ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 85 ᠳ᠋ᠤᠭᠠᠷ ᠲᠣᠭᠠᠲᠤ | | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ | ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠵᠢᠯᠤᠭᠤᠳᠬᠤ ᠰᠠᠨᠠᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ | ᠨᠢᠭᠡᠴᠢ ᠳᠤ ᠄ | ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ ︾ ︵ᠲᠥᠪ ᠲᠠᠷᠬᠠᠭᠠᠭᠰᠠᠨ ﹇2019﹈ 17 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠰᠡᠷᠡᠮᠵᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠪᠡᠶᠡᠯᠡᠭᠳᠡᠯ ᠢ | ᠠᠬᠢᠭᠤᠯᠬᠤ ᠶᠢᠨ ᠲᠤᠰᠠᠳᠠ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ | ᠲᠦᠪᠰᠢᠨ ᠤ ᠬᠠᠤᠯᠢ ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠂ ᠡᠳᠦᠭᠡ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ ᠃ | ᠨᠢᠭᠡ ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ︽ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠂ ᠵᠠᠬ᠎ᠠ ᠳᠡᠯᠭᠡᠭᠦᠷ ᠢᠶᠠᠷ | ᠠᠵᠢᠯᠯᠠᠭᠤᠯᠬᠤ ᠂ ᠵᠠᠰᠠᠭ ᠤᠨ ᠣᠷᠳᠣᠨ ᠠᠴᠠ ᠠᠬᠢᠭᠤᠯᠬᠤ ᠂ ᠡᠷᠬᠡ ᠲᠡᠭᠰᠢ ᠪᠠᠷ ᠥᠷᠢᠰᠦᠯᠳᠦᠬᠦ ᠂ ᠣᠯᠠᠨ ᠲᠠᠯ᠎ᠠ ᠶᠢᠨ | ᠬᠢᠨ ᠬᠦᠷᠲᠡᠬᠦ ︾ ᠵᠠᠷᠴᠢᠮ ᠶᠣᠰᠣᠭᠠᠷ ᠂ ᠢᠳᠡᠭᠡᠨ ᠤ ᠠᠮᠤᠷ ᠲᠦᠪᠰᠢᠨ ᠳᠠᠬᠢ ᠬᠠᠷᠢᠶᠠᠲᠤ ᠣᠷᠣᠨ ᠤ ᠬᠠᠷᠢᠭᠤᠴᠠᠯᠭ᠎ᠠ | ᠪᠠ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠤᠯᠠᠮ ᠨᠢᠭᠡ ᠠᠯᠬᠤᠮ ᠴᠢᠩᠭᠠᠳᠬᠠᠨ ᠂ ᠳᠠᠭᠠᠳᠬᠠᠯ ᠤᠨ ᠲᠦᠭᠰᠢᠭᠦᠷᠢ ᠶᠢᠨ ᠬᠠᠮᠢᠶᠠᠷᠤᠯᠲᠠ ᠪᠠ ᠠᠵᠤ ᠠᠬᠤᠢ ᠶᠢᠨ | ᠨᠥᠬᠦᠪᠦᠷᠢ ᠶᠢᠨ ᠴᠢᠳᠠᠮᠵᠢ ᠶᠢ ᠪᠠᠳᠠᠷᠠᠭᠤᠯᠵᠤ ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ | ᠰᠡᠷᠭᠡᠶᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠳᠬᠦᠨ ᠂ ᠦᠢᠯᠡᠴᠢᠯᠡᠭᠡ ᠂ | ᠬᠠᠮᠢᠶᠠᠷᠤᠯᠲᠠ ᠪᠠ ᠮᠡᠷᠭᠡᠵᠢᠯ ᠤᠨ ᠰᠢᠨᠡᠴᠢᠯᠡᠯᠲᠡ ᠶᠢᠨ ᠴᠢᠳᠠᠪᠤᠷᠢ ᠶᠢ ᠴᠢᠩᠭᠠᠳᠬᠠᠵᠤ ᠂ ᠢᠳᠡᠭᠡᠨ | ᠦᠢᠯᠡᠳᠪᠦᠷᠢᠯᠡᠭᠴᠢ ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ | ᠳᠠᠭᠠᠳᠬᠠᠭᠤᠯᠬᠤ ᠪᠠᠷ ᠤᠷᠮᠠᠰᠢᠭᠤᠯᠤᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠂ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠶᠢ ᠰᠢᠯᠢᠳᠡᠭᠵᠢᠭᠦᠯᠵᠦ ᠂ ᠨᠡᠶᠢᠭᠡᠮ ᠤᠨ ᠵᠠᠰᠠᠯᠲᠠ ᠶᠢᠨ | ᠲᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ ᠃ | ︵ᠬᠤᠶᠠᠷ ︶ ᠠᠵᠢᠯ ᠤᠨ ᠬᠠᠷᠠᠯᠲᠠ ᠃ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ ᠂ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠢ ᠲᠦᠭᠡᠮᠡᠯᠵᠢᠭᠦᠯᠬᠦ ᠵᠠᠭᠪᠤᠷ ᠢ ᠪᠠᠶᠢᠭᠤᠯᠤᠨ ᠂ ︽ᠳᠠᠭᠠᠳᠬᠠᠯ ᠤᠨ ᠵᠠᠷᠤᠳᠠᠯ ᠪᠠᠭ᠎ᠠ ᠂ | ᠳᠠᠭᠠᠳᠬᠠᠯ ᠤᠨ ᠮᠥᠩᠭᠦ ᠶᠡᠭᠡ ᠂ ᠪᠠᠲᠤᠯᠠᠬᠤ ᠬᠡᠪᠴᠢᠶ᠎ᠡ ᠥᠷᠭᠡᠨ ︾ ᠢᠳᠡᠭᠡᠨ ᠤ ᠠᠮᠤᠷ ᠲᠦᠪᠰᠢᠨ ᠤ ᠬᠠᠮ | ᠳᠠᠭᠠᠳᠬᠠᠯ ᠢ ᠰᠤᠳᠤᠯᠵᠤ ᠬᠥᠭᠵᠢᠭᠦᠯᠬᠦ ᠶᠢ ᠵᠣᠷᠢᠭᠵᠢᠭᠤᠯᠵᠤ ᠂ ᠣᠯᠠᠨ ᠡᠰᠢᠲᠦ ᠨᠡᠷᠡᠳᠬᠦᠨ ᠢ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠲᠥᠰᠥᠪᠯᠡᠵᠦ ᠂ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ ᠂ 2025 | ᠣᠨ ᠪᠣᠯᠬᠤ ᠳᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠡᠷᠬᠡ ᠲᠡᠭᠰᠢ | ᠨᠢᠭᠡᠳᠦᠯᠲᠡᠢ ᠂ ᠠᠮᠤᠷ ᠲᠦᠪᠰᠢᠨ ᠵᠢᠷᠤᠮᠵᠢᠭᠤᠨ ᠂ ᠦᠷᠭᠦᠯᠵᠢᠯᠡᠬᠦᠶᠢᠴᠡ ᠰᠢᠨ᠎ᠡ ᠬᠥᠭᠵᠢᠯᠲᠡ ᠶᠢᠨ | ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠠᠶᠢᠭᠤᠯᠬᠤ ᠪᠠᠷ ᠴᠢᠷᠮᠠᠶᠢᠨ᠎ᠠ ᠃ | ᠬᠤᠶᠠᠷ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠣᠭᠲᠠᠯᠴᠠᠭᠠᠨ ᠤ | ᠪᠠᠶᠢᠭᠤᠯᠤᠯᠲᠠ ᠶᠢ ᠴᠢᠩᠭᠠᠳᠬᠠᠨ᠎ᠠ | ︵ᠭᠤᠷᠪᠠ︶ ᠳᠠᠭᠠᠳᠬᠠᠯ ᠤᠨ ᠨᠡᠷᠡᠳᠬᠦᠨ ᠢ ᠰᠢᠯᠢᠳᠡᠭᠵᠢᠭᠦᠯᠦᠨ᠎ᠡ ᠃ ᠳᠠᠭᠠᠳᠬᠠᠯ ᠤᠨ ᠪᠠᠶᠢᠭᠤᠯᠤᠮᠵᠢ ᠨᠢ | ᠳᠠᠭᠠᠳᠬᠠᠯ ᠳᠤ ᠳᠠᠭᠠᠣᠡᠬᠠᠭᠤᠯᠬᠤ ᠠᠵᠤ ᠠᠬᠤᠶᠢᠯᠠᠯ ᠤᠨ ᠠᠵᠢᠯ ᠲᠥᠷᠥᠯ ᠤᠨ ᠲᠥᠷᠥᠯ ᠬᠡᠯᠪᠡᠷᠢ ᠂ ᠦᠢᠯᠡᠳᠪᠦᠷᠢᠯᠡᠨ | ᠡᠵᠡᠩᠨᠡᠬᠦ ᠬᠡᠪᠴᠢᠶ᠎ᠡ ᠂ ᠥᠩᠭᠡᠷᠡᠭᠰᠡᠨ ᠤ ᠬᠤᠬᠢᠷᠠᠯ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ ᠂ | ᠲᠦᠭᠰᠢᠭᠦᠷᠢ ᠶᠢᠨ ᠬᠤᠬᠢᠷᠠᠯ ᠤᠨ ᠵᠠᠷᠴᠢᠮ ᠶᠣᠰᠣᠭᠠᠷ ᠂ ᠳᠠᠭᠠᠳᠬᠠᠯ ᠤᠨ ᠰᠠᠭᠤᠷᠢ ᠵᠠᠷᠤᠳᠠᠯ ᠤᠨ ᠨᠣᠷᠮ᠎ᠠ ᠶᠢ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ ᠃ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ | ᠬᠡᠯᠪᠡᠯᠵᠡᠯᠲᠡ ᠶᠢᠨ ᠲᠣᠭᠲᠠᠴᠠ ᠶᠢ ᠪᠠᠶᠢᠭᠤᠯᠵᠤ ᠂ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠬᠥᠰᠢᠭᠦᠷᠭᠡ ᠶᠢᠨ | ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ︽ᠦᠨᠳᠦᠰᠦᠨ ᠬᠠᠷᠢᠭᠤᠴᠠᠯᠭ᠎ᠠ ᠶᠢᠨ ᠳᠠᠭᠠᠳᠬᠠᠯ + | ᠨᠡᠮᠡᠯᠲᠡ ᠳᠠᠭᠠᠳᠬᠠᠯ ︾ ᠢᠶᠠᠷ ᠪᠦᠲᠦᠴᠡ ᠪᠣᠯᠭᠠᠨ ᠂ ︽ᠰᠦᠢᠳᠦᠯ ᠤᠨ ᠲᠥᠯᠥᠪᠦᠷᠢ + ᠵᠠᠷᠤᠳᠠᠯ ᠤᠨ ᠨᠥᠬᠦᠪᠦᠷᠢ ︾ | ᠪᠠᠷ ᠴᠢᠭᠯᠡᠯ ᠪᠣᠯᠭᠠᠵᠤ ᠂ ᠳᠠᠭᠠᠳᠬᠠᠯ ᠤᠨ ᠰᠢᠨ᠎ᠡ ᠨᠡᠷᠡᠳᠬᠦᠨ ᠢ ᠢᠳᠡᠪᠬᠢᠲᠡᠢ ᠨᠡᠭᠡᠭᠡᠨ ᠬᠥᠭᠵᠢᠭᠦᠯᠬᠦ ᠬᠡᠷᠡᠭᠲᠡᠢ ᠃ | ᠢᠳᠡᠭᠡᠨ ᠦᠢᠯᠡᠳᠪᠦᠷᠢᠯᠡᠬᠦ ᠡᠵᠡᠩᠨᠡᠬᠦ ᠨᠢᠭᠡᠴᠢ ᠶᠢᠨ ᠬᠡᠪᠴᠢᠶ᠎ᠡ ᠂ ᠡᠵᠡᠩᠨᠡᠯᠲᠡ ᠶᠢᠨ ᠪᠠᠶᠢᠳᠠᠯ ᠲᠥᠯᠥᠪ ᠂ | ᠲᠦᠭᠰᠢᠭᠦᠷᠢ ᠶᠢᠨ ᠣᠨᠴᠠᠯᠢᠭ ᠵᠡᠷᠭᠡ ᠶᠢ ᠦᠨᠳᠦᠰᠦᠯᠡᠨ ᠨᠡᠷᠡᠳᠬᠦᠨ ᠤ ᠳᠠᠭᠠᠳᠬᠠᠯ ᠂ ᠡᠭᠡᠭᠦᠯᠦᠨ ᠠᠪᠴᠤ ᠲᠥᠯᠥᠪᠦᠷᠢ | ᠥᠭᠬᠦ ᠳᠠᠭᠠᠳᠬᠠᠯ ᠂ ᠬᠠᠮᠲᠤ ᠴᠣᠭᠴᠠ ᠶᠢᠨ ᠳᠠᠭᠠᠳᠬᠠᠯ ᠮᠡᠲᠦ ᠶᠢᠨ ᠣᠯᠠᠨ ᠡᠰᠢᠲᠦ ᠳᠠᠭᠠᠳᠬᠠᠯ ᠤᠨ ᠨᠡᠷᠡᠳᠬᠦᠨ ᠢ | ᠲᠥᠯᠥᠪᠯᠡᠨ ᠨᠡᠭᠡᠭᠡᠨ ᠬᠥᠭᠵᠢᠭᠦᠯᠵᠦ ᠂ ᠳᠠᠭᠠᠳᠬᠠᠯ ᠤᠨ ᠬᠠᠷᠢᠭᠤᠴᠠᠯᠭ᠎ᠠ ᠶᠢᠨ ᠬᠡᠪᠴᠢᠶ᠎ᠡ ᠪᠠ ᠲᠥᠯᠥᠪᠦᠷᠢ ᠲᠥᠯᠥᠬᠦ | ᠶᠠᠪᠤᠴᠠ ᠶᠢ ᠲᠣᠳᠣᠷᠬᠠᠶᠢᠯᠠᠵᠤ ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠦᠢᠯ ᠵᠤᠷᠪᠤᠰ ᠢ ᠵᠣᠬᠢᠰᠲᠠᠢ ᠪᠠᠷ | ᠴᠥᠭᠡᠳᠬᠡᠨ ᠂ ᠵᠠᠬ᠎ᠠ ᠳᠡᠯᠭᠡᠭᠦᠷ ᠤᠨ ᠡᠯ᠎ᠡ ᠲᠥᠷᠥᠯ ᠤᠨ ᠭᠤᠣᠯ ᠴᠣᠭᠴᠠ ᠶᠢᠨ ᠠᠳᠠᠯᠢ ᠪᠤᠰᠤ ᠱᠠᠭᠠᠷᠳᠠᠯᠭ᠎ᠠ ᠶᠢ | ᠬᠠᠩᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠬᠠᠷᠢᠶᠠᠯᠠᠯ ᠤᠨ ᠳᠠᠭᠠᠳᠬᠠᠯ ᠤᠨ ᠨᠡᠷᠡᠳᠬᠦᠨ ᠢ | ᠨᠡᠭᠡᠭᠡᠨ ᠬᠥᠭᠵᠢᠭᠦᠯᠵᠦ ᠂ ᠤᠤᠯ ᠤᠨ ᠳᠠᠭᠠᠳᠬᠠᠯ ᠤᠨ ᠨᠡᠷᠡᠳᠬᠦᠨ ᠤ ᠬᠠᠨᠳᠤᠯᠭᠠᠲᠤ ᠴᠢᠨᠠᠷ ᠰᠤᠯᠠ ᠂ ᠪᠠᠲᠤᠯᠠᠭ᠎ᠠ | ᠴᠥᠭᠡᠨ ᠂ ᠬᠠᠩᠰᠢ ᠥᠨᠳᠥᠷ ᠂ ᠲᠥᠯᠥᠪᠦᠷᠢ ᠲᠥᠯᠥᠬᠦ ᠳᠤ ᠬᠦᠴᠢᠷ ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ | ᠰᠢᠢᠳᠪᠦᠷᠢᠯᠡᠨ᠎ᠡ ᠃ ᠳᠠᠭᠠᠳᠬᠠᠯ ᠳᠤ ᠥᠷᠭᠦᠯᠵᠢᠯᠡᠨ ᠣᠷᠤᠯᠴᠠᠬᠤ ᠠᠵᠤ ᠠᠬᠤᠶᠢᠯᠠᠯ ᠨᠢᠭᠡᠴᠢ ᠨᠦᠭᠦᠳ ᠲᠤ | ᠤᠷᠮᠠᠰᠢᠭᠤᠯᠤᠯ ᠤᠨ ᠳᠥᠷᠥ ᠶᠢᠨ ᠪᠣᠳᠣᠯᠭ᠎ᠠ ᠬᠠᠩᠭᠠᠵᠤ ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢᠳ ᠤᠨ | ᠤᠬᠠᠮᠰᠠᠷ ᠠᠴᠠ ᠪᠠᠨ ᠳᠠᠭᠠᠳᠬᠠᠯ ᠳᠤ ᠣᠷᠤᠯᠴᠠᠬᠤ ᠳᠣᠲᠣᠭᠠᠳᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠃ | ︵ᠳᠥᠷᠪᠡ ︶ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠤᠨ᠎ᠠ ᠃ ᠳᠠᠭᠠᠳᠬᠠᠯ ᠤᠨ | ᠵᠠᠭᠪᠤᠷ ᠤᠨ ᠰᠢᠨᠡᠴᠢᠯᠡᠯᠲᠡ ᠶᠢ ᠵᠣᠷᠢᠭᠵᠢᠭᠤᠯᠵᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠬᠠᠮᠢᠶᠠᠳᠠᠬᠤ ᠲᠠᠯ᠎ᠠ ᠶᠢᠨ ᠬᠢᠨ ᠵᠠᠭᠤᠴᠢᠯᠠᠬᠤ ᠺᠤᠮᠫᠠᠨᠢ ᠶᠢ ᠲᠣᠬᠢᠷᠠᠮᠵᠢᠲᠠᠢ ᠴᠠᠭ ᠲᠤ ᠣᠷᠣᠭᠤᠯᠤᠨ | ᠠᠪᠴᠢᠷᠠᠵᠤ ᠂ ᠳᠠᠭᠠᠳᠬᠠᠯ ᠤᠨ ᠪᠠᠶᠢᠭᠤᠯᠤᠮᠵᠢ ᠶᠢᠨ ︽ ᠬᠠᠮᠵᠢᠶ᠎ᠠ ᠳᠠᠭᠠᠳᠬᠠᠯ ᠤᠨ ᠴᠣᠭᠴᠠ ︾ ᠬᠡᠯᠪᠡᠷᠢ ᠪᠠᠷ | ᠬᠠᠮᠲᠤᠷᠠᠨ ᠳᠠᠭᠠᠳᠬᠠᠯ ᠳᠠᠭᠠᠭᠠᠬᠤ ᠶᠢ ᠨᠢ ᠵᠣᠷᠢᠭᠵᠢᠭᠤᠯᠵᠤ ᠂ ᠨᠢᠭᠡᠳᠦᠯᠲᠡᠢ ᠳᠠᠭᠠᠳᠬᠠᠯ ᠤᠨ ᠲᠥᠷᠥᠯ ᠂ | ᠨᠢᠭᠡᠳᠦᠯᠲᠡᠢ ᠵᠠᠷᠤᠳᠠᠯ ᠤᠨ ᠨᠤᠷᠮ᠎ᠠ ᠂ ᠨᠢᠭᠡᠳᠦᠯᠲᠡᠢ ᠵᠦᠢᠯ ᠵᠤᠷᠪᠤᠰ ᠂ ᠨᠢᠭᠡᠳᠦᠯᠲᠡᠢ ᠪᠠᠲᠤᠯᠠᠭ᠎ᠠ ᠶᠢᠨ ᠬᠡᠪᠴᠢᠶ᠎ᠡ ᠶᠢᠨ | ᠵᠠᠭᠪᠤᠷ ᠢ ᠬᠡᠷᠡᠭᠵᠢᠭᠦᠯᠵᠦ ᠂ ᠠᠵᠢᠯ ᠲᠥᠷᠥᠯ ᠢᠶᠠᠷ ᠨᠢ ᠨᠢᠭᠡᠳᠦᠯᠲᠡᠢ ᠳᠠᠭᠠᠣᠡᠬᠠᠭᠤᠯᠬᠤ ᠂ ᠣᠷᠣᠨ ᠪᠦᠰᠡ ᠶᠢᠨ ᠬᠢᠨ | ᠲᠥᠪᠯᠡᠷᠡᠨ ᠳᠠᠭᠠᠳᠬᠠᠯ ᠳᠤ ᠳᠠᠭᠠᠣᠡᠬᠠᠭᠤᠯᠬᠤ ᠵᠡᠷᠭᠡ ᠬᠡᠯᠪᠡᠷᠢ ᠪᠠᠷ ᠬᠠᠮᠲᠤ ᠴᠣᠭᠴᠠ ᠪᠠᠷ ᠢᠶᠠᠨ ᠂ ᠪᠥᠭᠡᠮ ᠢᠶᠠᠷ ᠢᠶᠠᠨ | ᠳᠠᠭᠠᠳᠬᠠᠯ ᠳᠤ ᠣᠷᠤᠯᠴᠠᠬᠤ ᠶᠢ ᠠᠬᠢᠭᠤᠯᠤᠨ ᠂ ᠳᠠᠭᠠᠳᠬᠠᠯ ᠤᠨ ᠬᠡᠪᠴᠢᠶᠡᠵᠢᠯ ᠤᠨ ᠨᠥᠯᠥᠭᠡᠯᠡᠯ ᠢ ᠳᠡᠭᠡᠭᠰᠢᠯᠡᠭᠦᠯᠵᠦ ᠂ | ᠳᠠᠭᠠᠳᠬᠠᠯ ᠤᠨ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ ᠃ | ︵ᠲᠠᠪᠤ ︶ ᠳᠠᠭᠠᠳᠬᠠᠯ ᠤᠨ ᠲᠥᠯᠥᠪᠦᠷᠢ ᠲᠥᠯᠥᠬᠦ ᠲᠣᠭᠲᠠᠴᠠ ᠶᠢ ᠲᠡᠭᠦᠯᠳᠡᠷᠵᠢᠭᠦᠯᠦᠨ᠎ᠡ ᠃ ᠳᠠᠭᠠᠳᠬᠠᠯ ᠤᠨ | ᠦᠢᠯᠡᠴᠢᠯᠡᠭᠡᠨ ᠤ ᠬᠡᠯᠪᠡᠷᠢ ᠶᠢ ᠰᠢᠨᠡᠴᠢᠯᠡᠵᠦ ᠂ ᠳᠠᠭᠠᠳᠬᠠᠯ ᠳᠤ ᠳᠠᠭᠠᠣᠡᠬᠠᠭᠤᠯᠣᠭᠰᠠᠨ ᠢᠳᠡᠭᠡᠨ ᠦᠢᠯᠡᠳᠪᠦᠷᠢᠯᠡᠨ | ᠡᠵᠡᠩᠨᠡᠬᠦ ᠠᠵᠤ ᠠᠬᠤᠶᠢᠯᠠᠯ ᠨᠢᠭᠡᠴᠢ ᠨᠦᠭᠦᠳ ᠲᠤ ᠲᠦᠭᠰᠢᠭᠦᠷᠢ ᠶᠢᠨ ᠬᠠᠮᠢᠶᠠᠷᠤᠯᠲᠠ ᠶᠢᠨ ᠦᠢᠯᠡᠴᠢᠯᠡᠭᠡ | ᠬᠠᠩᠭᠠᠬᠤ ᠪᠠᠨ ᠴᠢᠩᠭᠠᠳᠬᠠᠵᠤ ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠨᠢᠭᠡᠴᠢ ᠨᠦᠭᠦᠳ ᠤᠨ | ᠲᠦᠭᠰᠢᠭᠦᠷᠢ ᠶᠢᠨ ᠲᠤᠬᠠᠢ ᠬᠥᠮᠦᠵᠢᠯ ᠬᠢᠬᠦ ᠪᠠ ᠠᠳᠡᠯ ᠭᠠᠷᠬᠤ ᠠᠴᠠ ᠰᠡᠷᠭᠡᠶᠢᠯᠡᠬᠦ ᠬᠠᠮᠢᠶᠠᠷᠤᠯᠲᠠ ᠥᠷᠨᠢᠭᠦᠯᠬᠦ ᠶᠢ | ᠲᠣᠭᠲᠠᠮᠠᠯ ᠬᠤᠭᠤᠴᠠᠭ᠎ᠠ ᠲᠠᠢ ᠪᠠᠷ ᠵᠢᠯᠤᠭᠤᠳᠴᠤ ᠂ ᠳᠠᠭᠠᠳᠬᠠᠯ ᠳᠤ ᠳᠠᠭᠠᠣᠡᠬᠠᠭᠤᠯᠣᠭᠰᠠᠣᠨ ᠤᠨ ᠢᠳᠡᠭᠡᠨ ᠤ ᠠᠮᠤᠷ | ᠲᠦᠪᠰᠢᠨ ᠤ ᠠᠳᠡᠯ ᠭᠠᠷᠬᠤ ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠳᠠᠭᠠᠳᠬᠠᠯ ᠤᠨ | ᠪᠠᠶᠢᠭᠤᠯᠤᠮᠵᠢ ᠶᠢᠨ ᠲᠥᠯᠥᠪᠦᠷᠢ ᠲᠥᠯᠥᠬᠦ ᠮᠡᠳᠡᠭᠡ ᠵᠠᠩᠭᠢᠵᠢᠯᠲᠠ ᠶᠢᠨ ᠵᠠᠮ ᠮᠥᠷ ᠤᠨ ᠪᠠᠶᠢᠭᠤᠯᠤᠯᠲᠠ ᠶᠢ ᠳᠡᠮᠵᠢᠵᠦ ᠂ | ᠪᠠᠭ᠎ᠠ ᠲᠣᠭᠠᠨ ᠤ ᠲᠥᠯᠥᠪᠦᠷᠢ ᠶᠢᠨ ᠲᠥᠯᠥᠬᠦ ᠶᠠᠪᠤᠴᠠ ᠶᠢ ᠴᠣᠮᠬᠠᠳᠬᠠᠵᠤ ᠂ ᠲᠦᠷᠭᠡᠨ ᠰᠢᠢᠳᠪᠦᠷᠢᠯᠡᠬᠦ ᠴᠤᠪᠤᠷᠠᠯ ᠢ | ᠲᠣᠳᠣᠷᠬᠠᠶᠢᠯᠠᠨ ᠂ ᠳᠠᠭᠠᠳᠬᠠᠯ ᠤᠨ ᠲᠥᠯᠥᠪᠦᠷᠢ ᠲᠥᠯᠥᠬᠦ ᠬᠠᠷᠢᠭᠤᠴᠠᠯᠭ᠎ᠠ ᠶᠢ ᠨᠢ ᠴᠠᠭ ᠲᠤᠬᠠᠢ ᠳᠤ ᠨᠢ | ᠭᠦᠢᠴᠡᠳᠬᠡᠯᠭᠡᠬᠦ ᠬᠡᠷᠡᠭᠲᠡᠢ ᠃ ᠬᠠᠷᠢᠭᠤᠴᠠᠯᠭ᠎ᠠ ᠨᠢ ᠲᠣᠳᠣᠷᠬᠠᠢ ᠢᠳᠡᠭᠡᠨ ᠤ ᠠᠮᠤᠷ ᠲᠦᠪᠰᠢᠨ ᠤ ᠠᠳᠡᠯ ᠳᠤ | ᠳᠠᠭᠠᠳᠬᠠᠯ ᠤᠨ ᠪᠠᠶᠢᠭᠤᠯᠤᠮᠵᠢ ᠠᠴᠠ ᠬᠤᠬᠢᠷᠠᠭᠴᠢᠳ ᠲᠤ ᠤᠷᠢᠳ ᠢᠶᠠᠷ ᠲᠦᠯᠣᠭᠦ ᠪᠤᠶᠤ ᠲᠥᠯᠥᠪᠦᠷᠢ ᠶᠢᠨ | ᠮᠥᠩᠭᠦ ᠪᠠᠨ ᠤᠷᠢᠳᠴᠢᠯᠠᠨ ᠥᠭᠴᠦ ᠂ ᠲᠥᠯᠥᠪᠦᠷᠢ ᠲᠥᠯᠥᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ | ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠳᠠᠷᠤᠶᠢᠬᠠᠨ ᠰᠢᠢᠳᠪᠦᠷᠢᠯᠡᠵᠦ ᠂ ᠲᠥᠯᠥᠬᠦ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ ᠃ | ︵ᠵᠢᠷᠭᠤᠭ᠎ᠠ ︶ ᠳᠠᠭᠠᠳᠬᠠᠯ ᠳᠤ ᠣᠷᠤᠯᠴᠠᠬᠤ ᠡᠵᠡᠩᠨᠡᠯᠲᠡ ᠶᠢᠨ ᠪᠠᠶᠢᠳᠠᠯ ᠲᠥᠯᠥᠪ ᠤᠨ ᠬᠡᠪᠴᠢᠶ᠎ᠡ ᠶᠢ | ᠲᠣᠳᠣᠷᠬᠠᠶᠢᠯᠠᠨ᠎ᠠ ᠃ ᠡᠯ᠎ᠡ ᠭᠠᠵᠠᠷ ᠣᠷᠣᠨ ᠨᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ ᠂ ᠪᠣᠳᠠᠲᠤ ᠪᠠᠶᠢᠳᠠᠯ | ᠲᠠᠢ ᠪᠠᠨ ᠤᠶᠠᠯᠳᠤᠭᠤᠯᠤᠨ ᠮᠢᠬ᠎ᠠ ᠥᠨᠳᠡᠭᠡ ᠰᠦ ᠵᠢᠴᠢ ᠡᠳᠡᠭᠡᠷ ᠤᠨ ᠪᠦᠲᠦᠭᠡᠭᠳᠡᠬᠦᠨ ᠤᠳ ︵ᠨᠢᠷᠠᠢ ᠨᠢᠯᠬ᠎ᠠ | ᠬᠡᠦᠬᠡᠳ ᠤᠨ ᠬᠡᠷᠡᠭᠯᠡᠬᠦ ᠨᠠᠶᠢᠷᠠᠯᠭ᠎ᠠ ᠲᠠᠢ ᠰᠦᠨ ᠲᠠᠯᠬ᠎ᠠ ᠪᠠᠭᠲᠠᠨ᠎ᠠ ︶ ᠪᠠ ᠬᠠᠷ᠎ᠠ ᠠᠷᠢᠬᠢ ᠦᠢᠯᠡᠳᠪᠦᠷᠢᠯᠡᠬᠦ ᠠᠵᠤ | ᠠᠬᠤᠶᠢᠯᠠᠯ ᠂ ᠬᠠᠮᠲᠤ ᠪᠠᠷ ᠬᠤᠭᠤᠯᠠᠯᠠᠳᠠᠭ ᠨᠢᠭᠡᠴᠢ ︵ᠰᠤᠷᠭᠠᠭᠤᠯᠢ ᠶᠢᠨ ᠬᠦᠷᠢᠶᠡᠨ ᠳᠠᠬᠢ ᠬᠤᠭᠤᠯᠠᠨ ᠭᠡᠷ ᠂ | ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠬᠤᠭᠤᠯᠠᠨ ᠭᠡᠷ ᠂ ᠬᠥᠳᠡᠭᠡ ᠲᠣᠰᠬᠤᠨ ᠤ ᠬᠠᠮᠲᠤ ᠪᠠᠷ | ᠬᠤᠭᠤᠯᠠᠯᠠᠬᠤ ᠳᠤ ᠡᠵᠡᠩᠨᠡᠵᠦ ᠪᠠᠶᠢᠭ᠎ᠠ ᠨᠢᠭᠡᠴᠢ ᠵᠡᠷᠭᠡ ᠪᠠᠭᠲᠠᠨ᠎ᠠ ︶ ᠂ ᠪᠥᠭᠡᠮ ᠢᠳᠡᠭᠡᠨ ᠢ ᠲᠣᠬᠢᠷᠠᠭᠤᠯᠤᠨ ᠬᠦᠷᠭᠡᠬᠦ | ᠨᠢᠭᠡᠴᠢ ᠂ ᠬᠤᠭᠤᠯᠠᠨ ᠭᠡᠷ ᠤᠨ ᠬᠠᠮ ᠦᠢᠯᠡᠴᠢᠯᠡᠭᠦᠷ ᠪᠠ ᠵᠠᠬᠢᠶᠠᠯᠠᠭ᠎ᠠ ᠪᠠᠷ ᠪᠣᠯᠤᠭᠰᠠᠨ ᠢᠳᠡᠭᠡᠨ ᠲᠣᠬᠢᠷᠠᠭᠤᠯᠤᠨ | ᠬᠦᠷᠭᠡᠬᠦ ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ | ᠤᠬᠠᠮᠰᠠᠷ ᠠᠴᠠ ᠪᠠᠨ ᠳᠠᠭᠠᠣᠡᠬᠠᠭᠤᠯᠬᠤ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ ᠃ ᠨᠥᠬᠦᠴᠡᠯ ᠲᠠᠢ ᠣᠷᠣᠨ | ᠨᠤᠲᠤᠭ ᠨᠢ ᠬᠡᠪᠴᠢᠶᠡᠵᠢᠯ ᠠᠴᠠ ᠳᠡᠭᠡᠭᠰᠢᠬᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠂ ᠲᠠᠷᠢᠶᠠᠴᠢᠳ ᠤᠨ | ᠲᠤᠰᠬᠠᠢ ᠮᠡᠷᠭᠡᠵᠢᠯ ᠤᠨ ᠬᠤᠷᠰᠢᠶᠠᠵᠢᠯ ᠂ ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠂ | ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠂ ᠢᠳᠡᠭᠡᠨ | ᠪᠣᠷᠣᠯᠠᠭᠤᠯᠬᠤ ᠰᠦᠯᠵᠢᠶᠡᠨ ᠲᠠᠪᠴᠠᠩ ᠂ ᠢᠳᠡᠭᠡᠨ ᠤᠮᠳᠠᠭᠠᠨ ᠤ ᠬᠡᠯᠬᠢᠶ᠎ᠡ ᠠᠵᠤ ᠠᠬᠤᠶᠢᠯᠠᠯ ᠂ ᠬᠡᠯᠬᠢᠶ᠎ᠡ ᠬᠡᠳᠦ | ᠳᠡᠯᠭᠡᠭᠦᠷ ᠵᠢᠴᠢ ᠲᠦᠭᠰᠢᠭᠦᠷᠢ ᠪᠠᠷ ᠬᠠᠷᠢᠴᠠᠩᠭᠤᠢ ᠥᠨᠳᠥᠷ ᠪᠠᠶᠢᠭ᠎ᠠ ᠢᠳᠡᠭᠡᠨ ᠦᠢᠯᠡᠳᠪᠦᠷᠢᠯᠡᠨ ᠡᠵᠡᠩᠨᠡᠬᠦ ᠪᠤᠰᠤᠳ | ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠬᠤ ᠶᠢ | ᠢᠳᠡᠪᠬᠢᠲᠡᠢ ᠠᠬᠢᠭᠤᠯᠬᠤ ᠬᠡᠷᠡᠭᠲᠡᠢ ᠃ | ᠭᠤᠷᠪᠠ ᠂ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠷᠠᠭᠤᠯᠤᠨ᠎ᠠ | ︵ᠳᠣᠯᠤᠭ᠎ᠠ ︶ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠨ᠎ᠠ ᠃ ᠡᠯ᠎ᠡ ᠭᠠᠵᠠᠷ ᠣᠷᠣᠨ ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ | ᠠᠵᠢᠯ ᠢ ᠡᠳᠦᠷ ᠲᠣᠲᠣᠮ ᠤᠨ ᠭᠤᠣᠯᠳᠠᠯᠭ᠎ᠠ ᠪᠣᠯᠬᠤ ᠠᠵᠢᠯ ᠳᠤ ᠪᠠᠨ ᠣᠷᠣᠭᠤᠯᠬᠤ ᠶᠢ ᠪᠦᠬᠦ ᠲᠠᠯ᠎ᠠ ᠪᠠᠷ | ᠠᠬᠢᠭᠤᠯᠵᠤ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠠᠵᠢᠯ ᠪᠠᠶᠢᠷᠢᠯᠠᠭᠤᠯᠬᠤ ᠂ ᠬᠡᠷᠡᠭᠵᠢᠭᠦᠯᠬᠦ | ᠪᠠᠶᠢᠴᠠᠭᠠᠬᠤ ᠪᠠ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ︔ ᠨᠢᠭᠡᠳᠦᠯᠲᠡᠢ ᠲᠥᠯᠥᠪᠯᠡᠨ | ᠬᠠᠮᠲᠤᠷᠠᠨ ᠠᠵᠢᠯᠯᠠᠵᠤ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠂ ᠳᠠᠭᠠᠳᠬᠠᠯ ᠤᠨ ᠪᠠᠶᠢᠭᠤᠯᠤᠮᠵᠢ ᠂ ᠳᠠᠭᠠᠳᠬᠠᠯ ᠳᠤ | ᠣᠷᠣᠯᠴᠠᠭᠰᠠᠨ ᠨᠢᠭᠡᠴᠢ ᠵᠡᠷᠭᠡ ᠣᠯᠠᠨ ᠡᠲᠡᠭᠡᠳ ᠢᠶᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠂ | ᠬᠠᠮᠲᠤᠷᠠᠯ ᠬᠦᠴᠦᠨ ᠢ ᠪᠦᠷᠢᠯᠳᠦᠭᠦᠯᠵᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠤᠨ ᠂ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠡᠮᠬᠢ ᠳᠠᠷᠠᠭᠠᠯᠠᠯ ᠲᠠᠢ | ᠠᠬᠢᠬᠤ ᠶᠢ ᠪᠠᠲᠤᠯᠠᠬᠤ ᠬᠡᠷᠡᠭᠲᠡᠢ ᠃ | ︵ᠨᠠᠢᠮᠠ︶ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠪᠠᠨ ᠴᠢᠩᠭᠠᠳᠬᠠᠨ᠎ᠠ ᠃ ᠳᠠᠭᠠᠳᠬᠠᠯ ᠤᠨ | ᠪᠠᠶᠢᠭᠤᠯᠤᠮᠵᠢ ᠨᠢ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ ᠂ ᠲᠤᠰᠬᠠᠢ | ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ ᠂ ᠳᠠᠭᠠᠳᠬᠠᠯ ᠳᠤ ᠣᠷᠣᠯᠴᠠᠭᠰᠠᠨ ᠨᠢᠭᠡᠴᠢ ᠳᠤ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠂ ᠲᠦᠭᠰᠢᠭᠦᠷᠢ ᠶᠢᠨ ᠲᠠᠯ᠎ᠠ ᠶᠢᠨ ᠦᠨᠡᠯᠡᠯᠲᠡ ᠬᠢᠬᠦ ᠵᠡᠷᠭᠡ ᠬᠤᠯᠪᠣᠭᠳᠠᠯ | ᠪᠦᠬᠦᠢ ᠦᠢᠯᠡᠴᠢᠯᠡᠭᠡ ᠬᠠᠩᠭᠠᠬᠤ ᠬᠡᠷᠡᠭᠲᠡᠢ ᠃ ᠳᠠᠭᠠᠳᠬᠠᠯ ᠳᠠᠭᠠᠭᠠᠬᠤ ᠠᠴᠠ ᠪᠠᠨ ᠡᠮᠦᠨ᠎ᠡ ᠲᠤᠬᠠᠢ ᠶᠢᠨ ᠭᠠᠵᠠᠷ ᠲᠤ | ᠨᠢ ᠪᠠᠶᠢᠴᠠᠭᠠᠨ ᠰᠢᠨᠵᠢᠯᠡᠬᠦ ᠪᠠᠨ ᠴᠢᠩᠭᠠᠳᠬᠠᠵᠤ ᠂ ᠳᠠᠭᠠᠳᠬᠠᠯ ᠳᠤ ᠳᠠᠭᠠᠣᠡᠬᠠᠭᠤᠯᠬᠤ ᠨᠢᠭᠡᠴᠢ ᠳᠤ ᠲᠦᠭᠰᠢᠭᠦᠷᠢ ᠶᠢᠨ | ᠦᠨᠡᠯᠡᠯᠲᠡ ᠬᠢᠬᠦ ᠬᠡᠷᠡᠭᠲᠡᠢ ᠃ ᠡᠯ᠎ᠡ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠳᠠᠭᠠᠳᠬᠠᠯ ᠤᠨ ᠪᠠᠶᠢᠭᠤᠯᠤᠮᠵᠢ ᠶᠢᠨ | ᠠᠵᠢᠯ ᠤᠨ ᠬᠢᠨ ᠱᠠᠭᠠᠷᠳᠠᠯᠭ᠎ᠠ ᠠᠴᠠ ᠪᠣᠯᠵᠤ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠪᠤᠶᠤ ᠢᠳᠡᠭᠡᠨ ᠤ ᠠᠵᠤ | ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠪᠠ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ | ᠬᠠᠤᠯᠢ ᠶᠣᠰᠣ ᠪᠠᠷ ᠬᠦᠷᠲᠡᠬᠦ ᠶᠢ ᠳᠡᠮᠵᠢᠵᠦ ᠂ ᠲᠦᠭᠰᠢᠭᠦᠷᠢ ᠶᠢᠨ ᠳ᠋ᠠᠶᠢᠲ᠋ᠠ ᠬᠥᠮᠥᠷᠭᠡ ᠶᠢ ᠲᠦᠷᠭᠡᠬᠡᠨ ᠪᠠᠶᠢᠭᠤᠯᠵᠤ ᠂ | ᠠᠵᠢᠯ ᠲᠦᠷᠦᠯ ᠤᠨ ᠬᠤᠭᠤᠷᠣᠨᠳᠤ ᠪᠠᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠵᠦ ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠣᠳᠣᠯᠠᠬᠤ ᠬᠢᠷᠢ ᠲᠦᠪᠰᠢᠨ ᠪᠠ | ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠪᠠᠶᠢᠴᠠᠭᠠᠨ | ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠲᠣᠪᠣᠶᠢᠮ᠎ᠠ ᠠᠰᠠᠭᠤᠳᠠᠯ ᠤᠳ ᠢ ᠴᠠᠭ ᠲᠤᠬᠠᠢ ᠳᠤ | ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃ | | ︵ᠶᠢᠰᠦ ︶ ᠤᠬᠠᠭᠤᠯᠬᠤ ᠡᠷᠴᠢᠮ ᠢ ᠴᠢᠩᠭᠠᠳᠬᠠᠨ᠎ᠠ ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠴᠢᠬᠤᠯᠠ ᠠᠴᠢ | ᠬᠤᠯᠪᠣᠭᠳᠠᠯ ᠂ ᠣᠷᠣᠨ ᠨᠤᠲᠤᠭ ᠤᠨ ᠲᠤᠷᠰᠢᠯᠭ᠎ᠠ ᠂ ᠨᠡᠶᠢᠲᠡᠯᠢᠭ ᠵᠢᠱᠢᠶ᠎ᠡ ᠨᠦᠭᠦᠳ ᠢ ᠥᠷᠭᠡᠨ ᠢᠶᠠᠷ ᠤᠬᠠᠭᠤᠯᠬᠤ | ᠬᠡᠷᠡᠭᠲᠡᠢ ᠃ ᠳᠠᠭᠠᠳᠬᠠᠯ ᠳᠤ ᠳᠠᠭᠠᠣᠡᠬᠠᠭᠤᠯᠣᠭᠰᠠᠨ ᠨᠢᠭᠡᠴᠢ ᠤᠳ ᠤᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠨᠢᠭᠡᠳᠦᠯᠲᠡᠢ ᠢᠯᠭᠠᠬᠤ ᠲᠡᠮᠳᠡᠭ ᠢ ᠵᠠᠷᠯᠠᠨ ᠨᠠᠭᠠᠬᠤ ᠂ ᠵᠡᠭᠦᠯᠲᠡ | ᠲᠣᠳᠣᠷᠬᠠᠶᠢᠯᠠᠯᠲᠠ ᠬᠢᠬᠦ ᠪᠤᠶᠤ ᠡᠯᠭᠦᠬᠦ ᠶᠢ ᠳᠡᠮᠵᠢᠨ ᠂ ᠳᠠᠭᠠᠳᠬᠠᠯ ᠳᠤ ᠣᠷᠣᠯᠴᠠᠭᠰᠠᠳ ᠤᠨ ᠢᠯᠭᠠᠨ ᠲᠠᠨᠢᠭᠳᠠᠬᠤ | ᠬᠡᠮᠵᠢᠶ᠎ᠡ ᠶᠢ ᠨᠡᠮᠡᠭᠳᠡᠭᠦᠯᠵᠦ ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠤᠳ ᠢ ᠵᠣᠬᠢᠶᠠᠨ | ᠪᠠᠶᠢᠭᠤᠯᠤᠨ ᠤᠳᠤᠷᠢᠳᠴᠤ ᠢᠲᠡᠭᠡᠮᠵᠢᠲᠦ ᠲᠡᠮᠳᠡᠭᠲᠦ ᠶᠢ ᠪᠣᠢ ᠪᠣᠯᠭᠠᠨ ᠂ ᠦᠨᠡᠨᠴᠢ ᠢᠲᠡᠭᠡᠮᠵᠢ ᠶᠢᠨ ᠰᠣᠶᠣᠯ ᠢ | ᠬᠥᠮᠥᠵᠢᠭᠦᠯᠬᠦ ᠬᠡᠷᠡᠭᠲᠡᠢ ᠃ ᠨᠡᠶᠢᠭᠡᠮ ᠤᠨ ᠬᠠᠷᠢᠭᠤᠴᠠᠯᠭ᠎ᠠ ᠡᠭᠦᠷᠭᠡ ᠪᠠᠨ ᠤᠬᠠᠮᠰᠠᠷ ᠠᠴᠠ ᠪᠠᠨ ᠡᠭᠦᠷᠭᠡᠯᠡᠭᠰᠡᠨ ᠂ | ᠳᠠᠭᠠᠳᠬᠠᠯ ᠳᠤ ᠢᠳᠡᠪᠬᠢᠲᠡᠢ ᠳᠠᠭᠠᠣᠡᠬᠠᠭᠤᠯᠣᠭᠰᠠᠨ ᠨᠢᠭᠡ ᠪᠦᠯᠦᠭ ᠠᠵᠤ ᠠᠬᠤᠶᠢᠯᠠᠯ ᠤᠳ ᠣᠨᠴᠠᠭᠠᠶᠢᠯᠠᠨ ᠨᠡᠷ᠎ᠡ | ᠨᠥᠯᠥᠭᠡ ᠲᠠᠢ ᠠᠵᠤ ᠠᠬᠤᠶᠢᠯᠠᠯ ᠤᠳ ᠢ ᠰᠠᠶᠢᠰᠢᠶᠠᠨ ᠬᠥᠬᠢᠭᠦᠯᠵᠦ ᠂ ᠵᠢᠱᠢᠶ᠎ᠡ ᠦᠵᠡᠭᠦᠯᠦᠨ ᠳᠠᠭᠠᠭᠤᠯᠬᠤ | ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ ᠃ | ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ ᠂ ︽ᠢᠳᠡᠭᠡᠨ ᠤ | ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠬᠡᠷᠡᠭᠵᠢᠭᠦᠯᠬᠦ ᠰᠠᠨᠠᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 49 ᠳ᠋ᠦ᠋ᠭᠡᠷ ᠲᠣᠭᠠᠲᠤ︶ | ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃ | 2022 ᠣᠨ ᠤ 12 | ᠳ᠋ᠤᠭᠠᠷ ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠬᠠᠭᠤᠯᠤᠨ ᠢᠯᠡᠭᠡᠬᠦ ᠨᠢ ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠥᠷᠦ ᠶᠢᠨ | ᠵᠥᠪᠯᠡᠯᠭᠡᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃ | ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 12 ᠳ᠋ᠤᠭᠠᠷ ᠰᠠᠷ᠎ᠠ ᠶᠢᠨ 13 ᠤ ᠡᠳᠦᠷ | ᠳᠠᠷᠤᠮᠠᠯᠯᠠᠨ ᠲᠠᠷᠬᠠᠭᠠᠪᠠ | | |