ᠬᠥᠬᠡᠬᠤᠲᠠ ᠶᠢᠨ 2023 ᠣᠨ ᠤ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠪᠠ
ᠨᠡᠶᠢᠲᠡᠯᠡᠭᠰᠡᠨ ᠴᠠᠭ᠄
2023/3/27
      ᠬᠥᠬᠡᠬᠤᠲᠠ ᠨᠢᠭᠡᠨᠲᠡ 1 ᠰᠠᠷ᠎ᠠ ᠶᠢᠨ ᠬᠤᠭᠤᠴᠠᠭ᠎ᠠ ᠲᠠᠢ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠡᠬᠢᠯᠡᠭᠦᠯᠵᠦ᠂ ︽ᠭᠤᠷᠪᠠ ᠶᠢ ᠴᠡᠪᠡᠷᠯᠡᠬᠦ᠂ ᠭᠤᠷᠪᠠ ᠶᠢ ᠴᠡᠭᠴᠡᠯᠡᠨ ᠵᠠᠰᠠᠬᠤ᠂ ᠳᠥᠷᠪᠡ ᠶᠢ ᠳᠡᠭᠡᠭᠰᠢᠯᠡᠭᠦᠯᠬᠦ︾ ᠠᠶᠢᠯ ᠲᠣᠰᠬᠤᠨ ᠤ ᠠᠷᠢᠭᠤᠨ ᠴᠡᠪᠡᠷ ᠤᠨ ᠲᠤᠰᠬᠠᠢ ᠠᠵᠢᠯᠯᠠᠭ᠎ᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ ᠪᠣᠶ ︵︽ᠭᠤᠷᠪᠠ ᠶᠢ ᠴᠡᠪᠡᠷᠯᠡᠬᠦ︾ ᠭᠡᠳᠡᠭ ᠨᠢ ᠳᠠᠷᠤᠢ ᠬᠠᠶᠠᠭᠳᠠᠮᠠᠯ ᠪᠣᠳᠠᠰ ᠢ ᠴᠡᠪᠡᠷᠯᠡᠬᠦ᠂ ᠭᠤᠣᠯ ᠴᠥᠭᠦᠷᠥᠮ ᠭᠤᠸ ᠰᠤᠪᠠᠭ ᠢ ᠴᠡᠪᠡᠷᠯᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠴᠡᠪᠡᠷᠯᠡᠬᠦ ᠶᠢ ᠬᠡᠯᠡᠵᠦ ᠪᠣᠶ︔ ︽ᠭᠤᠷᠪᠠ ᠶᠢ ᠴᠡᠭᠴᠡᠯᠡᠨ ᠵᠠᠰᠠᠬᠤ︾ ᠭᠡᠳᠡᠭ ᠨᠢ ᠳᠠᠷᠤᠢ ᠳᠤᠷ᠎ᠠ ᠪᠠᠷ ᠢᠶᠠᠨ ᠨᠠᠭᠠᠵᠤ ᠵᠢᠷᠤᠬᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠳᠤᠷ᠎ᠠ ᠪᠠᠷ ᠢᠶᠠᠨ ᠲᠤᠰᠴᠤ ᠳᠤᠷ᠎ᠠ ᠪᠠᠷ ᠢᠶᠠᠨ ᠲᠠᠲᠠᠵᠤ ᠲᠠᠲᠠᠬᠤ ᠶᠢ ᠴᠡᠭᠴᠡᠯᠡᠨ ᠵᠠᠰᠠᠬᠤ ᠶᠢ ᠬᠡᠯᠡᠨ᠎ᠡ︔ ︽ᠳᠥᠷᠪᠡ ᠶᠢ ᠳᠡᠭᠡᠭᠰᠢᠯᠡᠭᠦᠯᠬᠦ︾ ᠭᠡᠳᠡᠭ ᠨᠢ ᠳᠠᠷᠤᠢ ᠬᠤᠭ ᠨᠣᠪᠰᠢ ᠶᠢ ᠲᠥᠷᠥᠯ ᠬᠤᠪᠢᠶᠠᠬᠤ ᠦᠷ᠎ᠡ ᠪᠦᠲᠦᠮᠵᠢ᠂ ᠠᠶᠢᠯ ᠲᠣᠰᠬᠤᠨ ᠪᠠ ᠬᠦᠷᠢᠶ᠎ᠡ ᠬᠠᠰᠢᠶ᠎ᠠ ᠶᠢ ᠴᠡᠪᠡᠷᠰᠢᠭᠦᠯᠦᠨ ᠨᠣᠭᠤᠭᠠᠷᠠᠭᠤᠯᠵᠤ ᠭᠡᠷᠡᠯᠲᠦᠭᠦᠯᠦᠨ ᠭᠤᠶᠣᠵᠢᠭᠤᠯᠬᠤ ᠬᠢᠷᠢ ᠲᠦᠪᠰᠢᠨ᠂ ᠬᠥᠳᠡᠭᠡ ᠲᠣᠰᠬᠤᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠦᠵᠡᠯ ᠤᠬᠠᠮᠰᠠᠷ︶ ᠪᠠ ᠬᠥᠳᠡᠭᠡ ᠲᠣᠰᠬᠤᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠳᠡᠭᠡᠭᠰᠢᠯᠡᠭᠦᠯᠦᠨ᠎ᠡ᠂ ᠡᠯ᠎ᠡ ᠭᠠᠵᠠᠷ ᠣᠷᠣᠨ ᠨᠤᠭᠤᠳ ᠨᠢᠭᠡᠨᠲᠡ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠬᠢᠵᠦ᠂ ᠠᠵᠢᠯᠲᠠᠨ᠂ ᠲᠥᠬᠦᠭᠡᠷᠦᠮᠵᠢ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠢᠯᠭᠠᠷᠠᠭᠤᠯᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ᠃     ᠬᠥᠬᠡᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠲᠦᠷᠦᠯ ᠤᠨ ᠠᠬᠢᠭᠤᠯᠬᠤ ᠳᠤᠭᠤᠶᠢᠯᠠᠩ ᠣᠶᠢᠷ᠎ᠠ ᠳᠤ ︽ᠬᠥᠬᠡᠬᠤᠲᠠ ᠶᠢᠨ 2023 ᠣᠨ ᠤ ︿ᠭᠤᠷᠪᠠ ᠶᠢ ᠴᠡᠪᠡᠷᠯᠡᠬᠦ᠂ ᠭᠤᠷᠪᠠ ᠶᠢ ᠴᠡᠭᠴᠡᠯᠡᠨ ᠵᠠᠰᠠᠬᠤ᠂ ᠳᠥᠷᠪᠡ ᠶᠢ ᠳᠡᠭᠡᠭᠰᠢᠯᠡᠭᠦᠯᠬᠦ﹀ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ︾ ᠪᠣᠯᠣᠨ ︽ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠠᠢ᠃ ᠡᠨᠡ ᠵᠢᠯ ᠤᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠪᠠ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠬᠤᠯᠪᠣᠭᠳᠠᠯ ᠪᠦᠬᠦᠢ ᠠᠵᠢᠯ ᠤᠨ ᠡᠭᠦᠷᠭᠡ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠤ ᠬᠠᠮᠲᠤ ᠪᠣᠳᠠᠲᠠᠢ ᠠᠵᠢᠯ ᠤᠨ ᠱᠠᠭᠠᠷᠳᠠᠯᠭ᠎ᠠ ᠪᠠ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ ᠨᠠᠷᠢᠯᠢᠭᠵᠢᠭᠤᠯᠤᠨ ᠲᠣᠳᠣᠷᠬᠠᠶᠢᠯᠠᠪᠠ᠃     ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠲᠤ ᠨᠢᠭᠤᠴᠠ ᠪᠠᠷ ᠰᠤᠷᠪᠤᠯᠵᠢᠯᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ 2 ᠪᠠᠶᠢᠭᠤᠯᠵᠤ᠂ ᠡᠯ᠎ᠡ ᠭᠠᠵᠠᠷ ᠣᠷᠣᠨ ᠳᠤ ᠭᠦᠨᠵᠡᠭᠡᠶᠢᠷᠡᠨ ᠪᠠᠶᠢᠩᠭᠤ ᠶᠢᠨ ᠴᠢᠨᠠᠷᠲᠠᠢ ᠨᠢᠭᠤᠴᠠ ᠪᠠᠷ ᠰᠤᠷᠪᠤᠯᠵᠢᠯᠠᠨ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃ ᠣᠲᠣ ᠪᠣᠯᠲᠠᠯ᠎ᠠ᠂ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ᠂ ᠰᠠᠶᠢᠬᠠᠨ ᠲᠣᠭᠤᠷᠢᠭ ᠤᠨ 39 ᠲᠣᠰᠬᠤᠨ  ᠢ ᠰᠢᠪᠠᠳᠠᠨ ᠪᠠᠶᠢᠴᠠᠭᠠᠵᠤ᠂ 8 ᠬᠤᠭᠤᠴᠠᠭᠠᠨ ᠤ ︽ᠨᠢᠭᠤᠴᠠ ᠰᠣᠷᠪᠤᠯᠵᠢᠯᠠᠭ᠎ᠠ︾ ᠶᠢᠨ ᠰᠢᠪᠠᠳᠠᠨ ᠪᠠᠶᠢᠴᠠᠭᠠᠯᠲᠠ ᠶᠢᠨ ᠵᠠᠷᠯᠠᠯ  ᠢ ᠳᠠᠷᠤᠮᠠᠯᠯᠠᠨ ᠲᠠᠷᠬᠠᠭᠠᠵᠤ᠂ ᠠᠰᠠᠭᠤᠳᠠᠯ  ᠢ ᠨᠢᠭᠡᠨᠲᠡ ᠬᠠᠷᠢᠭᠤ ᠲᠤᠰᠬᠠᠭᠰᠠᠨ ᠪᠥᠭᠡᠳ ᠬᠠᠷᠢᠶ᠎ᠠ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ  ᠢ ᠰᠢᠪᠠᠳᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠠᠢ᠃     ᠬᠥᠳᠡᠭᠡ ᠲᠣᠰᠬᠤᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠭᠡᠷᠡᠴᠢᠯᠡᠬᠦ ᠲᠠᠯ᠎ᠠ ᠪᠠᠷ᠂ ᠡᠯ᠎ᠡ ᠭᠠᠵᠠᠷ ᠣᠷᠣᠨ ᠨᠤᠭᠤᠳ ᠡᠷᠦᠬᠡ ᠶᠢᠨ ᠵᠣᠷᠯᠣᠩ ᠢ ᠦᠷᠭᠦᠯᠵᠢᠯᠡᠨ ᠪᠠᠶᠢᠭᠤᠯᠬᠤ ᠪᠠ ᠰᠢᠨ᠎ᠡ ᠪᠠᠷ ᠪᠠᠶᠢᠭᠤᠯᠬᠤ ᠠᠵᠢᠯ ᠢ ᠱᠠᠯᠠᠪᠳᠠᠨ ᠠᠬᠢᠭᠤᠯᠵᠤ ᠪᠠᠶᠢᠬᠤ ᠪᠥᠭᠡᠳ ᠳᠡᠭᠡᠷ᠎ᠡ ᠵᠢᠯ ᠤᠨ ᠨᠢᠭᠡᠨᠲᠡ ᠪᠠᠷᠢᠵᠤ ᠳᠠᠭᠤᠰᠬᠠᠭᠰᠠᠨ 1.9 ᠲᠦᠮᠡᠨ ᠡᠷᠦᠬᠡ ᠶᠢᠨ ᠵᠣᠷᠯᠣᠩ ᠢ ᠬᠤᠯᠪᠣᠭᠳᠠᠯ ᠪᠦᠬᠦᠢ ᠲᠥᠰᠥᠯ ᠪᠠ ᠪᠠᠷᠢᠮᠵᠢᠶ᠎ᠠ ᠶᠣᠰᠣᠭᠠᠷ ᠰᠢᠯᠭᠠᠨ ᠬᠤᠷᠢᠶᠠᠵᠤ᠂ ᠵᠢᠱᠢᠯᠲᠡ ᠪᠠᠷ ᠲᠣᠰ ᠰᠠᠷ᠎ᠠ ᠶᠢᠨ ᠰᠡᠭᠦᠯᠴᠢ ᠪᠠᠷ ᠬᠤᠰᠢᠭᠤ ᠰᠢᠶᠠᠨ ᠳᠤ ᠰᠢᠯᠭᠠᠨ ᠬᠤᠷᠢᠶᠠᠵᠤ ᠳᠠᠭᠤᠰᠬᠠᠨ᠂ ᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号