3 ᠰᠠᠷ᠎ᠠ ᠶᠢᠨ 28 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠡᠦ᠋ᠳᠢ ᠠᠷᠠᠪ ᠤᠨ ᠸᠠᠩ ᠤᠨ | ᠵᠠᠯᠭᠠᠮᠵᠢᠯᠠᠭᠴᠢ ᠪᠥᠭᠡᠳ ᠲᠡᠷᠢᠭᠦᠨ ᠰᠠᠶᠢᠳ ᠮᠦᠬᠠᠨᠮᠦ᠋ᠳ᠋ ᠲᠠᠢ ᠤᠲᠠᠰᠤ ᠪᠠᠷ ᠶᠠᠷᠢᠯᠴᠠᠪᠠ ᠃ | ᠰᠢ ᠶᠢᠨ ᠫᠢᠩ ᠮᠦᠬᠠᠨᠮᠦ᠋ᠳ᠋ ᠢᠶᠠᠷ ᠳᠠᠮᠵᠢᠭᠤᠯᠤᠨ ᠤᠯᠤᠰ ᠤᠨ ᠸᠠᠩ ᠰᠠᠯᠧᠮᠠᠨ ᠳᠤ ᠰᠠᠶᠢᠨ ᠰᠠᠶᠢᠬᠠᠨ | ᠵᠥᠩᠨᠡᠯ ᠳᠡᠪᠰᠢᠭᠦᠯᠭᠦ ᠶᠢᠨ ᠬᠠᠮᠲᠤ ᠪᠠᠴᠠᠭ ᠪᠠᠷᠢᠬᠤ ᠰᠠᠷ᠎ᠠ ᠶᠢᠨ ᠮᠡᠨᠳᠦᠴᠢᠯᠡᠯ ᠳᠡᠪᠰᠢᠭᠦᠯᠪᠡ ᠃ ᠰᠢ ᠶᠢᠨ ᠫᠢᠩ ᠂ | ᠣᠳᠣᠬᠠᠨ ᠳᠤ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ | ᠣᠷᠣᠰᠢᠵᠤ ᠪᠠᠶᠢᠨ᠎ᠠ ᠃ ᠨᠢᠳᠤᠨᠤᠨ ᠵᠢᠯ ᠤᠨ ᠰᠡᠭᠦᠯᠴᠢ ᠪᠠᠷ ᠂ ᠪᠢ ᠰᠠᠦ᠋ᠳᠢ ᠠᠷᠠᠪ ᠲᠤ ᠠᠮᠵᠢᠯᠲᠠ ᠲᠠᠢ ᠪᠠᠷ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠪᠢᠳᠠ ᠷᠢᠶᠠᠳ᠋ ᠲᠤ ᠠᠩᠬᠠᠳᠤᠭᠠᠷ ᠬᠤᠭᠤᠴᠠᠭᠠᠨ ᠤ ᠳᠤᠮᠳᠠᠳᠤ | ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ ᠂ ᠳᠤᠮᠳᠠᠳᠤ ᠤᠯᠤᠰ — ᠳᠠᠯᠠᠢ ᠶᠢᠨ | ᠪᠤᠯᠤᠩ ᠤᠨ ᠠᠷᠠᠪ ᠤᠨ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠢ | ᠠᠮᠵᠢᠯᠲᠠ ᠲᠠᠢ ᠡᠷᠭᠢᠯᠡᠵᠦ ᠂ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠶᠢᠨ ᠬᠥᠭᠵᠢᠯᠲᠡ ᠶᠢ ᠬᠦᠴᠦᠲᠡᠢ | ᠠᠬᠢᠭᠤᠯᠵᠤ ᠂ ᠳᠤᠮᠳᠠᠳᠤ ᠤᠯᠤᠰ ᠪᠣᠯᠣᠨ ᠳᠠᠯᠠᠢ ᠶᠢᠨ ᠪᠤᠯᠤᠩ ᠤᠨ ᠠᠷᠠᠪ ᠤᠨ ᠤᠯᠤᠰ ᠤᠳ ᠤᠨ | ᠬᠠᠮᠲᠤᠷᠠᠯᠴᠠᠭᠠᠨ ᠤ ᠵᠥᠪᠯᠡᠯ ᠬᠢᠭᠡᠳ ᠠᠷᠠᠪ ᠤᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠵᠤ ᠂ ᠳᠤᠮᠳᠠᠳᠤ | ᠳᠣᠷᠣᠨᠠᠲᠤ ᠣᠷᠣᠨ ᠤ ᠪᠠᠶᠢᠳᠠᠯ ᠳᠤ ᠢᠳᠡᠪᠬᠢᠲᠡᠢ ᠨᠥᠯᠥᠭᠡ ᠦᠵᠡᠭᠦᠯᠪᠡ ᠃ ᠳᠤᠮᠳᠠᠳᠤ ᠤᠯᠤᠰ ᠳᠤᠷᠠᠲᠠᠶ᠎ᠠ ᠰᠡᠦ᠋ᠳᠢ | ᠠᠷᠠᠪ ᠤᠨ ᠬᠢᠨ ᠲᠠᠢ ᠬᠠᠮᠲᠤ ᠪᠠᠷ ︽ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ | ᠤᠯᠤᠰ ᠤᠳ ᠤᠨ ᠲᠦᠷᠦᠭᠦᠴᠦᠳ ᠤᠨ ᠬᠤᠷᠠᠯ ᠂ ᠳᠤᠮᠳᠠᠳᠤ ᠤᠯᠤᠰ — ᠳᠠᠯᠠᠢ ᠶᠢᠨ ᠪᠤᠯᠤᠩ ᠤᠨ ᠠᠷᠠᠪ ᠤᠨ | ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠂ ᠰᠢ ᠶᠢᠨ ᠫᠢᠩ ᠰᠠᠦ᠋ᠳᠢ ᠠᠷᠠᠪ | ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠭᠰᠡᠨ ︾ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ ᠂ | ᠲᠣᠰ ᠲᠣᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠦᠷᠭᠦᠯᠵᠢᠯᠡᠨ ᠡᠷᠡᠰ | ᠳᠡᠮᠵᠢᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠥᠷᠭᠡᠳᠬᠡᠵᠦ ᠂ ᠳᠤᠮᠳᠠᠳᠤ ᠰᠡᠦ᠋ᠳᠢ ᠠᠷᠠᠪ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢᠨ ᠨᠠᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ ᠂ ᠰᠢᠨ᠎ᠡ ᠴᠠᠭ ᠦᠶ᠎ᠡ ᠳᠤ ᠬᠠᠨᠳᠤᠭᠰᠠᠨ | ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠭᠦ ᠬᠦᠴᠦᠨ ᠢᠶᠠᠷ ᠢᠶᠠᠨ ᠪᠠᠶᠢᠭᠤᠯᠵᠤ ᠂ | ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠂ ᠲᠣᠭᠲᠠᠭᠤᠨ ᠂ ᠬᠥᠭᠵᠢᠯᠲᠡ ᠶᠢ ᠠᠬᠢᠭᠤᠯᠬᠤ ᠳᠤ ᠨᠠᠩ ᠣᠯᠠᠨ | ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠶᠢᠷ᠎ᠠ ᠳᠤ ᠳᠤᠮᠳᠠᠳᠤ ᠤᠯᠤᠰ ᠂ ᠰᠠᠦ᠋ᠳᠢ ᠠᠷᠠᠪ ᠂ ᠢᠷᠠᠨ ᠤ ᠬᠠᠮᠲᠤ ᠶᠢᠨ | ᠴᠢᠷᠮᠠᠶᠢᠯᠭ᠎ᠠ ᠪᠠᠷ ᠰᠠᠦ᠋ᠳᠢ ᠠᠷᠠᠪ ᠂ ᠢᠷᠠᠨ ᠤ ᠪᠡᠭᠡᠵᠢᠩ ᠳᠠᠬᠢ ᠶᠠᠷᠢᠯᠴᠠᠭ᠎ᠠ ᠠᠮᠵᠢᠯᠲᠠ ᠲᠠᠢ ᠶᠠᠪᠤᠭᠳᠠᠭᠰᠠᠨ ᠪᠥᠭᠡᠳ | ᠴᠢᠬᠤᠯᠠ ᠶᠡᠭᠡ ᠦᠷ᠎ᠡ ᠪᠦᠲᠦᠭᠡᠯ ᠣᠯᠵᠤ ᠂ ᠰᠠᠦ᠋ᠳᠢ ᠠᠷᠠᠪ ᠢᠷᠡᠨ ᠬᠤᠶᠠᠷ ᠤᠯᠤᠰ ᠤᠨ ᠬᠠᠷᠢᠯᠴᠠᠭ᠎ᠠ ᠪᠠᠨ | ᠰᠠᠶᠢᠵᠢᠷᠠᠭᠤᠯᠬᠤ ᠳᠤ ᠠᠰᠢᠭᠲᠠᠢ ᠪᠠᠶᠢᠵᠤ ᠂ ᠭᠠᠵᠠᠷ ᠣᠷᠣᠨ ᠤ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ | ᠴᠢᠩᠭᠠᠳᠬᠠᠬᠤ ᠂ ᠭᠠᠵᠠᠷ ᠣᠷᠣᠨ ᠤ ᠪᠠᠴᠢᠮ ᠪᠠᠶᠢᠳᠠᠯ ᠢ ᠨᠠᠮᠳᠠᠭᠤᠯᠬᠤ ᠳᠤ ᠴᠢᠬᠤᠯᠠ ᠶᠡᠭᠡ ᠵᠢᠱᠢᠶ᠎ᠡ ᠦᠵᠡᠭᠦᠯᠭᠦ | ᠦᠢᠯᠡᠳᠦᠯ ᠲᠠᠢ ᠪᠠᠶᠢᠵᠤ ᠂ ᠳᠡᠯᠡᠬᠡᠢ ᠨᠡᠶᠢᠭᠡᠮ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠪᠠ ᠃ ᠣᠶᠢᠷ᠎ᠠ ᠳᠤ | ᠭᠠᠵᠠᠷ ᠣᠷᠣᠨ ᠤ ᠤᠯᠤᠰ ᠤᠳ ᠤᠨ ᠬᠤᠭᠤᠷᠣᠨᠳᠣᠭᠢ ᠬᠠᠷᠢᠴᠠᠭ᠎ᠠ ᠶᠢ ᠨᠠᠮᠳᠠᠭᠤᠯᠬᠤ ᠬᠠᠨᠳᠤᠰᠢ ᠢᠯᠡᠳᠲᠡ | ᠴᠢᠩᠭᠠᠷᠠᠵᠤ ᠂ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠵᠥᠷᠢᠴᠡᠯ ᠵᠥᠷᠢᠯᠳᠦᠭᠡᠨ ᠢᠶᠠᠨ ᠰᠢᠢᠳᠪᠦᠷᠢᠯᠡᠬᠦ ᠨᠢ | ᠠᠷᠠᠳ ᠤᠨ ᠰᠡᠳᠬᠢᠯ ᠳᠤ ᠨᠡᠶᠢᠴᠡᠵᠦ ᠂ ᠴᠠᠭ ᠦᠶ᠎ᠡ ᠶᠢᠨ ᠤᠷᠤᠰᠬᠠᠯ ᠪᠠ ᠡᠯ᠎ᠡ ᠤᠯᠤᠰ ᠤᠨ ᠠᠰᠢᠭ ᠲᠤᠰᠠ ᠳᠤ | ᠨᠡᠶᠢᠴᠡᠨ᠎ᠡ ᠭᠡᠳᠡᠭ ᠢ ᠭᠦᠢᠴᠡᠳ ᠬᠠᠷᠠᠭᠤᠯᠵᠤ ᠪᠠᠶᠢᠨ᠎ᠠ ᠃ ᠰᠠᠦ᠋ᠳᠢ ᠠᠷᠠᠪ ᠢᠷᠡᠨ ᠬᠤᠶᠠᠷ ᠲᠠᠯ᠎ᠠ ᠪᠠᠷ ᠢᠶᠠᠨ ᠡᠶᠡᠯᠳᠡᠭ | ᠬᠥᠷᠰᠢ ᠶᠢᠨ ᠨᠥᠭᠦᠷᠰᠡᠭ ᠬᠠᠷᠢᠯᠴᠠᠭᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ ᠂ ᠪᠡᠭᠡᠵᠢᠩ ᠳᠠᠬᠢ ᠶᠠᠷᠢᠯᠴᠠᠭᠠᠨ ᠤ | ᠦᠷ᠎ᠡ ᠪᠦᠲᠦᠭᠡᠯ ᠤᠨ ᠰᠠᠭᠤᠷᠢᠨ ᠳᠡᠭᠡᠷ᠎ᠡ ᠬᠠᠷᠢᠯᠴᠠᠭ᠎ᠠ ᠪᠠᠨ ᠲᠠᠰᠤᠷᠠᠯᠳᠠ ᠦᠭᠡᠢ ᠰᠠᠶᠢᠵᠢᠷᠠᠭᠤᠯᠬᠤ ᠶᠢ ᠬᠦᠰᠡᠵᠦ | ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠰᠡᠦ᠋ᠳᠢ ᠠᠷᠠᠪ ᠢᠷᠡᠨ ᠤ ᠶᠠᠷᠢᠯᠴᠠᠭᠠᠨ ᠤ ᠲᠠᠷᠠᠭᠠᠴᠢ ᠶᠢᠨ ᠠᠬᠢᠴᠠ ᠶᠢ | ᠦᠷᠭᠦᠯᠵᠢᠯᠡᠨ ᠳᠡᠮᠵᠢᠨ᠎ᠡ ᠭᠡᠵᠦ ᠵᠢᠭᠠᠵᠤ ᠭᠠᠷᠭᠠᠪᠠ ᠃ | ᠤᠯᠤᠰ ᠤᠨ ᠸᠠᠩ ᠰᠠᠯᠧᠮᠠᠨ ᠤ ᠰᠢ ᠶᠢᠨ ᠫᠢᠩ ᠳᠤ ᠮᠡᠨᠳᠦᠴᠢᠯᠡᠯ ᠬᠦᠷᠭᠡᠵᠦ ᠪᠠᠶᠢᠬᠤ ᠶᠢ ᠮᠦᠬᠠᠨᠮᠦ᠋ᠳ᠋ | ᠳᠠᠮᠵᠢᠭᠤᠯᠵᠤ ᠂ ᠰᠢ ᠶᠢᠨ ᠫᠢᠩ ᠤᠨ ᠤᠯᠤᠰ ᠤᠨ ᠲᠡᠷᠢᠭᠦᠯᠡᠭᠴᠢ ᠶᠢᠨ ᠲᠤᠰᠢᠶᠠᠯ ᠳᠤ ᠦᠷᠭᠦᠯᠵᠢᠯᠡᠨ | ᠰᠣᠩᠭᠤᠭᠳᠠᠭᠰᠠᠨ ᠳᠤ ᠳᠠᠬᠢᠨᠲᠠ ᠬᠠᠯᠠᠭᠤᠨ ᠪᠠᠶᠠᠷ ᠬᠦᠷᠭᠡᠪᠡ ᠃ ᠮᠦᠬᠠᠨᠮᠦ᠋ᠳ᠋ ᠂ ᠰᠠᠦ᠋ᠳᠢ ᠠᠷᠠᠪ ᠤᠨ ᠬᠢᠨ | ᠳᠤᠮᠳᠠᠳᠤ ᠶᠢᠨ ᠲᠠᠯ᠎ᠠ ᠶᠢᠨ ᠬᠢᠨ ᠤ ᠰᠠᠦ᠋ᠳᠢ ᠠᠷᠠᠪ ᠪᠣᠯᠣᠨ ᠢᠷᠠᠨ ᠤ ᠬᠠᠷᠢᠯᠴᠠᠭ᠎ᠠ ᠪᠠᠨ ᠰᠠᠶᠢᠵᠢᠷᠠᠭᠤᠯᠬᠤ ᠶᠢ | ᠶᠡᠭᠡ ᠪᠠᠷ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠂ ᠡᠨᠡ ᠨᠢ ᠳᠤᠮᠳᠠᠳᠤ ᠤᠯᠤᠰ ᠤᠨ | ᠬᠠᠷᠢᠭᠤᠴᠠᠯᠭ᠎ᠠ ᠲᠠᠢ ᠲᠣᠮᠣ ᠤᠯᠤᠰ ᠤᠨ ᠦᠢᠯᠡᠳᠦᠯ ᠢ ᠪᠠᠳᠠᠷᠠᠭᠤᠯᠵᠤ ᠪᠠᠶᠢᠭ᠎ᠠ ᠶᠢ ᠭᠦᠢᠴᠡᠳ ᠢᠯᠡᠷᠡᠭᠦᠯᠪᠡ ᠃ | ᠳᠤᠮᠳᠠᠳᠤ ᠤᠯᠤᠰ ᠭᠠᠵᠠᠷ ᠣᠷᠣᠨ ᠪᠣᠯᠣᠨ ᠳᠡᠯᠡᠬᠡᠢ ᠶᠢᠨ ᠬᠡᠷᠡᠭ ᠶᠠᠪᠤᠳᠠᠯ ᠳᠤ ᠡᠳᠦᠷ ᠢᠷᠡᠬᠦᠶ᠎ᠡ ᠴᠢᠬᠤᠯᠠ | ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ ᠪᠠᠶᠢᠨ᠎ᠠ ᠂ ᠰᠠᠦ᠋ᠳᠢ ᠠᠷᠠᠪ ᠤᠨ ᠬᠢᠨ ᠡᠭᠦᠨ ᠢ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠃ ᠳᠤᠮᠳᠠᠳᠤ ᠤᠯᠤᠰ ᠪᠣᠯ ᠰᠠᠦ᠋ᠳᠢ ᠠᠷᠠᠪ ᠤᠨ ᠴᠢᠬᠤᠯᠠ | ᠬᠠᠮᠲᠤᠷᠠᠯᠴᠠᠭᠠᠨ ᠤ ᠬᠠᠨᠢᠲᠠᠨ ᠮᠥᠨ ᠃ ᠰᠠᠦ᠋ᠳᠢ ᠠᠷᠠᠪ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ | ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ | ᠴᠢᠷᠮᠠᠶᠢᠵᠤ ᠂ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠢᠷᠡᠭᠡᠳᠦᠢ ᠶᠢ ᠨᠡᠭᠡᠭᠡᠨ᠎ᠡ ᠭᠡᠵᠦ ᠢᠯᠡᠳᠬᠡᠪᠡ ᠃ | |