3 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ | ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠤᠨ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢᠨ ᠲᠠᠯ᠎ᠠ ᠪᠠᠷ ᠬᠢ | ᠭᠤᠣᠯ ᠵᠤᠷᠢᠯᠳᠠᠳᠤ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ︽ᠦᠨᠡᠨ︾ ᠰᠡᠳᠬᠦᠯ ᠳᠤ ᠨᠡᠶᠢᠲᠡᠯᠡᠭᠰᠡᠨ | ︽ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ | ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤ ᠭᠤᠣᠯ ᠵᠤᠷᠢᠯᠳᠠᠳᠤ ᠶᠠᠷᠢᠶ᠎ᠠ ᠨᠢ ᠳᠡᠯᠡᠬᠡᠢ ᠶᠢᠨ | ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ | ᠠᠬᠢᠭᠤᠯᠬᠤ ᠳᠤ ᠳᠤᠮᠳᠠᠳᠤ ᠤᠯᠤᠰ ᠤᠨ ᠲᠥᠰᠥᠯ ᠢ ᠬᠠᠩᠭᠠᠵᠠᠢ᠃ ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠭᠤᠯᠤᠭᠳᠠᠬᠤᠨ ᠪᠠ ᠮᠥᠨ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ | ᠤᠯᠠᠨ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠭᠠᠳᠠᠭᠠᠳᠤ | ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠶᠢ ᠴᠢᠩᠭᠠᠳᠬᠠᠵᠤ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ | ᠨᠠᠩ ᠰᠠᠶᠢᠲᠤᠷ ᠠᠬᠢᠭᠤᠯᠬᠤ ᠬᠡᠷᠡᠭᠲᠡᠢ᠃ | ᠬᠤᠷᠠᠯ ᠠᠴᠠ᠂ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ᠤᠨ ᠭᠤᠣᠯ ᠠᠭᠤᠯᠭ᠎ᠠ | ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠮᠠᠨ ᠤ ᠣᠷᠣᠨ ᠤ ︽ᠮᠠᠯ ᠠᠵᠤ ᠠᠬᠤᠢ ᠲᠠᠷᠢᠶᠠᠯᠠᠬᠤ | ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ | ᠭᠠᠵᠠᠷ᠂ ᠤᠰᠤ᠂ ᠡᠭᠦᠯᠳᠡᠷ ᠪᠠ ᠠᠮᠤ ᠪᠤᠳᠠᠭ᠎ᠠ᠂ ᠮᠢᠬ᠎ᠠ᠂ ᠰᠦ︾ ᠶᠢ ᠬᠦᠴᠦ ᠣᠷᠣᠭᠤᠯᠤᠨ ᠰᠠᠶᠢᠲᠤᠷ ᠬᠢᠵᠦ᠂ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠨᠡ ᠵᠢᠯ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ᠂ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠰᠠᠶᠢᠲᠤᠷ | ᠬᠢᠬᠦ ᠶᠢᠨ ᠵᠠᠩᠭᠢᠯᠠᠭ᠎ᠠ ᠨᠢ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠭᠤᠯᠤᠯᠭ᠎ᠠ ᠨᠢᠭᠡᠴᠡ ᠶᠢᠨ | ᠭᠤᠣᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠥᠮ ᠪᠣᠳᠠᠲᠠᠢ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ | ᠪᠠᠶᠢᠪᠠᠯ ᠴᠢᠩᠭ᠎ᠠ ᠰᠢᠢᠳᠪᠦᠷᠢᠯᠡᠬᠦ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠡᠷᠲᠡ ᠠᠴᠠ | ᠴᠣᠬᠢᠯᠲᠠ ᠥᠭᠴᠦ ᠪᠠᠭ᠎ᠠ ᠠᠴᠠ ᠨᠢ ᠴᠣᠬᠢᠯᠲᠠ ᠥᠭᠬᠦ ᠶᠢ ᠪᠠᠷᠢᠮᠲᠠᠯᠠᠵᠤ᠂ ᠰᠠᠶᠢᠲᠤᠷ ᠰᠡᠷᠭᠡᠶᠢᠯᠡᠬᠦ᠂ ᠪᠣᠳᠠᠰ ᠢᠶᠠᠷ | ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠨᠢᠭᠡᠳᠦᠯᠲᠡᠢ ᠲᠥᠯᠥᠪᠵᠢᠭᠦᠯᠵᠦ᠂ ᠡᠷᠲᠡ ᠠᠴᠠ ᠢᠯᠡᠷᠡᠭᠦᠯᠬᠦ᠂ | ᠡᠷᠲᠡ ᠠᠴᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠥᠮᠥᠨ ᠢ ᠴᠢᠩᠭ᠎ᠠ ᠬᠠᠮᠢᠶᠠᠷᠴᠤ᠂ ᠭᠠᠯ ᠢ ᠴᠢᠩᠭ᠎ᠠ ᠬᠠᠮᠢᠶᠠᠷᠴᠤ᠂ | ᠡᠯ᠎ᠡ ᠵᠦᠢᠯ ᠤᠨ ᠭᠠᠯ ᠤᠨ ᠭᠠᠮᠰᠢᠭ ᠤᠨ ᠲᠠᠯᠳᠠ ᠭᠡᠮ ᠢ ᠪᠦᠲᠦᠮᠵᠢᠲᠡᠶ ᠪᠠᠷ ᠠᠷᠢᠯᠭᠠᠬᠤ ᠬᠡᠷᠡᠭᠲᠡᠢ᠃ | ᠬᠤᠷᠠᠯ ᠠᠴᠠ᠂ ᠨᠠᠮ ᠤᠨ ᠬᠤᠷᠢᠶ᠎ᠠ ᠶᠢᠨ ᠤᠯᠠᠨ ᠲᠦᠮᠡᠨ ᠤ ᠪᠦᠯᠬᠦᠮ ᠤᠨ ᠠᠵᠢᠯ ᠳᠠᠬᠢ ᠤᠳᠤᠷᠢᠳᠤᠯᠭ᠎ᠠ ᠶᠢ | ᠦᠨᠡᠨᠬᠦ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ | ᠥᠷᠨᠢᠭᠦᠯᠬᠦ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠤᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ | ᠶᠠᠪᠤᠳᠠᠯ ᠤᠨ ᠲᠣᠭᠤᠷᠢᠨ ᠳᠤ ᠬᠦᠴᠦᠯᠡᠬᠦ ᠴᠡᠭ ᠪᠣᠯᠣᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠭᠤᠣᠯ | ᠳᠠᠶᠢᠨ ᠤ ᠲᠠᠯᠠᠪᠤᠷ ᠲᠤ ᠢᠳᠡᠪᠬᠢᠲᠡᠢ ᠣᠷᠣᠯᠴᠠᠵᠤ᠂ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ | ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠤᠯᠠᠨ ᠲᠦᠮᠡᠨ ᠤ | ᠦᠭᠡ ᠶᠢ ᠢᠯᠡᠭᠦᠬᠡᠨ ᠬᠡᠷᠡᠭᠯᠡᠵᠦ᠂ ᠤᠯᠠᠨ ᠲᠦᠮᠡᠨ ᠤ ᠥᠩᠭᠡᠷᠡᠭᠦᠯᠦᠭᠰᠡᠨ ᠤᠴᠢᠷ ᠶᠠᠪᠤᠳᠠᠯ᠂ ᠳᠡᠷᠭᠡᠳᠡᠬᠢ ᠤᠴᠢᠷ | ᠶᠠᠪᠤᠳᠠᠯ ᠢ ᠢᠯᠡᠭᠦᠬᠡᠨ ᠬᠡᠷᠡᠭᠯᠡᠨ ᠤᠴᠢᠷ ᠶᠠᠪᠤᠳᠠᠯ ᠢ ᠲᠣᠭᠠᠴᠢᠨ ᠶᠣᠰᠣ ᠶᠠᠷᠢᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠲᠤᠰᠠ ᠶᠢ ᠨᠡᠩ ᠴᠢᠩ | ᠰᠡᠳᠬᠢᠯ ᠠᠴᠠ ᠪᠠᠨ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠤᠭᠤᠯᠵᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ | ᠠᠵᠢᠯ ᠤᠨ ᠠᠷᠭ᠎ᠠ ᠬᠡᠯᠪᠡᠷᠢ ᠪᠠ ᠠᠷᠭ᠎ᠠ ᠪᠠᠨ ᠬᠠᠯᠠᠨ ᠰᠠᠶᠢᠵᠢᠷᠠᠭᠤᠯᠵᠤ᠂ ᠬᠡᠶᠢᠰᠪᠦᠷᠢ ᠠᠵᠢᠯ ᠪᠣᠳᠠᠲᠠᠢ ᠬᠢᠬᠦ ᠶᠢ | ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠵᠦ᠂ ᠤᠯᠠᠨ ᠲᠦᠮᠡᠨ ᠢ ᠦᠨᠡᠨ ᠪᠣᠳᠠᠲᠠᠢ ᠪᠠᠷ | ᠬᠠᠪᠰᠤᠷᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |