︽ᠰᠢ ᠶᠢᠨ ᠫᠢᠩ ᠤᠨ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠵᠢᠯ  ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠤᠩᠰᠢᠬᠤ ᠪᠢᠴᠢᠭ︾  ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/4/18
      ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠰᠢ ᠶᠢᠨ ᠫᠢᠩ ᠮᠤᠵᠢ  ᠶᠢᠨ ᠴᠢᠬᠤᠯᠠ ᠥᠭᠦᠯᠡᠯᠲᠡ  ᠶᠢ ᠰᠤᠷᠤᠯᠴᠠᠬᠤ ᠤᠩᠰᠢᠬᠤ ᠪᠢᠴᠢᠭ︾ ︵ᠳᠣᠷᠣᠭᠰᠢ ︽ᠤᠩᠰᠢᠬᠤ ᠪᠢᠴᠢᠭ︾ ᠭᠡᠵᠦ ᠲᠣᠪᠴᠢᠯᠠᠨ᠎ᠠ︶ ᠭᠡᠬᠦ ᠨᠣᠮ  ᠢ ᠣᠷᠴᠢᠮᠬᠠᠨ ᠳᠤ ᠠᠷᠠᠳ ᠤᠨ ᠬᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠬᠡᠪᠯᠡᠯ ᠤᠨ ᠬᠤᠷᠢᠶ᠎ᠠ  ᠠᠴᠠ ᠬᠡᠪᠯᠡᠭᠦᠯᠵᠦ᠂ ᠪᠦᠬᠦ ᠤᠯᠤᠰ ᠲᠤ ᠲᠠᠷᠬᠠᠭᠠᠪᠠ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ ᠬᠦᠴᠦᠷᠬᠡᠭᠵᠢᠭᠦᠯᠬᠦ ᠠᠵᠢᠯ ᠢ ᠦᠷᠭᠦᠯᠵᠢᠯᠡᠨ ᠴᠤᠤᠷᠢᠶᠠᠲᠤᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ  ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ  ᠤᠨ ᠲᠤᠬᠠᠢ ᠴᠢᠬᠤᠯᠠ ᠥᠭᠦᠯᠡᠯᠲᠡ ᠪᠣᠯ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭᠠᠨ  ᠤ ᠴᠢᠬᠤᠯᠠ ᠪᠦᠷᠢᠯᠳᠦᠭᠦᠨ ᠬᠡᠰᠡᠭ ᠮᠥᠨ᠂ ᠰᠢᠨ᠎ᠡ ᠴᠠᠭ ᠦᠶ᠎ᠡ  ᠶᠢᠨ ᠰᠢᠨ᠎ᠡ ᠠᠶᠠᠨ  ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ  ᠢ ᠰᠠᠶᠢᠲᠤᠷ ᠬᠢᠬᠦ ᠠᠵᠢᠯᠯᠠᠭᠠᠨ  ᠤ ᠵᠦᠭᠯᠡᠭᠦᠷ ᠪᠠ ᠦᠨᠳᠦᠰᠦᠨ ᠵᠢᠷᠤᠮᠯᠠᠯ ᠮᠥᠨ᠃ ︽ᠤᠩᠰᠢᠬᠤ ᠪᠢᠴᠢᠭ︾ ᠨᠢ ᠨᠡᠶᠢᠲᠡ 16 ᠲᠤᠰᠬᠠᠢ ᠰᠡᠳᠦᠪ ᠬᠤᠪᠢᠶᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠡᠦᠬᠡᠨ ᠣᠷᠣᠨ ᠪᠠᠶᠢᠷᠢ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ᠂ ᠳᠦᠷᠢᠮ ᠤᠨ ᠪᠣᠷᠣ ᠲᠥᠯᠥᠪ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠵᠡᠷᠭᠡ ᠲᠠᠯ᠎ᠠ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠲᠣᠳᠣᠷᠬᠠᠶᠢᠯᠠᠨ ᠲᠠᠶᠢᠯᠪᠤᠷᠢᠯᠠᠭᠰᠠᠨ ᠪᠠᠶᠢᠨ᠎ᠠ᠃     ︽ᠤᠩᠰᠢᠬᠤ ᠪᠢᠴᠢᠭ︾  ᠢ ᠬᠡᠪᠯᠡᠭᠰᠡᠨ ᠨᠢ ᠥᠷᠭᠡᠨ ᠤᠯᠠᠨ ᠺᠠᠳ᠋ᠷ ᠤᠯᠠᠨ ᠲᠦᠮᠡᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠤᠬᠠᠢ ᠰᠢ ᠶᠢᠨ ᠫᠢᠩ ᠤᠨ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ᠂ ᠭᠦᠨᠵᠡᠭᠡᠢ᠂ ᠰᠢᠰᠲ᠋ᠧᠮ ᠲᠠᠢ ᠰᠤᠷᠤᠯᠴᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠳᠤ ᠠᠰᠢᠭᠲᠠᠢ ᠶᠤᠮ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号