ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︽ᠪᠥᠬᠦ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠶᠢ ᠶᠡᠬᠡᠪᠡᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/4/13
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︽ᠪᠥᠬᠦ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠶᠢ ᠶᠡᠬᠡᠪᠡᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠂ ᠪᠥᠬᠦ ᠠᠭᠤᠯᠭ᠎ᠠ ᠨᠢ ᠳᠣᠥᠷᠠᠬᠢ ᠮᠡᠲᠦ᠄ᠪᠦᠬᠦ ᠣᠷᠣᠨ ᠳᠤ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ ᠮᠥᠨ᠂ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠪᠣᠯᠪᠠᠰᠤᠷᠠᠯ ᠮᠥᠨ᠃ ᠲᠥᠪ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠥᠬᠦ ᠨᠠᠮ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠲᠤᠬᠠᠢ ᠠᠵᠢᠯ ᠤᠨ ᠲᠥᠰᠥᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠬᠤ᠂ ᠪᠠᠶᠢᠴᠠᠭᠠᠨ ᠰᠤᠳᠤᠯᠤᠯᠲᠠ ᠶᠢ ᠶᠡᠬᠡᠪᠡᠷ ᠠᠳᠬᠤᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠢ ᠪᠠ ᠲᠦᠭᠵᠢᠮᠡᠯ ᠴᠡᠭ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠥᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃     ᠨᠢᠭᠡ᠂ ᠶᠡᠷᠦᠩᠬᠡᠢ ᠱᠠᠭᠠᠷᠳᠠᠯᠭ᠎ᠠ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠨᠠᠮ ᠤᠨ ᠣᠨᠣᠯ ᠪᠣᠯᠣᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠠᠴᠠ ᠭᠠᠷᠳᠠᠵᠤ᠂ ᠲᠤᠰᠬᠠᠢ ᠰᠡᠳᠦᠪᠲᠦ ᠶᠡᠭᠡ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠠᠰᠠᠭᠤᠳᠠᠯ ᠢ ᠶᠡᠭᠡ ᠪᠠᠷ ᠰᠢᠢᠳᠪᠦᠷᠢᠯᠡᠵᠦ᠂ ᠪᠡᠷᠬᠡ ᠰᠡᠳᠦᠪ ᠢ ᠶᠡᠭᠡ ᠪᠠᠷ ᠰᠢᠢᠳᠪᠦᠷᠢᠯᠡᠵᠦ᠂ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠲᠤᠷᠰᠢᠯᠭ᠎ᠠ ᠶᠢ ᠳ᠋ᠦᠩᠨᠡᠵᠦ᠂ ᠡᠯ᠎ᠡ ᠱᠠᠲᠤᠨ ᠤ ᠬᠢᠨ ᠪᠠᠶᠢᠴᠠᠭᠠᠨ ᠰᠤᠳᠤᠯᠤᠯᠲᠠ ᠬᠢᠬᠦ ᠶᠢ ᠨᠢᠭᠡ ᠵᠦᠢᠯ ᠤᠨ ᠤᠯᠤᠰ ᠲᠦᠷᠦ ᠶᠢᠨ ᠱᠠᠭᠠᠷᠳᠠᠯᠭ᠎ᠠ ᠪᠣᠯᠭᠠᠨ ᠬᠠᠨᠳᠤᠵᠤ᠂ ᠨᠢᠭᠡ ᠵᠦᠢᠯ ᠤᠨ ᠤᠯᠤᠰ ᠲᠦᠷᠦ ᠶᠢᠨ ᠬᠡᠪ ᠪᠣᠯᠪᠠᠰᠤᠷᠠᠯ ᠢᠶᠠᠷ ᠭᠦᠨᠵᠡᠭᠡᠢ ᠬᠥᠮᠥᠵᠢᠭᠦᠯᠬᠦ ᠶᠢ ᠠᠬᠢᠭᠤᠯᠵᠤ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠶᠢ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠥᠪᠥᠷ ᠮᠣᠩᠭᠤᠯ ᠳᠤ ᠦᠨᠳᠦᠰᠦ ᠬᠠᠳᠬᠤᠵᠤ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠶᠠᠷ᠂ ᠪᠠᠶᠢᠴᠠᠭᠠᠨ ᠰᠤᠳᠤᠯᠬᠤ ᠰᠡᠳᠦᠪ ᠢ ᠨᠠᠷᠢᠯᠢᠭᠵᠢᠭᠤᠯᠬᠤ ᠬᠡᠷᠡᠭᠲᠡᠢ     ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠳᠤ᠂ ᠨᠠᠮ ᠤᠨ ᠲᠥᠪ ᠬᠤᠷᠢᠶ᠎ᠠ ᠶᠢᠨ ᠲᠣᠳᠣᠷᠬᠠᠶᠢᠯᠠᠭᠰᠠᠨ 12 ᠲᠠᠯ᠎ᠠ ᠶᠢᠨ ᠠᠭᠤᠯᠭ᠎ᠠ ᠲᠠᠢ ᠨᠢᠭᠲᠠ ᠤᠶᠠᠯᠳᠤᠭᠤᠯᠤᠨ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠶᠢᠨ ᠰᠡᠳᠦᠪ ᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠴᠢᠨᠠᠷ᠂ ᠠᠷᠭᠠᠴᠠᠬᠤ ᠪᠣᠳᠣᠯᠭ᠎ᠠ ᠶᠢᠨ ᠴᠢᠨᠠᠷ᠂ ᠪᠠᠷᠠᠭᠠᠯᠬᠢᠯᠠᠯ ᠤᠨ ᠴᠢᠨᠠᠷ᠂ ᠮᠥᠷᠳᠡᠬᠦ ᠴᠢᠨᠠᠷ᠂ ᠬᠠᠨᠳᠤᠯᠭᠠᠲᠤ ᠴᠢᠨᠠᠷ ᠤᠨ ᠪᠠᠶᠢᠴᠠᠭᠠᠨ ᠰᠤᠳᠤᠯᠤᠯᠲᠠ ᠶᠢ ᠲᠤᠪᠤᠶᠢᠯᠭᠠᠵᠤ᠂ ᠴᠡᠭ ᠲᠤ ᠰᠠᠭᠤᠬᠤ ᠬᠡᠯᠪᠡᠷᠢ᠂ ᠲᠤᠶᠠᠴᠢᠬᠤ ᠬᠡᠯᠪᠡᠷᠢ᠂ ᠬᠠᠷᠢᠴᠠᠭᠤᠯᠬᠤ ᠬᠡᠯᠪᠡᠷᠢ᠂ ᠰᠢᠪᠠᠳᠠᠨ ᠪᠠᠶᠢᠴᠠᠭᠠᠬᠤ ᠬᠡᠯᠪᠡᠷᠢ᠂ ᠠᠰᠠᠭᠤᠨ ᠯᠠᠪᠯᠠᠬᠤ ᠬᠡᠯᠪᠡᠷᠢ ᠵᠡᠷᠭᠡ ᠪᠠᠶᠢᠴᠠᠭᠠᠨ ᠰᠤᠳᠤᠯᠬᠤ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠭᠤᠣᠯᠳᠠᠯᠭ᠎ᠠ ᠶᠢ ᠲᠣᠪᠤᠶᠢᠯᠭᠠᠨ᠂ ᠠᠮᠢᠨ ᠭᠠᠵᠠᠷ ᠢ ᠨᠢ ᠰᠢᠭᠤᠳ ᠳᠠᠭᠠᠷᠢᠵᠤ᠂ ᠪᠠᠶᠢᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠠᠷᠭᠠᠴᠠᠬᠤ ᠪᠣᠳᠣᠯᠭ᠎ᠠ ᠶᠢ ᠪᠣᠳᠠᠲᠠᠢ ᠪᠠᠷ ᠳᠤᠷᠠᠳᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠᠶᠢᠴᠠᠭᠠᠨ ᠰᠤᠳᠤᠯᠬᠤ ᠪᠣᠳᠠᠲᠠᠢ ᠲᠥᠰᠥᠯ ᠢ ᠰᠤᠳᠤᠯᠤᠨ ᠲᠣᠭᠲᠠᠭᠠᠵᠤ᠂ ᠲᠦᠷᠦᠯ ᠵᠦᠢᠯ ᠤᠨ ᠰᠡᠳᠦᠪ᠂ ᠠᠷᠭ᠎ᠠ ᠬᠡᠯᠪᠡᠷᠢ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠠᠶᠢᠴᠠᠭᠠᠨ ᠰᠤᠳᠤᠯᠬᠤ ᠴᠠᠭ᠂ ᠭᠠᠵᠠᠷ ᠣᠷᠣᠨ᠂ ᠠᠵᠢᠯᠲᠠᠨ ᠢ ᠵᠣᠬᠢᠰᠲᠠᠢ ᠲᠣᠭᠲᠠᠭᠠᠵᠤ᠂ ᠪᠠᠶᠢᠴᠠᠭᠠᠨ ᠰᠤᠳᠤᠯᠬᠤ ᠠᠵᠢᠯ ᠤᠨ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠥᠷᠨᠢᠬᠦ ᠶᠢ ᠪᠠᠲᠤᠯᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠥᠪᠡᠷ ᠤᠨ ᠪᠡᠶ᠎ᠡ ᠪᠠᠷ ᠢᠶᠠᠨ ᠡᠷᠬᠢᠯᠡᠨ ᠲᠥᠰᠥᠯ ᠲᠣᠭᠲᠠᠭᠠᠵᠤ᠂ ᠪᠠᠭ ᠤᠨ ᠪᠦᠷᠢᠯᠳᠦᠭᠦᠨ ᠤ ᠪᠠᠶᠢᠴᠠᠭᠠᠨ ᠰᠤᠳᠤᠯᠬᠤ ᠰᠡᠳᠦᠪ ᠢ ᠬᠢᠨᠠᠨ ᠲᠣᠭᠲᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠱᠠᠲᠤᠨ ᠤ ᠤᠳᠤᠷᠢᠳᠬᠤ ᠨᠥᠬᠦᠳ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ᠵᠢᠱᠢᠶ᠎ᠡ ᠦᠵᠡᠭᠦᠯᠦᠨ ᠳᠠᠶᠢᠴᠢᠯᠠᠵᠤ᠂ ᠰᠡᠳᠦᠪ ᠤᠨ ᠰᠤᠳᠤᠯᠭᠠᠨ ᠢ ᠲᠦᠷᠦᠭᠦᠯᠡᠨ ᠥᠷᠨᠢᠭᠦᠯᠬᠦ ᠬᠡᠷᠡᠭᠲᠡᠢ᠃ ᠰᠢᠶᠠᠨ ᠭᠠᠵᠠᠷ ᠤᠨ ᠱᠠᠲᠤᠨ  ᠠᠴᠠ ᠳᠡᠭᠡᠭᠰᠢᠬᠢ ᠤᠳᠤᠷᠢᠳᠬᠤ ᠪᠠᠭ ᠤᠨ ᠪᠦᠷᠢᠯᠳᠦᠭᠦᠨ ᠨᠢᠭᠡᠪᠦᠷᠢ ᠨᠢᠭᠡ ᠰᠡᠳᠦᠪ  ᠢ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠬᠦ  ᠶᠢᠨ ᠵᠡᠷᠭᠡ ᠳᠤ ᠬᠤᠯᠪᠣᠭᠳᠠᠯ ᠪᠦᠬᠦᠢ ᠬᠦᠷᠢᠶᠡᠨ ᠤ ᠠᠵᠢᠯ ᠤᠨ ᠳᠤᠮᠳᠠᠬᠢ ᠬᠠᠮᠤᠭ ᠤᠨ ᠲᠣᠪᠣᠶᠢᠮ᠎ᠠ ᠲᠦᠪᠡᠭᠲᠡᠢ ᠠᠰᠠᠭᠤᠳᠠᠯ ᠳᠤ ᠴᠢᠭᠯᠡᠭᠦᠯᠦᠨ ᠲᠤᠰᠬᠠᠢ ᠪᠠᠶᠢᠴᠠᠭᠠᠨ ᠰᠤᠳᠤᠯᠤᠯᠲᠠ ᠬᠢᠬᠦ ᠬᠡᠷᠡᠭᠲᠡᠢ᠃     ᠭᠤᠷᠪᠠ᠂ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ     ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠣᠮ ᠤᠩᠰᠢᠬᠤ ᠠᠩᠭᠢ ᠵᠡᠷᠭᠡ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠪᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠪᠠᠷ ᠵᠠᠮ ᠨᠡᠭᠡᠭᠡᠬᠦ ᠶᠢ ᠪᠠᠷᠢᠮᠲᠠᠯᠠᠨ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃     ︵ᠬᠤᠶᠠᠷ︶ ᠠᠰᠠᠭᠤᠳᠠᠯ ᠢ ᠨᠠᠷᠢᠯᠢᠭ ᠣᠨᠣᠴᠠᠲᠠᠢ ᠪᠠᠷ ᠢᠯᠡᠷᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠠᠰᠠᠭᠤᠳᠠᠯ ᠳᠤ ᠰᠢᠭᠤᠳ ᠴᠢᠭᠯᠡᠭᠦᠯᠦᠨ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠨᠢᠭᠡᠴᠡ ᠳᠤ ᠭᠦᠨᠵᠡᠭᠡᠶᠢᠷᠡᠵᠦ᠂ ᠬᠦᠴᠢᠷᠳᠡᠯ ᠣᠯᠠᠨ᠂ ᠣᠯᠠᠨ ᠲᠦᠮᠡᠨ ᠤ ᠰᠠᠨᠠᠯ ᠲᠥᠪᠯᠡᠷᠡᠭᠰᠡᠨ᠂ ᠠᠵᠢᠯ ᠤᠨ ᠪᠠᠶᠢᠳᠠᠯ ᠢ ᠨᠡᠭᠡᠭᠡᠵᠦ ᠳᠡᠶᠢᠯᠬᠦ ᠦᠭᠡᠢ ᠭᠠᠵᠠᠷ ᠲᠤ ᠢᠯᠡᠭᠦᠬᠡᠨ ᠬᠦᠷᠴᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠣᠯᠠᠨ ᠲᠦᠮᠡᠨ ᠤ ᠰᠠᠨᠠᠭ᠎ᠠ ᠵᠣᠪᠠᠵᠤ ᠪᠠᠶᠢᠭ᠎ᠠ ᠶᠠᠪᠤᠳᠠᠯ᠂ ᠰᠠᠨᠠᠭ᠎ᠠ ᠵᠣᠪᠠᠵᠤ ᠪᠠᠶᠢᠭ᠎ᠠ ᠶᠠᠪᠤᠳᠠᠯ ᠢ ᠣᠶᠢᠯᠠᠭᠠᠨ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠴᠠ ᠳᠠᠬᠢ ᠰᠠᠭᠠᠳ ᠲᠣᠳᠬᠠᠷ ᠲᠠᠢ ᠭᠠᠵᠠᠷ ᠪᠠ ᠬᠦᠴᠢᠷ ᠠᠰᠠᠭᠤᠳᠠᠯ ᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠲᠥᠯᠥᠭᠡᠯᠡᠬᠦ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ ᠪᠠᠶᠢᠭᠠᠳ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠬᠦ ᠬᠡᠷᠡᠭᠲᠡᠢ᠃     ︵ᠭᠤᠷᠪᠠ︶ ᠠᠰᠠᠭᠤᠳᠠᠯ ᠢ ᠰᠢᠰᠲ᠋ᠧᠮ ᠲᠠᠢ ᠰᠤᠳᠤᠯᠬᠤ᠃ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ ᠬᠤᠷᠢᠶᠠᠩᠭᠤᠶᠢᠯᠠᠭᠰᠠᠨ ᠰᠠᠭᠤᠷᠢᠨ ᠳᠡᠭᠡᠷ᠎ᠡ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠬᠡᠷᠡᠭᠯᠡᠨ᠂ ᠭᠦᠨᠵᠡᠭᠡᠢ ᠵᠠᠳᠠᠯᠬᠤ᠂ ᠭᠦᠢᠴᠡᠳ ᠨᠤᠲᠠᠯᠠᠬᠤ ᠪᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠲᠡᠢ᠂ ᠢᠯᠠᠩᠭᠤᠶ᠎ᠠ ᠲᠡᠳᠡᠭᠡᠷ ᠲᠦᠭᠡᠮᠡᠯ ᠴᠢᠨᠠᠷᠲᠠᠢ ᠪᠠ ᠳᠦᠷᠢᠮ ᠤᠨ ᠴᠢᠨᠠᠷᠲᠠᠢ ᠠᠰᠠᠭᠤᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ ᠭᠦᠨ ᠳᠠᠪᠬᠤᠷᠭ᠎ᠠ ᠶᠢᠨ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠵᠢᠴᠢ ᠬᠦᠴᠢᠷ ᠠᠰᠠᠭᠤᠳᠠᠯ ᠳᠠᠷᠤᠭᠳᠠᠮᠠᠯ ᠬᠡᠷᠡᠭ ᠪᠠ ᠠᠷᠬᠠᠭ ᠭᠡᠮ ᠵᠡᠷᠭᠡ ᠶᠢ ᠲᠤᠭᠤᠷᠠᠲᠠᠯ᠎ᠠ ᠰᠤᠳᠤᠯᠵᠤ᠂ ᠦᠨᠳᠦᠰᠦ ᠰᠤᠷᠪᠤᠯᠵᠢ ᠪᠠ ᠭᠡᠮ ᠰᠣᠭᠤᠭ ᠢ ᠨᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠤᠯᠠᠨ ᠲᠦᠮᠡᠨ᠂ ᠦᠢᠯᠡᠳᠦᠯᠭᠡ ᠠᠴᠠ ᠠᠷᠭ᠎ᠠ ᠪᠣᠳᠣᠯᠭ᠎ᠠ ᠠᠰᠠᠭᠤᠬᠤ ᠶᠢ ᠪᠠᠷᠢᠮᠲᠠᠯᠠᠵᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠰᠣᠨᠣᠰᠴᠤ᠂ ᠰᠢᠢᠳᠪᠦᠷᠢᠯᠡᠬᠦ ᠲᠥᠰᠥᠯ ᠢ ᠪᠦᠲᠦᠭᠡᠯᠴᠢ ᠪᠠᠷ ᠳᠤᠷᠠᠳᠤᠨ ᠭᠠᠷᠭᠠᠵᠤ᠂ ᠠᠰᠠᠭᠤᠳᠠᠯ ᠨᠢᠭᠡᠪᠦᠷᠢ ᠳᠤ ᠴᠥᠮ ︽ᠰᠤᠳᠠᠯ ᠪᠠᠷᠢᠬᠤ︾ ᠮᠥᠷᠲᠡᠭᠡᠨ ︽ᠵᠣᠷ ᠭᠠᠷᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃     ︵ᠳᠥᠷᠪᠡ︶ ᠠᠰᠠᠭᠤᠳᠠᠯ ᠢ ᠬᠠᠨᠳᠤᠯᠭ᠎ᠠ ᠲᠠᠢ ᠪᠠᠷ ᠰᠢᠢᠳᠪᠦᠷᠢᠯᠡᠨ᠎ᠡ᠃ ︽ᠲᠠᠶᠢᠯᠪᠤᠷᠢᠯᠠᠯᠲᠠ ᠲᠠᠢ ᠰᠡᠳᠬᠢᠬᠦᠢ︾  ᠶᠢ ᠪᠠᠷᠢᠮᠲᠠᠯᠠᠵᠤ᠂ ᠪᠠᠶᠢᠴᠠᠭᠠᠨ ᠰᠤᠳᠤᠯᠬᠤ ᠶᠠᠪᠤᠴᠠ ᠳᠤ ᠪᠦᠷᠢᠯᠳᠦᠭᠰᠡᠨ ᠠᠰᠠᠭᠤᠳᠠᠯ ᠤᠨ ᠨᠠᠷᠢᠨ ᠲᠠᠩᠰᠠ ᠳᠤ ᠴᠢᠭᠯᠡᠭᠦᠯᠦᠨ᠂ ᠨᠠᠷᠢᠨ ᠨᠢᠮᠪᠠᠢ ᠡᠮᠬᠢᠯᠡᠨ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ᠂ ᠬᠠᠷᠢᠭᠤᠴᠠᠯᠭ᠎ᠠ ᠲᠠᠢ ᠨᠢᠭᠡᠴᠡ᠂ ᠬᠠᠷᠢᠭᠤᠴᠠᠯᠭ᠎ᠠ ᠲᠠᠢ ᠬᠥᠮᠥᠨ ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠬᠤ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠦᠡᠭᠭᠡᠨ ᠲᠠᠯ᠎ᠠ ᠠᠴᠠ ᠳᠣᠲᠣᠷ᠎ᠠ ᠲᠠᠯ᠎ᠠ ᠳᠤ ᠬᠦᠷᠴᠦ᠂ ᠴᠡᠭ ᠠᠴᠠ ᠪᠦᠬᠦ ᠲᠠᠯ᠎ᠠ ᠳᠤ ᠬᠦᠷᠴᠦ᠂ ᠦᠵᠡᠭᠳᠡᠯ ᠢᠶᠠᠷ ᠳᠠᠮᠵᠢᠨ ᠮᠥᠨ ᠴᠢᠨᠠᠷ ᠢ ᠨᠢ ᠦᠵᠡᠵᠦ᠂ ᠠᠰᠠᠭᠤᠳᠠᠯ ᠢ ᠵᠠᠳᠠᠯᠵᠤ᠂ ᠰᠢᠯᠲᠠᠭᠠᠨ ᠢ ᠵᠠᠳᠠᠯᠵᠤ᠂ ᠰᠠᠨᠠᠭᠤᠯᠭ᠎ᠠ ᠳᠤᠷᠠᠳᠴᠤ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠰᠲᠠᠢ ᠠᠷᠭ᠎ᠠ ᠬᠡᠯᠪᠡᠷᠢ ᠪᠠᠷ ᠪᠠᠶᠢᠴᠠᠭᠠᠨ ᠰᠤᠳᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠬᠤ ᠬᠡᠷᠡᠭᠲᠡᠢ᠃ ᠪᠦᠷᠢᠯᠳᠦᠭᠰᠡᠨ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ᠂ ᠵᠠᠰᠠᠭ ᠤᠨ ᠣᠷᠳᠣᠨ ᠤ ᠰᠤᠳᠤᠯᠬᠤ ᠲᠠᠰᠤᠭ ᠵᠡᠷᠭᠡ ᠬᠤᠯᠪᠣᠭᠳᠠᠯ ᠪᠦᠬᠦᠢ ᠠᠵᠢᠯ ᠤᠨ ᠠᠴᠢᠶᠠᠯᠠᠪᠤᠷᠢ ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠯᠠᠪᠯᠠᠯᠲᠠ ᠪᠣᠯᠭᠠᠵᠤ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠠᠴᠠ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠣᠯ ᠂ ᠨᠠᠷᠢᠨ ᠬᠢᠨᠠᠮᠠᠭᠠᠢ ᠡᠮᠬᠢᠯᠡᠨ ᠳᠢᠭᠯᠡᠬᠦ ᠶᠢᠨ ᠬᠠᠮᠲᠤ ᠲᠠᠰ ᠳᠠᠷᠠᠭᠠᠯᠠᠯ ᠶᠣᠰᠣᠭᠠᠷ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃     ︵ᠲᠠᠪᠤ︶ ᠦᠷ᠎ᠡ ᠪᠦᠲᠦᠭᠡᠯ ᠢ ᠤᠯᠠᠷᠢᠭᠤᠯᠬᠤ ᠶᠢ ᠴᠢᠬᠤᠯᠠᠴᠢᠯᠠᠨ᠎ᠠ᠃ ᠪᠠᠶᠢᠴᠠᠭᠠᠨ ᠰᠤᠳᠤᠯᠤᠯᠲᠠ ᠶᠢᠨ︽ᠰᠡᠭᠦᠯᠴᠢ ᠶᠢᠨ ᠬᠠᠭᠠᠰ ᠵᠣᠬᠢᠶᠠᠯ︾  ᠢ ᠰᠠᠶᠢᠲᠤᠷ ᠬᠢᠵᠦ᠂ ᠣᠳᠣᠬᠠᠨ ᠤ ᠪᠠ ᠠᠯᠤᠰ ᠬᠡᠳᠦ ᠶᠢ ᠨᠢᠭᠡᠳᠦᠯᠲᠡᠢ ᠲᠥᠯᠥᠪᠵᠢᠭᠦᠯᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠᠬᠢ ᠪᠦᠲᠦᠮᠵᠢᠲᠡᠢ ᠠᠷᠭ᠎ᠠ ᠬᠢᠳᠡᠯ ᠪᠣᠯᠣᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠵᠢᠯᠤᠭᠤᠳᠬᠤ ᠴᠢᠨᠠᠷᠲᠠᠢ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠰᠠᠨᠠᠯ ᠰᠠᠨᠠᠭᠤᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠰᠡᠳᠬᠢᠴᠡ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ᠃ ︽ᠪᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠪᠢ ᠬᠠᠷᠢᠭᠤᠴᠠᠵᠤ᠂ ᠮᠢᠨᠤ ᠦᠷ᠎ᠡ ᠪᠦᠲᠦᠭᠡᠯ ᠢ ᠪᠢ ᠠᠩᠬᠠᠷᠴᠤ ᠰᠢᠢᠳᠪᠦᠷᠢᠯᠡᠬᠦ︾ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢᠨ ᠰᠡᠳᠦᠪ ᠢ ᠪᠡᠶᠡᠯᠡᠭᠦᠯᠦᠭᠰᠡᠨ ᠪᠠᠶᠢᠳᠠᠯ᠂ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠰᠤᠷᠪᠤᠯᠵᠢᠯᠠᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠰᠢᠨ᠎ᠡ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠶᠢ ᠠᠩᠬᠠᠷᠴᠤ᠂ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠡᠬᠢᠨ ᠠᠴᠠ ᠨᠢ ᠠᠳᠠᠭ ᠲᠤᠨᠢ ᠲᠤᠯᠲᠠᠯ᠎ᠠ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ᠃     ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ     ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠪᠠᠶᠢᠴᠠᠭᠠᠨ ᠰᠤᠳᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠤᠰᠬᠠᠢ ᠪᠠᠶᠢᠷᠢᠯᠠᠭᠤᠯᠤᠯᠲᠠ ᠬᠢᠵᠦ᠂ ᠲᠥᠰᠥᠯ ᠢ ᠵᠢᠷᠤᠵᠤ ᠲᠥᠯᠥᠪᠯᠡᠬᠦ᠂ ᠶᠠᠪᠤᠴᠠ ᠶᠢ ᠬᠡᠷᠡᠭᠵᠢᠭᠦᠯᠬᠦ᠂ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠬᠢᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠴᠠᠭᠠᠨ ᠰᠤᠳᠤᠯᠤᠯᠲᠠ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠠᠭ ᠤᠨ ᠪᠤᠰᠤᠳ ᠪᠦᠷᠢᠯᠳᠦᠭᠦᠨ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ ᠪᠠ ᠬᠤᠪᠢᠳᠠᠨ ᠬᠠᠮᠢᠶᠠᠷᠴᠤ ᠪᠠᠶᠢᠭ᠎ᠠ ᠨᠢᠭᠡᠴᠡ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠰᠠᠶᠢᠲᠤᠷ ᠠᠳᠬᠤᠨ᠎ᠠ᠃     ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠴᠢᠩᠭ᠎ᠠ ᠬᠡᠷᠡᠭᠵᠢᠭᠦᠯᠵᠦ᠂ ᠬᠡᠯᠪᠡᠷᠢ ᠶᠢ ᠳᠥᠭᠦᠮᠴᠢᠯᠡᠨ᠂ ᠣᠪᠣᠷ ᠪᠠᠶᠢᠳᠠᠯ ᠢ ᠪᠠᠭᠤᠷᠠᠭᠤᠯᠵᠤ᠂ ᠲᠡᠷᠭᠡ ᠬᠥᠰᠬᠡ ᠶᠢ ᠴᠥᠭᠡᠳᠬᠡᠨ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠦᠨᠳᠦᠰᠦᠨ ᠱᠠᠲᠤᠨ ᠳᠤ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠮᠡᠳᠡᠭᠦᠯᠦᠨ ᠳᠠᠩᠰᠠᠯᠠᠭᠤᠯᠬᠤ ᠳᠦᠷᠢᠮ ᠢ ᠪᠠᠶᠢᠭᠤᠯᠵᠤ᠂ ᠪᠠᠶᠢᠴᠠᠭᠠᠨ ᠰᠤᠳᠤᠯᠤᠯᠲᠠ ᠬᠢᠬᠦ ᠴᠠᠭ ᠪᠠ ᠭᠠᠵᠠᠷ ᠢ ᠵᠦᠢ ᠵᠣᠬᠢᠰᠲᠠᠢ ᠲᠣᠬᠢᠷᠠᠭᠤᠯᠤᠨ᠂ ᠦᠨᠳᠦᠰᠦᠨ ᠱᠠᠲᠤᠨ ᠳᠤ ᠪᠠᠭᠤᠵᠤ᠂ ᠠᠳᠠᠯᠢ ᠨᠢᠭᠡᠨ ᠴᠠᠭ ᠲᠤ ᠠᠳᠠᠯᠢ ᠨᠢᠭᠡᠨ ᠭᠠᠵᠠᠷ ᠲᠤ ᠣᠴᠢᠵᠤ ᠴᠤᠭᠯᠠᠷᠠᠨ ᠪᠠᠶᠢᠴᠠᠭᠠᠨ ᠰᠤᠳᠤᠯᠤᠯᠲᠠ ᠬᠢᠬᠦ ᠠᠴᠠ ᠵᠠᠶᠢᠯᠠᠰᠬᠢᠬᠦ ᠬᠡᠷᠡᠭᠲᠡᠢ᠃ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠰᠣᠷᠲᠣᠭᠤᠯᠠᠬᠤ ᠮᠠᠶ᠋ᠢᠭ ᠤᠨ᠂ ᠫᠧᠩᠰᠡᠲᠦ ᠦᠵᠡᠮᠵᠢ ᠶᠢᠨ ᠮᠠᠶ᠋ᠢᠭ ᠤᠨ᠂ ᠰᠠᠯᠤᠩᠭᠢ ᠮᠠᠶ᠋ᠢᠭ ᠤᠨ᠂ ᠬᠡᠪ ᠵᠤᠷᠰᠢᠯ ᠤᠨ ᠮᠠᠶ᠋ᠢᠭ ᠤᠨ ᠪᠠᠶᠢᠴᠠᠭᠠᠨ ᠰᠤᠳᠤᠯᠤᠯᠲᠠ ᠬᠢᠵᠦ ᠪᠣᠯᠬᠤ ᠦᠭᠡᠢ᠂ ᠬᠠᠰᠢ ᠶᠠᠰᠢ ᠪᠠᠷ ᠥᠩᠭᠡᠷᠡᠭᠦᠯᠬᠦ ᠪᠠ ᠭᠦᠨᠵᠡᠭᠡᠶᠢᠷᠡᠬᠦ ᠦᠭᠡᠢ ᠪᠠᠶᠢᠬᠤ ᠶᠢ ᠰᠡᠷᠭᠡᠶᠢᠯᠡᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠪᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠳ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃     ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠨᠠᠮ ᠤᠨ ᠰᠣᠨᠢᠨ᠂ ᠨᠠᠮ ᠤᠨ ᠰᠡᠳᠬᠦᠯ᠂ ᠰᠦᠯᠵᠢᠶ᠎ᠡ᠂ ᠲᠣᠭᠠᠴᠢᠯᠠᠭᠰᠠᠨ ᠵᠠᠭᠤᠴᠢᠯᠠᠭᠤᠷ᠂ ᠭᠠᠷ ᠤᠲᠠᠰᠤᠨ ᠤ ᠵᠠᠭᠤᠴᠢᠯᠠᠭᠤᠷ ᠵᠡᠷᠭᠡ ᠶᠢ ᠭᠦᠢᠴᠡᠳ ᠠᠰᠢᠭᠯᠠᠵᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠤᠬᠠᠭᠤᠯᠭ᠎ᠠ ᠶᠢᠨ ᠬᠡᠯᠪᠡᠷᠢ ᠪᠣᠯᠣᠨ ᠠᠭᠤᠯᠭ᠎ᠠ ᠶᠢ ᠪᠠᠶᠠᠯᠢᠭᠵᠢᠭᠤᠯᠵᠤ᠂ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠣᠯᠣᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠶᠢᠨ ᠪᠣᠳᠠᠲᠠᠢ ᠠᠷᠭ᠎ᠠ ᠬᠡᠮᠵᠢᠶ᠎ᠡ᠂ ᠪᠣᠳᠠᠲᠠᠢ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠤᠬᠠᠭᠤᠯᠵᠤ᠂ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠶᠢᠨ ᠬᠠᠮᠲᠤ ᠶᠢᠨ ᠲᠠᠨᠢᠯᠲᠠ ᠪᠣᠯᠣᠨ ᠬᠦᠴᠦᠨ ᠢ ᠨᠢᠭᠲᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠣᠯᠠᠨ ᠲᠦᠮᠡᠨ ᠳᠤ ︽ᠲᠠᠪᠤᠨ ᠪᠣᠳᠠᠲᠤ ᠬᠡᠷᠡᠭ ᠶᠣᠰᠣ︾ ᠶᠢ ᠲᠣᠳᠣᠷᠬᠠᠢ ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠶᠢ ᠦᠨᠡᠨ ᠰᠡᠳᠬᠢᠯ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠰᠡᠳᠬᠢᠯ ᠰᠠᠨᠠᠭ᠎ᠠ ᠪᠠᠨ ᠨᠢᠭᠡᠳᠬᠡᠨ ᠬᠦᠴᠦᠨ ᠴᠢᠳᠠᠯ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠬᠦ ᠬᠡᠷᠡᠭᠲᠡᠢ ᠭᠡᠵᠡᠢ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号