3 ᠰᠠᠷ᠎ᠠ ᠶᠢᠨ 26 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠪᠣᠭᠤᠮᠲᠠ ᠶᠢᠨ ᠪᠣᠭᠤᠮᠲᠠ ᠳᠤ ᠮᠡᠳᠡᠭᠦᠯᠬᠦ ᠶᠡᠭᠡ | ᠲᠢᠩᠬᠢᠮ ᠳᠤ᠂ ᠲᠤᠬᠠᠶᠢᠯᠠᠭᠰᠠᠨ ᠠᠵᠢᠯ ᠤᠨ ᠴᠣᠩᠬᠤᠨ ᠤ ᠠᠵᠢᠯᠲᠠᠨ ᠵᠧᠦ ᠯᠢ ᠯᠢ ᠱᠤᠭᠤᠮ ᠳᠡᠭᠡᠷ᠎ᠡ ᠢᠷᠠᠺ ᠲᠤ ᠭᠠᠷᠬᠤ | ᠨᠡᠷᠡᠨ ᠬᠤᠸᠠᠷ ᠤᠨ ᠦᠷ᠎ᠡ ᠶᠢᠨ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠵᠡᠢ᠃ | ︽ᠣᠳᠣᠬᠠᠨ ᠳᠤ ᠶᠠᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠬᠥᠭᠵᠢᠯᠲᠡᠢ ᠤᠯᠠᠷᠢᠯ ᠪᠣᠯᠵᠤ | ᠪᠠᠶᠢᠭ᠎ᠠ ᠪᠣᠯᠬᠤᠷ ᠪᠢᠳᠡ ᠠᠵᠤ ᠠᠬᠤᠶᠢᠯᠠᠯ ᠠᠴᠠ ᠬᠢᠷᠢ ᠲᠡᠩᠴᠡᠭᠰᠡᠨ ᠢ ᠦᠨᠡᠯᠡᠨ ᠲᠣᠭᠲᠠᠭᠠᠬᠤ ᠪᠠᠷ ᠮᠡᠳᠡᠭᠦᠯᠬᠦ ᠬᠦᠷᠲᠡᠯ᠎ᠡ | ᠂ ᠳᠠᠬᠢᠭᠠᠳ ᠦᠨᠡᠮᠯᠡᠯ ᠣᠯᠭᠤᠬᠤ ᠬᠦᠷᠲᠡᠯ᠎ᠡ᠂ ᠪᠣᠳᠠᠲᠤ ᠪᠠᠷᠠᠭ᠎ᠠ ᠶᠢ ᠲᠠᠯᠪᠢᠵᠤ ᠶᠠᠪᠤᠭᠤᠯᠬᠤ᠂ ᠲᠤᠬᠠᠶᠢᠯᠠᠭᠰᠠᠨ ᠠᠵᠢᠯ ᠢ | ᠡᠳᠦᠷ ᠢᠶᠠᠷ ᠳ᠋ᠦᠩᠨᠡᠨ ᠡᠳᠦᠷ ᠢᠶᠠᠷ ᠳᠠᠭᠤᠰᠬᠠᠬᠤ ᠬᠦᠷᠲᠡᠯ᠎ᠡ᠂ ᠪᠠᠷᠠᠭ᠎ᠠ ᠶᠢ ᠲᠡᠷᠡ ᠳᠠᠷᠤᠢ ᠳᠤᠨᠢ ᠮᠡᠳᠡᠭᠦᠯᠵᠦ ᠲᠡᠷᠡ | ᠳᠠᠷᠤᠢ ᠳᠤᠨᠢ ᠲᠠᠯᠪᠢᠵᠤ ᠶᠠᠪᠤᠭᠤᠯᠤᠨ᠎ᠠ︾ ᠭᠡᠵᠦ ᠵᠧᠦ ᠯᠢ ᠯᠢ ᠬᠡᠯᠡᠪᠡ᠃ | ᠪᠣᠭᠤᠮᠲᠠ ᠶᠢᠨ ᠪᠦᠷᠢᠳᠬᠡᠯ ᠠᠴᠠ ᠦᠵᠡᠪᠡᠯ᠂ ᠡᠨᠡ ᠵᠢᠯ ᠤᠨ ᠲᠦᠷᠦᠭᠦᠸ ᠬᠤᠶᠠᠷ ᠰᠠᠷ᠎ᠠ ᠳᠤ᠂ ᠪᠠᠶᠠᠨᠨᠠᠭᠤᠷ | ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠬᠡᠮᠵᠢᠶ᠎ᠡ 11 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠨ᠂ ᠠᠳᠠᠯᠢ ᠬᠤᠭᠤᠴᠠᠭᠠᠨ ᠤ ᠥᠪᠥᠷ | ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠬᠡᠮᠵᠢᠶ᠎ᠡ ᠶᠢᠨ 75% ᠶᠢ | ᠡᠵᠡᠯᠡᠵᠦ᠂ ᠭᠠᠳᠠᠭᠠᠳᠤ ᠠᠷᠠᠯᠵᠢᠶᠠᠨ ᠤ ᠰᠠᠶᠢᠨ ᠡᠬᠢᠯᠡᠯᠲᠡ ᠲᠠᠢ ᠪᠣᠯᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ | ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠳᠣᠲᠣᠭᠠᠳᠤ ᠬᠠᠭᠤᠷᠠᠢ ᠶᠢᠨ ᠡᠳ᠋ | ᠪᠠᠷᠠᠭᠠᠨ ᠤ ᠭᠦᠢᠯᠭᠡᠭᠡ ᠪᠠ ᠲᠡᠯᠡᠶ ᠶᠢᠨ ᠲᠡᠭᠡᠭᠡᠪᠦᠷᠢ ᠶᠢᠨ ᠥᠪᠡᠷ ᠤᠨ ᠥᠷᠲᠡᠭ ᠪᠠᠭᠤᠷᠠᠵᠤ᠂ ᠬᠢᠯᠢ ᠶᠢᠨ ᠭᠠᠳᠠᠨᠠᠬᠢ | ᠪᠣᠭᠤᠮᠲᠠ ᠶᠢ ᠴᠡᠪᠡᠷᠯᠡᠬᠦ ᠨᠢ ᠠᠭᠤᠵᠢᠭᠤ ᠪᠣᠯᠵᠤ᠂ ᠭᠤᠪᠢᠭᠤᠯᠭ᠎ᠠ ᠶᠢᠨ ᠨᠣᠷᠮ᠎ᠠ ᠶᠢᠨ ᠬᠡᠯᠪᠡᠯᠵᠡᠯ ᠨᠠᠮᠳᠠᠬᠤ ᠬᠠᠨᠳᠤᠰᠢ ᠲᠠᠢ | ᠪᠣᠯᠤᠭᠰᠠᠨ ᠵᠡᠷᠭᠡ ᠠᠰᠢᠭᠲᠠᠢ ᠪᠠᠶᠢᠳᠠᠯ ᠳᠠᠪᠬᠤᠴᠠᠵᠤ᠂ ᠪᠠᠶᠠᠨᠨᠠᠭᠤᠷ ᠣᠷᠣᠨ ᠤ ᠡᠯ᠎ᠡ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠡᠷᠴᠢ ᠵᠣᠷᠢᠭ ᠢᠶᠠᠨ ᠬᠥᠪᠴᠢᠯᠡᠵᠦ᠂ ᠭᠠᠳᠠᠭᠠᠳᠤ ᠠᠷᠠᠯᠵᠢᠶᠠᠨ ᠤ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃ | ︽ᠪᠢᠳᠡ ︿ᠨᠢᠭᠡ ᠪᠦᠰᠡ ᠨᠢᠭᠡ ᠵᠠᠮ﹀ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠦᠲᠦᠭᠡᠨ ᠪᠠᠶᠢᠭᠤᠯᠬᠤ | ᠬᠡᠲᠦ ᠶᠢᠨ ᠲᠥᠯᠥᠪ ᠪᠠ RCEP ᠶᠢᠨ ᠬᠡᠯᠡᠯᠴᠡᠭᠡᠷ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠡᠮᠡᠭᠳᠡᠯ ᠢ | ᠰᠠᠶᠢᠲᠤᠷ ᠦᠵᠡᠵᠦ᠂ ᠡᠸᠦ᠋ᠷᠦᠫᠡ ᠲᠢᠪ ᠪᠠ ᠵᠡᠭᠦᠨ ᠡᠮᠦᠨᠡᠲᠦ ᠠᠽᠢᠶ᠎ᠠ ᠶᠢᠨ ᠵᠠᠬ᠎ᠠ ᠳᠡᠯᠭᠡᠭᠦᠷ ᠢ ᠭᠤᠣᠯᠳᠠᠯᠭ᠎ᠠ ᠲᠠᠢ ᠨᠡᠭᠡᠭᠡᠨ | ᠥᠷᠭᠡᠳᠬᠡᠵᠦ᠂ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠵᠠᠪᠳᠤᠨ ᠡᠵᠡᠯᠡᠵᠦ ᠪᠠᠶᠢᠨ᠎ᠠ᠂ | ᠵᠢᠱᠢᠯᠲᠡ ᠪᠠᠷ ᠡᠨᠡ ᠵᠢᠯ ᠤᠨ ᠭᠠᠳᠠᠭᠠᠳᠤ ᠠᠷᠠᠯᠵᠢᠶᠠᠨ ᠤ ᠠᠮᠵᠢᠯᠲᠠ ᠪᠦᠲᠦᠮᠵᠢ ᠲᠤᠭ᠎ᠠ ᠬᠡᠮᠵᠢᠶᠡᠨ ᠤ ᠦᠰᠦᠷᠦᠯᠲᠡ ᠲᠠᠢ | ᠪᠣᠯᠬᠤ ᠪᠣᠯᠣᠨ᠎ᠠ︾ ᠭᠡᠵᠡᠢ᠃ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠢᠶᠠᠨ ᠰᠠᠶ᠋ᠢᠬᠠᠨ ᠬᠢᠵᠦ | ᠳᠠᠭᠤᠰᠬᠠᠭᠰᠠᠨ ᠨᠢᠭᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠲᠡᠭᠡᠯ ᠳᠦᠭᠦᠷᠡᠩ ᠶᠠᠷᠢᠵᠤ ᠪᠠᠶᠢᠯ᠎ᠠ᠃ | ᠪᠠᠶᠠᠨᠨᠠᠭᠤᠷ ᠬᠤᠳᠠ ᠶᠢᠨ ᠯᠸ ᠡᡁᠸ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠪᠣᠷᠣᠯᠠᠭᠤᠯᠬᠤ | ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠰᠠᠯᠬᠢ ᠪᠠᠷ ᠰᠢᠯᠢᠬᠦ ᠮᠠᠰᠢᠨ᠂ ᠴᠢᠯᠠᠭᠤ ᠠᠷᠢᠯᠭᠠᠬᠤ ᠮᠠᠰᠢᠨ᠂ | ᠬᠤᠪᠢ ᠶᠢᠨ ᠵᠢᠩ ᠤᠨ ᠮᠠᠰᠢᠨ ᠤ ᠮᠣᠷᠢᠨ ᠬᠦᠴᠦ ᠨᠢ ᠪᠦᠬᠦᠨ ᠢᠶᠠᠷ ᠢᠶᠠᠨ ᠨᠡᠭᠡᠭᠡᠭᠳᠡᠵᠦ᠂ ᠪᠣᠯᠪᠠᠰᠤᠷᠠᠩᠭᠤᠢ ᠪᠠᠷ ᠠᠷᠰᠠᠷ | ᠠᠵᠢᠯ ᠲᠡᠭᠦᠬᠦ ᠠᠵᠢᠯᠴᠢᠨ᠂ ᠪᠣᠭᠤᠳᠠᠯᠯᠠᠬᠤ ᠠᠵᠢᠯᠴᠢᠨ᠂ ᠲᠣᠩᠭᠤᠷᠤᠤ ᠤᠭᠰᠠᠷᠠᠬᠤ ᠠᠵᠢᠯᠴᠢᠨ ᠬᠦᠷ ᠬᠥᠭᠵᠢᠶᠡᠨ ᠲᠠᠢ | ᠠᠵᠢᠯᠯᠠᠵᠤ᠂ ᠨᠡᠷᠡᠨ ᠬᠤᠸᠠᠷ ᠤᠨ ᠦᠷ᠎ᠡ ᠠᠴᠠ ᠬᠥᠮᠥᠰ ᠤᠨ ᠪᠠᠭ᠋ᠠᠷᠤᠯ ᠢ ᠲᠠᠲᠠᠮ᠎ᠠ ᠠᠩᠬᠢᠯᠤᠮ᠎ᠠ ᠰᠠᠶᠢᠬᠠᠨ ᠦᠨᠦᠷ | ᠬᠠᠩᠬᠤᠯᠵᠤ᠂ ᠦᠢᠯᠡᠳᠪᠦᠷᠢᠯᠡᠯ ᠤᠨ ᠱᠤᠭᠤᠮ ᠳᠡᠭᠡᠷ᠎ᠡ ᠪᠠᠶᠠᠷ ᠬᠦᠷ ᠲᠠᠢ ᠪᠠᠷ ᠪᠢᠯᠬᠠᠨ᠎ᠠ᠃ ᠬᠥᠮᠥᠷᠭᠡ ᠳᠠᠬᠢ ᠨᠢᠭᠡ ᠪᠠᠭᠯᠠᠭ᠎ᠠ | ᠪᠦᠲᠦᠭᠡᠭᠳᠡᠬᠦᠨ ᠢ ᠴᠦ ᠳᠠᠮᠵᠢᠭᠤᠯᠬᠤ ᠪᠦᠰᠡ ᠪᠠᠷ ᠠᠴᠢᠶᠠᠨ ᠤ ᠮᠠᠰᠢᠨ ᠲᠡᠷᠭᠡᠨ ᠳᠤ ᠰᠠᠭᠤᠯᠭᠠᠵᠤ᠂ ᠤᠳᠠᠯ ᠦᠭᠡᠢ | ᠭᠠᠷᠠᠮ ᠳᠤ ᠰᠢᠯᠵᠢᠭᠦᠯᠵᠦ᠂ ︽ᠰᠢᠨ᠎ᠡ ᠰᠣᠷᠭᠤᠭ︾ ᠢ ᠵᠠᠪᠳᠤᠨ ᠲᠠᠯᠠᠢ ᠳᠤ ᠭᠠᠷᠤᠨ᠎ᠠ᠃ | ︽ᠭᠠᠷ ᠲᠤ ᠵᠠᠬᠢᠶᠠᠯᠠᠭ᠎ᠠ ᠶᠢᠨ ᠬᠠᠭᠤᠳᠠᠰᠤ ᠲᠠᠢ᠂ ᠡᠳ᠋ ᠪᠠᠷᠠᠭ᠎ᠠ ᠶᠢ ᠪᠣᠷᠣᠯᠠᠭᠤᠯᠬᠤ ᠵᠠᠮ ᠲᠠᠢ᠂ ᠭᠠᠳᠠᠭᠠᠳᠤ ᠳᠤ | ᠭᠠᠷᠭᠠᠬᠤ ᠳᠤ ᠪᠠᠲᠤᠯᠠᠭ᠎ᠠ ᠲᠠᠢ ᠪᠠᠶᠢᠳᠠᠭ᠃︾ ᠺᠣᠮᠫᠠᠨᠢ ᠶᠢᠨ ᠶᠡᠷᠦᠩᠬᠡᠢ ᠳᠠᠭᠠᠭᠠᠮᠠᠯ ᠪᠥᠸᠧ ᠯᠧ ᠪᠠᠶᠠᠷᠲᠠᠢ ᠪᠠᠷ᠄ ︽ᠡᠮᠦᠨ᠎ᠡ | ᠨᠢᠭᠡ ᠬᠤᠭᠤᠴᠠᠭᠠᠨ ᠳᠤ ᠪᠢᠳᠡ ᠳ᠋ᠦ᠋ᠪᠠᠢ ᠪᠣᠯᠣᠨ ᠷᠢᠶᠠᠳ᠋ ᠤᠨ ᠡᠷᠭᠢᠯᠡᠭᠰᠡᠨ ᠳᠠᠯᠠᠶ ᠶᠢᠨ ᠪᠤᠯᠤᠩ ᠤᠨ ᠢᠳᠡᠭᠡᠨ ᠤ | ᠦᠵᠡᠭᠦᠯᠦᠯᠭᠡ ᠶᠢᠨ ᠴᠤᠭᠯᠠᠭᠠᠨ ᠳᠡᠭᠡᠷ᠎ᠡ 1800 ᠭᠠᠷᠤᠢ ᠲᠦᠮᠡᠨ ᠳ᠋ᠣᠯᠯᠠᠷ ᠤᠨ ᠭᠠᠳᠠᠭᠠᠳᠤ ᠭᠠᠷᠭᠠᠯᠲᠠ ᠶᠢᠨ | ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ ᠣᠳᠣ ᠺᠣᠮᠫᠠᠨᠢ ᠶᠢᠨ 7 ᠦᠢᠯᠡᠳᠪᠦᠷᠢᠯᠡᠯ ᠤᠨ | ᠱᠤᠭᠤᠮ ᠢ ᠳᠦᠭᠦᠷᠡᠩ ᠠᠴᠢᠶ᠎ᠠ ᠲᠠᠢ ᠡᠬᠢᠯᠡᠭᠦᠯᠵᠦ᠂ ᠡᠳᠦᠷ ᠤᠨ ᠭᠠᠷᠤᠯᠲᠠ 200 ᠲᠣᠨ ᠠᠴᠠ ᠳᠠᠪᠠᠵᠠᠢ︾᠃ | ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠤᠳᠥᠮᠦ ᠶᠢᠨ | ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠰᠢ᠂ ᠲᠤᠰ ᠬᠤᠲᠠ ᠶᠢᠨ ᠬᠢᠨ ᠲᠦᠷᠦᠭᠦᠦ ᠪᠦᠯᠦᠭ ᠤᠨ ᠭᠠᠳᠠᠭᠠᠳᠤ ᠳᠤ | ᠭᠠᠷᠭᠠᠬᠤ 5 ᠳᠠᠭᠠᠭᠤᠯᠤᠭᠴᠢ ᠠᠵᠤ ᠠᠬᠤᠶᠢᠯᠠᠯ ᠤᠨ ᠪᠠᠶᠢᠭᠤᠯᠤᠭᠰᠠᠨ ᠤᠯᠠᠨ ᠨᠡᠶᠢᠲᠡ ᠶᠢᠨ ᠭᠠᠳᠠᠭᠠᠳᠤ ᠳᠠᠬᠢ | ᠬᠥᠮᠥᠷᠭᠡ ᠶᠢ ᠲᠣᠭᠲᠠᠭᠠᠵᠤ᠂ ᠢᠨᠳᠤᠨᠧᠰᠢᠶ᠎ᠠ᠂ ᠲᠦᠷᠺ᠂ ᠺᠠᠮᠪᠤᠵᠠ ᠪᠣᠯᠣᠨ ᠤᠷᠤᠰ ᠲᠤ ᠲᠤᠰ ᠲᠤᠰ ᠭᠠᠵᠠᠷ ᠰᠣᠩᠭᠤᠨ | ᠥᠭᠴᠦ᠂ ᠭᠠᠳᠠᠭᠠᠳᠤ ᠳᠤ ᠭᠠᠷᠭᠠᠬᠤ ᠪᠠᠷᠠᠭ᠎ᠠ ᠳᠤ ᠬᠢᠯᠢ ᠶᠢᠨ ᠭᠠᠳᠠᠨ᠎ᠠ ᠳᠠᠮᠵᠢᠭᠤᠯᠬᠤ ᠬᠦᠢᠰᠦ ᠪᠠᠶᠢᠭᠤᠯᠵᠤ | ᠥᠭᠭᠦᠭᠰᠡᠨ ᠢᠶᠠᠷ ᠪᠠᠷᠠᠬᠤ ᠦᠭᠡᠢ ᠪᠠᠰᠠ ᠬᠤᠳᠠᠯᠳᠤᠨ ᠠᠪᠬᠤ ᠪᠠ ᠪᠣᠷᠣᠯᠠᠭᠤᠯᠬᠤ ᠬᠥᠭᠵᠢᠶᠡᠨᠲᠡᠢ ᠤᠯᠠᠷᠢᠯ ᠤᠨ ᠪᠠᠷᠠᠭᠠᠨ ᠤ | ᠭᠦᠢᠯᠭᠡᠭᠡᠨ ᠤ ᠦᠷ᠎ᠡ ᠠᠰᠢᠭ ᠢ ᠳᠡᠭᠡᠭᠰᠢᠯᠡᠭᠦᠯᠦᠭᠰᠡᠨ ᠪᠠᠶᠢᠨ᠎ᠠ᠃ 2 ᠳ᠋ᠤᠭᠠᠷ ᠰᠠᠷ᠎ᠠ ᠳᠤ᠂ ᠲᠣᠰ ᠬᠤᠲᠠ ᠶᠢᠨ ᠬᠢᠨ ᠪᠠᠰᠠ | ᠭᠠᠳᠠᠭᠠᠳᠤ ᠳᠤ ᠭᠠᠷᠭᠠᠬᠤ ᠲᠣᠯᠣᠭᠠᠶᠢᠯᠠᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠮᠣᠩᠭᠤᠯ ᠤᠨ | ᠬᠤᠳᠠᠯᠳᠤᠭᠠᠴᠢᠨ ᠤ ᠲᠣᠷᠭᠠᠨ ᠵᠠᠮ ᠤᠨ ᠠᠶᠠᠯᠠᠯ︾ ᠤᠨ ᠭᠠᠳᠠᠭᠠᠳᠤ ᠳᠠᠬᠢ ᠠᠵᠤ ᠠᠬᠤᠢ ᠠᠷᠠᠯᠵᠢᠶᠠᠨ ᠤ ᠠᠵᠢᠯᠯᠠᠭ᠎ᠠ | ᠥᠷᠨᠢᠭᠦᠯᠵᠦ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠪᠣᠯᠣᠨ ᠰᠠᠦ᠋ᠳ᠋ ᠤᠨ ᠠᠷᠠᠪ ᠲᠤ ᠬᠦᠷᠴᠦ ᠲᠠᠩᠰᠠ ᠶᠢᠨ | ᠬᠠᠭᠤᠳᠠᠰᠤ ᠪᠤᠯᠢᠶᠠᠯᠳᠤᠨ ᠠᠪᠴᠤ᠂ ᠣᠬᠤᠷᠬᠠᠨ 6 ᠡᠳᠦᠷ ᠤᠨ ᠬᠤᠭᠤᠴᠠᠭᠠᠨ ᠳᠤ ᠲᠡᠯᠡᠶ ᠶᠢᠨ ᠪᠤᠯᠤᠩ ᠤᠨ ᠣᠷᠣᠨ ᠤ | 130 ᠭᠠᠷᠤᠢ ᠵᠣᠴᠢᠨ ᠡᠷᠦᠬᠡ ᠲᠠᠢ ᠶᠠᠷᠢᠯᠴᠠᠵᠤ᠂ ᠭᠠᠳᠠᠭᠠᠳᠤ ᠳᠤ ᠭᠠᠷᠭᠠᠬᠤ ᠵᠠᠬᠢᠶᠠᠯᠠᠭ᠎ᠠ ᠶᠢᠨ ᠬᠠᠭᠤᠳᠠᠰᠤ ᠶᠢᠨ | ᠰᠠᠨᠠᠮᠵᠢ ᠶᠢᠨ ᠭᠡᠷ᠎ᠡ ᠶᠢᠨ ᠲᠤᠭ᠎ᠠ ᠨᠢ 1.5 ᠳ᠋ᠦᠩᠰᠢᠭᠤᠷ ᠳ᠋ᠣᠯᠯᠠᠷ ᠢ ᠳᠠᠪᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ | ᠪᠣᠭᠤᠮᠲᠠ ᠲᠠᠢ ᠭᠡᠷ᠎ᠡ ᠲᠣᠭᠲᠠᠵᠤ ᠪᠥᠬᠦ ᠤᠯᠤᠰ ᠤᠨ ᠠᠩᠬᠠᠳᠠᠭᠴᠢ ᠦᠷ᠎ᠡ ᠶᠢᠨ ᠲᠥᠷᠥᠯ ᠤᠨ ᠮᠡᠷᠭᠡᠵᠢᠯ ᠤᠨ ᠴᠢᠨᠠᠷᠲᠠᠢ | ᠠᠷᠠᠯᠵᠢᠶᠠᠨ ᠤ ᠠᠷᠭ᠎ᠠ ᠬᠡᠮᠵᠢᠶ᠎ᠡ ᠶᠢ ᠰᠤᠳᠤᠯᠤᠨ ᠦᠨᠡᠯᠡᠬᠦ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠪᠠ᠂ ᠡᠭᠦᠨ ᠠᠴᠠ | ᠡᠮᠦᠨ᠎ᠡ᠂ ᠲᠣᠰ ᠬᠤᠲᠠ ᠨᠢᠭᠡᠨᠲᠡ ᠪᠣᠭᠤᠮᠲᠠ ᠲᠠᠢ ᠬᠤᠯᠪᠤᠭᠠᠯᠠᠨ ᠢᠷᠡᠨ᠂ ᠶᠠᠫᠤᠨ᠂ ᠠᠦ᠋ᠰᠲᠷᠠᠯᠢᠶ᠎ᠠ ᠵᠡᠷᠭᠡ ᠤᠯᠤᠰ ᠤᠨ | ᠠᠷᠠᠯᠵᠢᠶᠠᠨ ᠤ ᠪᠠᠬᠢᠯᠡᠯᠲᠡ ᠶᠢ ᠡᠪᠳᠡᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠪᠠ᠃ | ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠶᠢᠯᠡᠰᠵᠢᠯᠲᠡ ᠶᠢᠨ ᠳᠠᠪᠠᠭᠤᠯᠢᠭ ᠲᠠᠭᠠᠨ ᠲᠦᠰᠢᠭᠯᠡᠨ᠂ ᠪᠣᠷᠣᠳᠣᠬᠤᠢ ᠶᠢᠨ ᠪᠥᠬᠦ ᠣᠷᠣᠨ ᠪᠦᠰᠡ ᠶᠢᠨ ᠪᠣᠬᠢᠷᠳᠤᠯ ᠦᠭᠡᠢ | ᠣᠷᠭᠠᠨᠢᠭ ᠳᠡᠭᠡᠳᠦ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ | ᠪᠠ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ︽ᠣᠯᠠᠨ | ᠤᠯᠤᠰ ᠤᠨ ᠬᠡᠪ ᠳᠠᠭᠤᠷᠢᠶᠠᠯ︾ ᠠᠴᠠ ᠭᠠᠷᠭᠠᠬᠤ ᠳᠤ ᠬᠦᠴᠦ ᠨᠡᠮᠡᠷᠢᠯᠡᠪᠡ᠃ ᠣᠶᠢᠷ᠎ᠠ ᠶᠢᠨ ᠵᠢᠯ ᠤᠨ ᠲᠤᠷᠰᠢ᠂ ᠲᠤᠰ | ᠬᠤᠳᠠ ᠶᠢᠨ ᠬᠢᠨ ︽ᠲᠡᠭᠷᠢ ᠶᠢᠨ ᠣᠶᠣᠳᠠᠯ ᠤᠨ ᠲᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ | ᠲᠡᠮᠳᠡᠭ ᠢᠶᠠᠨ ᠭᠠᠶᠢᠬᠠᠭᠤᠯᠵᠤ᠂ ᠭᠠᠳᠠᠭᠠᠳᠤ ᠳᠤ ᠭᠠᠷᠭᠠᠬᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠶᠢᠨ ᠵᠠᠬ᠎ᠠ | ᠳᠡᠯᠭᠡᠭᠦᠷ ᠲᠠᠬᠢ ᠨᠡᠷ᠎ᠡ ᠠᠯᠳᠠᠷ ᠤᠨ ᠬᠡᠮᠵᠢᠶ᠎ᠡ ᠪᠣᠯᠣᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠣᠷᠣᠳᠣᠬᠤᠢ ᠶᠢᠨ | ᠨᠡᠷᠡᠨ ᠬᠤᠸᠠᠷ ᠪᠣᠯᠣᠨ ᠲᠠᠯ᠎ᠠ ᠨᠤᠲᠤᠭ ᠤᠨ ᠠᠯᠠᠰᠢᠨ ᠬᠤᠨᠢ ᠭᠡᠬᠦ ᠬᠤᠶᠠᠷ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ | ᠴᠣᠭᠴᠠᠯᠠᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠳᠠᠭᠠᠭᠤᠯᠤᠭᠴᠢ | ᠠᠵᠤ ᠠᠬᠤᠶᠢᠯᠠᠯ ᠠᠴᠠ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠴᠤᠭᠯᠠᠷᠠᠨ ᠡᠵᠡᠩᠨᠡᠬᠦ᠂ ᠠᠰᠢᠭ ᠲᠤᠰᠠ ᠶᠢ ᠬᠠᠮᠲᠤᠪᠠᠷ | ᠡᠳ᠋ᠯᠡᠬᠦ ᠶᠢ ᠲᠠᠶᠢᠴᠢᠯᠠᠪᠠ︔ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ︽ᠤᠷᠠᠳ ᠤᠨ ᠬᠤᠶᠢᠲᠤ ᠬᠤᠰᠢᠭᠤ | ᠨᠡᠷᠡᠮᠵᠢᠲᠦ︾ ᠶᠢ ᠪᠠᠶᠢᠩᠭᠤᠵᠢᠭᠤᠯᠤᠨ ᠨᠠᠪᠲᠠᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ | ︽ᠲᠠᠯᠠᠢ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ︾ ᠶᠢᠨ ᠬᠢᠯᠢ ᠠᠯᠤᠰᠯᠠᠭᠰᠠᠨ ᠲᠡᠭᠡᠭᠡᠪᠦᠷᠢ ᠶᠢᠨ ᠵᠠᠭᠪᠤᠷ ᠢ ᠡᠬᠢᠯᠡᠭᠦᠯᠵᠦ᠂ | ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠨ᠎ᠡ᠃ ᠨᠢᠳᠤᠨᠤᠨ᠂ ᠪᠦᠬᠦ ᠬᠤᠳᠠ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠬᠡᠮᠵᠢᠶ᠎ᠡ 50 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 36.4% ᠨᠡᠮᠡᠭᠳᠡᠵᠦ᠂ 14 ᠵᠢᠯ ᠳᠠᠷᠠᠭᠠᠯᠠᠨ ᠥᠪᠥᠷ ᠮᠣᠩᠭᠤᠯ ᠳᠤ ︽ᠲᠡᠷᠢᠭᠦᠯᠡᠪᠡ︾᠃ | ︽ᠪᠢᠳᠡ ᠭᠠᠳᠠᠭᠠᠳᠤ ᠳᠤ ᠭᠠᠷᠭᠠᠬᠤ ᠪᠠᠷᠠᠭᠠᠨ ᠤ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠬᠦ᠂ ᠬᠢᠯᠢ | ᠠᠯᠤᠰᠯᠠᠭᠰᠠᠨ ᠠᠷᠠᠯᠵᠢᠶᠠᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠰᠦᠢᠳᠬᠡᠯ ᠢ ᠪᠠᠭᠠᠰᠬᠠᠵᠤ ᠭᠠᠶᠢᠯᠢ ᠶᠢ | ᠪᠠᠭᠤᠷᠠᠭᠤᠯᠤᠭᠰᠠᠨ ᠴᠡᠪᠡᠷ ᠠᠰᠢᠭ ᠢ ᠭᠠᠷᠭᠠᠬᠤ ᠵᠡᠷᠭᠡ ᠲᠠᠯ᠎ᠠ ᠠᠴᠠ ᠭᠠᠷᠳᠠᠵᠤ᠂ ︿ᠤᠷᠢᠳᠴᠢᠯᠠᠨ ᠪᠣᠯᠵᠣᠵᠤ ᠭᠤᠶᠤᠴᠢᠯᠠᠨ | ᠮᠡᠳᠡᠭᠦᠯᠬᠦ + ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ﹀ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠠᠭᠪᠤᠷ ᠢ ᠬᠡᠷᠡᠭᠯᠡᠨ᠂ | ᠠᠵᠤ ᠠᠬᠤᠶᠢᠯᠠᠯ ᠢ ᠨᠢᠭᠡ ᠯᠡ ᠤᠳᠠᠭ᠎ᠠ ᠳᠤ ᠶᠠᠪᠤᠬᠤ ᠦᠭᠡᠢ ᠪᠣᠯᠭᠠᠵᠤ᠂ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠳᠤ | ᠬᠦᠷᠦᠭᠦᠯᠦᠨ᠎ᠡ︾᠃ ᠤᠷᠠᠳ ᠪᠣᠭᠤᠮᠲᠠ ᠶᠢᠨ ᠳᠠᠷᠤᠭ᠎ᠠ ᠱᠠᠩ ᠬᠦᠶ ᠮᠢᠨ ᠤ ᠲᠠᠨᠢᠯᠴᠠᠭᠤᠯᠤᠭᠰᠠᠨ ᠢᠶᠠᠷ᠂ ︽ᠡᠭᠦᠨ ᠤ | ᠬᠠᠮᠲᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠭᠠᠳᠠᠭᠠᠳᠤ ᠭᠠᠷᠭᠠᠯᠲᠠ ᠪᠠ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢᠨ ᠭᠠᠳᠠᠭᠠᠳᠤ ᠬᠥᠮᠥᠷᠭᠡ ᠵᠡᠷᠭᠡ ᠭᠠᠳᠠᠭᠠᠳᠤ ᠠᠷᠠᠯᠵᠢᠶᠠᠨ ᠤ | ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠡᠷᠡ ᠬᠡᠪ ᠢᠶᠠᠷ ᠨᠢ ᠳᠡᠯᠭᠡᠷᠡᠭᠦᠯᠵᠦ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠰᠦᠯᠵᠢᠶᠡᠨ ᠳᠡᠭᠡᠷ᠎ᠡ ᠠᠴᠠ ᠬᠠᠭᠤᠳᠠᠰᠤ ᠭᠠᠷᠭᠠᠬᠤ᠂ ︿ᠡᠭᠦᠯᠡᠨ﹀ ᠠᠴᠠ ᠳᠡᠭᠡᠭᠰᠢ ᠭᠠᠳᠠᠭᠠᠳᠤ ᠶᠢᠨ | ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠵᠣᠴᠢᠨ ᠡᠷᠦᠬᠡ ᠲᠠᠢ ᠵᠠᠯᠭᠠᠯᠳᠤᠭᠤᠯᠵᠤ᠂ RCEP ᠶᠢᠨ ᠬᠡᠯᠡᠯᠴᠡᠭᠡᠷ ᠤᠨ | ᠤᠭ ᠭᠠᠷᠤᠯᠲᠠ ᠶᠢᠨ ᠣᠷᠣᠨ ᠤ ᠬᠠᠷᠠᠭᠠᠯᠵᠠᠯ ᠤᠨ ᠴᠢᠨᠠᠷᠲᠠᠢ ᠲᠦᠷᠦ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ ᠰᠠᠶᠢᠲᠤᠷ | ᠬᠡᠷᠡᠭᠯᠡᠨ᠂ ᠠᠵᠤ ᠠᠬᠤᠶᠢᠯᠠᠯ ᠢ ᠬᠠᠪᠰᠤᠷᠤᠨ ᠵᠡᠭᠦᠨ ᠡᠮᠦᠨᠡᠲᠦ ᠠᠽᠢᠶ᠎ᠠ ᠪᠠ ᠶᠠᠫᠤᠨ ᠺᠣᠷᠢᠶᠠ ᠵᠡᠷᠭᠡ ᠣᠶᠢᠷ᠎ᠠ ᠲᠠᠯᠠᠢ ᠶᠢᠨ | ᠵᠠᠬ᠎ᠠ ᠳᠡᠯᠭᠡᠭᠦᠷ ᠢ ᠨᠡᠭᠡᠭᠡᠵᠦ᠂ ᠪᠣᠭᠤᠮᠲᠠ ᠶᠢᠨ ᠭᠠᠶᠢᠯᠢ ᠶᠢᠨ ᠬᠥᠩᠭᠡᠯᠡᠯᠲᠡ ᠪᠠ ᠬᠢᠯᠢ ᠶᠢᠨ ᠭᠠᠳᠠᠨ᠎ᠠ ᠪᠣᠭᠤᠮᠲᠠ ᠥᠩᠭᠡᠷᠡᠬᠦ | ᠵᠡᠷᠭᠡ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ᠂ ︿ᠠᠯᠳᠠᠨ ᠰᠢᠷᠭᠠᠯ﹀ ᠲᠠᠷᠢᠶᠠᠯᠠᠩ ᠤᠨ ᠪᠦᠲᠦᠭᠡᠭᠳᠡᠬᠦᠨ ᠤ | ᠭᠠᠳᠠᠭᠠᠳᠤ ᠭᠠᠷᠭᠠᠯᠲᠠ ᠳᠤ ︿ᠪᠣᠬᠢᠷᠳᠤᠯ ᠦᠭᠡᠢ﹀ ᠵᠠᠮ ᠢ ᠨᠡᠭᠡᠭᠡᠵᠦ ᠥᠭᠭᠦᠨ᠎ᠡ︾ ᠭᠡᠵᠦ ᠵᠢᠭᠠᠵᠤ ᠭᠠᠷᠭᠠᠪᠠ᠃ | ᠰᠠᠯᠬᠢ ᠬᠦᠯᠦᠭᠯᠡᠨ ᠳᠠᠪᠠᠯᠭᠠᠨ ᠢ ᠵᠦᠰᠦᠨ ᠤᠷᠤᠭᠰᠢᠯᠠᠵᠤ᠂ ᠲᠦᠮᠡᠨ ᠭᠠᠵᠠᠷ ᠤᠨ ᠬᠤᠷᠳᠤᠴᠠ ᠶᠢ ᠥᠷᠢᠰᠦᠯᠳᠦᠵᠦ᠂ | ᠪᠠᠶᠠᠨᠨᠠᠭᠤᠷ ᠬᠤᠳᠠ ᠶᠢᠨ ᠭᠠᠳᠠᠭᠠᠳᠤ ᠳᠤ ᠭᠠᠷᠭᠠᠬᠤ ᠲᠠᠷᠢᠶᠠᠯᠠᠩ ᠤᠨ ᠪᠦᠲᠦᠭᠡᠭᠳᠡᠬᠦᠨ ᠠᠯᠤᠰ ᠳᠠᠯᠠᠢ ᠶᠢᠨ ᠪᠠᠷᠠᠭᠠᠨ ᠤ | ᠬᠥᠯᠭᠡ ᠣᠩᠭᠤᠴᠠᠨ ᠳᠤ ᠰᠠᠭᠤᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠳᠤ ᠰᠠᠭᠤᠵᠤ ᠲᠢᠪ | ᠠᠯᠤᠰ ᠤᠨ ᠭᠠᠶᠢᠬᠠᠮᠰᠢᠭᠲᠤ ᠠᠶᠠᠯᠠᠯ ᠢᠶᠠᠨ ᠡᠬᠢᠯᠡᠭᠦᠯᠵᠦ᠂ ᠳᠡᠯᠡᠬᠡᠢ ᠳ᠋ᠠᠬᠢᠨ ᠳᠤ ᠪᠣᠷᠣᠳᠣᠬᠤᠢ ᠶᠢᠨ ᠠᠮᠲᠠ ᠶᠢ ᠠᠮᠲᠠᠯᠠᠭᠤᠯᠵᠠᠢ᠃ | | |