100 ᠳ᠋ᠦᠩᠰᠢᠭᠤᠷ ᠲᠥᠭᠦᠷᠢᠭ︕ ᠲᠥᠪ ᠤᠨ ᠡᠳ᠋ ᠤᠨ ᠵᠠᠰᠠᠭ ᠠᠴᠠ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠵᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠳᠡᠮᠵᠢᠨ᠎ᠡ
ᠨᠡᠶᠢᠲᠡᠯᠡᠭᠰᠡᠨ ᠴᠠᠭ᠄
2023/4/18
      ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠠᠨᠳᠤᠰᠢ ᠪᠠ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠪ ᠤᠨ ᠡᠳ᠋ ᠤᠨ ᠵᠠᠰᠠᠭ ᠠᠴᠠ 100 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠠᠮᠤ ᠪᠤᠳᠠᠭ᠎ᠠ ᠪᠣᠳᠠᠲᠠᠢ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ ᠳᠡᠮᠵᠢᠵᠦ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠪᠠ᠃     ᠲᠣᠰ ᠤᠳᠠᠭᠠᠨ ᠤ ᠨᠥᠬᠦᠪᠦᠷᠢ ᠥᠭᠬᠦ ᠡᠲᠡᠭᠡᠳ ᠪᠣᠯ ᠪᠣᠳᠠᠲᠠᠢ ᠠᠮᠤ ᠪᠤᠳᠠᠭ᠎ᠠ ᠲᠠᠷᠢᠭᠰᠠᠳ ᠪᠣᠯᠣᠨ᠎ᠠ᠂ ᠡᠭᠦᠨ ᠳᠤ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠳᠠᠷᠢᠭᠰᠠᠨ ᠲᠠᠷᠢᠶᠠᠴᠢᠨ᠂ ᠭᠠᠵᠠᠷ ᠰᠢᠷᠣᠢ ᠪᠠᠨ ᠡᠷᠭᠢᠯᠲᠡ ᠳᠤ ᠣᠷᠣᠭᠤᠯᠵᠤ ᠠᠮᠤ ᠪᠤᠳᠠᠭ᠎ᠠ ᠳᠠᠷᠢᠭᠰᠠᠨ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠵᠢᠴᠢ ᠠᠮᠤ ᠪᠤᠳᠠᠭ᠎ᠠ ᠳᠠᠷᠢᠵᠤ ᠬᠤᠷᠢᠶᠠᠬᠤ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠪᠠᠭᠲᠠᠨ᠎ᠠ᠂ ᠨᠥᠬᠦᠪᠦᠷᠢ ᠮᠥᠩᠭᠦ ᠶᠢ ᠪᠣᠳᠠᠲᠠᠢ ᠠᠮᠤ ᠪᠤᠳᠠᠭ᠎ᠠ ᠳᠠᠷᠢᠭᠰᠠᠨ ᠦᠢᠯᠡᠳᠪᠦᠷᠢᠯᠡᠭᠴᠢ ᠶᠢᠨ ᠭᠠᠷ ᠲᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠣᠷᠣᠨ ᠨᠤᠭᠤᠳ ᠬᠤᠯᠪᠣᠭᠳᠠᠯ ᠪᠦᠬᠦᠢ ᠪᠠᠶᠢᠳᠠᠯ ᠲᠠᠢ ᠪᠠᠨ ᠤᠶᠠᠯᠳᠤᠭᠤᠯᠤᠨ ᠨᠥᠬᠦᠪᠦᠷᠢ ᠶᠢᠨ ᠪᠠᠷᠢᠮᠵᠢᠶ᠎ᠠ ᠶᠢ ᠶᠡᠷᠦᠩᠬᠡᠶᠢᠯᠡᠨ ᠲᠣᠭᠲᠠᠭᠠᠵᠤ᠂ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ︽ᠨᠢᠭᠡ ᠺᠠᠷᠲ ᠢᠶᠠᠷ ︵ᠨᠤᠭᠤᠯᠤᠨ ᠪᠤᠳᠤᠬᠤ︶ ᠨᠡᠪᠲᠡᠷᠡᠭᠦᠯᠬᠦ︾ ᠵᠡᠷᠭᠡ ᠠᠷᠭ᠎ᠠ ᠮᠠᠶ᠋ᠢᠭ ᠢ ᠦᠷᠭᠦᠯᠵᠢᠯᠡᠨ ᠠᠪᠴᠤ᠂ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠪᠣᠳᠠᠲᠠᠶᠢᠵᠢᠭᠤᠯᠤᠨ᠎ᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号