᠬᠠᠮᠢᠶ᠎ᠠ ᠪᠦᠬᠦᠢ ᠶᠠᠮᠤᠨ ᠵᠥᠪᠯᠡᠯ ᠯᠦᠭᠡ ᠶᠢᠨ ᠵᠣᠯᠭᠠᠭᠤᠯᠤᠯᠲᠠ | ᠨᠡᠪᠲᠡᠷᠡᠯᠴᠡᠭᠡ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠪᠦᠬᠦ | ᠬᠦᠴᠦᠨ ᠢᠶᠠᠷ ᠢᠶᠠᠨ ᠴᠢᠷᠮᠠᠶᠢᠨ ᠣᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠲᠥᠬᠦᠷ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠵᠦ᠂ ᠡᠯ᠎ᠡ ᠵᠦᠢᠯ ᠤᠨ ᠠᠵᠢᠯ ᠢ ᠤᠷᠤᠭᠰᠢᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠭᠠᠵᠠᠷ ᠰᠢᠷᠣᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠪᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯ ᠢᠶᠠᠨ ᠴᠢᠨᠠᠷ ᠰᠠᠶᠢᠲᠠᠢ ᠥᠨᠳᠥᠷ ᠦᠷ᠎ᠡ | ᠪᠦᠲᠦᠮᠵᠢᠲᠡᠶ ᠥᠷᠨᠢᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ︔ ᠡᠭᠦᠷᠭᠡ ᠬᠠᠷᠠᠯᠲᠠ ᠶᠢᠨ ᠰᠢᠯᠭᠠᠨ ᠬᠢᠨᠠᠬᠤ | ᠡᠷᠴᠢᠮ ᠢᠶᠠᠨ ᠴᠢᠩᠭᠠᠷᠠᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ︔ | ᠤᠬᠠᠭᠤᠯᠭ᠎ᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ | ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠣᠶ ᠪᠣᠯᠭᠠᠬᠤ ᠬᠡᠷᠡᠭᠲᠡᠢ᠃ | | ᠳᠠᠭᠠᠯᠳᠤᠭᠤᠯᠤᠯ᠄ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠡᠰᠢᠭᠦᠳ ᠤᠨ ᠨᠡᠷᠡᠰ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠨᠥᠬᠦᠪᠦᠷᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ | ᠵᠠᠳᠠᠯᠤᠯᠲᠠ ᠶᠢᠨ ᠬᠦᠰᠦᠨᠦᠭᠲᠦ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ | 4. ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ | ᠵᠥᠪᠰᠢᠶᠡᠷᠡᠭᠰᠡᠨ ᠪᠣᠯᠪᠠᠴᠤ ᠦᠯᠦ ᠬᠠᠩᠭᠠᠭᠰᠠᠨ ᠭᠠᠵᠠᠷ ᠰᠢᠷᠣᠢ ᠶᠢ ᠰᠢᠩᠭᠡᠭᠡᠬᠦ ᠬᠠᠷᠠᠯᠲᠠ ᠡᠭᠦᠷᠭᠡ ᠶᠢᠨ | ᠵᠠᠳᠠᠯᠤᠯᠲᠠ ᠶᠢᠨ ᠬᠦᠰᠦᠨᠦᠭᠲᠦ | 5. ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠰᠤᠯᠠ | ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠬᠠᠷᠠᠯᠲᠠ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ | | | | | | | | | | | | | | | | | | | | | | | | | | | | | | | | |